| ᠵᠠᠬᠢᠷᠭ᠎ᠠ ᠶᠢᠨ ᠠᠯᠪᠠᠨ ᠭᠡᠷ ᠥᠰᠥᠭ ﹇2021﹈ 4 ᠳ᠋ᠣᠭᠡᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠳᠤᠮᠳᠠ | ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ︽ᠬᠢᠩᠭᠠᠨ ᠠᠶᠢᠮᠠᠭ ᠤᠨ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠬᠡᠷᠡᠭᠵᠢᠭᠦᠯᠬᠦ ᠲᠥᠰᠦᠯ ︾ ᠢ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | | 2021 ᠣᠨ ᠤ 1 ᠰᠠᠷ᠎ᠠ ᠶᠢᠨ 4 | | | ᠬᠢᠩᠭᠠᠨ ᠠᠶᠢᠮᠠᠭ ᠤᠨ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠬᠡᠷᠡᠭᠵᠢᠭᠦᠯᠬᠦ ᠲᠥᠰᠦᠯ | ᠮᠠᠨ ᠤ ᠠᠶᠢᠮᠠᠭ ᠤᠨ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ᠮᠠᠨ ᠤ ᠠᠶᠢᠮᠠᠭ ᠤᠨ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠴᠢᠨᠠᠷ ᠰᠠᠶᠢᠲᠠᠶ | ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ | ᠪᠠᠶᠢᠷᠢᠯᠠᠭᠤᠯᠤᠯᠲᠠ ᠶᠣᠰᠣᠭᠠᠷ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠵᠠᠰᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠬᠤᠪᠢᠶᠠᠨ ᠣᠷᠣᠨ ᠬᠤᠪᠢᠶᠠᠵᠤ᠂ ᠡᠮᠬᠢ ᠵᠢᠷᠤᠮ ᠲᠠᠢ ᠠᠬᠢᠭᠤᠯᠤᠨ᠂ | ᠡᠯ᠎ᠡ ᠲᠥᠷᠥᠯ ᠤᠨ ᠠᠭᠤᠷᠬᠠᠶ ᠶᠢᠨ ᠣᠷᠴᠢᠨ ᠲᠣᠭᠤᠷᠢᠨ ᠤ ᠠᠰᠠᠭᠤᠳᠠᠯ ᠢ ᠪᠥᠬᠦ ᠲᠠᠯ᠎ᠠ ᠪᠠᠷ ᠵᠠᠰᠠᠵᠤ᠂ ᠮᠠᠨ ᠤ | ᠠᠶᠢᠮᠠᠭ ᠤᠨ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ᠂ ᠪᠣᠬᠢᠷᠲᠤᠯ | ᠥᠬᠡᠶ ᠬᠥᠭᠵᠢᠯᠲᠡ ᠶᠢᠨ ᠬᠥᠲᠥᠯᠦᠨ ᠳᠠᠭᠠᠭᠤᠯᠬᠤ ᠣᠷᠣᠨ︾ ᠤ ᠪᠥᠲᠥᠭᠡᠨ ᠪᠠᠶᠢᠭᠤᠯᠤᠯᠲᠠ ᠳᠤ ᠬᠦᠴᠦᠨ | ᠨᠡᠮᠡᠷᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠠ | ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠪᠣᠬᠢᠷᠲᠤᠯ ᠥᠬᠡᠶ ᠣᠷᠳᠣ ᠴᠠᠭᠠᠨ ᠬᠡᠷᠡᠮ ᠢ ᠪᠠᠬᠢᠵᠢᠭᠦᠯᠦᠨ᠎ᠡ᠃ | | ᠬᠤᠶᠠᠷ᠂ ᠠᠵᠢᠯ ᠤᠨ ᠬᠠᠷᠠᠯᠲᠠ | 2025 ᠣᠨ ᠪᠣᠯᠬᠤ ᠳᠤ᠂ ᠠᠭᠤᠷᠬᠠᠶ ᠶᠢᠨ ᠨᠡᠭᠡᠭᠡᠨ ᠮᠠᠯᠲᠠᠯᠲᠠ ᠠᠴᠠ ᠪᠣᠶ ᠪᠣᠯᠤᠭᠰᠠᠨ ᠵᠠᠳᠠᠭᠠᠶ ︽ᠨᠦᠬᠡ︾ ᠶᠢ | ᠵᠠᠰᠠᠬᠤ ᠵᠢᠴᠢ ︽ᠭᠤᠷᠪᠠᠨ ᠱᠤᠭᠤᠮ ᠨᠢᠭᠡ ᠬᠦᠪᠡᠭᠡ︾ ︵ᠵᠠᠰᠠᠮᠠᠯ ᠵᠠᠮ ᠱᠤᠭᠤᠮ᠂ ᠲᠡᠮᠦᠷ ᠵᠠᠮ ᠱᠤᠭᠤᠮ᠂ ᠭᠤᠤᠯ | ᠮᠥᠷᠡᠨ ᠳᠠᠭᠠᠤ ᠱᠤᠭᠤᠮ ᠪᠠ ᠬᠤᠲᠠ ᠪᠠᠯᠭᠠᠰᠤᠨ ᠤ ᠬᠦᠪᠡᠭᠡ︶᠂ ᠡᠯ᠎ᠡ ᠲᠥᠷᠥᠯ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠣᠷᠣᠨ ᠪᠦᠰᠡ ᠶᠢᠨ ᠳᠣᠲᠣᠷᠠᠬᠢ ᠲᠡᠤᠬᠡ ᠠᠴᠠ ᠦᠯᠡᠳᠡᠭᠳᠡᠵᠦ ᠢᠷᠡᠭᠰᠡᠨ ᠪᠠ | ᠬᠠᠷᠢᠭᠤᠴᠠᠯᠭ᠎ᠠ ᠥᠬᠡᠶ ᠭᠤᠤᠯ ᠴᠣᠭᠴᠠ ᠪᠣᠯᠬᠤ ᠠᠭᠤᠷᠬᠠᠶ ᠶᠢᠨ ᠣᠷᠴᠢᠨ ᠲᠣᠭᠤᠷᠢᠨ ᠤ ᠠᠰᠠᠭᠤᠳᠠᠯ ᠢ ᠵᠠᠰᠠᠬᠤ | ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠤᠨ᠎ᠠ︔ ᠪᠥᠬᠦ ᠠᠶᠢᠮᠠᠭ ᠤᠨ ᠬᠤᠭᠤᠴᠠᠭᠠᠨ ᠳᠤ ᠦᠢᠯᠡᠳᠪᠦᠷᠢᠯᠡᠭᠰᠡᠨ | ᠠᠭᠤᠷᠬᠠᠶ ᠨᠢ ᠪᠦᠬᠦᠨ ᠢᠶᠠᠷ ᠢᠶᠠᠨ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠳᠤ ᠬᠦᠷᠴᠦ᠂ ᠠᠭᠤᠷᠬᠠᠶ ᠶᠢᠨ | ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠬᠤ ᠪᠠ ᠵᠠᠰᠠᠨ᠎ᠠ︔ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ | ᠠᠷᠭ᠎ᠠ ᠬᠡᠮᠵᠢᠶ᠎ᠡ ᠨᠢ ᠵᠣᠬᠢᠰᠲᠠᠶ᠂ ᠬᠠᠮᠢᠶᠠᠷᠤᠯᠲᠠ ᠨᠢ ᠪᠣᠳᠠᠲᠠᠶᠢᠵᠢᠭᠰᠠᠨ ᠠᠭᠤᠷᠬᠠᠶ ᠶᠢᠨ ᠣᠷᠴᠢᠨ ᠲᠣᠭᠤᠷᠢᠨ ᠢ | ᠬᠠᠮᠠᠭᠠᠯᠠᠵᠤ ᠵᠠᠰᠠᠬᠤ ᠠᠵᠢᠯ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ᠎ᠠ᠃ | ᠭᠤᠷᠪᠠ᠂ ᠠᠵᠢᠯ ᠤᠨ ᠵᠠᠷᠴᠢᠮ | ︵ᠨᠢᠭᠡ︶ ᠪᠥᠬᠦ ᠲᠠᠯ᠎ᠠ ᠪᠠᠷ ᠪᠠᠶᠢᠴᠠᠭᠠᠨ᠎ᠠ᠃ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ | ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠨᠤᠳᠤᠭ ᠪᠡᠯᠴᠢᠭᠡᠷ᠂ ᠤᠰᠤᠨ ᠠᠰᠢᠭᠯᠠᠯᠲᠠ᠂ | ᠵᠠᠮ ᠬᠠᠷᠢᠯᠴᠠᠭ᠎ᠠ ᠵᠡᠷᠭᠡ ᠡᠯ᠎ᠡ ᠲᠠᠯ᠎ᠠ ᠶᠢᠨ ᠬᠦᠴᠦᠨ ᠢ ᠲᠥᠪᠯᠡᠷᠡᠭᠦᠯᠦᠨ᠂ ᠨᠢᠭᠲᠠ ᠬᠠᠮᠵᠢᠯᠴᠠᠵᠤ᠂ 2018 ᠣᠨ ᠤ | ᠪᠥᠬᠦ ᠠᠶᠢᠮᠠᠭ ᠤᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠨᠠᠷᠢᠨ ᠪᠠᠶᠢᠴᠠᠭᠠᠯᠲᠠ ᠶᠢᠨ ᠰᠠᠭᠤᠷᠢᠨ | ᠳᠡᠭᠡᠷ᠎ᠡ᠂ ᠵᠠᠮ ᠬᠠᠷᠢᠯᠴᠠᠭ᠎ᠠ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ | ᠢᠨᠵᠧᠨᠧᠷᠢᠩ ᠤᠨ ᠲᠥᠷᠥᠯ ᠵᠦᠢᠯ ᠤᠨ ᠮᠠᠲ᠋ᠧᠷᠢᠶᠠᠯ ᠠᠪᠬᠤ ᠴᠡᠭ᠂ ᠠᠷᠠᠳ ᠤᠨ ᠬᠡᠷᠡᠭᠯᠡᠭᠡᠨ ᠤ ᠮᠠᠯᠲᠠᠬᠤ ᠪᠠ | ᠠᠷᠠᠳ ᠤᠨ ᠬᠡᠷᠡᠭᠯᠡᠭᠡᠨ ᠤ ᠬᠠᠶᠠᠭᠳᠠᠮᠠᠯ ᠮᠠᠲ᠋ᠧᠷᠢᠶᠠᠯ ᠤᠨ ᠨᠦᠬᠡ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ | ᠭᠠᠵᠠᠷ ᠤᠨ ᠭᠠᠳᠠᠷᠭᠤ ᠶᠢᠨ ᠣᠷᠴᠢᠨ ᠲᠣᠭᠤᠷᠢᠨ ᠤ ᠡᠪᠳᠡᠭᠳᠡᠯ ᠤᠨ ᠠᠰᠠᠭᠤᠳᠠᠯ ᠳᠤ ᠴᠢᠭᠯᠡᠭᠦᠯᠦᠨ ᠪᠥᠬᠦ ᠲᠠᠯ᠎ᠠ ᠶᠢᠨ | ᠪᠠᠶᠢᠴᠠᠭᠠᠯᠲᠠ ᠬᠢᠵᠦ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠨ᠎ᠠ᠃ | ︵ᠬᠤᠶᠠᠷ︶ ᠨᠢᠭᠡᠳᠦᠯᠲᠡᠶ ᠲᠥᠯᠥᠪᠵᠢᠭᠦᠯᠦᠨ᠎ᠡ᠃ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ᠂ | ᠠᠭᠤᠯᠠ ᠶᠢ ᠡᠪᠳᠡᠨ ᠰᠡᠷᠭᠦᠭᠡᠬᠦ᠂ ᠬᠥᠷᠥᠰᠥ ᠰᠢᠷᠣᠶ ᠶᠢᠨ ᠢᠳᠡᠭᠳᠡᠯ ᠢ ᠴᠡᠭᠴᠡᠯᠡᠨ ᠵᠠᠰᠠᠬᠤ ᠵᠡᠷᠭᠡ ᠠᠰᠠᠭᠤᠳᠠᠯ ᠢ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠤᠰᠬᠠᠶ ᠵᠦᠢᠯ ᠤᠨ | ᠲᠥᠯᠥᠪᠵᠢᠭᠦᠯᠭᠡ ᠳᠤ ᠣᠷᠣᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠠᠭᠤᠷᠬᠠᠶ ᠶᠢᠨ | ᠣᠷᠴᠢᠨ ᠲᠣᠭᠤᠷᠢᠨ ᠢ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ | ︵ᠭᠤᠷᠪᠠ︶ ᠬᠠᠷᠢᠭᠤᠴᠠᠯᠭ᠎ᠠ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠤᠭᠤᠳ ᠲᠣᠰ ᠭᠠᠵᠠᠷ ᠣᠷᠣᠨ ᠤ ᠪᠠᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ | ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ︽ᠬᠡᠨ ᠡᠪᠳᠡᠪᠡᠯ ᠲᠡᠷᠡ ᠵᠠᠰᠠᠬᠤ︾ ︽ᠬᠡᠨ | ᠬᠢᠨᠠᠨ ᠵᠥᠪᠰᠢᠶᠡᠷᠡᠭᠰᠡᠨ ᠪᠣᠯ ᠲᠡᠷᠡ ᠬᠢᠨᠠᠨ ᠬᠠᠮᠢᠶᠠᠷᠴᠤ ᠲᠡᠷᠡ ᠰᠢᠯᠭᠠᠨ ᠠᠪᠬᠤ︾ ᠵᠠᠷᠴᠢᠮ ᠶᠣᠰᠣᠭᠠᠷ᠂ ᠬᠠᠮᠢᠶ᠎ᠠ | ᠪᠥᠬᠦᠶ ᠰᠠᠯᠠᠭ᠎ᠠ ᠮᠥᠴᠢᠷ ᠪᠣᠯᠤᠨ ᠠᠭᠤᠷᠬᠠᠶ ᠶᠢᠨ ᠠᠵᠤ ᠠᠬᠤᠶᠢᠯᠠᠯ ᠢ ᠵᠠᠰᠠᠬᠤ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠳᠠᠯᠠᠵᠤ᠂ | ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ | ᠲᠡᠤᠬᠡᠨ ᠠᠴᠠ ᠦᠯᠡᠳᠡᠭᠳᠡᠵᠦ ᠢᠷᠡᠭᠰᠡᠨ᠂ ᠬᠠᠷᠢᠭᠤᠴᠠᠯᠭ᠎ᠠ ᠶᠢᠨ ᠭᠤᠤᠯ ᠴᠣᠭᠴᠠ ᠥᠬᠡᠶ᠂ ᠲᠥᠷᠥ ᠶᠢᠨ | ᠪᠣᠳᠣᠯᠭ᠎ᠠ ᠶᠢᠨ ᠴᠢᠨᠠᠷᠲᠠᠶ ᠪᠠᠷ ᠠᠭᠤᠷᠬᠠᠶ ᠶᠢ ᠬᠠᠭᠠᠭᠰᠠᠨ ᠣᠷᠴᠢᠨ ᠲᠣᠭᠤᠷᠢᠨ ᠠᠰᠠᠭᠤᠳᠠᠯ ᠢ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢᠨ ᠬᠠᠮᠲᠤ ᠵᠠᠰᠠᠬᠤ ᠶᠢ ᠬᠡᠷᠡᠭᠵᠢᠭᠦᠯᠦᠨ᠎ᠡ᠃ | ︵ᠳᠥᠷᠪᠡ︶ ᠭᠤᠤᠯᠳᠠᠯᠭ᠎ᠠ ᠶᠢ ᠳᠣᠪᠤᠶᠢᠯᠭᠠᠨ᠎ᠠ᠃ ᠠᠭᠤᠷᠬᠠᠶ ᠶᠢᠨ ᠣᠷᠴᠢᠨ ᠲᠤᠭᠤᠷᠢᠨ ᠤ ᠠᠰᠠᠭᠤᠳᠠᠯ ᠤᠨ | ᠨᠡᠮᠡᠭᠳᠡᠯ ᠢ ᠡᠷᠡᠰ ᠬᠤᠷᠢᠭᠯᠠᠵᠤ᠂ ᠠᠭᠤᠷᠬᠠᠶ ᠶᠢᠨ ᠣᠷᠴᠢᠨ ᠲᠤᠭᠤᠷᠢᠨ ᠤ ᠠᠰᠠᠭᠤᠳᠠᠯ ᠤᠨ ᠬᠠᠳᠠᠭᠠᠯᠠᠯᠲᠠ ᠶᠢ | ᠲᠦᠷᠭᠡᠪᠴᠢᠯᠡᠨ ᠪᠠᠭᠠᠰᠬᠠᠨ᠎ᠠ᠃ ᠠᠭᠤᠷᠬᠠᠶ ᠮᠠᠯᠲᠠᠭᠰᠠᠨ ᠠᠴᠠ ᠪᠤᠢ ᠪᠣᠯᠤᠭᠰᠠᠨ ᠵᠠᠳᠠᠭᠠᠶ ︽ᠨᠦᠬᠡ︾᠂ ︽ | ᠭᠤᠷᠪᠠᠨ ᠱᠤᠭᠤᠮ ᠨᠢᠭᠡ ᠬᠦᠪᠡᠭᠡ︾ ︵ᠵᠠᠰᠠᠮᠠᠯ ᠵᠠᠮ ᠱᠤᠭᠤᠮ᠂ ᠲᠡᠮᠦᠷ ᠵᠠᠮ ᠱᠤᠭᠤᠮ᠂ ᠭᠤᠣᠯ ᠮᠥᠷᠡᠨ ᠳᠠᠭᠠᠤ | ᠱᠤᠭᠤᠮ ᠪᠠ ᠬᠤᠲᠠ ᠪᠠᠯᠭᠠᠰᠤ ᠶᠢᠨ ᠬᠦᠪᠡᠭᠡ︶᠂ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ | ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠳᠤ ᠵᠠᠰᠠᠯᠲᠠ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠶᠡᠷᠦᠩᠬᠡᠶᠢᠯᠡᠨ | ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ | ︵ᠲᠠᠪᠤ︶ ᠲᠥᠷᠥᠯ ᠬᠤᠪᠢᠶᠠᠨ ᠵᠠᠰᠠᠨ᠎ᠠ᠃ ᠬᠥᠮᠦᠨ ᠲᠥᠷᠥᠯᠬᠢᠲᠡᠨ ᠤ ᠠᠵᠢᠯᠯᠠᠭ᠎ᠠ ᠳᠤ ᠨᠡᠯᠢᠶᠡᠳ ᠶᠡᠭᠡ | ᠨᠥᠯᠥᠭᠡ ᠲᠠᠢ ᠠᠭᠤᠷᠬᠠᠶ ᠶᠢᠨ ᠣᠷᠴᠢᠨ ᠲᠣᠭᠤᠷᠢᠨ ᠤ ᠨᠥᠯᠥᠭᠡᠯᠡᠯ ᠢᠶᠠᠷ ᠬᠦᠨᠳᠦ ᠨᠣᠴᠢᠲᠠᠶ ᠣᠷᠣᠨ ᠢ | ᠪᠠᠷᠢᠯᠭ᠎ᠠ ᠶᠢᠨ ᠠᠷᠭ᠎ᠠ ᠬᠡᠮᠵᠢᠶ᠎ᠡ ᠪᠠ ᠠᠮᠢᠳᠤ ᠪᠣᠳᠠᠰ ᠤᠨ ᠠᠷᠭ᠎ᠠ ᠬᠡᠮᠵᠢᠶ᠎ᠡ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠭᠤᠣᠯᠳᠠᠯᠭ᠎ᠠ ᠲᠠᠢ ᠪᠠᠷ ᠵᠠᠰᠠᠨ᠎ᠠ︔ ᠪᠤᠰᠤᠳ ᠲᠡᠤᠬᠡᠨ ᠠᠴᠠ ᠦᠯᠡᠳᠡᠭᠳᠡᠵᠦ ᠢᠷᠡᠭᠰᠡᠨ᠂ ᠬᠠᠷᠢᠭᠤᠴᠠᠯᠭ᠎ᠠ ᠶᠢᠨ | ᠭᠤᠤᠯ ᠴᠣᠭᠴᠠ ᠥᠬᠡᠶ ᠠᠭᠤᠷᠬᠠᠶ ᠶᠢᠨ ᠣᠷᠴᠢᠨ ᠲᠣᠭᠤᠷᠢᠨ ᠤ ᠠᠰᠠᠭᠤᠳᠠᠯ ᠳᠤ ︽ᠠᠶᠠᠨᠳᠠᠭᠠᠨ ᠰᠡᠷᠭᠦᠭᠡᠬᠦ ᠪᠠᠷ | ᠭᠤᠤᠯ ᠪᠣᠯᠭᠠᠵᠤ᠂ ᠢᠨᠵᠧᠨᠧᠷᠢᠩ ᠢ ᠰᠡᠷᠭᠦᠭᠡᠬᠦ ᠪᠠᠷ ᠬᠠᠪᠰᠤᠷᠤᠮᠵᠢ ᠪᠣᠯᠭᠠᠬᠤ︾ ᠵᠠᠷᠴᠢᠮ ᠢ ᠪᠠᠷᠢᠮᠲᠠᠯᠠᠨ᠂ ᠲᠥᠷᠥᠯ | ᠬᠤᠪᠢᠶᠠᠨ ᠡᠮᠬᠢ ᠵᠢᠷᠤᠮ ᠲᠠᠢ ᠠᠬᠢᠭᠤᠯᠤᠨ᠎ᠠ︔ ᠠᠭᠤᠷᠬᠠᠶ ᠶᠢ ᠦᠢᠯᠡᠳᠪᠦᠷᠢᠯᠡᠬᠦ ᠳᠤ ᠪᠣᠬᠢᠷᠲᠤᠯ ᠥᠬᠡᠶ | ᠠᠭᠤᠷᠬᠠᠶ ᠶᠢ ᠡᠭᠦᠳᠦᠨ ᠪᠠᠶᠢᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ 2025 ᠣᠨ ᠪᠣᠯᠬᠤ ᠳᠤ ︽ | ᠨᠣᠭᠤᠭᠠᠷᠠᠭᠤᠯᠪᠠᠯ ᠬᠠᠳᠠᠭᠠᠯᠠᠵᠤ᠂ ᠨᠣᠭᠤᠭᠠᠷᠠᠭᠤᠯᠬᠤ ᠥᠬᠡᠶ ᠪᠣᠯ ᠤᠬᠤᠷᠢᠭᠤᠯᠬᠤ︾ ᠶᠢ ᠪᠡᠶᠡᠯᠡᠭᠦᠯᠦᠨ᠎ᠡ᠃ | ᠳᠥᠷᠪᠡ᠂ ᠭᠤᠤᠯᠳᠠᠯᠭ᠎ᠠ ᠲᠠᠢ ᠡᠭᠦᠷᠭᠡ | ︵ᠨᠢᠭᠡ︶ ᠠᠭᠤᠷᠬᠠᠶ ᠶᠢᠨ ᠣᠷᠴᠢᠨ ᠲᠣᠭᠤᠷᠢᠨ ᠢ ᠲᠤᠰᠬᠠᠶ ᠵᠦᠢᠯ ᠢᠶᠠᠷ ᠵᠠᠰᠠᠬᠤ ᠲᠥᠰᠦᠯ ᠢ ᠨᠠᠶᠢᠷᠠᠭᠤᠯᠤᠨ | ᠵᠤᠬᠢᠶᠠᠨ᠎ᠠ | ︽ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠲᠥᠯᠥᠪᠯᠡᠬᠦ᠂ ᠠᠶᠢᠮᠠᠭ ᠬᠤᠲᠠ ᠭᠤᠣᠯᠯᠠᠨ ᠤᠳᠤᠷᠢᠳᠬᠤ᠂ | ᠬᠤᠰᠢᠭᠤ ᠰᠢᠶᠠᠨ ᠬᠡᠷᠡᠭᠵᠢᠭᠦᠯᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠶᠡᠷᠦᠩᠬᠡᠶ ᠰᠡᠳᠬᠢᠮᠵᠢ ᠶᠢᠨ | ᠶᠣᠰᠣᠭᠠᠷ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠭᠤᠷᠬᠠᠶ ᠶᠢᠨ ᠣᠷᠴᠢᠨ | ᠲᠣᠭᠤᠷᠢᠨ ᠢ ᠲᠤᠰᠬᠠᠶᠢᠯᠠᠨ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠠᠭᠤᠷᠬᠠᠶ ᠶᠢ ᠨᠡᠭᠡᠭᠡᠨ ᠮᠠᠯᠲᠠᠬᠤ᠂ | ᠠᠭᠤᠯᠠ ᠶᠢ ᠡᠪᠳᠡᠬᠦ᠂ ᠬᠠᠶᠠᠭᠳᠠᠮᠠᠯ ᠮᠠᠲ᠋ᠧᠷᠢᠶᠠᠯ ᠤᠨ ᠲᠠᠯᠠᠪᠠᠶ ᠵᠡᠷᠭᠡ ᠣᠷᠴᠢᠨ ᠲᠣᠭᠤᠷᠢᠨ ᠢ ᠵᠠᠰᠠᠬᠤ ᠠᠰᠠᠭᠤᠳᠠᠯ ᠢ | ᠨᠠᠷᠢᠯᠢᠬᠵᠢᠭᠤᠯᠤᠨ ᠠᠩᠭᠢᠯᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠵᠠᠰᠠᠬᠤ ᠬᠠᠷᠢᠭᠤᠴᠠᠯᠭ᠎ᠠ᠂ ᠡᠯ᠎ᠡ | ᠣᠷᠣᠨ ᠪᠦᠰᠡ ᠶᠢᠨ ᠵᠠᠰᠠᠬᠤ ᠠᠷᠭ᠎ᠠ ᠮᠠᠶ᠋ᠢᠭ ᠪᠠ ᠵᠠᠰᠠᠬᠤ ᠪᠠᠷᠢᠮᠵᠢᠶ᠎ᠠ ᠶᠢ ᠲᠣᠳᠣᠷᠬᠠᠶᠢᠯᠠᠨ᠂ ᠭᠤᠤᠯᠳᠠᠯᠭ᠎ᠠ ᠲᠠᠢ | ᠵᠠᠰᠠᠬᠤ ᠣᠷᠣᠨ ᠪᠦᠰᠡ ᠪᠠ ᠭᠤᠤᠯᠳᠠᠯᠭ᠎ᠠ ᠲᠠᠢ ᠢᠨᠵᠧᠨᠧᠷᠢᠩ ᠢ ᠲᠣᠭᠲᠠᠭᠠᠵᠤ᠂ ᠵᠠᠰᠠᠬᠤ ᠨᠠᠷᠢᠨ ᠬᠠᠭᠤᠳᠠᠰᠤ ᠶᠢ | ᠵᠢᠭᠰᠠᠭᠠᠨ᠂ ᠬᠡᠷᠡᠭᠵᠢᠭᠦᠯᠬᠦ ᠠᠬᠢᠴᠠ ᠶᠢᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠠᠭᠤᠷᠬᠠᠶ ᠶᠢᠨ ᠣᠷᠴᠢᠨ | ᠲᠣᠭᠤᠷᠢᠨ ᠢ ᠵᠠᠰᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ | ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠣᠷᠣᠯᠴᠠᠨ᠎ᠠ | ︵ᠬᠤᠶᠠᠷ︶ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠦᠨᠡᠨᠬᠦ ᠴᠢᠩᠭᠠᠳᠬᠠᠨ᠎ᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠵᠡᠰᠬᠦᠯᠡᠩᠲᠦ | ᠰᠠᠶᠢᠬᠠᠨ ᠲᠠᠯ᠎ᠠ ᠨᠤᠲᠤᠭ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ | ᠴᠢᠩᠭᠠᠳᠬᠠᠵᠤ᠂ ᠨᠤᠲᠤᠭ ᠪᠡᠯᠴᠢᠭᠡᠷ ᠳᠡᠭᠡᠷ᠎ᠡ ᠳᠤᠷ᠎ᠠ ᠪᠠᠷ ᠢᠶᠠᠨ ᠲᠡᠭᠦᠵᠦ ᠮᠠᠯᠲᠠᠬᠤ ᠶᠢ ᠴᠢᠩᠭ᠎ᠠ ᠴᠠᠭᠠᠵᠠᠯᠠᠨ᠎ᠠ᠃ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠠᠵᠤ ᠦᠢᠯᠡᠳᠪᠦᠷᠢ ᠶᠢᠨ ᠵᠦᠢᠯᠡᠰ ᠢ | ᠲᠠᠬᠢᠵᠤ ᠰᠢᠨ᠎ᠡ ᠪᠠᠷ ᠪᠠᠶᠢᠭᠤᠯᠬᠤ ᠦᠭᠡᠢ᠂ ᠪᠠᠶᠢᠭᠤᠯᠵᠤ ᠡᠵᠡᠩᠨᠡᠬᠦ ᠶᠢ ᠨᠢ ᠨᠢᠭᠡᠨᠲᠡ ᠵᠥᠪᠰᠢᠶᠡᠷᠡᠭᠰᠡᠨ ᠠᠭᠤᠷᠬᠠᠶ | ᠵᠡᠷᠭᠡ ᠶᠢᠨ ᠵᠦᠢᠯᠡᠰ ᠢ ᠬᠤᠭᠤᠴᠠᠭ᠎ᠠ ᠨᠢ ᠲᠤᠯᠪᠠᠯ ᠪᠤᠴᠠᠭᠠᠵᠤ ᠭᠠᠷᠭᠠᠨ᠎ᠠ᠃ ᠶᠡᠭᠡ ᠬᠢᠩᠭᠠᠨ ᠳᠠᠪᠠᠭ᠎ᠠ ᠶᠢᠨ ᠠᠮᠢ | ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠵᠤ᠂ ᠶᠡᠭᠡ ᠬᠢᠩᠭᠠᠨ ᠳᠠᠪᠠᠭ᠎ᠠ ᠵᠢᠴᠢ ᠡᠷᠬᠢᠨ ᠲᠣᠭᠤᠷᠢᠨ ᠤ | ᠭᠠᠵᠠᠷ ᠣᠷᠣᠨ ᠤ ᠲᠠᠷᠢᠶᠠᠯᠠᠬᠤ ᠶᠢ ᠵᠣᠭᠰᠣᠭᠠᠵᠤ ᠨᠤᠳᠤᠭ ᠪᠡᠯᠴᠢᠭᠡᠷ ᠢ ᠰᠡᠷᠭᠦᠭᠡᠬᠦ ᠡᠷᠴᠢᠮ ᠢ ᠴᠢᠩᠭᠠᠷᠠᠭᠤᠯᠤᠨ᠎ᠠ᠃ | ᠠᠭᠤᠷᠬᠠᠶ ᠶᠢᠨ ᠭᠠᠷᠤᠯᠲᠠ ᠶᠢ ᠨᠡᠮᠡᠭᠳᠡᠭᠦᠯᠦᠨ ᠴᠢᠳᠠᠪᠤᠷᠢ ᠶᠢ ᠥᠷᠭᠡᠳᠬᠡᠬᠦ᠂ ᠠᠭᠤᠷᠬᠠᠶ ᠶᠢᠨ ᠳᠠᠪᠬᠤᠷᠭ᠎ᠠ ᠶᠢ | ᠨᠡᠮᠡᠭᠳᠡᠭᠦᠯᠦᠨ ᠵᠠᠭᠠᠭ ᠢ ᠥᠷᠭᠡᠳᠬᠡᠬᠦ᠂ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠪᠠ ᠬᠠᠶᠢᠨ | ᠰᠢᠨᠵᠢᠵᠦ ᠰᠢᠯᠵᠢᠭᠦᠯᠦᠨ ᠮᠠᠯᠲᠠᠬᠤ᠂ ᠬᠤᠳᠳᠤᠭ ᠮᠠᠯᠲᠠᠬᠤ ᠶᠢ ᠰᠢᠯᠵᠢᠭᠦᠯᠦᠨ ᠮᠠᠯᠲᠠᠬᠤ ᠶᠢᠨ ᠭᠠᠷᠳᠠᠮ ᠢ ᠬᠠᠤᠯᠢ | ᠲᠣᠭᠲᠠᠭᠠᠯ ᠶᠣᠰᠣᠭᠠᠷ ᠭᠦᠢᠴᠡᠳᠬᠡᠨ᠎ᠡ᠃ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠠᠶᠢᠮᠠᠭ ᠤᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠵᠦ᠂ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ︶᠂ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠷᠣᠯᠴᠠᠨ᠎ᠠ | ︵ᠭᠤᠷᠪᠠ︶ ᠦᠢᠯᠡᠳᠪᠦᠷᠢᠯᠡᠯ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠨ᠎ᠠ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ | ᠴᠢᠩᠭᠠᠷᠠᠭᠤᠯᠤᠨ ᠬᠢᠨᠠᠨ ᠬᠠᠮᠢᠶᠠᠷᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠪᠠ ᠠᠭᠤᠷᠬᠠᠶ ᠶᠢᠨ ᠦᠢᠯᠡᠰ ᠤᠨ ᠨᠡᠭᠡᠭᠡᠯᠲᠡ ᠶᠢᠨ ᠠᠵᠢᠯᠯᠠᠭ᠎ᠠ ᠳᠤ ᠪᠥᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠬᠢᠵᠦ᠂ ᠠᠭᠤᠷᠬᠠᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠬᠠᠮᠰᠠᠷ ᠠᠴᠠ ᠪᠠᠨ ᠠᠵᠢᠯ | ᠲᠥᠷᠥᠯ ᠤᠨ ᠪᠠᠷᠢᠮᠵᠢᠶ᠎ᠠ ᠶᠣᠰᠣᠭᠠᠷ ᠵᠢᠷᠤᠮᠵᠢᠭᠤᠯᠤᠨ ᠦᠢᠯᠡᠳᠪᠦᠷᠢᠯᠡᠵᠦ᠂ ︽ ᠦᠢᠯᠡᠳᠪᠦᠷᠢᠯᠡᠬᠦ ᠶᠢᠨ ᠳᠠᠭᠠᠤ | ᠵᠠᠰᠠᠬᠤ︾ ᠶᠢ ᠪᠡᠶᠡᠯᠡᠭᠦᠯᠵᠦ᠂ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠨᠡᠨᠬᠦ | ᠳᠡᠭᠡᠭᠰᠢᠯᠡᠭᠦᠯᠦᠨ᠂ ᠠᠭᠤᠷᠬᠠᠶ ᠶᠢᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠯᠡᠵᠦ᠂ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠣᠶ | ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠣᠷᠣᠯᠴᠠᠨ᠎ᠠ | ︵ᠲᠥᠷᠪᠡ︶ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠢ ᠪᠥᠬᠦ ᠲᠠᠯ᠎ᠠ ᠪᠠᠷ ᠲᠥᠯᠬᠢᠨ | ᠠᠬᠢᠭᠤᠯᠤᠨ᠎ᠠ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠶ᠎ᠠ ᠣᠷᠣᠨ ᠤ ᠪᠠᠨ | ᠳᠣᠲᠣᠷᠠᠬᠢ ᠠᠭᠤᠷᠬᠠᠶ ᠶᠢᠨ ᠠᠵᠤ ᠠᠬᠤᠶᠢᠯᠠᠯ ᠢ ᠬᠢᠨᠠᠮᠠᠭᠠᠶ ᠡᠮᠬᠢᠯᠡᠨ ᠳᠢᠭᠯᠡᠵᠦ᠂ ᠠᠭᠤᠷᠬᠠᠶ ᠶᠢᠨ ᠠᠵᠤ ᠠᠬᠤᠶᠢᠯᠠᠯ ᠢ | ᠡᠭᠦᠳᠦᠨ ᠪᠠᠶᠢᠭᠤᠯᠬᠤ ᠠᠯᠬᠤᠴᠠ ᠶᠢ ᠪᠦᠯᠦᠭ ᠤᠳᠠᠭ᠎ᠠ᠂ ᠲᠥᠷᠥᠯ ᠬᠤᠪᠢᠶᠠᠨ ᠠᠬᠢᠭᠤᠯᠬᠤ ᠬᠡᠷᠡᠭᠲᠡᠶ᠃ ᠰᠢᠨ᠎ᠡ ᠪᠠᠷ | ᠪᠠᠶᠢᠭᠤᠯᠤᠭᠰᠠᠨ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ | ᠬᠦᠷᠦᠭᠦᠯᠵᠦ᠂ ᠦᠢᠯᠡᠳᠪᠦᠷᠢᠯᠡᠭᠰᠡᠨ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ 2025 ᠣᠨ | ᠪᠣᠯᠬᠤ ᠳᠤ ᠦᠢᠯᠡᠳᠪᠦᠷᠢᠯᠡᠭᠰᠡᠨ ᠠᠭᠤᠷᠬᠠᠶ ᠶᠢ ᠪᠦᠬᠦᠨ ᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ︽ᠪᠣᠬᠢᠷᠲᠤᠯ ᠲᠠᠢ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠶᠢ ᠵᠤᠭᠰᠤᠭᠠᠨ᠎ᠠ︾ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠯᠡᠵᠦ᠂ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠣᠷᠣᠯᠴᠠᠨ᠎ᠠ | ︵ᠲᠠᠪᠤ︶ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠦᠨ᠎ᠡ | 1. ᠠᠭᠤᠷᠬᠠᠶ ᠮᠠᠯᠲᠠᠭᠰᠠᠨ ᠠᠴᠠ ᠪᠣᠯᠤᠭᠰᠠᠨ ᠵᠠᠳᠠᠭᠠᠶ ︽ᠨᠦᠬᠡ︾ ᠶᠢ ᠵᠠᠰᠠᠨ᠎ᠠ᠃ ᠠᠭᠤᠷᠬᠠᠶ | ᠦᠢᠯᠡᠳᠪᠦᠷᠢᠯᠡᠭᠡᠳ ᠪᠣᠶ ᠪᠣᠯᠤᠭᠰᠠᠨ ᠵᠠᠳᠠᠭᠠᠶ ᠮᠠᠯᠲᠠᠭᠰᠠᠨ ᠨᠦᠬᠡ ᠶᠢ ᠠᠭᠤᠷᠬᠠᠶ ᠶᠢᠨ ᠠᠵᠤ ᠠᠬᠤᠶᠢᠯᠠᠯ ᠤᠳ | ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠭᠡᠵᠦ᠂ ︽ᠠᠭᠤᠷᠬᠠᠶ ᠶᠢᠨ | ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ ᠵᠢᠴᠢ ᠭᠠᠵᠠᠷ ᠰᠢᠷᠣᠶ ᠶᠢ ᠳᠠᠬᠢᠨ | ᠬᠠᠭᠠᠯᠪᠤᠷᠢᠯᠠᠬᠤ ᠲᠥᠰᠦᠯ︾ ᠤᠨ ᠱᠠᠭᠠᠷᠳᠠᠯᠭ᠎ᠠ ᠶᠣᠰᠣᠭᠠᠷ ᠵᠠᠰᠠᠬᠤ ᠡᠭᠦᠷᠭᠡ ᠪᠠᠨ ᠰᠠᠶᠢᠲᠤᠷ ᠪᠡᠶᠡᠯᠡᠭᠦᠯᠬᠦ ᠬᠡᠷᠡᠭᠲᠡᠶ︔ | ᠲᠡᠦᠬᠡᠨ ᠠᠴᠠ ᠦᠯᠡᠳᠡᠭᠳᠡᠵᠦ ᠢᠷᠡᠭᠰᠡᠨ ᠵᠢᠴᠢ ᠬᠠᠷᠢᠭᠤᠴᠠᠯᠭ᠎ᠠ ᠶᠢᠨ ᠭᠤᠤᠯ ᠴᠣᠭᠴᠠ ᠦᠭᠡᠢ ᠠᠭᠤᠷᠬᠠᠶ ᠠᠴᠠ | ᠪᠣᠶ ᠪᠣᠯᠤᠭᠰᠠᠨ ᠵᠠᠳᠠᠭᠠᠶ ᠮᠠᠯᠲᠠᠭᠰᠠᠨ ᠨᠦᠬᠡᠨ ᠳᠤ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠶᠢᠨ ᠬᠠᠮᠲᠤ ᠦᠨᠡᠨᠬᠦ | ᠶᠠᠪᠤᠭᠳᠠᠭᠤᠰᠢᠲᠠᠶ ᠵᠠᠰᠠᠬᠤ ᠲᠥᠰᠦᠯ ᠲᠣᠭᠲᠠᠭᠠᠵᠤ᠂ ᠵᠠᠰᠠᠬᠤ ᠪᠠᠯᠠ ᠮᠥᠩᠭᠦ ᠶᠢ ᠡᠳ᠋ ᠤᠨ ᠵᠠᠰᠠᠭ ᠤᠨ ᠲᠥᠰᠦᠪ ᠤᠨ | ᠲᠠᠯ᠎ᠠ ᠪᠠᠷ ᠵᠣᠬᠢᠰᠲᠠᠶ ᠳᠣᠭᠢᠷᠠᠭᠤᠯᠵᠤ᠂ ᠡᠯ᠎ᠡ ᠵᠦᠢᠯ ᠤᠨ ᠵᠠᠰᠠᠬᠤ ᠡᠭᠦᠷᠭᠡ ᠶᠢ ᠯᠠᠪᠳᠠᠭᠤᠨ ᠪᠥᠭᠡᠳ ᠡᠮᠬᠢ | ᠵᠢᠷᠤᠮ ᠲᠠᠢ ᠪᠠᠷ ᠠᠬᠢᠭᠤᠯᠬᠤ ᠬᠡᠷᠡᠭᠲᠡᠶ︔ 2025 ᠣᠨ ᠪᠣᠯᠬᠤ ᠳᠤ ᠲᠡᠮᠦᠷᠯᠢᠭ ᠪᠠ ᠲᠡᠮᠦᠷᠯᠢᠭ ᠪᠤᠰᠤ ᠬᠥᠬᠡ | ᠲᠥᠷᠥᠯ ᠤᠨ ᠠᠭᠤᠷᠬᠠᠶ ᠶᠢᠨ ᠭᠠᠷᠤᠯᠲᠠ ᠶᠢ ᠨᠡᠭᠡᠭᠡᠨ ᠮᠠᠯᠲᠠᠭᠰᠠᠨ ᠠᠴᠠ ᠪᠣᠶ ᠪᠣᠯᠤᠭᠰᠠᠨ ᠵᠠᠳᠠᠭᠠᠶ ︽ᠨᠦᠬᠡ︾ ᠶᠢ | ᠵᠠᠰᠠᠬᠤ ᠠᠵᠢᠯ ᠢ ᠪᠡᠶᠡᠯᠡᠭᠦᠯᠵᠦ᠂ ᠦᠢᠯᠡᠳᠪᠦᠷᠢᠯᠡᠯ ᠠᠮᠢᠳᠤᠷᠠᠯ ᠤᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ | ᠲᠠᠯ᠎ᠠ ᠪᠠᠷ ᠦᠷ᠎ᠡ ᠪᠦᠲᠦᠮᠵᠢ ᠭᠠᠷᠭᠠᠨ᠎ᠠ᠃ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠯᠡᠵᠦ᠂ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠮᠢ | ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠣᠷᠣᠯᠴᠠᠨ᠎ᠠ | 2. ︽ᠭᠤᠷᠪᠠᠨ ᠱᠤᠭᠤᠮ ᠨᠢᠭᠡ ᠬᠦᠪᠡᠭᠡ︾ ︵ᠵᠠᠰᠠᠮᠠᠯ ᠵᠠᠮ ᠱᠤᠭᠤᠮ᠂ ᠲᠡᠮᠦᠷ ᠵᠠᠮ ᠱᠤᠭᠤᠮ᠂ ᠭᠤᠤᠯ | ᠮᠥᠷᠡᠨ ᠤ ᠳᠠᠭᠠᠤ ᠱᠤᠭᠤᠮ ᠪᠠ ᠬᠤᠲᠠ ᠪᠠᠯᠭᠠᠰᠤ ᠶᠢᠨ ᠬᠦᠪᠡᠭᠡ︶ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠵᠠᠰᠠᠯᠲᠠ᠃ ︽ᠬᠡᠨ ᠬᠢᠨᠠᠨ ᠵᠥᠪᠰᠢᠶᠡᠷᠡᠭᠰᠡᠨ ᠪᠣᠯ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ | ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠡᠪᠳᠡᠭᠳᠡᠯ ᠢ | ᠪᠠᠶᠢᠴᠠᠭᠠᠬᠤ ᠪᠠ ᠵᠠᠰᠠᠬᠤ ᠬᠠᠷᠢᠭᠤᠴᠠᠯᠭ᠎ᠠ ᠪᠠᠨ ᠬᠠᠤᠯᠢ ᠶᠣᠰᠣᠭᠠᠷ ᠰᠠᠶᠢᠲᠤᠷ ᠭᠦᠢᠴᠡᠳᠬᠡᠬᠦ ᠬᠡᠷᠡᠭᠲᠡᠢ︔ ᠬᠤᠲᠠ᠂ | ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ | ᠭᠠᠮᠰᠢᠭ ᠠᠴᠠ ᠪᠣᠶ ᠪᠣᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠪᠣᠭ᠎ᠠ ᠵᠢᠴᠢ ᠠᠭᠤᠷᠬᠠᠶ | ᠮᠠᠯᠲᠠᠭᠰᠠᠨ ᠠᠴᠠ ᠪᠣᠶ ᠪᠣᠯᠤᠭᠰᠠᠨ ᠵᠠᠳᠠᠭᠠᠶ ︽ᠨᠦᠬᠡ︾ ᠵᠡᠷᠭᠡ ᠣᠷᠴᠢᠨ ᠲᠣᠭᠤᠷᠢᠨ ᠤ ᠡᠪᠳᠡᠭᠳᠡᠯ ᠤᠨ | ᠠᠰᠠᠭᠤᠳᠠᠯ ᠢ ᠰᠠᠯᠠᠭ᠎ᠠ ᠮᠥᠴᠢᠷ ᠬᠤᠪᠢᠶᠠᠨ ᠵᠠᠰᠠᠨ᠎ᠠ᠃ 2025 ᠣᠨ ᠪᠣᠯᠬᠤ ᠳᠤ ᠤᠯᠤᠰ ᠪᠠ ᠮᠤᠵᠢ ᠶᠢᠨ | ᠱᠠᠲᠤᠨ ᠤ ᠵᠠᠰᠠᠮᠠᠯ ᠵᠠᠮ ᠳᠠᠭᠠᠤ᠂ ᠲᠡᠮᠦᠷ ᠵᠠᠮ ᠳᠠᠭᠠᠤ᠂ ᠭᠤᠤᠯᠳᠠᠯᠭ᠎ᠠ ᠲᠠᠢ ᠭᠤᠤᠯ ᠮᠥᠷᠡᠨ ᠳᠠᠭᠠᠤ ᠵᠢᠴᠢ | ᠭᠤᠤᠯᠳᠠᠯᠭ᠎ᠠ ᠲᠠᠢ ᠬᠤᠲᠠ ᠪᠠᠯᠭᠠᠰᠤ ᠶᠢᠨ ᠡᠷᠬᠢᠨ ᠲᠣᠭᠤᠷᠢᠨ ᠤ ᠠᠮᠢ ᠠᠬᠤᠶ ᠶᠢᠨ ᠡᠪᠳᠡᠭᠳᠡᠯ ᠤᠨ ᠠᠰᠠᠭᠤᠳᠠᠯ ᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠣᠶ ᠰᠢᠭᠤᠶ ᠨᠤᠳᠤᠭ | ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠣᠷᠣᠯᠴᠠᠨ᠎ᠠ | 3. ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ | ᠶᠡᠷᠦᠩᠬᠡᠶᠢᠯᠡᠨ ᠴᠡᠭᠴᠡᠯᠡᠨ ᠵᠠᠰᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠡᠯ᠎ᠡ ᠲᠥᠷᠥᠯ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠢᠴᠢ ᠠᠮᠢ ᠠᠬᠤᠶ ᠶᠢᠨ ᠬᠡᠪᠡᠷᠡᠭ ᠣᠷᠣᠨ ᠪᠠ ᠠᠮᠢ ᠠᠬᠤᠶ ᠶᠢᠨ ᠰᠡᠷᠭᠡᠭ | ᠣᠷᠣᠨ ᠢᠶᠠᠷ ᠭᠤᠣᠯᠳᠠᠯᠭ᠎ᠠ ᠪᠣᠯᠭᠠᠭᠰᠠᠨ ᠣᠷᠣᠨ ᠪᠦᠰᠡ ᠪᠣᠯᠭᠠᠵᠤ᠂ ᠠᠭᠤᠯᠠ ᠤᠰᠤ ᠤᠢ ᠰᠢᠭᠤᠶ ᠲᠠᠷᠢᠶᠠᠨ | ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠭᠠᠵᠠᠷ ᠤᠨ ᠭᠠᠶ ᠭᠠᠮᠰᠢᠭ ᠤᠨ ᠲᠠᠯᠳᠠ ᠭᠡᠮ ᠢ ᠠᠷᠢᠯᠭᠠᠬᠤ᠂ ᠤᠰᠤ ᠰᠢᠷᠣᠶ ᠶᠢᠨ ᠪᠣᠬᠢᠷᠲᠤᠯ ᠢ | ᠵᠠᠰᠠᠬᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠬᠥᠷᠥᠰᠥ ᠰᠢᠷᠣᠶ ᠶᠢ ᠬᠠᠮᠠᠭᠠᠯᠠᠬᠤ ᠵᠡᠷᠭᠡ ᠠᠷᠭ᠎ᠠ | ᠬᠡᠮᠵᠢᠶ᠎ᠡ ᠶᠢ ᠠᠪᠴᠤ ᠪᠠᠶᠢᠭᠠᠳ ᠨᠢᠭᠡᠨᠲᠡ ᠮᠠᠭᠤᠳᠠᠭᠰᠠᠨ᠂ ᠬᠤᠬᠢᠷᠠᠭᠤᠯᠤᠭᠰᠠᠨ ᠪᠤᠶᠤ ᠲᠦᠢᠯᠪᠤᠷᠢᠲᠠᠶ ᠡᠪᠳᠡᠭᠰᠡᠨ | ᠠᠮᠢ ᠠᠬᠤᠶ ᠶᠢᠨ ᠣᠷᠴᠢᠨ ᠨᠥᠬᠦᠴᠡᠯ ᠢ ᠰᠡᠷᠭᠦᠭᠡᠬᠦ᠂ ᠲᠠᠬᠢᠨ ᠪᠠᠶᠢᠭᠤᠯᠬᠤ ᠳᠤᠨᠢ ᠬᠠᠪᠰᠤᠷᠴᠤ᠂ ᠲᠡᠳᠡᠨ ᠤ | ᠥᠪᠡᠷ ᠢ ᠪᠠᠨ ᠲᠣᠬᠢᠷᠠᠭᠤᠯᠬᠤ᠂ ᠥᠪᠡᠷ ᠢ ᠪᠠᠨ ᠰᠡᠷᠭᠦᠭᠡᠬᠦ ᠴᠢᠳᠠᠪᠤᠷᠢ ᠶᠢ ᠨᠢ ᠴᠢᠩᠭᠠᠷᠠᠭᠤᠯᠵᠤ᠂ ᠠᠮᠢ ᠠᠬᠤᠶ ᠶᠢᠨ | ᠲᠡᠩᠴᠡᠭᠦᠷᠢ ᠶᠢ ᠬᠠᠮᠠᠭᠠᠯᠠᠨ᠂ ᠪᠠᠶᠢᠭᠠᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠢᠯᠢ ᠶᠢᠨ ᠱᠤᠭᠤᠮ ᠢ ᠰᠠᠬᠢᠨ | ᠬᠠᠮᠠᠭᠠᠯᠠᠨ᠎ᠠ᠃ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠠᠶᠢᠮᠠᠭ ᠤᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠵᠦ᠂ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠣᠷᠣᠯᠴᠠᠨ᠎ᠠ | 4. ︽ᠨᠡᠭᠦᠷᠡᠰᠦᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠢᠨᠵᠧᠨᠧᠷᠢᠩ︾ ᠠᠴᠠ ᠪᠣᠶ | ᠪᠣᠯᠤᠭᠰᠠᠨ ᠵᠠᠳᠠᠭᠠᠶ ︽ᠨᠦᠬᠡ︾ ᠶᠢ ᠰᠠᠯᠭᠠᠵᠤ ᠵᠠᠰᠠᠨ᠎ᠠ᠃ ︽ᠨᠡᠭᠦᠷᠡᠰᠦᠨ ᠠᠭᠤᠷᠬᠠᠶ ᠶᠢᠨ ᠮᠠᠯᠲᠠᠵᠤ | ᠬᠥᠨᠳᠡᠶᠢᠷᠡᠭᠦᠯᠦᠭᠰᠡᠨ ᠣᠷᠣᠨ ᠢ ᠵᠠᠰᠠᠬᠤ︾ ᠠᠴᠠ ᠪᠣᠶ ᠪᠣᠯᠤᠭᠰᠠᠨ ᠵᠠᠳᠠᠭᠠᠶ ︽ᠨᠦᠬᠡ︾ ᠶᠢ ᠵᠠᠰᠠᠬᠤ ᠶᠢ ᠤᠤᠯ ᠤᠨ | ᠲᠥᠷᠥᠯ ᠵᠦᠢᠯ ᠲᠣᠭᠲᠠᠭᠠᠬᠤ ᠪᠠᠷ ᠬᠢᠨᠠᠨ ᠵᠥᠪᠰᠢᠶᠡᠷᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠠᠷᠢᠭᠤᠴᠠᠨ ᠬᠢᠨᠠᠨ ᠬᠠᠮᠢᠶᠠᠷᠤᠨ᠎ᠠ︔ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠵᠠᠰᠠᠬᠤ ᠬᠠᠷᠠᠯᠲᠠ ᠶᠢ ᠲᠣᠳᠣᠷᠬᠠᠶᠢᠯᠠᠨ᠂ | 2025 ᠣᠨ ᠪᠣᠯᠬᠤ ᠳᠤ ᠵᠠᠳᠠᠭᠠᠶ ︽ᠨᠦᠬᠡ︾ ᠶᠢ ᠰᠠᠯᠭᠠᠵᠤ ᠵᠠᠰᠠᠬᠤ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠦᠨ᠎ᠡ᠃ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ | ᠲᠣᠪᠴᠢᠶ᠎ᠠ︶ ᠠᠴᠠ ᠲᠦᠷᠦᠭᠦᠯᠡᠵᠦ᠂ ᠠᠶᠢᠮᠠᠭ ᠤᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠣᠷᠣᠯᠴᠠᠨ᠎ᠠ | | 5. ᠠᠭᠤᠷᠬᠠᠶ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠨ᠎ᠠ᠃ ᠠᠭᠤᠷᠬᠠᠶ ᠶᠢᠨ ᠬᠠᠶᠠᠭᠳᠠᠯ ᠬᠡᠢ᠂ | ᠬᠠᠶᠠᠭᠳᠠᠯ ᠤᠰᠤ᠂ ᠬᠠᠶᠠᠭᠳᠠᠯ ᠰᠢᠭᠠᠷᠤ ᠵᠢᠴᠢ ᠳᠡᠭᠳᠡᠮᠡᠯ ᠲᠣᠭᠤᠰᠣ ᠵᠡᠷᠭᠡ ᠪᠣᠬᠢᠷ ᠪᠣᠳᠠᠰ ᠭᠠᠳᠠᠭᠰᠢᠯᠠᠭᠤᠯᠬᠤ ᠲᠤ | ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠨ᠂ ᠨᠡᠭᠦᠷᠡᠰᠦᠨ ᠴᠢᠯᠠᠭᠤ᠂ ᠬᠤᠭ ᠰᠢᠷᠣᠶ ᠵᠡᠷᠭᠡ ᠬᠠᠲᠠᠭᠤ | ᠪᠡᠶᠡᠲᠦ ᠬᠠᠶᠠᠭᠳᠠᠯ ᠤᠨ ᠪᠣᠬᠢᠷᠲᠤᠯ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠷᠠᠭᠤᠯᠵᠤ᠂ ᠠᠭᠤᠷᠬᠠᠶ ᠶᠢᠨ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠰᠡᠷᠭᠦᠭᠡᠨ ᠵᠠᠰᠠᠬᠤ ᠶᠢ ᠬᠦᠴᠦᠲᠡᠶ ᠠᠬᠢᠭᠤᠯᠤᠨ᠎ᠠ᠃ | | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠣᠷᠣᠯᠴᠠᠨ᠎ᠠ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ | ᠠᠵᠢᠯ ᠤᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠡᠳᠦᠷ ᠲᠤᠲᠤᠮ ᠤᠨ ᠵᠣᠬᠢᠴᠠᠭᠤᠯᠬᠤ ᠪᠠᠶᠢᠭᠤᠯᠤᠮᠵᠢ ᠶᠢ | ᠪᠠᠶᠢᠭᠤᠯᠤᠨ᠂ ᠡᠯ᠎ᠡ ᠰᠠᠯᠠᠭ᠎ᠠ ᠮᠥᠴᠢᠷ ᠤᠨ ᠵᠠᠰᠠᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠢᠭᠡᠳᠦᠯᠲᠡᠶ | ᠲᠥᠯᠥᠪᠯᠡᠨ ᠳᠣᠭᠢᠷᠠᠭᠤᠯᠤᠨ᠂ ᠲᠣᠬᠢᠷᠠᠭᠤᠯᠬᠤ ᠪᠠᠨ ᠴᠢᠩᠭᠠᠳᠬᠠᠵᠤ᠂ ᠠᠭᠤᠷᠬᠠᠶ ᠶᠢᠨ ᠣᠷᠴᠢᠨ ᠲᠣᠭᠤᠷᠢᠨ ᠢ | ᠵᠠᠰᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ | ᠠᠬᠢᠭᠤᠯᠬᠤ ᠬᠡᠷᠡᠭᠲᠡᠶ᠃ | ︵ᠬᠤᠶᠠᠷ︶ ᠪᠠᠯᠠ ᠮᠥᠩᠭᠦ ᠶᠢᠨ ᠣᠷᠣᠭᠤᠯᠤᠯᠲᠠ ᠶᠢ ᠪᠠᠲᠤᠯᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠵᠠᠰᠠᠬᠤ ᠬᠡᠷᠡᠭᠴᠡᠭᠡ ᠪᠠᠨ ᠦᠨᠳᠦᠰᠦᠯᠡᠨ᠂ ᠪᠠᠯᠠ ᠮᠥᠩᠭᠦ ᠶᠢᠨ ᠪᠠᠲᠤᠯᠠᠭ᠎ᠠ ᠶᠢᠨ | ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠬᠦᠷᠢᠶ᠎ᠡ ᠴᠠᠷᠠᠭ᠎ᠠ ᠶᠢᠨ ᠪᠠᠯᠠ | ᠮᠥᠩᠭᠦ ᠶᠢ ᠨᠢᠭᠡᠳᠦᠯᠲᠡᠶ ᠲᠥᠯᠥᠪᠯᠡᠨ᠂ ᠪᠠᠯᠠ ᠮᠥᠩᠭᠦ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠡᠳ᠋ ᠤᠨ | ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠶ᠃ ᠪᠠᠯᠠ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ︽ | ᠬᠡᠨ ᠪᠠᠯᠠ ᠣᠷᠣᠭᠤᠯᠪᠠᠯ ᠬᠡᠨ ᠠᠰᠢᠭ ᠭᠥᠷᠳᠡᠬᠦ᠂ ᠬᠡᠨ ᠵᠠᠰᠠᠪᠠᠯ ᠬᠡᠨ ᠠᠰᠢᠭ ᠭᠥᠷᠳᠡᠬᠦ︾ ᠵᠠᠷᠴᠢᠮ ᠶᠣᠰᠣᠭᠠᠷ᠂ | ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ ᠪᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠢ ᠲᠡᠳᠡᠨ ᠠᠭᠤᠷᠬᠠᠶ ᠶᠢᠨ ᠣᠷᠴᠢᠨ ᠲᠣᠭᠤᠷᠢᠨ ᠤ | ᠵᠠᠰᠠᠯᠲᠠ ᠳᠤ ᠢᠳᠡᠪᠬᠢᠲᠡᠶ ᠣᠷᠣᠯᠴᠠᠭᠤᠯᠤᠨ᠎ᠠ᠃ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢ | ᠬᠡᠷᠡᠭᠯᠡᠨ ᠬᠡᠰᠡᠭ ᠬᠤᠭᠤᠴᠠᠭ᠎ᠠ ᠠᠴᠠ ᠪᠠᠨ ᠬᠡᠲᠦᠷᠡᠭᠰᠡᠨ ᠠᠭᠤᠷᠬᠠᠶ ᠶᠢᠨ ᠭᠠᠵᠠᠷ ᠤᠨ ᠣᠷᠴᠢᠨ ᠠᠬᠤᠶ ᠶᠢᠨ ᠵᠠᠰᠠᠯᠲᠠ | ᠬᠢᠭᠡᠳ ᠪᠡᠯᠡ ᠮᠥᠩᠭᠦ ᠶᠢᠨ ᠤᠷᠤᠭᠤᠯᠤᠯᠳᠠ ᠶᠢᠨ ᠠᠰᠠᠭᠤᠳᠠᠯ ᠢ ᠰᠢᠢᠳᠪᠦᠷᠢᠯᠡᠨ᠎ᠡ᠃ | ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠠᠭᠤᠷᠬᠠᠶ ᠶᠢᠨ ᠣᠷᠴᠢᠨ | ᠲᠣᠭᠤᠷᠢᠨ ᠢ ᠵᠠᠰᠠᠬᠤ ᠠᠵᠢᠯ ᠢ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠰᠢᠯᠭᠠᠨ ᠬᠢᠨᠠᠬᠤ | ᠬᠠᠷᠠᠯᠲᠠ ᠳᠤ ᠣᠷᠣᠭᠤᠯᠵᠤ᠂ ᠵᠠᠰᠠᠬᠤ ᠪᠠᠯᠠ ᠮᠥᠩᠭᠦ ᠶᠢᠨ ᠣᠨ ᠤ ᠲᠥᠰᠦᠪ ᠤᠨ ᠲᠣᠬᠢᠷᠠᠭᠤᠯᠤᠯᠲᠠ ᠶᠢᠨ ᠪᠠᠶᠢᠳᠠᠯ᠂ | ᠵᠠᠰᠠᠬᠤ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠵᠢᠴᠢ ᠲᠡᠤᠬᠡ ᠶᠢᠨ ᠦᠯᠡᠳᠡᠭᠳᠡᠯ᠂ ᠬᠠᠷᠢᠭᠤᠴᠠᠯᠭ᠎ᠠ ᠶᠢᠨ | ᠭᠤᠤᠯ ᠴᠣᠭᠴᠠ ᠦᠭᠡᠢ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠨᠣᠷᠮ᠎ᠠ ᠶᠢ | ᠭᠤᠤᠯᠳᠠᠯᠭ᠎ᠠ ᠲᠠᠢ ᠰᠢᠯᠭᠠᠨ ᠬᠢᠨᠠᠬᠤ ᠶᠢᠨ ᠬᠠᠮᠲᠤ᠂ ᠰᠢᠯᠭᠠᠨ ᠬᠢᠨᠠᠭᠰᠠᠨ ᠦᠷ᠎ᠡ ᠳ᠋ᠦᠩ ᠢ ᠤᠳᠤᠷᠢᠳᠬᠤ ᠪᠠᠭ | ᠪᠣᠯᠤᠨ ᠤᠳᠤᠷᠢᠳᠬᠤ ᠺᠠᠳ᠋ᠷ ᠤᠨ ᠶᠡᠷᠦᠩᠬᠡᠶᠢᠯᠡᠭᠰᠡᠨ ᠰᠢᠯᠭᠠᠨ ᠬᠢᠨᠠᠵᠤ ᠦᠨᠡᠯᠡᠬᠦ ᠶᠢᠨ ᠴᠢᠬᠤᠯᠠ ᠦᠨᠳᠦᠰᠦᠯᠡᠯ | ᠪᠣᠯᠭᠠᠨ᠎ᠠ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠣᠨᠢᠨ ᠮᠡᠳᠡᠭᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ | ᠬᠥᠲᠥᠯᠥᠨ ᠵᠢᠯᠣᠭᠤᠳᠬᠤ ᠪᠠ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠭᠤᠷᠬᠠᠶ ᠶᠢᠨ | ᠣᠷᠴᠢᠨ ᠲᠣᠭᠤᠷᠢᠨ ᠤ ᠵᠠᠰᠠᠯᠲᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠨᠣᠯᠵᠢᠬᠤᠨ ᠢ ᠶᠡᠬᠡᠪᠡᠷ | ᠰᠠᠨᠠᠭᠠᠴᠢᠯᠠᠵᠤ᠂ ᠠᠭᠤᠷᠬᠠᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ | ᠪᠠ ᠰᠢᠨᠵᠢᠯᠡᠬᠦ ᠤᠬᠠᠭᠠᠨ ᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠨ᠂ ᠪᠥᠬᠦ ᠨᠡᠶᠢᠭᠡᠮ ᠤᠨ ᠡᠬᠢ ᠪᠠᠶᠠᠯᠢᠭ ᠤᠨ | ᠠᠰᠢᠭᠯᠠᠯᠲᠠ ᠶᠢᠨ ᠳᠡᠭᠡᠳᠦ ᠬᠢᠵᠠᠭᠠᠷ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ ᠪᠠ ᠠᠮᠢ | ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠠᠭᠤᠷᠬᠠᠶ ᠶᠢᠨ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ | ᠪᠣᠶ ᠪᠣᠯᠭᠠᠨ᠎ᠠ᠃ | | ᠳᠠᠭᠠᠯᠳᠤᠭᠤᠯᠤᠯ᠄ | ᠬᠢᠩᠭᠠᠨ ᠠᠶᠢᠮᠠᠭ ᠤᠨ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ | | ᠳᠤᠭᠤᠶᠢᠯᠠᠩ ᠤᠨ ᠳᠠᠷᠤᠭ᠎ᠠ᠄ ᠴᠢ᠊ ᠪᠠᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ | ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠯᠢᠦ ᠱᠦ ᠴᠧᠩ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ | ᠳᠠᠷᠤᠭ᠎ᠠ | ᠪᠦᠷᠢᠯᠳᠦᠬᠦᠨ᠄ ᠶᠧ ᠮᠢᠩ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠡᠳ᠋ ᠳᠠᠷᠤᠭ᠎ᠠ | ᠸᠠᠩ ᠵᠠᠨ ᠮᠢᠩ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ | ᠯᠢᠶᠠᠩ ᠶᠠᠨ ᠵᠢᠶᠦ᠋ᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠯᠢ ᠶᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠵᠢᠶ ᠬᠤᠩ ᠮᠧᠶ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ | ᠳᠠᠷᠤᠭ᠎ᠠ | ᠸᠠᠩ ᠬᠤᠢ ᠮᠢᠩ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ | ᠲᠣᠪᠴᠢᠶᠠᠨ ᠤ ᠳᠠᠷᠤᠭ᠎ᠠ | ᠯᠢ ᠰᠢᠤᠸᠠᠢ ᠳ᠋ᠦᠩ ᠠᠶᠢᠮᠠᠭ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶᠠᠨ ᠤ ᠳᠠᠷᠤᠭ᠎ᠠ | | ᠪᠠᠶ ᠴᠠᠩ ᠹᠧᠩ ᠠᠶᠢᠮᠠᠭ ᠤᠨ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ | ᠭᠦᠸᠧ ᠯᠢᠩ ᠶᠦᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠯᠢ ᠰᠢᠶᠤᠤ ᠭᠤᠸᠠᠩ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ | ᠳ᠋ᠦᠩ ᠸᠧᠨ ᠴᠢᠩ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠪᠥᠬᠦ ᠠᠶᠢᠮᠠᠭ ᠤᠨ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠬᠠᠷᠢᠭᠤᠴᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠢᠴᠢ ᠬᠢᠨᠠᠯᠲᠠ ᠲᠠᠯᠪᠢᠵᠤ ᠰᠢᠯᠭᠠᠨ | ᠬᠢᠨᠠᠬᠤ ᠠᠷᠭ᠎ᠠ ᠶᠢ ᠲᠣᠭᠲᠠᠭᠠᠨ᠂ ᠪᠥᠬᠦ ᠠᠶᠢᠮᠠᠭ ᠤᠨ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ | ᠭᠤᠤᠯᠳᠠᠯᠭ᠎ᠠ ᠲᠠᠢ ᠲᠥᠷᠥᠯ ᠵᠦᠢᠯ ᠢ ᠲᠣᠭᠲᠠᠭᠠᠵᠤ᠂ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠤᠨ | ᠳᠤᠮᠳᠠ ᠢᠯᠡᠷᠡᠭᠰᠡᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠭᠤᠷᠬᠠᠶ ᠶᠢ ᠵᠠᠰᠠᠬᠤ ᠡᠯ᠎ᠡ ᠵᠦᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠵᠢᠯᠣᠭᠤᠳᠤᠨ᠎ᠠ᠃ ᠤᠳᠤᠷᠢᠳᠬᠤ ᠳᠤᠭᠤᠶᠢᠯᠠᠩ ᠤᠨ | ᠳᠣᠤᠷ᠎ᠠ ᠠᠯᠪᠠᠨ ᠬᠡᠷ ᠭᠠᠷᠭᠠᠵᠤ ᠡᠳᠦᠷ ᠲᠤᠲᠤᠮ ᠤᠨ ᠠᠵᠢᠯ ᠢ ᠬᠠᠷᠢᠭᠤᠴᠠᠭᠤᠯᠵᠤ᠂ ᠠᠯᠪᠠᠨ ᠬᠡᠷ ᠤᠨ | ᠡᠷᠬᠢᠯᠡᠭᠴᠢ ᠶᠢ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠸᠠᠩ ᠵᠠᠨ ᠮᠢᠩ | ᠬᠠᠪᠰᠤᠷᠭᠠᠨ ᠬᠠᠷᠢᠭᠤᠴᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠬᠡᠨ ᠬᠢᠨᠠᠨ ᠵᠥᠪᠰᠢᠶᠡᠷᠡᠪᠡᠯ ᠲᠡᠷᠡ | ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠠᠭᠤᠷᠬᠠᠶ ᠶᠢᠨ ᠣᠷᠴᠢᠨ | ᠲᠣᠭᠤᠷᠢᠨ ᠢ ᠵᠠᠰᠠᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠠᠷᠢᠭᠤᠴᠠᠨ᠎ᠠ᠃ | |