ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠬᠢᠩᠭᠠᠨ ᠠᠶᠢᠮᠠᠭ ᠤᠨ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ  ᠪᠥᠬᠦ ᠲᠠᠯ᠎ᠠ ᠪᠠᠷ  ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2021/10/13
         ᠵᠠᠬᠢᠷᠭ᠎ᠠ ᠠᠯᠪᠠᠨ ᠲᠠᠷᠬᠠᠭᠠᠭᠰᠠᠨ ﹇2021﹈ 1 ᠳ᠋ᠤᠭᠡᠷ ᠲᠣᠭᠠᠲᠤ        ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ  ᠦᠢᠯᠡᠰ ᠤᠨ ᠨᠢᠭᠡᠴᠢ᠂ ᠳᠤᠮᠳᠠ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄    ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ  ᠲᠤᠭᠤᠰᠢᠯᠠᠭᠤᠯᠤᠨ  ᠬᠡᠷᠡᠭᠵᠢᠭᠦᠯᠲᠦᠭᠡᠶ᠃                                                     2021 ᠣᠨ ᠤ 1 ᠰᠠᠷ᠎ᠠ ᠶᠢᠨ 24       ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠬᠢᠩᠭᠠᠨ ᠠᠶᠢᠮᠠᠭ ᠤᠨ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ  ᠪᠥᠬᠦ ᠲᠠᠯ᠎ᠠ ᠪᠠᠷ  ᠬᠡᠷᠡᠭᠵᠢᠭᠦᠯᠬᠦ ᠲᠥᠰᠦᠯ    ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠵᠠᠰᠠᠭ ᠤᠨ ᠣᠷᠳᠣᠨ ᠤ ᠦᠢᠯᠡᠴᠢᠯᠡᠭᠡ ᠪᠠ ᠬᠠᠮᠢᠶᠠᠷᠤᠯᠲᠠ ᠶᠢᠨ ᠣᠶᠢᠯᠠᠭᠠᠭᠳᠠᠬᠤᠨ᠂ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠳᠤ ᠲᠥᠬᠦᠮ ᠦᠵᠡᠭᠦᠯᠵᠦ᠂ ᠭᠡᠷᠡᠴᠢᠯᠡᠬᠦ ᠵᠦᠢᠯᠡᠰ ᠢ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠵᠤ᠂ ︽ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ  ᠭᠡᠷᠡᠴᠢᠯᠡᠬᠦ ᠵᠦᠢᠯᠡᠰ ᠢ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 51 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ  ᠴᠢᠩᠭᠠᠳᠬᠠᠨ᠎ᠠ    ᠭᠡᠷᠡᠴᠢᠯᠡᠬᠦ ᠤᠴᠢᠷ ᠶᠠᠪᠤᠳᠠᠯ ᠢ ᠬᠡᠯᠡᠵᠦ ᠥᠭᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠶᠢ ᠯᠠᠪᠳᠠᠭᠤᠨ ᠪᠠᠲᠤᠲᠠᠶ ᠬᠡᠷᠡᠭᠵᠢᠭᠦᠯᠬᠦ ᠶᠢᠨ ᠲᠥᠯᠥᠭᠡ᠂ ᠠᠶᠢᠮᠠᠭ ᠤᠨ ᠵᠠᠬᠢᠷᠭ᠎ᠠ ᠳᠤ ᠬᠤᠪᠢᠳᠠᠨ ᠬᠠᠮᠢᠶᠠᠷᠴᠤ ᠪᠠᠶᠢᠭ᠎ᠠ ᠠᠶᠢᠮᠠᠭ ᠤᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠦᠷᠢᠯᠳᠦᠬᠦᠨ ᠨᠢᠭᠡᠴᠢ ᠳᠤ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠪᠠᠭᠲᠠᠨ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ  ᠵᠦᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ  ᠪᠠᠳᠤᠯᠠᠭ᠎ᠠ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠣᠶ ᠰᠢᠭᠤᠶ  ᠨᠤᠳᠤᠭ ᠪᠡᠯᠴᠢᠭᠡᠷ ᠤᠨ ᠲᠣᠪᠴᠢᠶ᠎ᠠ᠂ ᠮᠥᠩᠭᠦᠨ  ᠭᠦᠢᠯᠭᠡᠭᠡᠨ ᠤ ᠠᠯᠪᠠᠨ ᠬᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠡᠷᠬᠢᠯᠡᠭᠴᠢ ᠶᠢᠨ ᠲᠤᠰᠢᠶᠠᠯ ᠢ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠲᠣᠪᠴᠢᠶᠠᠨ ᠳᠠᠷᠤᠭ᠎ᠠ ᠳᠡᠳ᠋ ᠡᠭᠦᠷᠭᠡᠯᠡᠨ᠎ᠡ᠂ ᠠᠵᠢᠯᠲᠠᠨ᠄ ᠰᠢᠶᠦ᠋ᠨ ᠬᠤᠩ ᠸᠧᠶ᠂ ᠸᠠᠩ ᠱᠢ ᠬᠤᠶ᠂ ᠬᠠᠷᠢᠯᠴᠠᠬᠤ ᠤᠲᠠᠰᠤ᠄ 8269015᠃    ᠬᠤᠶᠠᠷ᠂ ᠠᠵᠢᠯ   ᠤᠨ ᠬᠡᠷᠡᠭᠯᠡᠬᠦ ᠡᠲᠡᠭᠡᠳ ᠢ ᠲᠣᠳᠣᠷᠬᠠᠶᠢᠯᠠᠨ᠎ᠠ    ᠲᠤᠰ ᠲᠥᠰᠦᠯ ᠳᠤ ᠬᠡᠯᠡᠵᠦ ᠪᠠᠶᠢᠭ᠎ᠠ ᠭᠡᠷᠡᠴᠢᠯᠡᠯ ᠭᠡᠳᠡᠭ ᠪᠣᠯ ᠠᠷᠠᠳ ᠢᠷᠭᠡᠨ᠂ ᠬᠠᠤᠯᠢ ᠶᠢᠨ  ᠡᠷᠭᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ  ᠰᠢᠢᠳᠪᠦᠷᠢᠯᠡᠭᠦᠯᠬᠦ ᠪᠠᠷ ᠭᠤᠶᠤᠴᠢᠯᠠᠬᠤ ᠦᠶ᠎ᠡ ᠳᠤ᠂ ᠬᠠᠩᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠪᠤᠰᠤᠳ ᠪᠠᠶᠢᠭᠤᠯᠤᠮᠵᠢ ᠠᠴᠠ ᠭᠠᠷᠭᠠᠵᠤ ᠥᠭᠬᠦ ᠴᠢᠬᠤᠯᠠᠲᠠᠶ ᠪᠥᠭᠡᠳ ᠪᠤᠰᠤᠳᠴᠢ ᠪᠣᠳᠠᠲᠤ ᠶᠠᠪᠤᠳᠠᠯ ᠢ ᠲᠤᠭᠠᠴᠢᠬᠤ ᠪᠤᠶᠤ ᠣᠨᠴᠠᠭᠠᠶ ᠨᠥᠬᠦᠴᠡᠯ ᠳᠤ ᠨᠡᠶᠢᠴᠡᠬᠦ ᠶᠢ ᠢᠯᠡᠳᠬᠡᠬᠦ ᠳᠤ ᠬᠡᠷᠡᠭᠯᠡᠬᠦ ᠮᠠᠲ᠋ᠧᠷᠢᠶᠠᠯ ᠢ ᠵᠢᠭᠠᠵᠤ ᠪᠠᠶᠢᠨ᠎ᠠ᠃ ᠭᠡᠷᠡᠴᠢᠯᠡᠬᠦ ᠤᠴᠢᠷ ᠶᠠᠪᠤᠳᠠᠯ ᠢ ᠠᠮᠠᠯᠠᠯᠲᠠ ᠶᠢᠨ ᠳᠦᠷᠢᠮ  ᠭᠡᠳᠡᠭ ᠨᠢ ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠶ᠋ᠳᠪᠦᠷᠢᠯᠡᠭᠦᠯᠬᠦ ᠪᠠᠷ ᠭᠤᠶᠤᠴᠢᠯᠠᠬᠤ ᠦᠶ᠎ᠡ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠪᠢᠴᠢᠭ ᠤᠨ ᠬᠡᠯᠪᠡᠷᠢ ᠪᠠᠷ ︵ᠡᠯᠧᠺᠲᠷᠣᠨ ᠲᠤᠺᠰᠲ ᠪᠠᠭᠲᠠᠨ᠎ᠠ᠂ ᠳᠣᠷᠣᠭᠰᠢ ᠠᠳᠠᠯᠢ︶ ᠭᠡᠷᠡᠴᠢᠯᠡᠬᠦ ᠡᠭᠦᠷᠭᠡ᠂ ᠭᠡᠷᠡᠴᠢᠯᠡᠬᠦ ᠠᠭᠤᠯᠭ᠎ᠠ ᠵᠢᠴᠢ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠨ᠎ᠡ᠃ ᠭᠤᠶᠤᠴᠢᠯᠠᠭᠴᠢ ᠶᠢᠨ ᠪᠢᠴᠢᠭ ᠤᠨ ᠠᠮᠠᠯᠠᠯᠲᠠ ᠨᠢ ᠨᠢᠭᠡᠨᠲᠡ ᠮᠡᠳᠡᠭᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠳᠤᠷᠠᠲᠠᠶ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠯᠪᠣᠭᠳᠠᠯ ᠪᠦᠬᠦᠢ ᠭᠡᠷᠡᠴᠢ ᠶᠢ ᠳᠠᠬᠢᠵᠤ ᠠᠪᠬᠤ ᠦᠭᠡᠢ ᠪᠥᠭᠡᠳ ᠪᠢᠴᠢᠭ ᠤᠨ ᠠᠮᠠᠯᠠᠯᠲᠠ ᠶᠢ ᠦᠨᠳᠦᠰᠦᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠦᠢᠯᠡᠰ ᠢ  ᠰᠢᠢᠳᠪᠦᠷᠢᠯᠡᠬᠦ ᠠᠵᠢᠯ ᠤᠨ ᠲᠣᠭᠲᠠᠴᠠ ᠶᠢ ᠭᠦᠢᠴᠡᠳᠬᠡᠨ᠎ᠡ᠃     ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯ ᠢ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠶᠢᠨ ᠳᠦᠷᠢᠮ ᠤᠨ ᠠᠷᠭ᠎ᠠ ᠮᠠᠶ᠋ᠢᠭ ᠢ ᠬᠡᠷᠡᠭᠯᠡᠬᠦ ᠡᠰᠡᠬᠦ ᠪᠠᠨ ᠥᠪᠡᠷ ᠢᠶᠠᠨ ᠡᠵᠡᠨ ᠮᠡᠳᠡᠵᠦ  ᠰᠢᠢᠳᠪᠦᠷᠢᠯᠡᠨ᠎ᠠ᠃ ᠭᠤᠶᠤᠴᠢᠯᠠᠭᠴᠢ ᠠᠮᠠᠯᠠᠬᠤ ᠳᠤᠷ᠎ᠠ ᠦᠭᠡᠢ ᠪᠤᠶᠤ ᠠᠮᠠᠯᠠᠬᠤ ᠶᠢᠨ ᠠᠷᠭ᠎ᠠ ᠦᠭᠡᠢ ᠪᠠᠶᠢᠪᠠᠯ᠂ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠱᠠᠭᠠᠷᠳᠠᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃ ᠭᠤᠶᠤᠴᠢᠯᠠᠭᠴᠢ ᠨᠢ ᠨᠡᠯᠢᠶᠡᠳ ᠬᠦᠨᠳᠦ ᠨᠣᠴᠢᠲᠠᠶ ᠢᠲᠡᠭᠡᠮᠵᠢ ᠶᠢᠨ ᠮᠠᠭᠤ ᠲᠡᠮᠳᠡᠭᠯᠡᠯ ᠲᠠᠢ ᠪᠤᠶᠤ ᠬᠤᠳᠠᠯ ᠬᠠᠭᠤᠷᠮᠠᠭ ᠠᠮᠠᠯᠠᠯᠲᠠ ᠬᠢᠵᠦ ᠥᠩᠭᠡᠷᠡᠭᠰᠡᠨ ᠵᠡᠷᠭᠡ ᠪᠠᠶᠢᠳᠠᠯ ᠲᠠᠢ ᠪᠠᠶᠢᠪᠠᠯ᠂ ᠢᠲᠡᠭᠡᠮᠵᠢ ᠶᠢ ᠰᠡᠷᠭᠦᠭᠡᠬᠦ ᠠᠴᠠ ᠡᠮᠦᠨ᠎ᠡ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠦᠭᠡᠢ᠃    ᠭᠤᠷᠪᠠ᠂ ᠠᠵᠢᠯ   ᠤᠨ ᠬᠡᠷᠡᠭᠵᠢᠭᠦᠯᠦᠯᠲᠡ ᠶᠢ ᠡᠮᠬᠢ ᠵᠢᠷᠤᠮ ᠲᠠᠢ ᠲᠥᠯᠬᠢᠨ ᠠᠬᠢᠭᠤᠯᠤᠨ᠎ᠠ    ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠣᠰᠣᠭᠠᠷ᠂ ᠭᠡᠷᠡᠴᠢᠯᠡᠬᠦ  ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠠᠶᠢᠮᠠᠭ ᠤᠨ ᠬᠡᠪᠴᠢᠶᠡᠨ ᠳᠤ ᠠᠯᠬᠤᠮ ᠳᠠᠷᠠᠭ᠎ᠠ ᠲᠠᠢ ᠪᠠᠷ ᠪᠦᠬᠦᠨ ᠢ ᠬᠠᠮᠤᠷᠤᠨ ᠶᠠᠪᠤᠭᠳᠠᠭᠤᠯᠤᠨ᠎ᠠ᠃ ᠬᠡᠷᠡᠭᠵᠢᠭᠦᠯᠬᠦ ᠪᠠᠶᠢᠭᠤᠯᠭ᠎ᠠ ᠳᠤ ᠠᠶᠢᠮᠠᠭ᠂ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢ ᠪᠠᠭᠲᠠᠭᠠᠨ᠎ᠠ᠃    ︵ᠨᠢᠭᠡ︶ ᠳᠣᠭᠢᠷᠠᠭᠤᠯᠤᠨ ᠪᠠᠶᠢᠷᠢᠯᠠᠭᠤᠯᠤᠨ᠎ᠠ ︵2021 ᠣᠨ ᠤ 1 ᠰᠠᠷ᠎ᠠ ᠶᠢᠨ ᠰᠡᠭᠦᠯᠴᠢ ᠠᠴᠠ ᠡᠮᠦᠨ᠎ᠡ︶᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠭᠡᠷᠡᠴᠢᠯᠡᠬᠦ  ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠤᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ︽ᠭᠡᠷᠡᠴᠢᠯᠡᠬᠦ  ᠵᠦᠢᠯᠡᠰ ᠤᠨ ᠨᠠᠷᠢᠨ ᠲᠠᠩᠰᠠ︾ ᠶᠢ ᠳᠠᠬᠢᠨ ᠡᠮᠬᠢᠯᠡᠨ ᠳᠢᠭᠯᠡᠵᠦ᠂ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠢ ᠰᠤᠳᠤᠯᠤᠨ ᠮᠠᠭᠠᠳᠯᠠᠵᠤ᠂ ᠠᠶᠢᠮᠠᠭ ᠤᠨ ᠲᠣᠰ ᠱᠠᠲᠤ᠂ ᠬᠤᠰᠢᠭᠤᠨ ᠱᠠᠲᠤᠨ ᠤ ︽ᠦᠯᠡᠳᠡᠭᠡᠬᠦ ᠭᠡᠷᠡᠴᠢᠯᠡᠬᠦ ᠵᠦᠢᠯᠡᠰ ᠤᠨ ᠨᠠᠷᠢᠨ ᠲᠠᠩᠰᠠ︾ ︽ᠭᠡᠷᠡᠴᠢᠯᠡᠬᠦ  ᠵᠦᠢᠯᠡᠰ ᠢ ᠬᠦᠴᠦᠨ ᠥᠬᠡᠶ ᠪᠣᠯᠭᠠᠬᠤ ᠨᠠᠷᠢᠨ ᠲᠠᠩᠰᠠ︾ ︽ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠭᠠᠷᠴᠠᠭ︾ ᠢ ᠲᠠᠭᠯᠠᠨ ᠮᠡᠳᠡᠭᠦᠯᠵᠦ᠂ 2 ᠰᠠᠷ᠎ᠠ ᠶᠢᠨ 5 ᠤ ᠡᠳᠦᠷ ᠠᠴᠠ ᠡᠮᠦᠨ᠎ᠡ ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ ᠢ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ᠎ᠡ᠂ ᠰᠢᠤᠳᠠᠨ ᠤ ᠬᠠᠶᠢᠷᠴᠠᠭ᠄ msfjzfk2019@163.com ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃    ︵ᠬᠤᠶᠠᠷ︶ ᠲᠦᠷᠢᠮ ᠲᠣᠭᠲᠠᠭᠠᠯ ᠲᠣᠭᠲᠠᠭᠠᠬᠤ ︵2021 ᠣᠨ ᠤ 1 ᠰᠠᠷ᠎ᠠ — 2 ᠰᠠᠷ᠎ᠠ︶᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ ᠠᠮᠠᠯᠠᠯᠲᠠ ᠶᠢᠨ ᠲᠦᠷᠢᠮ ᠤᠨ ᠱᠠᠭᠠᠷᠳᠠᠯᠭ᠎ᠠ ᠶᠢ ᠦᠨᠳᠦᠰᠦᠯᠡᠨ᠂ ᠠᠮᠠᠯᠠᠯᠲᠠ ᠶᠢᠨ ᠲᠦᠷᠢᠮ ᠤᠨ ᠠᠵᠢᠯ ᠤᠨ ᠲᠦᠷᠢᠮ᠂  ᠦᠢᠯᠡᠴᠢᠯᠡᠭᠡᠨ ᠤ ᠵᠦᠭᠯᠡᠭᠦᠷ ᠪᠠ ᠴᠤᠪᠤᠷᠠᠯ ᠵᠢᠷᠤᠭ ᠢ ᠨᠠᠶᠢᠷᠠᠭᠤᠯᠤᠨ ᠵᠣᠬᠢᠶᠠᠵᠤ᠂ ᠮᠡᠳᠡᠭᠡ ᠵᠠᠩᠭᠢ ᠶᠢ ᠬᠠᠷᠢᠯᠴᠠᠨ ᠪᠠᠶᠢᠴᠠᠭᠠᠬᠤ᠂ ᠡᠯᠧᠺᠲᠷᠣᠨ ᠦᠨᠡᠮᠯᠡᠯ ᠢ ᠬᠠᠷᠢᠯᠴᠠᠨ ᠮᠡᠳᠡᠷᠡᠵᠦ ᠬᠠᠷᠢᠯᠴᠠᠨ ᠨᠡᠪᠲᠡᠷᠡᠯᠴᠡᠬᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠬᠠᠮᠢᠶ᠎ᠠ ᠪᠥᠬᠦᠶ ᠲᠦᠷᠢᠮ ᠢ ᠲᠡᠭᠦᠯᠳᠡᠷᠵᠢᠭᠦᠯᠬᠦ ᠬᠡᠷᠡᠭᠲᠡᠶ᠃    ︵ᠭᠤᠷᠪᠠ︶ ᠪᠥᠬᠦ ᠲᠠᠯ᠎ᠠ ᠪᠠᠷ ᠬᠡᠷᠡᠭᠵᠢᠭᠦᠯᠦᠨ᠎ᠡ ︵2021 ᠣᠨ ᠤ 3 ᠳ᠋ᠤᠭᠠᠷ ᠰᠠᠷ᠎ᠠ︶᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠬᠡᠯᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠵᠣᠷᠢᠯᠲᠠ ᠶᠢᠨ ᠦᠵᠡᠯ ᠤᠬᠠᠮᠰᠠᠷ᠂  ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠠᠬᠢᠭᠤᠯᠬᠤ ᠳᠤᠮᠳᠠᠬᠢ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠵᠦ᠂ ᠭᠡᠷᠡᠴᠢᠯᠡᠬᠦ  ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠬᠦ ᠶᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠵᠢᠴᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ 2021 ᠣᠨ ᠤ 6 ᠳ᠋ᠤᠭᠠᠷ ᠰᠠᠷ᠎ᠠ ᠠᠴᠠ ᠡᠬᠢᠯᠡᠨ ᠲᠣᠰ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃    ︵ᠳᠥᠷᠪᠡ︶ ᠲᠤᠷᠰᠢᠯᠭ᠎ᠠ ᠪᠠᠨ ᠳ᠋ᠦᠩᠨᠡᠬᠦ ︵2021 ᠣᠨ ᠤ 10 ᠳ᠋ᠤᠭᠠᠷ ᠰᠠᠷ᠎ᠠ︶᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠭᠡᠷᠡᠴᠢᠯᠡᠬᠦ  ᠵᠦᠢᠯᠡᠰ ᠢ ᠠᠮᠠᠯᠠᠯᠲᠠ ᠶᠢᠨ ᠲᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠭᠤᠤᠯ ᠠᠷᠭ᠎ᠠ ᠬᠢᠳᠡᠯ ᠪᠠ ᠠᠵᠢᠯ ᠤᠨ ᠦᠷ᠎ᠡ ᠪᠦᠲᠦᠮᠵᠢ᠂ ᠪᠠᠶᠢᠭᠤᠯᠤᠭᠰᠠᠨ ᠲᠦᠷᠢᠮ ᠪᠠ ᠵᠢᠷᠤᠮᠵᠢᠯ᠂ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠭᠤᠯᠭ᠎ᠠ ᠵᠡᠷᠭᠡ ᠶᠢ ᠴᠠᠭ ᠲᠤᠬᠠᠶ ᠳᠤᠨᠢ ᠳ᠋ᠦᠩᠨᠡᠬᠦ ᠶᠢᠨ ᠬᠠᠮᠲᠤ᠂ 2021 ᠣᠨ ᠤ 10 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠪᠢᠴᠢᠭ ᠤᠨ ᠮᠠᠲ᠋ᠧᠷᠢᠶᠠᠯ ᠢᠶᠠᠨ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃    ︵ᠲᠠᠪᠤ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ ︵2021 ᠣᠨ ᠤ 1 ᠰᠠᠷ᠎ᠠ — 12 ᠰᠠᠷ᠎ᠠ︶᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠥᠨᠳᠥᠷ ᠦᠷ᠎ᠡ ᠪᠦᠲᠦᠮᠵᠢᠲᠡᠶ ᠪᠠᠷ ᠠᠷᠠᠳ ᠲᠤ ᠲᠥᠬᠦᠮ ᠦᠵᠡᠭᠦᠯᠬᠦ᠂ ᠬᠠᠮᠵᠢᠯᠴᠠᠨ ᠠᠬᠢᠭᠤᠯᠬᠤ ᠵᠠᠷᠴᠢᠮ ᠢ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠲᠤᠰᠬᠠᠶ ᠬᠥᠮᠦᠨ ᠵᠢᠭᠠᠨ ᠲᠣᠭᠲᠠᠭᠠᠵᠤ ᠬᠠᠷᠢᠭᠤᠴᠠᠭᠤᠯᠤᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠭᠡᠷᠡᠴᠢᠯᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠭᠡᠷᠡᠴᠢᠯᠡᠬᠦ  ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠬᠤ ᠪᠠ ᠮᠥᠷᠳᠡᠨ ᠦᠨᠡᠯᠡᠨ ᠵᠢᠱᠢᠵᠦ᠂ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠳᠥᠯᠭᠢᠨ ᠠᠬᠢᠭᠤᠯᠤᠭᠰᠠᠨ ᠪᠠᠶᠢᠳᠠᠯ ᠢ ᠬᠠᠤᠯᠢ ᠶᠣᠰᠣᠭᠠᠷ ᠠᠶᠢᠮᠠᠭ ︵ᠬᠤᠰᠢᠭᠤ ᠰᠢᠶᠠᠨ ᠬᠤᠲᠠ︶ ᠢ ᠵᠠᠰᠠᠬᠤ ᠶᠢ ᠰᠢᠯᠭᠠᠨ ᠦᠨᠡᠯᠡᠬᠦ ᠭᠦᠶ᠋ᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠶ᠃  
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号