ᠲᠤᠮᠤ ᠠᠵᠢᠯ ᠶᠠᠪᠤᠳᠠᠯ ᠤᠨ ᠲᠡᠮᠳᠡᠭᠯᠡᠯ  ︵1 ᠰᠠᠷ᠎ᠠ ᠶᠢᠨ 1 ᠤ ᠡᠳᠦᠷ ᠠᠴᠠ 1 ᠰᠠᠷ᠎ᠠ ᠶᠢᠨ 31 ᠤ ᠡᠳᠦᠷ︶
ᠨᠡᠶᠢᠲᠡᠯᠡᠭᠰᠡᠨ ᠴᠠᠭ᠄
2021/10/13
● 1 ᠰᠠᠷ᠎ᠠ ᠶᠢᠨ 5 ᠤ ᠡᠳᠦᠷ ᠠᠴᠠ 6 ᠤ ᠡᠳᠦᠷ  ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠴᠢ᠊ ᠪᠠᠲᠤ ᠲᠦᠴᠢᠦᠸᠠᠨ ᠰᠢᠶᠠᠨ ᠳᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠡᠳ᠋ ᠬᠦᠷᠦᠩᠭᠡ ᠶᠢᠨ ᠬᠠᠮᠢᠶᠠᠷᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠠᠢ᠃ ● 1 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠬᠢᠷᠠᠭᠤᠯᠤᠯᠳᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠬᠢᠩᠭᠠᠨ ᠠᠶᠢᠮᠠᠭ ᠲᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠢ ᠬᠠᠷᠢᠭᠤ ᠲᠤᠰᠬᠠᠪᠠ᠃ ᠵᠠᠩ ᠧᠨ ᠬᠤᠢ ᠲᠤᠰᠬᠠᠢ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠢ ᠬᠠᠷᠢᠭᠤ ᠲᠤᠰᠬᠠᠬᠤ ᠬᠤᠷᠠᠯ ᠢ ᠡᠷᠬᠢᠯᠡᠭᠰᠡᠨ ᠪᠥᠭᠡᠳ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠣᠪᠣᠷ ᠢᠶᠠᠨ ᠢᠯᠡᠳᠬᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ᠂  ᠬᠠᠷᠢᠯᠴᠠᠭᠴᠢ ᠬᠤᠷᠠᠯ ᠳᠤ ᠣᠷᠣᠯᠴᠠᠵᠤ᠂ ᠬᠢᠩᠭᠠᠨ ᠠᠶᠢᠮᠠᠭ ᠤᠨ ᠳᠥᠷᠪᠡᠨ ᠶᠡᠭᠡ ᠪᠠᠭ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ  ᠬᠤᠷᠢᠶ᠎ᠠ ᠶᠢᠨ ᠳᠠᠷᠤᠭ᠎ᠠ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠱᠦᠵᠢ᠂ ᠵᠠᠬᠢᠷᠤᠯ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠳᠤᠮᠳᠠ ᠣᠷᠣᠨ ᠤ ᠰᠢᠭᠤᠳ ᠬᠠᠷᠢᠶ᠎ᠠ ᠬᠠᠮᠢᠶᠠᠷᠤᠯᠲᠠ ᠶᠢᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠵᠡᠷᠭᠡ ᠺᠠᠳ᠋ᠷᠴᠤᠳ ᠬᠤᠷᠠᠯ ᠳᠤ ᠣᠷᠣᠯᠴᠠᠵᠠᠶ᠃ ● 1 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠴᠢ᠊ ᠪᠠᠲᠤ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤᠳᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦᠯᠢ ᠴᠣᠭᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠰᠦᠨ ᠳ᠋ᠧ ᠮᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ ● 1 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠧᠨ ᠬᠤᠢ ᠠᠶᠢᠮᠠᠭ ᠤᠨ ᠨᠠᠮ ᠤᠨ  ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠮᠤᠵᠢ ᠶᠢᠨ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠵᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ  ᠤᠨ ᠵᠦᠪᠯᠡᠯ᠂ ᠵᠠᠬᠢᠷᠭ᠎ᠠ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ  ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠣᠯᠤᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ●1 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠴᠢ᠊  ᠪᠠᠳᠤ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠢᠩᠭᠠᠨ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠰᠤᠳᠤᠯᠤᠨ ᠬᠢᠨᠠᠨ ᠵᠥᠪᠯᠡᠵᠦ᠂ ᠪᠥᠬᠦ ᠠᠶᠢᠮᠠᠭ ᠤᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠤᠨ᠎ᠠ᠃ ● 1 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠠᠶᠢᠮᠠᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠧᠨ ᠬᠤᠢ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠴᠢ᠊ ᠪᠠᠲᠤ ᠲᠤᠰ ᠲᠤᠰ ᠶᠠᠷᠢᠶ᠎ᠠ ᠲᠠᠯᠪᠢᠵᠠᠢ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ  ᠤᠨ ᠱᠦᠵᠢ ᠮᠠ ᠬᠤᠸᠠᠨ ᠯᠦᠩ ᠬᠤᠷᠠᠯ ᠢ ᠡᠷᠭᠢᠯᠡᠪᠡ᠃ ᠠᠶᠢᠮᠠᠭ ᠤᠨ ᠨᠠᠮ ᠤᠨ  ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ᠂ ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠪᠢᠶᠠᠷᠢ ᠬᠦᠷᠢᠶᠡᠯᠡᠩ ᠤᠨ ᠪᠠᠶᠢᠴᠠᠭᠠᠬᠤ ᠳᠠᠷᠤᠭ᠎ᠠ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ  ᠬᠤᠷᠢᠶ᠎ᠠ ᠶᠢᠨ ᠱᠦᠵᠢ᠂ ᠳᠠᠷᠤᠭ᠎ᠠ᠂ ᠬᠤᠰᠢᠭᠤ ᠰᠢᠶᠠᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠶᠠᠮᠤᠨ ᠵᠥᠪᠯᠡᠯ ᠠᠯᠪᠠᠨ ᠭᠡᠷ  ᠲᠤᠪᠴᠢᠶ᠎ᠠ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ● 1 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠴᠢ᠊ ᠪᠠᠲᠤ ᠨᠠᠷ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠳᠠᠷᠤᠭ᠎ᠠ ᠽᠠᠩ ᠭᠦᠸᠧ ᠫᠢᠩ ᠨᠡᠷ ᠲᠠᠢ ᠠᠭᠤᠯᠵᠠᠪᠠ᠃ ᠴᠢ᠊ ᠪᠠᠲᠤ ᠽᠠᠩ ᠭᠦᠸᠧ ᠫᠢᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠤᠢᠢᠷ᠎ᠠ ᠶᠢᠨ ᠵᠢᠯ ᠳᠤ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠶᠠᠷᠢᠯᠴᠠᠬᠤ ᠬᠤᠷᠠᠯ ᠤᠨ ᠳᠠᠷᠠᠭ᠎ᠠ᠂ ᠠᠶᠢᠮᠠᠭ ᠤᠨ ᠵᠠᠬᠢᠷᠭ᠎ᠠ ᠨᠢ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠠᠢ ︽ᠨᠡᠭᠡᠭᠡᠨ ᠬᠥᠭᠵᠢᠭᠦᠯᠦᠯᠲᠡ ᠶᠢᠨ ᠴᠢᠨᠠᠷᠲᠠᠶ ᠮᠥᠩᠭᠦᠨ ᠭᠦᠶ᠋ᠯᠭᠡᠭᠡᠨ ᠢᠶᠠᠷ ᠬᠢᠩᠭᠠᠨ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠴᠢᠨᠠᠷ ᠰᠠᠶᠢᠲᠠᠶ ᠬᠥᠭᠵᠢᠯᠲᠡ ᠶᠢᠨ ᠬᠠᠮᠲᠤᠷᠠᠯᠴᠠᠭ᠎ᠠ ᠶᠢ ᠠᠬᠢᠭᠤᠯᠬᠤ ᠰᠠᠨᠠᠭᠤᠯᠤᠮᠵᠢ ᠶᠢᠨ ᠪᠢᠴᠢᠭ︾ ᠳᠤ ᠭᠠᠷ ᠤᠨ ᠥᠰᠥᠭ ᠵᠢᠷᠤᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠯᠢᠦ  ᠱᠦ ᠴᠧᠩ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ ● 1 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠢᠯᠠᠩᠭᠤᠶ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ  ᠲᠤᠪᠴᠢᠶ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ  ᠤᠨ  ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠣᠭᠤᠷᠢᠨ ᠪᠠᠶᠢᠴᠠᠭᠠᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠰᠤᠷᠤᠯᠴᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠶᠢᠮᠠᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠧᠨ ᠬᠤᠢ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ    ᠴᠢ᠊ ᠪᠠᠲᠤ᠂ ᠮᠠ ᠬᠤᠸᠠᠨ ᠯᠦᠩ᠂ ᠭᠤᠤ ᠴᠠᠩ ᠱᠧᠩ᠂  ᠨᠤᠮᠢᠨ᠂  ᠮᠧᠩ ᠸᠧᠨ ᠲᠤᠤ᠂ ᠰᠢᠤᠢ ᠪᠦᠦ ᠴᠢᠤᠸᠠᠨ᠂  ᠬᠤᠩ ᠭᠤᠸᠠᠨ᠂ ᠳ᠋ᠦᠩ ᠰᠢᠨ ᠶᠤᠸᠠᠢ᠂ ᠦ᠋ ᠢ ᠰᠤᠷᠤᠯᠴᠠᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃ ● 1 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠴᠢ᠊ ᠪᠡᠳᠤ ᠡᠮᠦᠨᠡᠲᠦ ᠬᠤᠰᠢᠭᠤ᠂ ᠤᠯᠠᠭᠠᠨᠬᠤᠳᠠ ᠳᠤ ᠭᠦᠨᠵᠡᠭᠡᠶᠢᠷᠡᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠠᠶᠢᠮᠠᠭ ᠬᠤᠳᠠ ᠶᠢᠨ ᠬᠠᠮᠲᠤᠪᠠᠷ ᠪᠠᠶᠢᠭᠤᠯᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠵᠠᠩ ᠪᠢᠩ ᠢᠦᠶ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ● 1 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠭᠰᠠᠨ ᠮᠠᠨ ᠤ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠤᠨ ᠬᠢᠩᠭᠠᠨ ᠲᠢᠩᠬᠢᠮ ᠳᠤ ᠪᠦᠬᠦ ᠪᠦᠯᠬᠦᠮ ᠤᠨ ᠬᠤᠷᠠᠯ ᠬᠤᠷᠠᠯᠳᠤᠭᠤᠯᠵᠤ᠂ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ᠂ ᠳᠡᠳ᠋ ᠳᠠᠷᠤᠭ᠎ᠠ ᠶᠢ ᠰᠣᠩᠭᠤᠨ ᠭᠠᠷᠭᠠᠵᠤ᠂ ᠲᠤᠰ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠢ ᠶᠠᠷᠢᠯᠴᠠᠵᠤ᠂ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠡᠷᠭᠡ ᠤᠴᠢᠷ ᠶᠠᠪᠤᠳᠠᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠮᠠᠨ ᠤ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠪᠥᠬᠦ ᠬᠤᠷᠠᠯ ᠠᠴᠠ ᠵᠠᠩ ᠧᠨ ᠬᠤᠶ ᠲᠥᠯᠥᠭᠡᠯᠡᠭᠴᠢ ᠶᠢ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠪᠠᠷ ᠰᠣᠩᠭᠤᠵᠤ᠂ ᠴᠢ᠊ ᠪᠠᠲᠤ᠂ ᠯᠢᠦ ᠵᠢᠶᠠᠨ ᠰᠢ ᠬᠤᠶᠠᠷ ᠲᠥᠯᠥᠭᠡᠯᠡᠭᠴᠢ ᠶᠢ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠪᠠᠷ ᠰᠣᠩᠭᠤᠪᠠ᠃ ● 1 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ  ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠶᠢᠮᠠᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠧᠨ ᠬᠤᠢ ᠬᠤᠷᠠᠯ ᠢ ᠡᠷᠬᠢᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠴᠢ᠊ ᠪᠠᠲᠤ ᠬᠤᠷᠠᠯ ᠳᠤ ᠣᠷᠣᠯᠴᠠᠪᠠ᠃ ● 1 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠮᠠᠨ ᠤ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠦᠷᠭᠦᠯᠵᠢᠯᠡᠨ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠥᠰᠦᠯ᠂ ᠲᠥᠯᠥᠪᠯᠡᠭᠡ ᠪᠠ ᠲᠥᠰᠦᠪ ᠤᠨ ᠮᠡᠳᠡᠭᠦᠯᠦᠯᠲᠡ ᠵᠢᠴᠢ 2021 ᠣᠨ ᠤ ᠲᠥᠯᠥᠪᠯᠡᠭᠡ ᠪᠠ ᠲᠥᠰᠦᠪ ᠤᠨ ᠲᠥᠰᠦᠯ᠂ ᠰᠣᠩᠭᠤᠭᠤᠯᠢ ᠶᠢᠨ ᠠᠷᠭ᠎ᠠ ᠶᠢᠨ ᠲᠥᠰᠦᠯ ᠢ ᠬᠢᠨᠠᠨ ᠪᠠᠶᠢᠴᠠᠭᠠᠪᠠ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠶᠢᠮᠠᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠧᠨ ᠬᠤᠢ ᠬᠤᠷᠠᠯ ᠢ ᠡᠷᠬᠢᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠴᠢ᠊ ᠪᠠᠲᠤ ᠬᠤᠷᠠᠯ ᠳᠤ ᠣᠷᠣᠯᠴᠠᠪᠠ᠃ ● 1 ᠰᠠᠷ᠎ᠠ ᠶᠢᠨ 31 ᠤ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠧᠨ ᠬᠤᠢ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠶᠡᠷᠦᠩᠬᠡᠢ ᠱᠦᠵᠢ ᠰᠢ ᠶᠢᠨ ᠫᠢᠩ   ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠪᠥᠬᠦ ᠤᠯᠤᠰ᠂ ᠪᠥᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ᠂ ᠪᠥᠬᠦ ᠤᠯᠤᠰ᠂ ᠪᠥᠬᠦ ᠣᠷᠣᠨ ᠤ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃        
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号