ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠵᠠᠬᠢᠷᠭ᠎ᠠ ︽ᠬᠢᠩᠭᠠᠨ ᠠᠶᠢᠮᠠᠭ ᠤᠨ | ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ | ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ 2021 ᠣᠨ ᠤ 1 ᠳ᠋ᠦᠭᠡᠷ ᠰᠠᠷ᠎ᠠ ᠶᠢᠨ 26 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠶᠢᠨ ᠲᠥᠯᠥᠭᠡ᠂ ᠬᠡᠷᠡᠭᠵᠢᠭᠦᠯᠬᠦ ᠨᠢᠭᠡᠴᠢ ᠶᠢ ᠵᠣᠬᠢᠶᠠᠨ ᠪᠠᠶᠢᠭᠤᠯᠤᠨ ︽ᠠᠷᠭ᠎ᠠ︾ ᠶᠢᠨ ᠲᠤᠬᠠᠶ | ᠲᠠᠶᠢᠯᠤᠮᠵᠢ ᠬᠢᠪᠠ᠃ | ᠠᠰᠠᠭᠤᠯᠲᠠ᠄ ᠶᠠᠭᠤᠨ ᠤ ᠤᠴᠢᠷ ᠠᠴᠠ ︽ᠬᠠᠮᠢᠶᠠᠷᠤᠯᠳᠠ ᠶᠢᠨ ᠠᠷᠭ᠎ᠠ︾ ᠶᠢ ᠲᠤᠭᠳᠠᠭᠠᠭᠰᠠᠨ ᠪᠣᠶ︖ | ᠬᠠᠷᠢᠭᠤᠯᠲᠠ᠄ 2019 ᠣᠨ ᠤ 3 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠤ | ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ | ᠬᠢᠨᠨᠠ ᠲᠤᠭᠳᠠᠭᠠᠬᠤ ᠠᠷᠭ᠎ᠠ ᠶᠢ ᠬᠦᠴᠦᠨ ᠦᠭᠡᠢ ᠪᠤᠯᠭᠠᠪᠠ᠃ | ᠬᠢᠩᠭᠠᠨ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠶᠠᠰᠤ ᠴᠢᠨᠠᠷ ᠢᠶᠠᠷ | ᠠᠶᠢᠮᠠᠭ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠷᠭ᠎ᠠ︾ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2016 ᠣᠨ ᠤ 3 ᠳ᠋ᠤᠭᠠᠷ ᠰᠠᠷ᠎ᠠ ᠳᠤ ︽ᠬᠢᠩᠭᠠᠨ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ᠢ ᠬᠢᠨᠠᠨ ᠲᠣᠭᠲᠠᠭᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ 5 ᠵᠢᠯ ᠤᠨ ᠬᠤᠭᠤᠴᠠᠭ᠎ᠠ ᠶᠢᠨ | ᠬᠦᠴᠦᠨ ᠲᠠᠢ᠃ | 2019 ᠣᠨ ᠤ 3 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ | ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠬᠢᠨᠨᠠ | ᠲᠤᠭᠳᠠᠭᠠᠬᠤ ᠠᠷᠭ᠎ᠠ ᠶᠢ ᠬᠦᠴᠦᠨ ᠦᠭᠡᠢ ᠪᠤᠯᠭᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ | ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠶᠢᠨ ᠮᠡᠳᠡᠭᠳᠡᠯ︾ ᠤᠨ ᠪᠢᠴᠢᠭ ᠮᠠᠲ᠋ᠧᠷᠢᠶᠠᠯ ᠢ | ᠦᠨᠳᠦᠰᠦᠯᠡᠬᠦ ᠶᠢᠨ ᠬᠠᠮᠲᠤ ᠬᠢᠩᠭᠠᠨ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠩᠭᠠᠨ ᠠᠶᠢᠮᠠᠭ ᠤᠨ | ᠵᠠᠬᠢᠷᠭ᠎ᠠ ᠠᠴᠠ ︽ᠬᠢᠩᠭᠠᠨ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ | ᠬᠠᠮᠢᠶᠠᠷᠤᠯᠲᠠ ᠶᠢᠨ ᠠᠷᠭ᠎ᠠ ︾ ᠶᠢ ᠳᠠᠷᠤᠮᠠᠯᠯᠠᠨ ᠲᠠᠷᠬᠠᠭᠠᠪᠠ᠃ | ᠠᠰᠠᠭᠤᠯᠲᠠ᠄ ︽ᠬᠠᠮᠢᠶᠠᠷᠤᠯᠳᠠ ᠶᠢᠨ ᠠᠷᠭ᠎ᠠ︾ ᠶᠢ ᠲᠣᠭᠲᠠᠭᠠᠬᠤ ᠶᠢᠨ ᠴᠢᠬᠤᠯᠠ ᠴᠢᠨᠠᠷ ᠨᠢ ᠶᠠᠭᠤ ᠪᠣᠶ︖ | ᠥᠭᠡᠷ᠎ᠡ ᠪᠠᠷ ᠬᠡᠯᠡᠪᠡᠯ ᠶᠠᠮᠠᠷ ᠠᠰᠠᠭᠤᠳᠠᠯ ᠢ ᠰᠢᠢᠳᠪᠦᠷᠢᠯᠡᠬᠦ ᠪᠤᠢ︖ | ᠬᠠᠷᠢᠭᠤᠯᠲᠠ᠄ ᠬᠡᠰᠡᠭ ᠠᠵᠤ ᠠᠬᠤᠶᠢᠯᠠᠯ ᠤᠨ ᠶᠠᠰᠤ ᠴᠢᠨᠠᠷ ᠤᠨ ᠤᠬᠠᠮᠰᠠᠷ ᠨᠢ ᠪᠠᠭᠤᠷᠠᠶ᠂ ᠶᠠᠰᠤ ᠴᠢᠨᠠᠷ ᠤᠨ | ᠬᠠᠮᠢᠶᠠᠷᠤᠯᠲᠠ ᠶᠢᠨ ᠰᠢᠰᠲ᠋ᠧᠮ ᠨᠢ ᠲᠡᠭᠦᠯᠳᠡᠷ ᠪᠤᠰᠤ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢ ᠬᠡᠷᠡᠭᠯᠡᠬᠦ | ᠰᠡᠳᠬᠢᠬᠦᠶ ᠨᠢ ᠪᠦᠷᠢᠯᠳᠦᠭᠡᠳᠦᠶ᠂ ᠴᠢᠳᠠᠪᠤᠷᠢ ᠨᠢ ᠢᠯᠡᠳᠲᠡ ᠬᠦᠷᠦᠯᠴᠡᠬᠦ ᠥᠬᠡᠶ᠂ ᠨᠠᠷᠠᠲᠤ ᠲᠥᠷᠥᠯ ᠲᠡᠮᠳᠡᠭᠲᠦ ᠶᠢᠨ | ᠤᠬᠠᠮᠰᠠᠷ ᠢᠶᠠᠷ ᠳᠤᠲᠠᠮᠠᠭ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠠᠨᠠᠭᠠᠴᠢᠯᠠᠭᠠᠲᠤ ᠴᠢᠨᠠᠷ ᠨᠢ ᠴᠢᠩᠭ᠎ᠠ ᠪᠢᠰᠢ᠂ | ᠨᠡᠷ᠎ᠡ ᠠᠯᠳᠠᠷ ᠢ ᠲᠡᠮᠡᠴᠡᠨ ᠰᠢᠯᠢᠳᠡᠭ ᠢ ᠡᠭᠦᠳᠬᠦ ᠢᠳᠡᠪᠬᠢᠵᠢᠯ ᠨᠢ ᠥᠨᠳᠥᠷ ᠪᠢᠰᠢ ᠪᠠᠶᠢᠨ᠎ᠠ᠃ ︽ᠠᠷᠭ᠎ᠠ︾ ᠶᠢ | ᠨᠡᠶᠢᠲᠡᠯᠡᠨ ᠬᠡᠷᠡᠭᠵᠢᠭᠦᠯᠦᠭᠰᠡᠨ ᠨᠢ ᠮᠠᠨ ᠤ ᠠᠶᠢᠮᠠᠭ ᠤᠨ ᠡᠯ᠎ᠡ ᠲᠥᠷᠥᠯ ᠤᠨ ᠠᠵᠤ ᠠᠬᠤᠶᠢᠯᠠᠯ ᠤᠨ ᠣᠲᠣ ᠦᠶ᠎ᠡ ᠶᠢᠨ | ᠵᠠᠬ᠎ᠠ ᠳᠡᠯᠭᠡᠭᠦᠷ ᠤᠨ ᠠᠵᠤ ᠠᠬᠤᠶ ᠪᠠ ᠣᠯᠠᠨ ᠤᠯᠤᠰ ᠤᠨ ᠥᠷᠢᠰᠥᠯᠳᠦᠭᠡᠨ ᠤ ᠬᠥᠭᠵᠢᠯᠲᠡ ᠶᠢᠨ ᠬᠠᠨᠳᠤᠰᠢ ᠳᠤ | ᠵᠣᠬᠢᠴᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠪᠣᠯᠤᠨ᠎ᠠ᠃ ᠵᠠᠰᠠᠭ ᠤᠨ ᠣᠷᠳᠣᠨ ᠤ | ᠬᠥᠬᠢᠭᠦᠯᠦᠯ ᠢᠶᠠᠷ ᠠᠷᠭ᠎ᠠ ᠪᠠᠷᠢᠯ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ | ᠰᠢᠯᠢᠳᠡᠭᠵᠢᠭᠦᠯᠬᠦ ᠪᠠᠷ ᠠᠷᠭ᠎ᠠ ᠵᠠᠮ ᠪᠣᠯᠭᠠᠵᠤ᠂ ᠥᠷᠭᠡᠨ ᠣᠯᠠᠨ ᠠᠵᠤ ᠠᠬᠤᠶᠢᠯᠠᠯ᠂ ᠵᠣᠬᠢᠶᠠᠨ ᠪᠠᠶᠢᠭᠤᠯᠤᠯᠲᠠ ᠪᠠ | ᠬᠤᠪᠢ ᠬᠥᠮᠦᠨ ᠢ ᠬᠥᠲᠥᠯᠦᠨ ᠵᠢᠯᠣᠭᠤᠳᠴᠤ ᠪᠠᠶᠢᠭᠠᠳ ᠭᠠᠷᠮᠠᠭᠠᠶ ᠠᠮᠵᠢᠯᠲᠠ ᠪᠦᠲᠦᠮᠵᠢ ᠶᠢᠨ ᠵᠠᠭᠪᠤᠷ ᠢ | ᠪᠠᠶᠢᠭᠤᠯᠤᠨ ᠬᠡᠷᠡᠭᠵᠢᠭᠦᠯᠵᠦ᠂ ᠥᠷᠭᠡᠨ ᠣᠯᠠᠨ ᠠᠵᠤ ᠠᠬᠤᠶᠢᠯᠠᠯ ᠪᠠ ᠪᠥᠬᠦ ᠨᠡᠶᠢᠭᠡᠮ ᠤᠨ ᠶᠠᠰᠤ ᠴᠢᠨᠠᠷ ᠢ | ᠴᠢᠬᠤᠯᠠᠴᠢᠯᠠᠬᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ | ᠵᠣᠷᠢᠭᠵᠢᠭᠤᠯᠤᠨ᠂ ᠠᠵᠤ ᠦᠢᠯᠡᠰ ᠤᠨ ᠠᠭᠤᠯᠤᠭᠳᠠᠬᠤᠨ ᠢ ᠥᠭᠡᠷᠡᠴᠢᠯᠡᠨ ᠳᠡᠭᠡᠭᠰᠢᠯᠡᠭᠦᠯᠵᠦ᠂ ᠪᠠᠭᠤᠷᠠᠶ ᠵᠢᠵᠢᠭ | ᠠᠵᠤ ᠦᠢᠯᠡᠰ ᠢ ᠪᠤᠵᠠᠭᠠᠶᠢᠷᠠᠭᠤᠯᠬᠤ᠂ ᠳᠠᠪᠠᠭᠤᠯᠢᠭ ᠠᠵᠤ ᠦᠢᠯᠡᠰ ᠢ ᠬᠦᠴᠦᠷᠬᠡᠭᠵᠢᠭᠦᠯᠬᠦ ᠶᠢ ᠠᠬᠢᠭᠤᠯᠤᠨ᠂ | ᠪᠥᠬᠦ ᠠᠶᠢᠮᠠᠭ ᠤᠨ ᠠᠵᠤ ᠠᠬᠤᠶ ᠶᠢᠨ ᠠᠵᠢᠯᠯᠠᠭᠠᠨ ᠤ ᠲᠠᠰ ᠳᠠᠪᠬᠤᠷᠭ᠎ᠠ ᠪᠠ ᠠᠭᠤᠯᠤᠭᠳᠠᠬᠤᠨ ᠢ ᠳᠡᠭᠡᠭᠰᠢᠯᠡᠭᠦᠯᠵᠦ᠂ | ᠪᠥᠬᠦ ᠠᠶᠢᠮᠠᠭ ᠤᠨ ᠠᠵᠤ ᠠᠬᠤᠶ ᠶᠢᠨ ᠶᠡᠷᠦᠩᠬᠡᠶᠢᠯᠡᠭᠰᠡᠨ ᠥᠷᠢᠰᠦᠯᠳᠦᠬᠦ ᠴᠢᠳᠠᠪᠤᠷᠢ ᠶᠢ ᠨᠡᠮᠡᠭᠳᠡᠭᠦᠯᠦᠨ᠎ᠡ᠃ | ᠠᠰᠠᠭᠤᠯᠲᠠ᠄ ︽ᠬᠠᠮᠢᠶᠠᠷᠤᠯᠳᠠ ᠶᠢᠨ ᠠᠷᠭ᠎ᠠ︾ ᠳᠤ ᠶᠠᠮᠠᠷ ᠶᠠᠮᠠᠷ ᠭᠤᠤᠯ ᠲᠦᠷᠢᠮ ᠪᠠ ᠠᠷᠭ᠎ᠠ ᠬᠡᠮᠵᠢᠶ᠎ᠡ ᠶᠢ | ᠲᠣᠭᠲᠠᠭᠠᠭᠰᠠᠨ ᠪᠣᠶ︖ | ᠬᠠᠷᠢᠭᠤᠯᠲᠠ᠄ ᠨᠢᠭᠡ ᠳᠤ᠂ ᠭᠤᠣᠯ ᠬᠠᠷᠠᠯᠲᠠ ᠪᠠᠨ ᠲᠣᠳᠣᠷᠬᠠᠶᠢᠯᠠᠪᠠ᠃ ᠱᠠᠩᠨᠠᠯ ᠤᠨ ᠵᠦᠢᠯ ᠢ ᠭᠤᠤᠯᠳᠠᠭᠤ | ᠬᠢᠩᠭᠠᠨ ᠠᠶᠢᠮᠠᠭ ᠤᠨ ᠳᠣᠲᠣᠷᠠᠬᠢ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠲᠠᠯ᠎ᠠ ᠪᠠᠷ | ᠲᠣᠪᠤᠶᠢᠮ᠎ᠠ ᠠᠮᠵᠢᠯᠲᠠ ᠪᠦᠲᠦᠮᠵᠢ ᠲᠠᠢ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠭᠠᠷᠮᠠᠭᠠᠶ | ᠬᠤᠪᠢ ᠨᠡᠮᠡᠷᠢ ᠦᠵᠡᠭᠦᠯᠦᠭᠰᠡᠨ᠂ ᠢᠯᠡᠳᠲᠡ ᠠᠵᠢᠯ ᠲᠥᠷᠥᠯ ᠤᠨ ᠬᠡᠪ ᠳᠠᠭᠤᠷᠢᠶᠠᠯ ᠤᠨ ᠵᠢᠱᠢᠶ᠎ᠡ ᠦᠵᠡᠭᠦᠯᠦᠨ | ᠳᠠᠶᠢᠴᠢᠯᠠᠬᠤ ᠦᠢᠯᠡᠳᠦᠯ ᠲᠠᠢ ᠰᠢᠯᠢᠳᠡᠭ ᠵᠣᠬᠢᠶᠠᠨ ᠪᠠᠶᠢᠭᠤᠯᠤᠯᠲᠠ ᠳᠤ ᠣᠯᠭᠤᠬᠤ ᠶᠢᠨ ᠬᠠᠮᠲᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ | ᠮᠡᠳᠡᠭᠦᠯᠬᠦ ᠶᠢ ᠳᠡᠮᠵᠢᠨ᠎ᠡ ᠭᠡᠵᠦ ᠲᠣᠳᠣᠷᠬᠠᠶ ᠲᠣᠭᠲᠠᠭᠠᠪᠠ᠃ | ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠲᠣᠳᠣᠷᠬᠠᠶᠢᠯᠠᠪᠠ᠃ ᠠᠶᠢᠮᠠᠭ ᠤᠨ | ᠵᠠᠬᠢᠷᠭ᠎ᠠ ᠳᠤ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠵᠥᠪᠯᠡᠯ ︵ᠳᠣᠷᠣᠭᠰᠢ | ᠵᠥᠪᠯᠡᠯ ᠭᠡᠵᠦ ᠲᠣᠪᠴᠢᠯᠠᠨ᠎ᠠ︶ ᠢ ᠪᠠᠶᠢᠭᠤᠯᠤᠨ᠎ᠠ᠃ ᠬᠢᠨᠠᠨ ᠲᠣᠭᠲᠠᠭᠠᠬᠤ ᠺᠣᠮᠢᠰ ᠤᠨ ᠡᠷᠬᠢᠯᠡᠭᠴᠢ ᠶᠢᠨ ᠲᠤᠰᠢᠶᠠᠯ ᠢ | ᠠᠶᠢᠮᠠᠭ ᠤᠨ ᠵᠠᠬᠢᠷᠭ᠎ᠠ ᠶᠢᠨ ᠶᠠᠰᠤ ᠴᠢᠨᠠᠷ ᠤᠨ ᠠᠵᠢᠯ ᠢ ᠬᠤᠪᠢᠳᠠᠨ ᠬᠠᠮᠢᠶᠠᠷᠴᠤ ᠪᠥᠬᠦᠶ ᠠᠶᠢᠮᠠᠭ ᠤᠨ ᠳᠡᠳ᠋ | ᠳᠠᠷᠤᠭ᠎ᠠ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠠᠶᠢᠮᠠᠭ ᠤᠨ ᠵᠠᠬᠢᠷᠭ᠎ᠠ ᠶᠢᠨ ᠳᠡᠳ᠋ | ᠨᠠᠷᠢᠨ ᠪᠢᠴᠢᠭ ᠤᠨ ᠳᠠᠷᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠡᠭᠦᠷᠭᠡᠯᠡᠵᠦ᠂ ᠪᠦᠷᠢᠯᠳᠦᠬᠦᠨ ᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠠᠮᠢᠶ᠎ᠠ ᠪᠥᠬᠦᠶ ᠬᠥᠮᠦᠰ ᠢᠶᠠᠷ ᠪᠦᠷᠢᠯᠳᠦᠭᠦᠯᠦᠨ᠎ᠡ᠃ | ᠭᠤᠷᠪᠠ ᠳᠤ᠂ ᠭᠤᠶᠤᠴᠢᠯᠠᠨ ᠮᠡᠳᠡᠭᠦᠯᠬᠦ ᠵᠢᠴᠢ ᠬᠢᠨᠠᠨ ᠲᠣᠭᠲᠠᠭᠠᠬᠤ ᠲᠡᠰ ᠳᠠᠷᠠᠭᠠᠯᠠᠯ ᠢ ᠲᠡᠭᠦᠯᠳᠡᠷᠵᠢᠭᠦᠯᠪᠡ᠃ | ᠠᠯᠪᠠᠨ ᠵᠠᠷ ᠨᠡᠶᠢᠲᠡᠯᠡᠬᠦ ᠪᠠᠷ ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠮᠠᠲ᠋ᠧᠷᠢᠶᠠᠯ ᠢ ᠬᠢᠨᠠᠨ ᠲᠣᠭᠲᠠᠭᠠᠬᠤ᠂ | ᠲᠤᠬᠠᠶ ᠶᠢᠨ ᠲᠠᠯᠠᠪᠤᠷ ᠲᠤ ᠬᠢᠨᠠᠨ ᠲᠣᠭᠲᠠᠭᠠᠬᠤ ᠪᠠ ᠲᠣᠭᠠᠴᠢᠨ ᠶᠠᠷᠢᠵᠤ ᠵᠡᠷᠭᠡ ᠢᠯᠡ ᠪᠠᠷ ᠰᠠᠨᠠᠯ ᠬᠤᠷᠢᠶᠠᠬᠤ᠂ | ᠢᠯᠡ ᠨᠡᠶᠢᠲᠡᠯᠡᠬᠦ ᠬᠤᠭᠤᠴᠠᠭ᠎ᠠ ᠵᠡᠷᠭᠡ ᠬᠤᠭᠤᠴᠠᠭ᠎ᠠ ᠶᠢᠨ ᠲᠤᠬᠠᠶ ᠲᠣᠳᠣᠷᠬᠠᠶ ᠲᠣᠭᠲᠠᠭᠠᠯ ᠭᠠᠷᠭᠠᠪᠠ᠃ | ᠠᠰᠠᠭᠤᠯᠲᠠ᠄ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠡᠷᠬᠢᠨ ᠮᠡᠳᠡᠭᠦᠯᠬᠦ ᠪᠣᠶ︖ | ᠬᠠᠷᠢᠭᠤᠯᠲᠠ᠄ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ | ᠱᠠᠩᠨᠠᠯ ᠤᠨ ᠵᠦᠢᠯ ᠢ ᠬᠢᠨᠠᠨ ᠲᠣᠭᠲᠠᠭᠠᠬᠤ ᠠᠴᠠ ᠡᠮᠦᠨ᠎ᠡ᠂ ᠵᠠᠭᠤᠴᠢᠯᠠᠭᠤᠷ ᠢᠶᠠᠷ ᠳᠠᠮᠵᠢᠭᠤᠯᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠬᠤᠰᠢᠭᠤ ᠰᠢᠶᠠᠨ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ︽ᠮᠡᠳᠡᠭᠦᠯᠬᠦ ᠠᠯᠪᠠᠨ ᠵᠠᠷ︾ ᠢ | ᠢᠯᠡ ᠪᠠᠷ ᠨᠡᠶᠢᠲᠡᠯᠡᠵᠦ᠂ ᠮᠡᠳᠡᠭᠦᠯᠬᠦ ᠨᠥᠬᠦᠴᠡᠯ ᠳᠤ ᠨᠡᠶᠢᠴᠡᠬᠦ ᠵᠣᠬᠢᠶᠠᠨ ᠪᠠᠶᠢᠭᠤᠯᠤᠯᠲᠠ ᠪᠠ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠨᠢ ᠰᠠᠶᠢᠨ ᠳᠤᠷ᠎ᠠ ᠠᠴᠠ ᠪᠠᠨ ᠮᠡᠳᠡᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ᠂ | ᠥᠪᠡᠷ ᠢ ᠪᠠᠨ ᠦᠨᠡᠯᠡᠵᠦ᠂ ᠬᠦᠰᠦᠨᠦᠭᠲᠦ ᠶᠢ ᠲᠠᠭᠯᠠᠨ ᠪᠢᠴᠢᠬᠦ ᠶᠢᠨ ᠬᠠᠮᠲᠤ᠂ ᠬᠠᠮᠢᠶ᠎ᠠ ᠪᠥᠬᠦᠶ ᠭᠡᠷᠡᠴᠢᠯᠡᠬᠦ | ᠮᠠᠲ᠋ᠧᠷᠢᠶᠠᠯ ᠢᠶᠠᠨ ᠲᠤᠰᠢᠶᠠᠵᠤ ᠪᠠᠲᠤᠯᠠᠨ ᠲᠠᠨᠢᠯᠴᠠᠭᠤᠯᠬᠤ ᠪᠠᠶᠢᠭᠤᠯᠤᠮᠵᠢ ᠳᠤ ᠮᠡᠳᠡᠭᠦᠯᠦᠨ ᠬᠦᠷᠭᠡᠵᠦ᠂ ᠪᠠᠲᠤᠯᠠᠨ | ᠲᠠᠨᠢᠯᠴᠠᠭᠤᠯᠬᠤ ᠪᠠᠶᠢᠭᠤᠯᠤᠮᠵᠢ ᠨᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠳᠠᠬᠢᠨ ᠨᠥᠬᠦᠴᠡᠯ ᠳᠤ ᠨᠡᠶᠢᠴᠡᠬᠦ ᠠᠵᠤ | ᠠᠬᠤᠶᠢᠯᠠᠯ ᠤᠨ ᠪᠠᠲᠤᠯᠠᠨ ᠲᠠᠨᠢᠯᠴᠠᠭᠤᠯᠬᠤ ᠶᠢ ᠬᠢᠨᠠᠨ ᠲᠣᠭᠲᠠᠭᠠᠬᠤ ᠠᠯᠪᠠᠨ ᠬᠡᠷ ᠲᠤ ᠮᠡᠳᠡᠭᠦᠯᠦᠨ ᠬᠦᠷᠭᠡᠨ᠎ᠡ᠃ | | | | | |