| ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2021﹈ 8 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ ︿ᠮᠦᠩᠬᠡ ᠰᠤᠪᠠᠭ · ᠨᠢᠭᠡ ᠰᠦᠯᠵᠢᠶᠡᠨ | ᠪᠠᠷ ᠭᠦᠢᠴᠡᠳᠭᠡᠬᠦ ﹀ ︿ᠮᠦᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ ﹀ ︿ᠮᠦᠩᠬᠡ ᠰᠤᠪᠠᠭ · ᠨᠢᠭᠡ | ᠯᠡ ᠣᠳᠠᠭ᠎ᠠ ᠳᠤ ᠭᠦᠢᠴᠡᠳᠭᠡᠬᠦ ﹀ ︿ᠮᠦᠩᠬᠡ ᠰᠤᠪᠠᠭ · ᠲᠠᠨ ᠤ ᠬᠠᠪᠰᠤᠷᠤᠮᠵᠢ﹀ ᠢ ᠪᠥᠬᠦ ᠲᠠᠯ᠎ᠠ ᠪᠠᠷ | ᠬᠡᠷᠡᠭᠵᠢᠭᠦᠯᠬᠦ ᠲᠥᠰᠦᠯ ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2021 ᠣᠨ ᠤ 4 ᠰᠠᠷ᠎ᠠ ᠶᠢᠨ 1 | ᠬᠢᠩᠭᠠᠨ ᠠᠶᠢᠮᠠᠭ ᠤᠨ ︽ᠮᠦᠩᠬᠡ ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ︾ ᠠᠵᠢᠯ ᠢ ᠪᠥᠬᠦ | ᠲᠠᠯ᠎ᠠ ᠪᠠᠷ ᠬᠡᠷᠡᠭᠵᠢᠭᠦᠯᠬᠦ ᠲᠥᠰᠦᠯ | ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ︽ ︿ᠮᠦᠩᠬᠡ ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ﹀ ︿ | ᠮᠦᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ ﹀ ︿ᠮᠦᠩᠬᠡ ᠰᠤᠪᠠᠭ · ᠨᠢᠭᠡ ᠯᠡ ᠣᠳᠠᠭ᠎ᠠ ᠳᠤ | ᠭᠦᠢᠴᠡᠳᠭᠡᠬᠦ ﹀ ︿ᠮᠦᠩᠬᠡ ᠰᠤᠪᠠᠭ · ᠲᠠᠨ ᠤ ᠬᠠᠪᠰᠤᠷᠤᠮᠵᠢ﹀︾ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 8 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠮᠦᠩᠬᠡ ᠰᠤᠪᠠᠭ · | ᠨᠢᠭᠡ ᠰᠦᠯᠵᠢᠶᠡᠨ ᠪᠠᠷ ᠭᠦᠢᠴᠡᠳᠭᠡᠬᠦ ︾ ᠤᠨ ᠬᠡᠷᠡᠭᠵᠢᠭᠦᠯᠬᠦ ᠲᠦᠰᠦᠯ ᠢ ᠲᠤᠭᠳᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ | ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠠᠷᠠᠳ ᠲᠦᠮᠡᠨ ᠢᠶᠠᠷ ᠭᠤᠣᠯ | ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂᠂ ︽ᠮᠦᠩᠬᠡ ᠰᠤᠪᠠᠭ︾ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠪᠤᠢ ᠪᠣᠯᠭᠠᠬᠤ ᠪᠠᠷ ᠭᠠᠷᠳᠠᠴᠠ ᠪᠣᠯᠭᠠᠨ᠂ ︿ᠮᠦᠩᠬᠡ | ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ﹀ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠲᠠᠰᠤᠷᠠᠯᠳᠠ ᠦᠬᠡᠢ ᠰᠢᠯᠢᠳᠡᠭᠵᠢᠭᠦᠯᠦᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ | ᠳᠤ ᠬᠦᠴᠦᠨ ᠨᠡᠮᠡᠷᠢᠯᠡᠨ᠎ᠡ᠃ | ︵ᠬᠤᠶᠠᠷ︶ ᠭᠤᠣᠯ ᠬᠠᠷᠠᠯᠲᠠ | ᠪᠦᠬᠦ ᠠᠶᠢᠮᠠᠭ ᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠨᠢᠭᠡ ᠴᠤᠭᠴᠠᠵᠢᠭᠰᠠᠨ ᠲᠠᠪᠴᠠᠩ ᠤᠨ ᠳᠡᠰ | ᠳᠡᠪᠰᠢᠭᠰᠡᠨ ᠬᠡᠪ ᠢ ᠪᠤᠶ ᠪᠣᠯᠭᠠᠬᠤ ᠪᠠᠷ ᠭᠤᠣᠯᠳᠠᠯᠭ᠎ᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠰᠠᠭᠤᠷᠢ ᠶᠢ ᠪᠠᠬᠢᠵᠢᠭᠦᠯᠵᠦ᠂ ᠬᠡᠷᠡᠭᠴᠡᠭᠡ ᠶᠣᠰᠣᠭᠠᠷ ᠬᠡᠷᠡᠭᠯᠡᠭᠴᠢ᠂ ᠰᠢᠰᠲ᠋ᠧᠮ᠂ ᠲᠤᠭ᠎ᠠ ᠪᠠᠷᠢᠮᠲᠠ ᠪᠠ | ᠲᠤᠬᠠᠶᠢᠯᠠᠭᠰᠠᠨ ᠠᠵᠢᠯ ᠢ ᠨᠡᠪᠲᠡᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠳᠠᠬᠢᠨ ᠦᠢᠯᠡᠳᠬᠦ᠂ ᠲᠤᠭ᠎ᠠ ᠪᠠᠷᠢᠮᠲᠠ ᠶᠢ ᠬᠠᠮᠲᠤᠪᠠᠷ | ᠭᠥᠷᠳᠡᠬᠦ ᠶᠢ ᠠᠬᠢᠭᠤᠯᠤᠨ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ | ᠭᠦᠢᠴᠡᠳᠭᠡᠬᠦ᠂ ᠶᠡᠷᠦᠩᠬᠡᠶᠢᠯᠡᠨ ᠬᠠᠮᠢᠶᠠᠷᠬᠤ ᠶᠢ ᠨᠢᠭᠡ ᠴᠣᠠᠠᠴᠠᠵᠢᠭᠤᠯᠥᠠᠠᠰᠠᠨ︽ᠮᠦᠩᠬᠡ ᠰᠤᠪᠠᠭ · ᠨᠢᠭᠡ | ᠰᠦᠯᠵᠢᠶᠡᠨ ᠪᠠᠷ ᠭᠦᠢᠴᠡᠳᠭᠡᠬᠦ︾ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠢ ᠰᠦᠯᠵᠢᠶᠡᠨ ᠳᠡᠭᠡᠷ᠎ᠡ ᠭᠦᠢᠴᠡᠳᠭᠡᠵᠦ ᠪᠤᠯᠬᠤ᠂ ᠰᠦᠯᠵᠢᠶᠡᠨ ᠳᠡᠭᠡᠷ᠎ᠡ ᠭᠦᠢᠴᠡᠳᠭᠡᠬᠦ ᠳᠤ ᠲᠥᠬᠦᠮ | ᠂ ᠰᠦᠯᠵᠢᠶᠡᠨ ᠳᠡᠭᠡᠷ᠎ᠡ ᠭ᠊ ᠭᠦᠢᠴᠡᠳᠭᠡᠬᠦ ᠳᠤ ᠰᠠᠶᠢᠨ ᠪᠠᠶᠢᠬᠤ ᠶᠢ ᠪᠡᠶᠡᠯᠡᠭᠦᠯᠦᠨ᠎ᠡ᠃ 1 ᠠᠴᠠ 2 ᠵᠢᠯ ᠤᠨ ᠴᠠᠭ ᠢ | ᠬᠡᠷᠡᠭᠯᠡᠵᠦ ᠪᠠᠶᠢᠭᠠᠳ 90% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ | ᠰᠦᠯᠵᠢᠶ᠎ᠡ ᠪᠠᠷ ᠭᠦᠢᠴᠡᠳᠭᠡᠬᠦ︾ ᠶᠢ ᠪᠡᠶᠡᠯᠡᠭᠦᠯᠬᠦ ᠪᠠᠷ ᠴᠢᠷᠮᠠᠶᠢᠨ᠎ᠠ | ᠬᠤᠶᠠᠷ᠂ ᠭᠤᠣᠯ ᠡᠭᠦᠷᠭᠡ | ︵ᠨᠢᠭᠡ︶ ᠤᠴᠢᠷ ᠶᠠᠪᠤᠳᠠᠯ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ | ᠠᠶᠢᠮᠠᠭ ᠬᠤᠰᠢᠭᠤ ᠬᠤᠶᠠᠷ ᠱᠠᠲᠤᠨ ᠤ ᠵᠦᠢᠯᠡᠰ ᠢ ᠨᠠᠷᠢᠯᠢᠬᠵᠢᠭᠤᠯᠤᠨ ᠡᠮᠬᠢᠯᠡᠭᠰᠡᠨ ᠦᠷ᠎ᠡ ᠳ᠋ᠦᠩ ᠢ | ᠳᠡᠯᠭᠡᠷᠡᠭᠦᠯᠦᠨ ᠳᠠᠪᠳᠠᠨ ᠬᠡᠷᠡᠭᠯᠡᠬᠦ ᠶᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠨᠢᠭᠡᠳᠬᠡᠬᠦ | ᠵᠦᠢᠯᠡᠰ ᠤᠨ ᠬᠦᠮᠦᠷᠭᠡ ᠳᠤ ᠰᠠᠭᠤᠷᠢᠯᠠᠨ᠂ ᠺᠣᠮᠫᠢᠦ᠋ᠲ᠋ᠧᠷ᠂ ᠭᠠᠷ ᠤᠲᠠᠰᠤ᠂ ᠴᠤᠩᠬᠤᠪᠴᠢ᠂ ᠠᠦ᠋ᠲ᠋ᠤ᠋ ᠮᠠᠰᠢᠨ᠂ | ᠲᠧᠯᠸᠢᠰ ᠵᠡᠷᠭᠡ ᠠᠷᠭ᠎ᠠ ᠵᠠᠮ ᠢᠶᠠᠷ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠤᠨ ᠪᠠᠷᠢᠮᠵᠢᠶ᠎ᠠ ᠶᠢ ᠨᠢᠭᠡᠳᠦᠯᠲᠡᠶ | ᠪᠠᠶᠢᠯᠭᠠᠬᠤ᠂ ᠲᠤᠭ᠎ᠠ ᠪᠠᠷᠢᠮᠲᠠ ᠶᠢ ᠠᠳᠠᠯᠢ ᠢᠷᠡᠯᠲᠡ ᠲᠠᠢ ᠪᠠᠶᠢᠯᠭᠠᠬᠤ ᠶᠢ ᠳᠥᠯᠭᠢᠨ ᠠᠬᠢᠭᠤᠯᠵᠤ᠂ ᠪᠣᠶ ᠪᠥᠬᠦᠶ | ᠵᠦᠢᠯᠡᠰ ᠢ ᠡᠯ᠎ᠡ ᠭᠠᠵᠠᠷ ᠲᠤ ᠪᠠᠷᠢᠮᠵᠢᠶᠠᠵᠢᠭᠤᠯᠤᠨ ᠭᠥᠯᠢᠶᠡᠨ ᠠᠪᠴᠤ ᠰᠢᠢᠳᠪᠦᠷᠢᠯᠡᠬᠦ ᠂ ᠵᠢᠷᠤᠮᠵᠢᠭᠤᠯᠤᠨ | ᠭᠦᠢᠴᠡᠳᠭᠡᠬᠦ ᠪᠠᠷ ᠴᠢᠷᠮᠠᠶᠢᠨ᠎ᠠ᠃ ᠪᠥᠬᠦ ᠠᠶᠢᠮᠠᠭ ᠤᠨ ᠨᠢᠭᠡᠳᠦᠯᠲᠡᠶ ᠣᠯᠠᠨ ᠨᠡᠶᠢᠲᠡ ᠶᠢᠨ ᠦᠢᠯᠡᠴᠢᠯᠡᠭᠡᠨ ᠤ | ᠵᠦᠢᠯᠡᠰ ᠤᠨ ᠲᠣᠳᠣᠷᠬᠠᠶ ᠳᠠᠩᠰᠠ ᠶᠢ ᠪᠠᠶᠢᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ᠂ ᠡᠮᠴᠢᠯᠡᠭᠡᠨ ᠤ | ᠳᠠᠭᠠᠳᠬᠠᠯ᠂ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ᠂ ᠠᠷᠠᠳ ᠤᠨ ᠶᠠᠪᠤᠳᠠᠯ᠂ ᠵᠠᠮ | ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠬᠠᠤᠯᠢ ᠴᠠᠭᠠᠵᠠ᠂ ᠪᠡᠶ᠎ᠡ ᠶᠢᠨ ᠲᠠᠮᠢᠷ᠂ | ᠶᠠᠳᠠᠭᠤ ᠶᠢ ᠲᠡᠳᠬᠦᠬᠦ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ᠂ ᠣᠯᠠᠨ ᠨᠡᠶᠢᠲᠡ ᠶᠢᠨ ᠠᠮᠤᠷ ᠲᠦᠪᠰᠢᠨ᠂ | ᠬᠤᠲᠠ ᠶᠢᠨ ᠬᠠᠮᠢᠶᠠᠷᠤᠯᠲᠠ ᠵᠡᠷᠭᠡ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ | ᠵᠠᠩᠭᠢ ᠶᠢᠨ ᠰᠢᠰᠲ᠋ᠧᠮ ᠢ ᠠᠭᠤᠰᠤᠯᠴᠠᠭᠤᠯᠤᠨ ᠵᠣᠯᠭᠠᠭᠤᠯᠵᠤ᠂ ᠣᠯᠠᠨ ᠠᠷᠭ᠎ᠠ ᠵᠠᠮ᠂ ᠣᠯᠠᠨ ᠲᠠᠯ᠎ᠠ ᠠᠴᠠ | ᠪᠠᠷᠢᠮᠵᠢᠶ᠎ᠠ ᠨᠢᠭᠡᠳᠦᠯᠲᠡᠶ ᠣᠯᠠᠨ ᠨᠡᠶᠢᠲᠡ ᠶᠢᠨ ᠦᠢᠯᠡᠴᠢᠯᠡᠭᠡ ᠶᠢ ᠬᠠᠩᠭᠠᠨ᠎ᠠ᠃ | ︵ᠬᠤᠶᠠᠷ︶ ᠨᠢᠭᠡ ᠴᠤᠭᠴᠠᠵᠢᠭᠰᠠᠨ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ᠪᠥᠬᠦ ᠠᠶᠢᠮᠠᠭ ᠤᠨ ᠨᠢᠭᠡᠳᠦᠯᠲᠡᠶ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠳᠠᠩᠰᠠ ᠪᠠᠷ ᠰᠠᠭᠤᠷᠢ | ᠪᠠᠷᠢᠮᠵᠢᠶ᠎ᠠ ᠪᠣᠯᠭᠠᠵᠤ᠂ ︽ᠨᠢᠭᠡ ᠢᠵᠢ ᠬᠦᠰᠦᠨᠦᠭᠲᠦ ᠪᠠᠷ ᠭᠤᠶᠤᠴᠢᠯᠠᠬᠤ︾ ᠦᠢᠯᠡᠴᠢᠯᠡᠭᠡ ᠶᠢ ᠬᠡᠷᠡᠭᠵᠢᠭᠦᠯᠦᠨ᠂ | ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ᠰᠢᠶᠠᠨ ᠬᠤᠲᠠ ᠶᠢᠨ ᠣᠲᠣ ᠶᠢᠨ ᠪᠠᠶᠢᠭ᠎ᠠ ᠡᠬᠢ ᠪᠠᠶᠠᠯᠢᠭ ᠢ | ᠨᠢᠭᠡᠳᠦᠯᠲᠡᠶ ᠲᠥᠯᠥᠪᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠭᠦᠨᠵᠡᠭᠡᠶ | ᠠᠭᠤᠰᠤᠯᠴᠠᠬᠤ ᠶᠢ ᠠᠬᠢᠭᠤᠯᠤᠨ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ | ᠭᠦᠢᠴᠡᠳᠭᠡᠬᠦ᠂ ᠶᠡᠷᠦᠩᠬᠡᠶᠢᠯᠡᠨ ᠬᠠᠮᠢᠶᠠᠷᠬᠤ ᠶᠢ ᠪᠡᠶᠡᠯᠡᠭᠦᠯᠦᠨ᠎ᠡ᠃ ᠣᠯᠠᠨ ᠨᠡᠶᠢᠲᠡ ᠶᠢᠨ ᠬᠡᠷᠡᠭᠴᠡᠭᠡ | ᠱᠠᠭᠠᠷᠳᠠᠯᠭ᠎ᠠ ᠪᠠᠷ ᠭᠤᠤᠯᠳᠠᠯᠭ᠎ᠠ ᠪᠣᠯᠭᠠᠵᠤ᠂ ︽ᠨᠢᠭᠡ ᠬᠥᠮᠦᠨ ᠳᠤ ᠨᠢᠭᠡ ᠲᠠᠩᠰᠠ ᠡᠪᠬᠡᠮᠡᠯ ᠣᠯᠭᠤᠬᠤ︾ ︽ᠨᠢᠭᠡ | ᠠᠵᠤ ᠠᠬᠤᠶᠢᠯᠠᠯ ᠳᠤ ᠨᠢᠭᠡ ᠲᠠᠩᠰᠠ ᠡᠪᠬᠡᠮᠡᠯ ᠣᠯᠭᠤᠬᠤ︾ ᠶᠢᠨ ᠵᠠᠭᠪᠤᠷ ᠢᠶᠠᠷ ᠬᠤᠪᠢ ᠬᠦᠮᠦᠨ᠂ ᠬᠠᠤᠯᠢ ᠶᠢᠨ | ᠡᠷᠬᠡᠲᠡᠨ ᠤ ᠪᠥᠬᠦ ᠠᠮᠢ ᠨᠠᠰᠤᠨ ᠤ ᠦᠶᠡᠯᠡᠯ ᠤᠨ ᠲᠤᠰᠬᠠᠶ ᠣᠷᠣᠨ ᠵᠠᠶ ᠶᠢ ᠪᠠᠶᠢᠭᠤᠯᠤᠨ᠎ᠠ᠃ PC ᠦᠵᠦᠭᠦᠷ ᠤᠨ | ᠬᠡᠷᠡᠭᠯᠡᠯᠲᠡ ᠶᠢ ᠡᠮᠬᠢᠯᠡᠬᠦ ᠪᠠ ᠵᠠᠯᠭᠠᠨ ᠣᠷᠣᠭᠤᠯᠬᠤ ᠶᠢ ᠲᠦᠷᠭᠡᠳᠬᠡᠵᠦ᠂ 2021 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠮᠢᠶ᠎ᠠ ᠪᠥᠬᠦᠶ | ᠪᠠᠷᠢᠮᠵᠢᠶ᠎ᠠ ᠶᠣᠰᠣᠭᠠᠷ ᠣᠨᠴᠠᠯᠢᠠᠠᠳᠣ ᠬᠡᠷᠡᠭᠯᠡᠭᠡᠨ ᠤ ᠵᠠᠯᠭᠠᠨ ᠣᠷᠣᠭᠤᠯᠬᠤ ᠠᠵᠢᠯ ᠢ ᠵᠢᠷᠤᠮᠵᠢᠯ ᠲᠠᠢ ᠪᠡᠶᠡᠯᠡᠭᠦᠯᠬᠦ ᠶᠢ | ᠠᠬᠢᠭᠤᠯᠵᠤ᠂ ᠰᠢᠯᠵᠢᠮᠡᠯ ᠦᠵᠦᠭᠦᠷ ᠤᠨ ᠭᠦᠢᠴᠡᠳᠭᠡᠬᠦ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ ︽ ᠮᠦᠩᠬᠡ | ᠰᠤᠪᠠᠭ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠵᠡᠷᠭᠡᠪᠡᠷ ᠵᠠᠯᠭᠠᠨ ᠣᠷᠣᠭᠤᠯᠵᠤ᠂ | ᠨᠢᠭᠡ ᠴᠣᠠᠠᠴᠠᠵᠢᠭᠤᠯᠬᠤ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠭᠤᠷᠪᠠ︶ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ | ᠰᠢᠰᠲ᠋ᠧᠮ ᠤᠨ ᠬᠡᠷᠡᠭᠯᠡᠯᠲᠡ ᠶᠢ ᠬᠡᠷᠡᠭᠵᠢᠭᠦᠯᠦᠨ᠎ᠡ | ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠬᠦᠯᠢᠶᠡᠨ ᠠᠪᠴᠤ | ᠰᠢᠢᠳᠪᠦᠷᠢᠯᠡᠬᠦ︾ ᠰᠢᠰᠲ᠋ᠧᠮ ᠳᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠡᠪᠲᠡᠷᠡᠭᠦᠯᠵᠦ᠂ ᠠᠶᠢᠮᠠᠭ ᠬᠤᠲᠠ ᠶᠢᠨ | ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠰᠢᠰᠲ᠋ᠧᠮ ᠢ ᠬᠤᠯᠪᠣᠨ ᠨᠡᠪᠲᠡᠷᠡᠭᠦᠯᠦᠭᠰᠡᠨ ᠤ ᠰᠠᠭᠤᠷᠢᠨ ᠳᠡᠭᠡᠷ᠎ᠡ᠂ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ᠂ ᠡᠯᠧᠺᠲᠷᠣᠨ ᠦᠨᠡᠮᠯᠡᠯ ᠤᠨ ᠬᠥᠮᠥᠷᠭᠡ᠂ ︽ | ᠰᠠᠶᠢᠨ ᠮᠠᠭᠤ ᠶᠢ ᠦᠨᠡᠯᠡᠬᠦ︾ ᠰᠢᠰᠲ᠋ᠧᠮ ᠵᠡᠷᠭᠡ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠠᠰᠢᠭᠯᠠᠨ᠂ ᠪᠥᠬᠦ | ᠠᠶᠢᠮᠠᠭ ᠲᠤ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠤᠨ | ᠬᠡᠷᠡᠭᠯᠡᠯᠲᠡ ᠶᠢ ᠬᠡᠷᠡᠭᠵᠢᠭᠦᠯᠵᠦ᠂ ᠡᠯ᠎ᠡ ᠱᠠᠲᠤᠨ ᠤ ᠦᠢᠯᠡᠴᠢᠯᠡᠭᠡᠨ ᠤ ᠲᠢᠩᠬᠢᠮ ᠳᠤ ︽ᠡᠮᠦᠨ᠎ᠡ ᠲᠠᠪᠴᠠᠩ ᠳᠤ | ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠭᠦᠢᠴᠡᠳᠭᠡᠬᠦ᠂ | ᠶᠡᠷᠦᠩᠬᠡᠶᠢᠯᠡᠭᠰᠡᠨ ᠴᠤᠩᠬᠤᠪᠴᠢ ᠪᠠᠷ ᠮᠠᠲ᠋ᠧᠷᠢᠶᠠᠯ ᠭᠠᠷᠭᠠᠬᠤ︾ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ | ᠰᠢᠢᠳᠪᠦᠷᠢᠯᠡᠬᠦ︾ ︽ᠪᠥᠬᠦ ᠣᠷᠣᠨ ᠤ ᠨᠡᠶᠢᠳᠡᠮ ᠰᠢᠢᠳᠪᠦᠷᠢᠯᠡᠬᠦ ︾ ︽ᠮᠤᠵᠢ ᠠᠯᠤᠰᠯᠠᠨ ᠨᠡᠶᠢᠳᠡᠮ | ᠰᠢᠢᠳᠪᠦᠷᠢᠯᠡᠬᠦ︾ ᠦᠢᠯᠡᠴᠢᠯᠡᠭᠡ ᠶᠢ ᠬᠡᠷᠡᠭᠵᠢᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ︵ᠲᠦᠷᠪᠡ︶ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠠᠭᠤᠰᠤᠯᠴᠠᠯ ᠢ ᠠᠬᠢᠭᠤᠯᠤᠨ᠎ᠠ | ᠠᠶᠢᠮᠠᠭ ᠤᠨ ᠱᠠᠲᠤᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠠᠶᠢᠭᠤᠯᠬᠤ ᠳᠤ ᠬᠤᠯᠪᠣᠭᠳᠠᠭᠰᠠᠨ ᠬᠡᠷᠡᠭ | ᠶᠠᠪᠤᠳᠠᠯ ᠤᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠳᠡᠰ ᠳᠠᠪᠬᠤᠷᠭ᠎ᠠ ᠪᠠᠷ ᠳᠠᠮᠵᠢᠭᠤᠯᠤᠨ ᠨᠢᠭᠡ | ᠴᠤᠭᠴᠠᠵᠢᠭᠤᠯᠤᠭᠰᠠᠨ ᠲᠠᠪᠴᠠᠩ ᠳᠤ ᠲᠥᠪᠯᠡᠷᠡᠭᠦᠯᠦᠨ ᠬᠦᠷᠭᠡᠬᠦ ᠶᠢ ᠲᠦᠷᠭᠡᠳᠬᠡᠨ ᠠᠬᠢᠭᠤᠯᠵᠤ᠂ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠣᠭᠲᠠᠴᠠ ᠶᠣᠰᠣᠭᠠᠷ᠂ ᠠᠶᠢᠮᠠᠭ ᠬᠤᠲᠠ᠂ ᠬᠤᠰᠢᠭᠤ | ᠰᠢᠶᠠᠨ ᠳᠤ ᠬᠤᠯᠪᠤᠭᠳᠠᠭᠰᠠᠨ ᠭᠦᠢᠴᠡᠳᠭᠡᠬᠦ ᠵᠦᠢᠯ ᠤᠨ ᠲᠤᠭ᠎ᠠ ᠪᠠᠷᠢᠮᠲᠠ ᠶᠢ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠤ ᠬᠦᠷᠭᠡᠨ ᠥᠭᠴᠦ᠂ ᠠᠶᠢᠮᠠᠭ ᠤᠨ ᠱᠠᠲᠤᠨ ᠤ ᠰᠠᠯᠠᠭ᠎ᠠ | ᠮᠥᠴᠢᠷ ᠤᠳ ᠲᠤᠬᠠᠶᠢᠯᠠᠭᠰᠠᠨ ᠠᠵᠢᠯ ᠤᠨ ᠰᠢᠰᠲ᠋ᠧᠮ ᠪᠠᠶᠢᠭᠤᠯᠬᠤ ᠪᠠ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠭᠥᠯᠢᠶᠡᠨ ᠠᠪᠴᠤ | ᠰᠢᠢᠳᠪᠦᠷᠢᠯᠡᠬᠦ ᠲᠤᠭ᠎ᠠ ᠪᠠᠷᠢᠮᠲᠠ᠂ ᠮᠠᠲ᠋ᠧᠷᠢᠶᠠᠯ ᠲᠤᠰᠢᠶᠠᠬᠤ᠂ ᠬᠡᠷᠡᠭ ᠭᠦᠢᠴᠡᠳᠭᠡᠬᠦ ᠠᠬᠢᠴᠠ ᠵᠡᠷᠭᠡ ᠮᠡᠳᠡᠭᠡ | ᠵᠠᠩᠭᠢ ᠶᠢ ᠴᠠᠭ ᠲᠤᠬᠠᠶ ᠳᠤᠨᠢ ᠰᠣᠯᠢᠯᠴᠠᠵᠤ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ | ︵ᠲᠠᠪᠤ︶ ᠰᠦᠯᠵᠢᠶ᠎ᠡ ᠶᠢ ᠤᠷᠲᠤᠳᠬᠠᠬᠤ ᠶᠢ ᠠᠬᠢᠭᠤᠯᠵᠤ᠂ ︽ᠭᠤᠯᠳᠤ ᠪᠠᠷ ᠤᠭ ᠲᠤᠨᠢ ᠲᠤᠯᠲᠠᠯ᠎ᠠ᠂ | ᠬᠥᠨᠳᠡᠯᠡᠨ ᠢᠶᠠᠷ ᠬᠠᠮᠤᠷᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠤ ᠰᠢᠰᠲ᠋ᠧᠮᠵᠢ ᠶᠢ | ᠪᠠᠶᠢᠭᠤᠯᠤᠨ᠎ᠠ | ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯᠯᠠᠭ᠎ᠠ ᠶᠢᠨ | ᠲᠥᠰᠦᠯ ᠤᠨ ᠭᠤᠷᠪᠠᠨ ᠵᠢᠯ ᠤᠨ ᠡᠭᠦᠷᠭᠡ ᠶᠢᠨ ᠪᠠᠶᠢᠷᠢᠯᠠᠭᠤᠯᠤᠯᠲᠠ ᠶᠣᠰᠣᠭᠠᠷ᠂ ᠠᠶᠢᠮᠠᠭ᠂ ᠬᠤᠰᠢᠭᠤ ᠰᠢᠶᠠᠨ | ᠬᠤᠲᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠰᠦᠯᠵᠢᠶ᠎ᠡ ᠶᠢ ᠪᠦᠬᠦ ᠲᠠᠯ᠎ᠠ ᠪᠠᠷ ᠪᠦᠷᠬᠦᠭᠦᠯᠬᠦ ᠶᠢ | ᠪᠡᠶᠡᠯᠡᠭᠦᠯᠵᠦ᠂ ᠪᠦᠬᠦ ᠣᠷᠣᠨ ᠤ ᠨᠢᠭᠡᠳᠦᠯᠲᠡᠶ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠳᠤ | ᠲᠦᠰᠢᠭᠯᠡᠨ᠂ ︽ᠡᠮᠬᠢᠯᠡᠨ ᠨᠡᠶᠢᠯᠡᠭᠦᠯᠬᠦ ᠪᠣᠯ ᠵᠠᠷᠴᠢᠮ᠂ ᠭᠠᠭᠴᠠᠭᠠᠷᠳᠠᠮᠠᠯ ᠰᠦᠯᠵᠢᠶ᠎ᠡ ᠪᠣᠯ ᠣᠨᠴᠠᠭᠠᠶ ᠪᠠᠶᠢᠳᠠᠯ︾ | ᠭᠡᠬᠦ ᠵᠠᠷᠴᠢᠮ ᠢᠶᠠᠷ᠂ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠲᠤᠰᠬᠠᠶ | ᠰᠦᠯᠵᠢᠶ᠎ᠡ ᠶᠢ ᠨᠡᠭᠦᠯᠭᠡᠨ ᠨᠡᠶᠢᠯᠡᠭᠦᠯᠬᠦ ᠵᠢᠴᠢ ᠠᠭᠤᠰᠤᠯᠴᠠᠭᠤᠯᠤᠨ ᠬᠤᠯᠪᠣᠯᠳᠤᠭᠤᠯᠬᠤ ᠶᠢ ᠲᠦᠷᠭᠡᠳᠬᠡᠨ ᠠᠬᠢᠭᠤᠯᠵᠤ | ᠂ ᠵᠠᠰᠠᠭ ᠤᠨ ᠶᠠᠪᠤᠳᠠᠯ ᠤᠨ ᠡᠭᠦᠯᠡᠨ ᠲᠤᠯᠭᠠᠭᠤᠷᠢᠯᠠᠯ ᠤᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠤᠰᠬᠠᠶ ᠰᠦᠯᠵᠢᠶ᠎ᠡ ᠶᠢ ᠨᠡᠶᠢᠯᠡᠭᠦᠯᠬᠦ | ᠵᠢᠴᠢ ᠨᠢᠭᠤᠴᠠ ᠳᠤ ᠥᠯᠥ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠠᠰᠠᠭ ᠤᠨ ᠶᠠᠪᠤᠳᠠᠯ ᠤᠨ | ᠡᠭᠦᠯᠡᠨ ᠲᠠᠪᠴᠠᠩ ᠳᠠᠰᠢ ᠨᠡᠭᠦᠯᠭᠡᠨ ᠪᠠᠶᠢᠷᠢᠯᠠᠭᠤᠯᠬᠤ ᠶᠢ ᠲᠦᠷᠭᠡᠳᠬᠡᠨ ᠠᠬᠢᠭᠤᠯᠵᠤ᠂ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠳᠤ ᠰᠠᠭᠤᠷᠢ ᠲᠤᠯᠭᠠᠭᠤᠷᠢᠯᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ | ︵ᠵᠢᠷᠭᠤᠭ᠎ᠠ︶ ᠲᠤᠭ᠎ᠠ ᠪᠠᠷᠢᠮᠳᠠ ᠶᠢ ᠡᠮᠬᠢ ᠵᠢᠷᠤᠮ ᠲᠠᠢ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ | ᠨᠢᠭᠡ ᠴᠤᠭᠴᠠᠵᠢᠭᠰᠠᠨ ᠲᠣᠮᠣ ᠲᠤᠭ᠎ᠠ ᠪᠠᠷᠢᠮᠳᠠ ᠶᠢᠨ ᠲᠠᠪᠴᠠᠩ ᠢ ᠪᠠᠶᠢᠭᠤᠯᠤᠨ᠎ᠠ | ᠨᠢᠭᠡ ᠴᠤᠭᠴᠠᠵᠢᠭᠰᠠᠨ ᠲᠠᠪᠴᠠᠩ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠵᠠᠩᠭᠢᠯᠠᠭ᠎ᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠠᠶᠢᠮᠠᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ | ᠭᠥᠷᠳᠡᠬᠦ ᠲᠠᠪᠴᠠᠩ ᠤᠨ ᠲᠤᠭ᠎ᠠ ᠪᠠᠷᠢᠮᠲᠠ ᠶᠢᠨ ᠰᠣᠯᠢᠯᠴᠠᠭᠠᠨ ᠤ ᠨᠡᠪᠲᠡᠷᠡᠬᠦ ᠵᠠᠮ ᠤᠨ ᠲᠤᠯᠭᠠᠭᠤᠷᠢᠯᠠᠨ | ᠪᠠᠲᠤᠯᠠᠬᠤ ᠶᠢ ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠬᠠᠮᠢᠶᠠᠷᠬᠤ᠂ ᠬᠡᠷᠡᠭᠴᠡᠭᠡ ᠶᠣᠰᠣᠭᠠᠷ ᠬᠤᠷᠠᠮᠳᠤᠭᠤᠯᠬᠤ᠂ | ᠡᠮᠬᠢᠯᠡᠨ ᠨᠡᠶᠢᠯᠡᠭᠦᠯᠵᠦ ᠬᠠᠮᠲᠤᠪᠠᠷ ᠭᠥᠷᠳᠡᠬᠦ᠂ ᠬᠤᠯᠪᠣᠭᠳᠠᠭᠤᠯᠤᠨ ᠬᠡᠷᠡᠭᠯᠡᠬᠦ ᠪᠠᠷ ᠳᠠᠮᠵᠢᠭᠤᠯᠤᠨ᠂ ᠪᠠᠷᠢᠮᠵᠢᠶ᠎ᠠ ᠨᠢ | ᠨᠢᠭᠡᠳᠦᠯᠲᠡᠶ᠂ ᠪᠠᠶᠢᠷᠢᠰᠢᠭᠤᠯᠤᠯ ᠨᠢ ᠵᠦᠶ ᠵᠣᠬᠢᠰᠲᠠᠶ᠂ ᠬᠠᠮᠢᠶᠠᠷᠤᠯᠲᠠ ᠨᠢ ᠬᠠᠮᠵᠢᠯᠴᠠᠭᠰᠠᠨ᠂ ᠠᠮᠤᠷ ᠲᠦᠪᠰᠢᠨ | ᠪᠥᠭᠡᠳ ᠨᠠᠶᠢᠳᠠᠪᠤᠷᠢᠲᠠᠶ ᠪᠥᠬᠦ ᠠᠶᠢᠮᠠᠭ ᠤᠨ ᠨᠢᠭᠡ ᠴᠤᠭᠴᠠᠵᠢᠭᠰᠠᠨ ᠲᠣᠮᠣ ᠲᠤᠭ᠎ᠠ ᠪᠠᠷᠢᠮᠲᠠ ᠶᠢᠨ ᠲᠠᠪᠴᠠᠩ ᠢ | ᠪᠠᠶᠢᠭᠤᠯᠤᠨ ᠪᠦᠷᠢᠯᠳᠦᠭᠦᠯᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠲᠤᠭ᠎ᠠ ᠪᠠᠷᠢᠮᠲᠠ ᠶᠢ ᠬᠠᠮᠲᠤᠪᠠᠷ | ᠭᠥᠷᠳᠡᠬᠦ ᠬᠡᠷᠡᠭᠴᠡᠭᠡ ᠱᠠᠭᠠᠷᠳᠠᠯᠭ᠎ᠠ ᠪᠠ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠡᠷᠡᠭᠴᠡᠭᠡ ᠶᠢ ᠪᠦᠲᠦᠮᠵᠢᠲᠡᠶ | ᠬᠠᠩᠭᠠᠨ᠎ᠠ᠃ ᠬᠡᠷᠡᠭᠯᠡᠯᠳᠡ ᠪᠠᠷ ᠴᠢᠷᠦᠯᠲᠡ ᠪᠣᠯᠭᠠᠬᠤ ᠶᠢ ᠪᠠᠷᠢᠮᠲᠠᠯᠠᠵᠦ᠂ ᠲᠤᠬᠠᠶᠢᠯᠠᠭᠰᠠᠨ ᠠᠵᠢᠯ ᠤᠨ | ᠬᠠᠮᠵᠢᠯᠴᠠᠭ᠎ᠠ ᠪᠠᠷ ᠭᠤᠤᠯᠳᠠᠯᠭ᠎ᠠ ᠪᠣᠯᠭᠠᠨ᠂ ᠲᠤᠭ᠎ᠠ ᠪᠠᠷᠢᠮᠲᠠ ᠶᠢ ᠬᠡᠷᠡᠭᠴᠡᠭᠡ ᠶᠣᠰᠣᠭᠠᠷ ᠬᠠᠮᠲᠤᠪᠠᠷ ᠭᠥᠷᠳᠡᠬᠦ᠂ | ᠡᠮᠬᠢ ᠵᠢᠷᠤᠮ ᠲᠠᠢ ᠨᠡᠭᠡᠭᠡᠬᠦ ᠶᠢ ᠠᠬᠢᠭᠤᠯᠵᠤ᠂ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠤᠨ ᠭᠠᠷᠴᠠᠭ ᠤᠨ ᠬᠠᠮᠢᠶᠠᠷᠤᠯᠲᠠ ᠶᠢᠨ ᠰᠢᠰᠲ᠋ᠧᠮᠵᠢ ᠳᠤ ᠲᠦᠰᠢᠭᠯᠡᠨ᠂ ᠬᠠᠮᠲᠤᠪᠠᠷ ᠭᠥᠷᠳᠡᠬᠦ ᠲᠤᠭ᠎ᠠ | ᠪᠠᠷᠢᠮᠲᠠ ᠶᠢ ᠬᠡᠷᠡᠭᠯᠡᠬᠦ ᠪᠥᠬᠦ ᠶᠠᠪᠤᠴᠠ ᠳᠤ ᠣᠷᠣ ᠮᠥᠷ ᠦᠯᠡᠳᠡᠭᠡᠬᠦ᠂ ᠮᠥᠷᠳᠡᠵᠦ ᠪᠣᠯᠬᠤ ᠶᠢ ᠪᠡᠶᠡᠯᠡᠭᠦᠯᠵᠦ᠂ ᠲᠤᠭ᠎ᠠ | ᠪᠠᠷᠢᠮᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠤᠨ ᠵᠣᠬᠢᠴᠠᠭᠤᠯᠬᠤ ᠲᠣᠭᠲᠠᠴᠠ ᠶᠢ ᠲᠦᠷᠭᠡᠳᠬᠡᠨ | ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢ ᠬᠤᠷᠠᠮᠳᠤᠭᠤᠯᠬᠤ᠂ ᠵᠠᠰᠠᠬᠤ᠂ ᠬᠡᠷᠡᠭᠯᠡᠬᠦ ᠪᠠ ᠬᠠᠮᠢᠶᠠᠷᠬᠤ᠂ ᠦᠵᠡᠬᠦ᠂ | ᠦᠨᠡᠯᠡᠬᠦ ᠶᠢ ᠲᠥᠪᠯᠡᠷᠡᠭᠦᠯᠦᠨ ᠨᠢᠭᠡᠳᠦᠯᠲᠡᠶ ᠬᠠᠮᠢᠶᠠᠷᠴᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ | ᠡᠮᠬᠢᠳᠬᠡᠪᠡᠰᠦ ᠵᠣᠬᠢᠬᠤ ᠶᠢ ᠪᠦᠬᠦᠨ ᠢ ᠡᠮᠬᠢᠳᠬᠡᠬᠦ ᠶᠢ ᠪᠡᠶᠡᠯᠡᠭᠦᠯᠦᠨ᠎ᠡ᠃ | ︵ᠲᠤᠯᠤᠭ᠎ᠠ︶ ᠨᠢᠭᠡᠳᠦᠯᠲᠡᠶ ᠲᠤᠯᠭᠠᠭᠤᠷᠢᠯᠠᠬᠤ ᠰᠢᠰᠲ᠋ᠧᠮ ᠢ ᠪᠠᠬᠢᠵᠢᠭᠦᠯᠦᠨ᠎ᠡ | ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠯᠪᠠᠨ ᠲᠠᠪᠴᠡᠩ ᠶᠢᠨ ᠬᠠᠮᠤᠷᠬᠤ ᠥᠷᠭᠡᠴᠡ ᠪᠠ | ᠭᠦᠨᠴᠡ ᠶᠢ ᠥᠷᠭᠡᠳᠬᠡᠵᠦ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠷᠬᠦᠴᠡ ᠶᠢᠨ ᠬᠡᠪᠴᠢᠶ᠎ᠡ ᠶᠢ | 100% ᠳᠤ ᠬᠦᠷᠦᠭᠦᠯᠦᠨ᠎ᠡ᠃ ᠨᠢᠭᠡᠳᠦᠯᠲᠡᠶ ᠪᠡᠶ᠎ᠡ ᠬᠡᠮ ᠤᠨ ᠭᠡᠷᠡᠴᠢᠯᠡᠯ ᠤᠨ ᠠᠷᠭ᠎ᠠ ᠪᠠᠷᠢᠯ ᠪᠠ ᠬᠡᠷᠡᠭᠯᠡᠬᠦ | ᠬᠡᠪᠴᠢᠶ᠎ᠡ ᠶᠢ ᠥᠷᠭᠡᠳᠬᠡᠵᠦ᠂ ᠣᠯᠠᠨ ᠵᠦᠢᠯ ᠤᠨ ᠭᠡᠷᠡᠴᠢᠯᠡᠯ ᠤᠨ ᠠᠷᠭ᠎ᠠ ᠮᠠᠶ᠋ᠢᠭ ᠢ ᠲᠡᠮᠳᠡᠭᠯᠡᠬᠦ᠂ ᠪᠥᠬᠦ ᠣᠷᠣᠨ ᠤ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ︽ᠨᠢᠭᠡ ᠯᠡ ᠤᠳᠠᠭ᠎ᠠ ᠳᠤ ᠭᠡᠷᠡᠴᠢᠯᠡᠬᠦ᠂ ᠪᠥᠬᠦ | ᠰᠦᠯᠵᠢᠶ᠎ᠡ ᠪᠠᠷ ᠨᠡᠪᠲᠡᠷᠡᠬᠦ︾ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠬᠥᠮᠥᠷᠭᠡ ᠶᠢ ᠨᠢᠭᠡᠳᠦᠯᠲᠡᠶ ᠪᠣᠯᠭᠠᠬᠤ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠲᠤᠭ᠎ᠠ | ᠪᠠᠷᠢᠮᠲᠠ ᠶᠢ ᠠᠳᠠᠯᠢ ᠢᠷᠡᠯᠲᠡ ᠲᠠᠢ ᠨᠢᠭᠡᠳᠦᠯᠲᠡᠶ ᠡᠯᠧᠺᠲᠷᠣᠨ ᠲᠠᠮᠠᠭ᠎ᠠ ᠶᠢ ᠲᠠᠷᠬᠠᠭᠠᠬᠤ ᠬᠡᠪᠴᠢᠶ᠎ᠡ ᠪᠠ ᠬᠡᠷᠡᠭᠯᠡᠭᠡᠨ ᠤ | ᠬᠦᠷᠢᠶ᠎ᠡ ᠬᠡᠪᠴᠢᠶ᠎ᠡ ᠶᠢ ᠥᠷᠭᠡᠳᠬᠡᠵᠦ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠡᠯᠧᠺᠲᠷᠣᠨ ᠲᠠᠮᠠᠭ᠎ᠠ ᠶᠢ ᠲᠠᠷᠬᠠᠭᠠᠬᠤ ᠶᠣᠰᠣᠲᠠᠶ ᠶᠢ ᠨᠢ | ᠪᠦᠬᠦᠨ ᠢ ᠲᠠᠷᠬᠠᠭᠠᠬᠤ ᠶᠢ ᠪᠡᠶᠡᠯᠡᠭᠦᠯᠦᠨ᠎ᠡ᠃ ᠰᠠᠯᠠᠭ᠎ᠠ ᠮᠥᠴᠢᠷ ᠤᠨ ᠡᠯᠧᠺᠲᠷᠣᠨ ᠦᠨᠡᠮᠯᠡᠯ ᠤᠨ ᠰᠢᠰᠲ᠋ᠧᠮ ᠢ | ᠵᠣᠯᠭᠠᠭᠤᠯᠬᠤ᠂ ᠭᠠᠷ ᠤᠨ ᠥᠰᠥᠭ ᠵᠢᠷᠤᠵᠤ ᠣᠯᠭᠤᠬᠤ ᠵᠢᠴᠢ ᠢᠨᠵᠧᠨᠧᠷᠢᠩ ᠢ ᠪᠠᠷᠢᠮᠵᠢᠶᠠᠵᠢᠭᠤᠯᠬᠤ ᠵᠡᠷᠭᠡ ᠠᠵᠢᠯ ᠢ | ᠲᠦᠷᠭᠡᠳᠬᠡᠵᠦ᠂ ᠡᠯᠧᠺᠲᠷᠣᠨ ᠦᠨᠡᠮᠯᠡᠯ ᠤᠨ ᠲᠤᠭ᠎ᠠ ᠪᠠᠷᠢᠮᠲᠠ ᠶᠢ ᠪᠦᠲᠦᠮᠵᠢᠲᠡᠶ ᠪᠠᠷ ᠴᠤᠭᠯᠠᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ᠤᠨ ᠬᠤᠯᠪᠣᠭ᠎ᠠ ᠲᠠᠢ ᠡᠯᠧᠺᠲᠷᠣᠨ ᠦᠨᠡᠮᠯᠡᠯ ᠢ ᠠᠵᠢᠯ | ᠶᠠᠪᠤᠳᠠᠯ ᠭᠦᠢᠴᠡᠳᠭᠡᠬᠦ ᠶᠠᠪᠤᠴᠠ ᠳᠤ ᠲᠤᠰᠢᠶᠠᠬᠤ ᠶᠢ ᠭᠡᠯᠳᠦᠷᠢᠭᠦᠯᠬᠦ ᠶᠢ ᠤᠷᠢᠳᠠᠪᠠᠷ ᠪᠡᠶᠡᠯᠡᠭᠦᠯᠵᠦ᠂ ᠡᠯᠧᠺᠲᠷᠣᠨ | ᠦᠨᠡᠮᠯᠡᠯ ᠤᠨ ᠬᠡᠷᠡᠭᠯᠡᠭᠡᠨ ᠤ ᠬᠡᠪᠴᠢᠶ᠎ᠡ ᠪᠠ ᠬᠦᠷᠢᠶ᠎ᠡ ᠴᠠᠷᠠᠭ᠎ᠠ ᠶᠢ ᠦᠷᠭᠦᠯᠵᠢᠯᠡᠨ ᠥᠷᠭᠡᠳᠬᠡᠨ᠎ᠡ᠃ | ︵ᠨᠠᠢᠮᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ | ᠨᠠᠶᠢᠳᠠᠪᠤᠷᠢᠵᠢᠭᠤᠯᠤᠨ᠎ᠠ | ᠥᠪᠡᠷᠲᠡᠭᠡᠨ ᠵᠠᠰᠠᠬᠤ ᠣᠷᠣᠨ ᠤ ︽ᠨᠢᠭᠡ ᠴᠤᠭᠴᠠᠵᠢᠭᠤᠯᠤᠭᠰᠠᠨ ᠲᠠᠪᠴᠠᠩ ᠪᠠ ᠪᠦᠬᠦ ᠣᠷᠣᠨ ᠤ ᠨᠢᠭᠡᠳᠦᠯᠲᠡᠶ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠲᠠᠪᠴᠠᠩ ᠳᠤ ᠲᠦᠰᠢᠭᠯᠡᠨ᠂ | ᠤᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠡᠯᠡᠯᠲᠡ ᠶᠢᠨ ᠠᠷᠭ᠎ᠠ ᠵᠠᠮ ᠢ ᠡᠮᠬᠢᠯᠡᠨ ᠨᠡᠶᠢᠯᠡᠭᠦᠯᠵᠦ᠂ | ᠦᠢᠯᠡᠴᠢᠯᠡᠭᠡᠨ ᠤ ᠦᠨᠡᠯᠡᠯᠲᠡ ᠬᠢᠬᠦ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ᠂ ᠵᠥᠷᠢᠶᠡᠲᠦ ᠦᠨᠡᠯᠡᠯᠲᠡ ᠢ ᠬᠠᠷᠢᠭᠤ | ᠰᠤᠷᠪᠤᠯᠵᠢᠯᠠᠬᠤ᠂ ᠴᠡᠭᠴᠡᠯᠡᠨ ᠥᠭᠡᠷᠡᠴᠢᠯᠡᠵᠦ ᠬᠠᠷᠢᠭᠤ ᠲᠤᠰᠬᠠᠬᠤ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ | ᠠᠵᠢᠯ ᠤᠨ ᠲᠣᠭᠲᠠᠴᠠ︾ ᠶᠢ ᠪᠠᠶᠢᠭᠤᠯᠤᠭᠰᠠᠨ ᠰᠠᠭᠤᠷᠢᠨ ᠳᠡᠭᠡᠷ᠎ᠡ᠂ ︽ᠰᠠᠶᠢᠨ ᠮᠠᠭᠤ ᠶᠢ ᠦᠨᠡᠯᠡᠬᠦ︾ ᠠᠷᠭ᠎ᠠ | ᠵᠠᠮ ᠢ ᠪᠦᠬᠦᠨ ᠢ ᠬᠠᠮᠤᠷᠬᠤ᠂ ᠮᠡᠳᠡᠭᠡ ᠵᠠᠩᠭᠢ ᠶᠢ ᠪᠦᠬᠦᠨ ᠢ ᠬᠤᠯᠪᠣᠭᠳᠠᠭᠤᠯᠬᠤ᠂ ᠲᠤᠭ᠎ᠠ ᠪᠠᠷᠢᠮᠲᠠ ᠶᠢ ᠪᠦᠬᠦᠨ ᠢ | ᠬᠤᠷᠠᠮᠳᠤᠭᠤᠯᠬᠤ᠂ ᠦᠷ᠎ᠡ ᠳ᠋ᠦᠩ ᠢ ᠪᠦᠬᠦᠨ ᠢ ᠢᠯᠡ ᠪᠣᠯᠭᠠᠬᠤ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ | ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠰᠢᠭ ᠭᠥᠷᠳᠡᠭᠰᠡᠨ | ᠲᠥᠷᠥᠭᠳᠡᠯ ᠢ ᠨᠡᠮᠡᠭᠳᠡᠭᠦᠯᠦᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ᠂ ᠡᠯ᠎ᠡ | ᠰᠠᠯᠠᠭ᠎ᠠ ᠮᠥᠴᠢᠷ ᠤᠨ ᠬᠢᠨ ︿ᠮᠦᠩᠬᠡ ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ﹀ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠭᠦᠷᠭᠡ ᠶᠢᠨ | ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠵᠤ᠂ | ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠵᠤ᠂ ᠲᠤᠬᠠᠶᠢᠯᠠᠭᠰᠠᠨ ᠠᠵᠢᠯ ᠤᠨ | ᠵᠢᠯᠣᠭᠤᠳᠣᠯᠭ᠎ᠠ ᠪᠠᠨ ᠴᠢᠩᠭᠠᠳᠬᠠᠨ᠂ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ᠂ | ᠬᠠᠷᠠᠯᠲᠠ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠬᠤᠪᠢ ᠪᠠᠷ ᠪᠡᠶ᠎ᠡ ᠪᠠᠷ ᠢᠶᠠᠨ ᠠᠳᠬᠤᠵᠤ᠂ | ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠨ᠂ ︿ᠮᠦᠩᠬᠡ ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ﹀ | ᠪᠥᠲᠥᠭᠡᠨ ᠪᠠᠶᠢᠭᠤᠯᠤᠯᠲᠠ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ | ᠠᠵᠢᠯ ᠤᠨ ᠲᠣᠭᠲᠠᠴᠠ ᠶᠢ ᠪᠠᠶᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ | ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠤᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ | ᠲᠣᠳᠣᠷᠬᠠᠶᠢᠯᠠᠵᠤ᠂ ᠰᠢᠯᠢᠳᠡᠭᠵᠢᠭᠦᠯᠬᠦ ᠠᠵᠢᠯ ᠤᠨ ᠬᠦᠴᠦᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠭᠤᠷᠪᠠ︶ ᠮᠡᠷᠭᠡᠵᠢᠯ ᠤᠨ ᠳᠡᠮᠵᠢᠯᠭᠡ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡᠨ ᠤ ᠰᠢᠰᠲ᠋ᠧᠮ ᠳᠤ ᠲᠦᠰᠢᠭᠯᠡᠨ᠂ ︽ᠮᠦᠩᠬᠡ ᠰᠤᠪᠠᠭ︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠠᠩᠭᠠᠭᠰᠠᠨ ᠡᠯ᠎ᠡ ᠵᠦᠢᠯ ᠤᠨ ᠴᠢᠳᠠᠮᠵᠢ ᠶᠢ ᠬᠡᠷᠡᠭᠯᠡᠨ᠂ ᠬᠠᠮᠢᠶ᠎ᠠ | ᠪᠥᠬᠦᠶ ᠨᠢᠭᠡᠴᠢ ᠶᠢ ᠳᠡᠮᠵᠢᠨ ᠵᠢᠯᠣᠭᠤᠳᠴᠤ ᠪᠠᠶᠢᠭᠠᠳ ᠲᠠᠷᠠᠬᠠᠶ ᠪᠤᠲᠠᠷᠬᠠᠶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ | ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠠᠬᠢᠭᠤᠯᠬᠤ ᠶᠢᠨ ᠬᠠᠮᠲᠤ᠂ ᠬᠥᠮᠦᠨ ᠤ ᠵᠢᠰᠦ ᠶᠢ ᠢᠯᠭᠠᠨ ᠲᠠᠨᠢᠬᠤ᠂ | ᠡᠯᠧᠺᠲᠷᠣᠨ ᠭᠠᠷ ᠤᠨ ᠥᠰᠥᠭ ᠵᠢᠷᠤᠬᠤ᠂ ᠡᠯᠧᠺᠲᠷᠣᠨ ᠦᠨᠡᠮᠯᠡᠯ ᠵᠡᠷᠭᠡ ᠬᠡᠷᠡᠭᠯᠡᠭᠡᠨ ᠢ ᠭᠦᠨᠵᠡᠭᠡᠶᠢᠷᠡᠭᠦᠯᠦᠨ᠎ᠡ᠃ | ︵ᠳᠥᠷᠪᠡ︶ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠬᠠᠷᠠᠯᠲᠠ ᠪᠠᠷ ᠤᠳᠤᠷᠢᠳᠤᠮᠵᠢ | ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠭᠤᠤᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠳᠣᠪᠤᠶᠢᠯᠭᠠᠨ᠂ ᠰᠢᠮᠳᠠᠭᠤᠯᠤᠨ | ᠪᠠᠶᠢᠴᠠᠭᠠᠬᠤ ᠶᠢ ᠴᠢᠩᠭᠠᠳᠬᠠᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠴᠢᠩᠭ᠎ᠠ ᠠᠰᠠᠭᠤᠬᠤ ᠬᠡᠷᠡᠭᠲᠡᠶ᠃ | ᠦᠨᠡᠨᠬᠦ ᠰᠢᠮᠳᠠᠭᠤᠯᠤᠨ ᠪᠣᠳᠠᠲᠠᠶ ᠪᠠᠷ ᠪᠠᠶᠢᠴᠠᠭᠠᠬᠤ ᠶᠢ ᠪᠠᠷᠢᠮᠲᠠᠯᠠᠵᠤ᠂ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠴᠤᠪᠤᠷᠠᠯ ᠢ ᠰᠢᠯᠢᠳᠡᠭᠵᠢᠭᠦᠯᠬᠦ | ᠠᠵᠢᠯ ᠤᠨ ᠬᠠᠮᠢᠶ᠎ᠠ ᠪᠥᠬᠦᠶ ᠪᠠᠶᠢᠳᠠᠯ ᠢ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠵᠦᠢᠯᠡᠰ ᠲᠤ ᠵᠢᠭᠰᠠᠭᠠᠨ | ᠣᠷᠣᠭᠤᠯᠵᠤ᠂ ︽ᠮᠦᠩᠬᠡ ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ︾ ᠠᠵᠢᠯ ᠢ ᠣᠨ ᠤ ᠡᠯ᠎ᠡ | ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ︽ ᠲᠠᠯᠪᠢᠬᠤ | ᠬᠠᠮᠢᠶᠠᠷᠬᠤ ᠦᠶ᠋ᠯᠡᠴᠢᠯᠡᠬᠦ︾ ᠶᠢᠨ ᠥᠭᠡᠷᠡᠴᠢᠯᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠭᠦᠨᠵᠡᠭᠡᠶᠢᠷᠡᠭᠦᠯᠬᠦ ᠳᠤ ᠣᠷᠣᠭᠤᠯᠤᠨ᠂ ᠰᠢᠯᠢᠳᠡᠭᠵᠢᠭᠦᠯᠬᠦ ᠡᠯ᠎ᠡ | ᠵᠦᠶ᠋ᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠲᠠᠪᠤ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠰᠣᠨᠢᠨ᠂ ᠷᠠᠳᠢᠣ᠋ | ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ᠂ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ | ᠰᠠᠶᠢᠲᠤᠷ ᠬᠢᠵᠦ᠂ ᠬᠠᠮᠢᠶ᠎ᠠ ᠪᠥᠬᠦᠶ ᠨᠡᠶᠢᠲᠡᠯᠢᠭ ᠠᠷᠭ᠎ᠠ ᠬᠢᠳᠡᠯ ᠪᠠ ᠠᠵᠢᠯ ᠤᠨ ᠦᠷ᠎ᠡ ᠪᠦᠲᠦᠮᠵᠢ ᠶᠢ ᠴᠠᠭ | ᠲᠤᠬᠠᠶ ᠳᠤᠨᠢ ᠤᠬᠠᠭᠤᠯᠤᠨ ᠮᠡᠳᠡᠭᠡᠯᠡᠵᠦ᠂ ᠬᠠᠷᠢᠯᠴᠠᠨ ᠰᠤᠷᠤᠯᠴᠠᠵᠤ ᠲᠣᠯᠢ ᠪᠣᠯᠭᠠᠬᠤ ᠶᠢ ᠠᠬᠢᠭᠤᠯᠤᠨ᠎ᠠ᠃ ᠶᠠᠷᠢᠶ᠎ᠠ | ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠵᠤ᠂ ᠥᠭᠡᠷᠡᠴᠢᠯᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ | | ︽ᠬᠢᠩᠭᠠᠨ ᠠᠶᠢᠮᠠᠭ ︿ᠮᠦᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ﹀ ᠠᠵᠢᠯ ᠢ ᠪᠥᠬᠦ | ᠲᠠᠯ᠎ᠠ ᠪᠠᠷ ᠬᠡᠷᠡᠭᠵᠢᠭᠦᠯᠬᠦ ᠲᠥᠰᠦᠯ︾ | ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ︽ ︿ᠮᠦᠩᠬᠡ ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ﹀ ︿ | ᠮᠦᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ ﹀ ︿ᠮᠦᠩᠬᠡ ᠰᠤᠪᠠᠭ · ᠨᠢᠭᠡ ᠯᠡ ᠣᠳᠠᠭ᠎ᠠ ᠳᠤ | ᠭᠦᠢᠴᠡᠳᠭᠡᠬᠦ ﹀ ︿ᠮᠦᠩᠬᠡ ᠰᠤᠪᠠᠭ · ᠲᠠᠨ ᠤ ᠬᠠᠪᠰᠤᠷᠤᠮᠵᠢ﹀︾ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 8 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠮᠦᠩᠬᠡ ᠰᠤᠪᠠᠭ · | ᠨᠢᠭᠡ ᠰᠦᠯᠵᠢᠶᠡᠨ ᠪᠠᠷ ᠭᠦᠢᠴᠡᠳᠭᠡᠬᠦ ︾ ᠤᠨ ᠬᠡᠷᠡᠭᠵᠢᠭᠦᠯᠬᠦ ᠲᠦᠰᠦᠯ ᠢ ᠲᠤᠭᠳᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠠᠷᠠᠳ ᠲᠦᠮᠡᠨ | ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂᠂ ︽ᠮᠦᠩᠬᠡ | ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠪᠤᠢ ᠪᠣᠯᠭᠠᠬᠤ ᠪᠠᠷ ᠭᠠᠷᠳᠠᠴᠠ | ᠪᠣᠯᠭᠠᠨ᠂ ︿ᠮᠦᠩᠬᠡ ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ﹀ ᠠᠵᠢᠯ ᠢ ᠪᠦᠬᠦ ᠲᠠᠯ᠎ᠠ ᠪᠠᠷ | ᠶᠠᠪᠤᠭᠳᠠᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠳᠠ ᠦᠬᠡᠢ ᠰᠢᠯᠢᠳᠡᠭᠵᠢᠭᠦᠯᠦᠨ᠂ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | ︵ᠬᠤᠶᠠᠷ︶ ᠠᠵᠢᠯ ᠤᠨ ᠬᠠᠷᠠᠯᠲᠠ | ︽ᠨᠢᠭᠡ ᠲᠠᠪᠴᠠᠩ᠂ ᠣᠯᠠᠨ ᠠᠷᠭ᠎ᠠ ᠵᠠᠮ᠂ ᠥᠷᠭᠡᠨ ᠢᠶᠠᠷ ᠬᠠᠮᠤᠷᠬᠤ︾ ᠰᠡᠳᠬᠢᠴᠡ ᠪᠠᠷ᠂ ᠰᠢᠯᠵᠢᠮᠡᠯ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠭᠤᠣᠯ ᠠᠷᠭ᠎ᠠ ᠵᠠᠮ ᠪᠣᠯᠭᠠᠵᠤ᠂ ᠰᠢᠯᠵᠢᠮᠡᠯ | ᠦᠵᠦᠭᠦᠷ ᠤᠨ ᠵᠢᠵᠢᠭ ᠫᠷᠤᠭ᠍ᠷᠠᠮ᠂ ᠨᠡᠶᠢᠲᠡ ᠶᠢᠨ ᠳ᠋ᠤᠭᠠᠷ ᠵᠡᠷᠭᠡ ᠣᠯᠠᠨ ᠠᠷᠭ᠎ᠠ ᠵᠠᠮ ᠢᠶᠠᠷ ᠵᠡᠷᠭᠡᠴᠡᠨ ᠣᠷᠣᠰᠢᠭᠰᠠᠨ | ᠨᠢᠭᠡᠳᠦᠯᠲᠡᠶ ᠵᠢᠷᠤᠮᠵᠢᠭᠤᠯᠤᠭᠰᠠᠨ ︽ᠮᠦᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ︾ ᠦᠢᠯᠡᠴᠢᠯᠡᠭᠡᠨ ᠤ | ᠰᠢᠰᠲ᠋ᠧᠮ᠂ ᠪᠦᠬᠦ ᠠᠶᠢᠮᠠᠭ ᠤᠨ ᠨᠢᠭᠡᠳᠦᠯᠲᠡᠶ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ᠠᠷᠤ ᠦᠵᠦᠭᠦᠷ ᠤᠨ ᠰᠠᠭᠤᠷᠢ ᠲᠤᠯᠭᠠᠭᠤᠷᠢᠯᠠᠯ ᠤᠨ ᠴᠢᠳᠠᠪᠤᠷᠢ ᠶᠢ ᠪᠠᠬᠢᠵᠢᠭᠦᠯᠵᠦ᠂ ᠦᠢᠯᠡᠴᠢᠯᠡᠭᠡᠨ ᠤ | ᠡᠬᠢ ᠪᠠᠶᠠᠯᠢᠭ ᠢ ᠭᠦᠨᠵᠡᠭᠡᠶ ᠡᠮᠬᠢᠯᠡᠨ ᠨᠡᠶᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠰᠢᠯᠵᠢᠮᠡᠯ ᠬᠤᠯᠪᠣᠭᠠᠨ ᠤ ᠦᠵᠦᠭᠦᠷ ᠲᠤ ᠭᠦᠢᠴᠡᠳᠭᠡᠵᠦ ᠪᠣᠯᠬᠤ ᠬᠠᠷᠢᠴᠠᠯ ᠢ ᠠᠯᠬᠤᠮ ᠠᠯᠬᠤᠮ ᠢᠶᠠᠷ | ᠳᠡᠭᠡᠭᠰᠢᠯᠡᠭᠦᠯᠵᠦ᠂ ᠡᠮᠦᠨ᠎ᠡ ᠦᠵᠦᠭᠦᠷ ᠤᠨ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠂ ᠡᠪᠴᠡᠯ ᠢᠶᠠᠷ ᠨᠠᠩ ᠨᠢᠭᠲᠠ ︽ᠡᠮᠦᠨ᠎ᠡ ᠦᠵᠦᠭᠦᠷ᠂ ᠳᠤᠮᠳᠠ ᠦᠵᠦᠭᠦᠷ᠂ ᠠᠷᠤ ᠦᠵᠦᠭᠦᠷ︾ | ᠤᠨ ᠦᠢᠯᠡᠴᠢᠯᠡᠭᠡᠨ ᠤ ᠲᠠᠪᠴᠠᠩ ᠢ ᠪᠣᠶ ᠪᠣᠯᠭᠠᠵᠤ᠂ ︽ᠮᠦᠩᠬᠡ ᠰᠤᠪᠠᠭ︾ ᠰᠢᠯᠵᠢᠮᠡᠯ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠠᠷᠠᠳ ᠣᠯᠠᠨ ᠤ ︽ᠦᠵᠡᠬᠦ ᠳᠤ ᠰᠠᠶᠢᠨ ᠬᠡᠷᠡᠭᠯᠡᠬᠦ ᠳᠤ ᠰᠠᠶᠢᠨ᠂ ᠦᠵᠡᠬᠦ ᠳᠤᠷᠠᠲᠠᠶ | ᠬᠡᠷᠡᠭᠯᠡᠬᠦ ᠳᠤᠷᠠᠲᠠᠶ᠂ ᠦᠷᠭᠦᠯᠵᠢ ᠦᠵᠡᠵᠦ ᠪᠠᠶᠢᠩᠭᠤ ᠬᠡᠷᠡᠭᠯᠡᠬᠦ᠂ ᠵᠠᠪᠠᠯ ᠦᠵᠡᠵᠦ ᠵᠠᠪᠠᠯ ᠬᠡᠷᠡᠭᠯᠡᠬᠦ︾ ᠰᠢᠯᠵᠢᠮᠡᠯ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠣᠯᠭᠠᠨ ᠪᠠᠶᠢᠭᠤᠯᠤᠨ᠎ᠠ᠃ | ︵ᠭᠤᠷᠪᠠ︶ ᠦᠨᠳᠦᠰᠦᠨ ᠵᠠᠷᠴᠢᠮ | 1. ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠷᠡᠭᠯᠡᠭᠴᠢ ᠶᠢᠨ ᠣᠶᠢᠯᠠᠭᠠᠯᠲᠠ ᠶᠢ | ᠳᠡᠭᠡᠭᠰᠢᠯᠡᠭᠦᠯᠦᠨ᠎ᠡ᠃ ᠬᠡᠷᠡᠭᠯᠡᠭᠴᠢ ᠪᠠᠷ ᠲᠥᠪ ᠪᠣᠯᠭᠠᠵᠤ᠂ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ᠂ ᠬᠡᠷᠡᠭᠯᠡᠭᠴᠢ ᠶᠢᠨ ᠬᠡᠷᠡᠭᠯᠡᠬᠦ ᠳᠠᠪᠲᠠᠮᠵᠢ ᠪᠠᠷ ᠥᠨᠳᠥᠷ᠂ ᠬᠡᠷᠡᠭᠴᠡᠭᠡ ᠱᠠᠭᠠᠷᠳᠠᠯᠭ᠎ᠠ ᠪᠠᠷ ᠶᠡᠭᠡ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠤᠷᠠᠮᠳᠤᠭᠤᠯᠤᠨ᠂ ᠬᠡᠷᠡᠭᠯᠡᠭᠴᠢ ᠶᠢᠨ ᠬᠥᠷᠥᠭ ᠵᠢᠷᠤᠬᠤ᠂ | ᠲᠤᠭ᠎ᠠ ᠪᠠᠷᠢᠮᠲᠠ ᠶᠢ ᠬᠤᠷᠠᠮᠳᠤᠭᠤᠯᠬᠤ ᠵᠡᠷᠭᠡ ᠮᠡᠷᠭᠡᠵᠢᠯ ᠢᠶᠠᠷ ᠳᠠᠮᠵᠢᠭᠤᠯᠤᠨ ᠬᠡᠷᠡᠭᠯᠡᠭᠴᠢ ᠶᠢᠨ ᠦᠢᠯᠡ | ᠠᠵᠢᠯᠯᠠᠭ᠎ᠠ ᠶᠢᠨ ᠲᠤᠭ᠎ᠠ ᠪᠠᠷᠢᠮᠲᠠ ᠳᠤ ᠵᠠᠳᠠᠯᠤᠯᠲᠠ ᠬᠢᠵᠦ ᠵᠠᠭᠪᠤᠷ ᠪᠠᠶᠢᠭᠤᠯᠤᠨ᠂ ᠰᠠᠨᠠᠭᠠᠴᠢᠯᠠᠭ᠎ᠠ ᠠᠴᠠ ᠪᠠᠨ | ᠬᠦᠷᠭᠡᠵᠦ᠂ ᠳᠥᠭᠦᠮ ᠳᠥᠲᠡ ᠪᠠᠷ ᠭᠦᠢᠴᠡᠳᠭᠡᠵᠦ᠂ ᠬᠡᠷᠡᠭᠯᠡᠭᠴᠢ ᠶᠢᠨ ᠣᠶᠢᠯᠠᠭᠠᠬᠤ ᠬᠡᠮᠵᠢᠶ᠎ᠡ ᠪᠠ ᠭᠥᠷᠳᠡᠬᠦ | ᠲᠥᠷᠥᠭᠳᠡᠯ ᠢ ᠳᠡᠭᠡᠭᠰᠢᠯᠡᠭᠦᠯᠦᠨ᠎ᠡ᠃ | 2. ᠬᠤᠷᠠᠮᠠᠯ ᠦᠢᠯᠡᠴᠢᠯᠡᠭᠡ ᠶᠢ ᠪᠠᠷᠢᠮᠲᠠᠯᠠᠵᠤ᠂ ᠣᠷᠣᠬᠤ ᠭᠠᠵᠠᠷ ᠢ ᠨᠢᠭᠡᠳᠦᠯᠲᠡᠶ ᠲᠥᠯᠥᠪᠯᠡᠨ ᠨᠢᠭᠡᠳᠬᠡᠨ᠎ᠡ᠃ | ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠶᠢᠬᠤ ᠪᠠᠷ ᠤᠷᠢᠲᠠᠯ ᠪᠣᠯᠭᠠᠵᠤ᠂ ᠠᠷᠤ ᠦᠵᠦᠭᠦᠷ ᠤᠨ ᠰᠠᠭᠤᠷᠢ | ᠲᠤᠯᠭᠠᠭᠤᠷᠢᠯᠠᠬᠤ ᠲᠠᠪᠴᠠᠩ ᠢ ᠨᠢᠭᠡᠳᠦᠯᠲᠡᠶ ᠲᠥᠯᠥᠪᠵᠢᠭᠦᠯᠵᠦ᠂ ᠡᠯ᠎ᠡ ᠰᠠᠯᠠᠭ᠎ᠠ ᠮᠥᠴᠢᠷ ᠤᠨ ᠣᠲᠣ ᠶᠢᠨ ᠪᠠᠶᠢᠭ᠎ᠠ | ᠰᠢᠯᠵᠢᠮᠡᠯ ᠦᠢᠯᠡᠴᠢᠯᠡᠭᠡᠨ ᠤ ᠣᠷᠣᠬᠤ ᠭᠠᠵᠠᠷ ᠢ ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠵᠦ᠂ | ᠦᠢᠯᠡᠴᠢᠯᠡᠭᠡᠨ ᠤ ᠠᠭᠤᠯᠭ᠎ᠠ ᠶᠢ ᠬᠤᠷᠠᠮᠳᠤᠭᠤᠯᠤᠨ᠂ ᠪᠦᠬᠦᠯᠢ ᠴᠣᠭᠴᠠᠲᠤ ᠴᠢᠨᠠᠷ᠂ ᠬᠡᠷᠡᠭᠯᠡᠭᠡᠨ ᠤ ᠴᠢᠨᠠᠷ ᠪᠠ | ᠰᠤᠨᠤᠮᠠᠬᠠᠶ ᠴᠢᠨᠠᠷ ᠢ ᠳᠣᠪᠤᠶᠢᠯᠭᠠᠨ᠎ᠠ᠃ | 3. ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠪᠠᠷᠢᠮᠲᠠᠯᠠᠵᠤ᠂ ᠠᠮᠤᠷ ᠲᠦᠪᠰᠢᠨ ᠢ ᠡᠵᠡᠮᠳᠡᠵᠦ ᠳᠡᠶᠢᠯᠬᠦ ᠶᠢ | ᠦᠨᠡᠨᠬᠦ ᠪᠠᠲᠤᠯᠠᠨ᠎ᠠ᠃ ᠵᠢᠷᠤᠮᠵᠢᠭᠰᠠᠨ ᠬᠠᠮᠢᠶᠠᠷᠤᠯᠲᠠ᠂ ᠡᠮᠬᠢ ᠵᠢᠷᠤᠮ ᠲᠠᠢ ᠬᠠᠮᠢᠶᠠᠷᠤᠯᠲᠠ ᠶᠢ ᠬᠡᠷᠡᠭᠵᠢᠭᠦᠯᠵᠦ᠂ | ᠲᠤᠭ᠎ᠠ ᠪᠠᠷᠢᠮᠲᠠ ᠶᠢᠨ ᠠᠮᠤᠷ ᠲᠦᠪᠰᠢᠨ᠂ ᠬᠡᠷᠡᠭᠯᠡᠭᠡᠨ ᠤ ᠠᠮᠤᠷ ᠲᠦᠪᠰᠢᠨ ᠪᠠ ᠰᠦᠯᠵᠢᠶᠡᠨ ᠤ ᠠᠮᠤᠷ ᠲᠦᠪᠰᠢᠨ ᠤ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠢ | ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠲᠠᠪᠴᠠᠩ ᠤᠨ ᠠᠮᠤᠷ ᠲᠦᠪᠰᠢᠨ᠂ ᠥᠨᠳᠥᠷ ᠪᠦᠲᠦᠮᠵᠢᠲᠡᠢ᠂ ᠨᠠᠶᠢᠳᠠᠪᠤᠷᠢᠲᠠᠢ ᠠᠵᠢᠯᠯᠠᠭᠠᠨ ᠢ ᠪᠠᠲᠤᠯᠠᠵᠤ᠂ | ᠦᠢᠯᠡᠴᠢᠯᠡᠭᠡᠨ ᠤ ᠰᠢᠯᠵᠢᠭᠦᠯᠦᠨ ᠬᠡᠷᠡᠭᠯᠡᠬᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠬᠡᠷᠡᠭᠯᠡᠭᠡᠨ ᠤ | ᠬᠠᠮᠵᠢᠯᠴᠠᠭ᠎ᠠ ᠶᠢ ᠪᠦᠬᠦ ᠲᠠᠯ᠎ᠠ ᠪᠠᠷ ᠲᠤᠯᠭᠠᠭᠤᠷᠢᠯᠠᠵᠤ᠂ ᠬᠥᠭᠵᠢᠯᠲᠡ ᠶᠢᠨ ᠰᠢᠨ᠎ᠡ ᠶᠢ ᠡᠭᠦᠳᠬᠦ ᠪᠠ ᠠᠮᠤᠷ | ᠲᠦᠪᠰᠢᠨ ᠤ ᠪᠠᠲᠤᠯᠠᠭ᠎ᠠ ᠶᠢᠨ ᠬᠠᠷᠢᠴᠠᠭ᠎ᠠ ᠶᠢ ᠵᠣᠬᠢᠰᠲᠠᠢ ᠰᠢᠢᠳᠪᠦᠷᠢᠯᠡᠨ᠎ᠡ᠃ | 4. ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠣᠷᠣᠯᠴᠠᠬᠤ ᠶᠢ | ᠵᠣᠷᠢᠭᠵᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠬᠦ ᠪᠠᠷ | ᠳᠠᠮᠵᠢᠭᠤᠯᠤᠨ᠂ ᠮᠡᠷᠭᠡᠵᠢᠯ᠂ ᠡᠵᠡᠩᠨᠡᠯᠲᠡ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠷ ᠲᠡᠷᠢᠭᠦᠨ ᠤ ᠰᠢᠯᠢᠳᠡᠭ | ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ | ᠲᠥᠷᠥᠯ ᠵᠦᠢᠯᠢ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠪᠠ ᠲᠦᠷᠭᠡᠨ ᠳᠠᠪᠲᠠᠯᠲᠠ ᠪᠠᠷ ᠣᠷᠣᠯᠠᠭᠤᠯᠬᠤ ᠳᠤ | ᠲᠤᠯᠭᠠᠭᠤᠷᠢᠯᠠᠯ ᠬᠠᠩᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠪᠥᠬᠦ ᠣᠷᠣᠨ ᠤ ᠨᠢᠭᠡᠳᠦᠯᠲᠡᠶ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ | ᠪᠥᠲᠥᠭᠡᠨ ᠪᠠᠶᠢᠭᠤᠯᠤᠨ᠎ᠠ | 1. ᠡᠯᠧᠺᠲᠷᠣᠨ ᠭᠡᠷᠡᠴᠢ ᠦᠨᠡᠮᠯᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ᠂ | ᠠᠶᠠᠯᠠᠨ ᠶᠠᠪᠤᠬᠤ ᠦᠨᠡᠮᠯᠡᠯ᠂ ᠣᠷᠤᠭ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠵᠡᠷᠭᠡ ᠪᠠᠶᠢᠩᠭᠤ ᠬᠡᠷᠡᠭᠯᠡᠭᠳᠡᠬᠦ | ᠡᠯᠧᠺᠲᠷᠣᠨ ᠦᠨᠡᠮᠯᠡᠯ ᠢ ︽ᠮᠦᠩᠬᠡ ᠰᠤᠪᠠᠭ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠬᠡᠷᠡᠭᠯᠡᠭᠴᠢ ᠶᠢᠨ ᠬᠡᠶᠢᠰᠪᠦᠷᠢ ᠺᠠᠷᠲ ᠤᠨ ᠪᠣᠭᠴᠣᠨ ᠳᠤ ᠬᠦᠷᠭᠡᠵᠦ᠂ ᠬᠡᠷᠡᠭᠯᠡᠭᠴᠢᠳ ︽ ᠮᠦᠩᠬᠡ | ᠰᠤᠪᠠᠭ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠰᠢᠭᠯᠠᠨ ᠥᠪᠡᠷᠲᠡᠭᠡᠨ ᠵᠠᠰᠠᠬᠤ | ᠣᠷᠣᠨ ᠤ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠯᠪᠠᠨ ᠲᠠᠪᠴᠡᠩ ᠪᠠ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠦᠨᠡᠮᠯᠡᠯ ᠢᠶᠠᠨ ᠢᠯᠡ ᠪᠣᠯᠭᠠᠬᠤ᠂ ᠺᠣᠳ᠋ ᠰᠢᠷᠪᠢᠬᠦ | ᠵᠡᠷᠭᠡ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠢᠶᠠᠨ ᠭᠦᠢᠴᠡᠳᠭᠡᠵᠦ ᠪᠣᠯᠤᠨ᠎ᠠ᠃ | ︵ᠬᠤᠶᠠᠷ︶ ᠦᠢᠯᠡᠴᠢᠯᠡᠭᠡᠨ ᠤ ᠡᠬᠢ ᠪᠠᠶᠠᠯᠢᠭ ᠢ ᠪᠦᠬᠦ ᠲᠠᠯ᠎ᠠ ᠪᠠᠷ ᠡᠮᠬᠢᠯᠡᠨ ᠨᠡᠶᠢᠯᠡᠭᠦᠯᠦᠨ᠎ᠡ | 2. ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ ᠃ ᠠᠵᠤ ᠠᠬᠤᠶᠢᠯᠠᠯ᠂ ᠣᠯᠠᠨ ᠲᠦᠮᠡᠨ ᠳᠤ | ᠬᠠᠨᠳᠤᠭᠤᠯᠤᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ | ᠵᠢᠴᠢ ᠬᠤᠯᠪᠣᠭᠳᠠᠯ ᠪᠥᠬᠦᠶ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠠᠵᠢᠯᠯᠠᠭᠠᠨ ᠤ ᠪᠠᠶᠢᠳᠠᠯ ᠢ ᠪᠥᠬᠦ | ᠲᠠᠯ᠎ᠠ ᠪᠠᠷ ᠡᠮᠬᠢᠯᠡᠵᠦ᠂ ᠡᠯ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ᠤᠨ ᠬᠡᠷᠡᠭᠯᠡᠯᠲᠡ᠂ | ᠸᠢᠴᠠᠲ ᠤᠨ ᠨᠡᠶᠢᠲᠡ ᠶᠢᠨ ᠳ᠋ᠤᠭᠠᠷ ᠪᠠ ᠵᠢᠵᠢᠭ ᠫᠷᠤᠭ᠍ᠷᠠᠮ ᠢ ᠭᠤᠤᠯᠳᠠᠯᠭ᠎ᠠ ᠲᠠᠢ ᠡᠮᠬᠢᠯᠡᠵᠦ᠂ ᠵᠠᠮ ᠬᠠᠷᠢᠯᠴᠠᠭ᠎ᠠ᠂ | ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮᠴᠢᠯᠡᠭᠡ᠂ ᠰᠤᠷᠭᠠᠨ | ᠬᠥᠮᠦᠵᠢᠯ ᠤᠨ ᠬᠢᠨᠠᠯᠲᠠ᠂ ᠤᠰᠤ ᠴᠠᠬᠢᠯᠭᠠᠨ ᠬᠡᠶ᠂ ᠨᠡᠶᠢᠭᠡᠮ ᠤᠨ ᠵᠠᠰᠠᠯᠲᠠ ᠵᠡᠷᠭᠡ ᠭᠤᠤᠯᠳᠠᠯᠭ᠎ᠠ ᠲᠠᠢ | ᠬᠦᠷᠢᠶᠡᠨ ᠳᠠᠬᠢ ᠥᠨᠳᠥᠷ ᠲᠠᠪᠳᠠᠮᠵᠢᠳᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠤᠨ ︽ | ᠬᠤᠷᠤᠭᠤᠨ ᠦᠵᠦᠭᠦᠷ ᠲᠤ ᠭᠦᠢᠴᠡᠳᠭᠡᠬᠦ︾ ᠢ ᠳᠥᠯᠭᠢᠨ ᠠᠬᠢᠭᠤᠯᠤᠨ᠎ᠠ ᠃ | 3. ᠣᠯᠠᠨ ᠨᠡᠶᠢᠲᠡ ᠶᠢᠨ ᠦᠢᠯᠡᠴᠢᠯᠡᠭᠡᠨ ᠤ ᠴᠤᠭᠯᠠᠷᠠᠯ ᠢ ᠠᠬᠢᠭᠤᠯᠤᠨ᠎ᠠ᠃ᠵᠠᠮ ᠬᠠᠷᠢᠯᠴᠠᠭ᠎ᠠ᠂ ᠵᠢᠭᠤᠯᠴᠢᠯᠠᠯ᠂ | ᠰᠤᠷᠭᠠᠨ ᠬᠥᠮᠦᠵᠢᠯ ᠡᠮᠴᠢᠯᠡᠭᠡ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠠᠵᠢᠯ | ᠡᠷᠢᠵᠦ ᠠᠵᠢᠯ ᠣᠯᠭᠤᠬᠤ᠂ ᠬᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠥᠷᠲᠡᠭ ᠨᠡᠮᠡᠭᠳᠡᠯ ᠤᠨ ᠲᠥᠷᠥᠯ ᠤᠨ | ᠨᠡᠶᠢᠭᠡᠮ ᠤᠨ ᠦᠢᠯᠡᠴᠢᠯᠡᠭᠡᠨ ᠤ ᠭᠤᠤᠯ ᠰᠡᠳᠦᠪ ᠤᠨ ᠲᠣᠭᠤᠷᠢᠨ ᠳᠤ᠂ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢ | ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠵᠠᠯᠭᠠᠨ | ᠣᠷᠣᠭᠤᠯᠬᠤ ᠶᠢᠨ ᠬᠠᠮᠲᠤ ᠲᠤᠭ᠎ᠠ ᠪᠠᠷᠢᠮᠲᠠ ᠶᠢ ᠬᠥᠳᠡᠯᠦᠩᠭᠦᠶ ᠪᠠᠷ ᠰᠢᠨᠡᠳᠬᠡᠬᠦ ᠶᠢ ᠪᠡᠶᠡᠯᠡᠭᠦᠯᠵᠦ᠂ ᠣᠯᠠᠨ | ᠲᠦᠮᠡᠨ ᠳᠤ ᠶᠡᠷᠦᠩᠬᠡᠶᠢᠯᠡᠨ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠠᠵᠢᠯ ᠶᠠᠪᠤᠳᠠᠯ | ᠭᠦᠢᠴᠡᠳᠭᠡᠬᠦ᠂ ᠠᠰᠠᠭᠤᠳᠠᠯ ᠢ ᠬᠠᠷᠢᠭᠤ ᠲᠤᠰᠬᠠᠬᠤ᠂ ᠨᠡᠶᠢᠲᠡ ᠶᠢᠨ ᠠᠰᠠᠷᠠᠮᠵᠢ ᠪᠠᠷ ᠬᠠᠪᠰᠤᠷᠤᠨ ᠲᠡᠳᠬᠦᠬᠦ ᠵᠡᠷᠭᠡ | ᠦᠢᠯᠡᠴᠢᠯᠡᠭᠡ ᠶᠢ ᠬᠠᠩᠭᠠᠨ᠎ᠠ᠃ | ︵ᠭᠤᠷᠪᠠ︶ ᠤᠷᠢᠳᠠᠪᠠᠷ ᠲᠤᠷᠰᠢᠯᠲᠠ ᠬᠢᠬᠦ ᠶᠢ ᠲᠥᠯᠬᠢᠨ ᠠᠬᠢᠭᠤᠯᠤᠨ᠎ᠠ | 4. ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢ ᠲᠤᠷᠰᠢᠯᠲᠠ ᠶᠢᠨ ᠴᠡᠭ | ᠪᠣᠯᠭᠠᠵᠤ᠂ ᠤᠨᠴᠠᠯᠢᠬᠳᠤ ᠬᠤᠪᠢᠶᠠᠷᠢ ᠡᠭᠦᠳᠡ ᠡᠷᠦᠬᠡ ᠶᠢᠨ ᠪᠠᠶᠢᠭᠤᠯᠤᠯᠲᠠ ᠵᠢᠴᠢ ᠡᠯ᠎ᠡ ᠲᠥᠷᠥᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡᠨ ᠤ ᠵᠠᠯᠭᠠᠨ ᠣᠷᠣᠭᠤᠯᠬᠤ ᠲᠤᠷᠰᠢᠯᠲᠠ ᠶᠢᠨ ᠴᠡᠭ ᠤᠨ ᠰᠠᠯᠠᠭ᠎ᠠ | ᠮᠥᠴᠢᠷ ᠤᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠲᠤᠷᠰᠢᠯᠭ᠎ᠠ ᠶᠢ ᠠᠯᠬᠤᠮ ᠠᠯᠬᠤᠮ ᠢᠶᠠᠷ | ᠳᠡᠯᠭᠡᠷᠡᠭᠦᠯᠵᠦ᠂ ᠡᠯ᠎ᠡ ᠰᠠᠯᠠᠭ᠎ᠠ ᠮᠥᠴᠢᠷ ᠤᠨ ᠤᠨᠴᠠᠯᠢᠬᠳᠤ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ | ᠵᠣᠷᠢᠭᠵᠢᠭᠤᠯᠤᠨ᠂ ᠡᠯ᠎ᠡ ᠰᠠᠯᠠᠭ᠎ᠠ ᠮᠥᠴᠢᠷ ᠤᠨ ᠪᠠᠷᠢᠮᠵᠢᠶ᠎ᠠ ᠶᠢᠨ ᠵᠢᠷᠤᠮᠵᠢᠯ ᠶᠣᠰᠣᠭᠠᠷ ᠤᠨᠴᠠᠯᠢᠬᠳᠤ ᠰᠠᠯᠪᠤᠷᠢ | ᠡᠭᠦᠳᠡ ᠡᠷᠦᠬᠡ ᠶᠢ ᠪᠥᠲᠥᠭᠡᠨ ᠪᠠᠶᠢᠭᠤᠯᠵᠤ᠂ ᠥᠪᠡᠷ ᠢᠶᠠᠨ ᠡᠵᠡᠩᠨᠡᠵᠦ ᠨᠡᠭᠡᠭᠡᠨ ᠬᠥᠭᠵᠢᠭᠦᠯᠬᠦ ᠶᠢ ᠳᠡᠮᠵᠢᠨ᠎ᠡ᠃ ︵ | ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ | ᠬᠤᠪᠢᠶᠠᠷᠢᠯᠠᠨ ᠬᠠᠷᠢᠭᠤᠴᠠᠵᠤ᠂ 2022 ᠣᠨ ᠤ ᠵᠢᠯ ᠤᠨ ᠡᠴᠦᠰ ᠲᠤ ᠪᠡᠶᠡᠯᠡᠭᠦᠯᠦᠨ᠎ᠡ︶ | 5. ᠤᠬᠠᠭᠤᠯᠤᠨ ᠳᠡᠯᠭᠡᠷᠡᠭᠦᠯᠬᠦ ᠶᠢ ᠢᠳᠡᠪᠬᠢᠲᠡᠶ ᠥᠷᠨᠢᠭᠦᠯᠦᠨ᠎ᠡ᠃ ᠵᠠᠰᠠᠭ ᠤᠨ ᠶᠠᠪᠤᠳᠠᠯ ᠬᠢᠭᠡᠳ ᠨᠡᠶᠢᠭᠡᠮ ᠤᠨ ᠡᠬᠢ | ᠪᠠᠶᠠᠯᠢᠭ ᠢ ᠠᠰᠢᠭᠯᠠᠵᠤ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠤᠨ ᠪᠦᠬᠦ ᠲᠠᠯ᠎ᠠ ᠶᠢᠨ | ᠤᠬᠠᠭᠤᠯᠭ᠎ᠠ ᠶᠢᠨ ᠠᠷᠭ᠎ᠠ ᠵᠠᠮ ᠢ ᠨᠡᠪᠲᠡᠷᠡᠭᠦᠯᠵᠦ᠂ ︽ ᠮᠦᠩᠬᠡ ᠰᠤᠪᠠᠭ︾ ᠣᠷᠣᠨ ᠨᠤᠲᠤᠭ ᠤᠨ | ᠵᠠᠭᠤᠴᠢᠯᠠᠭᠤᠷ ᠤᠨ ᠳᠡᠯᠭᠡᠷᠡᠭᠦᠯᠬᠦ ᠲᠣᠤᠷ ᠰᠦᠯᠵᠢᠶ᠎ᠡ ᠶᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠬᠠᠷᠢᠯᠴᠠᠨ ᠤᠶᠠᠯᠳᠤᠭᠤᠯᠬᠤ᠂ ᠵᠥᠭᠡᠯᠡᠨ ᠬᠠᠲᠠᠭᠤ ᠵᠠᠷ ᠮᠡᠳᠡᠭᠡ ᠪᠠᠷ ᠬᠠᠷᠢᠯᠴᠠᠨ ᠬᠠᠪᠰᠤᠷᠤᠮᠵᠢ | ᠪᠣᠯᠭᠠᠬᠤ ᠵᠠᠭᠪᠤᠷ ᠢᠶᠠᠷ ᠳᠠᠮᠵᠢᠭᠤᠯᠤᠨ᠂ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠪᠠᠷ ᠭᠠᠷᠳᠠᠴᠠ ᠪᠣᠯᠭᠠᠵᠤ᠂ | ︽ᠮᠦᠩᠬᠡ ᠰᠤᠪᠠᠭ︾ ᠤᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠰᠢᠨ᠎ᠡ ᠬᠡᠷᠡᠭᠯᠡᠭᠴᠢ ᠶᠢᠨ | ᠬᠡᠮᠵᠢᠶ᠎ᠡ ᠶᠢᠨ ᠨᠡᠮᠡᠭᠳᠡᠯ ᠢ ᠳᠠᠶᠢᠴᠢᠯᠠᠨ᠂ ︽ᠮᠦᠩᠬᠡ ᠰᠤᠪᠠᠭ︾ ᠤᠨ ᠨᠡᠭᠦᠳᠡᠯ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠵᠦ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠬᠤ ᠶᠢᠨ ᠬᠠᠮᠲᠤ | ᠵᠣᠷᠢᠭᠵᠢᠭᠤᠯᠵᠤ ᠪᠠᠶᠢᠭᠠᠳ ︽ ᠮᠦᠩᠬᠡ ᠰᠤᠪᠠᠭ︾ ᠤᠨ ᠨᠡᠭᠦᠳᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠬᠡᠷᠡᠭᠯᠡᠨ ᠠᠵᠢᠯ ᠶᠠᠪᠤᠳᠠᠯ ᠭᠦᠢᠴᠡᠳᠭᠡᠨ᠎ᠡ᠃ ︵ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ | ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠢᠴᠢ ᠠᠶᠢᠮᠠᠭ | ᠤᠨ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠷᠢᠭᠤᠴᠠᠨ᠎ᠠ︶ | ︵ᠲᠥᠷᠪᠡ︶ ︽ᠠᠯᠠᠭᠠᠨ ᠳᠡᠭᠡᠷ᠎ᠡ ᠭᠦᠢᠴᠡᠳᠭᠡᠬᠦ︾ ᠵᠢᠷᠤᠮᠵᠢᠭᠰᠠᠨ ᠬᠠᠮᠢᠶᠠᠷᠤᠯᠲᠠ ᠶᠢ ᠵᠢᠷᠤᠮᠵᠢᠭᠤᠯᠤᠨ᠎ᠠ | 6. ᠠᠵᠢᠯᠯᠠᠭᠠᠨ ᠤ ᠬᠠᠮᠢᠶᠠᠷᠤᠯᠲᠠ ᠶᠢ ᠨᠢᠭᠡᠳᠭᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ | ᠶᠣᠰᠣᠭᠠᠷ ︽ᠠᠯᠠᠭᠠᠨ ᠳᠡᠭᠡᠷ᠎ᠡ ᠭᠦᠢᠴᠡᠳᠭᠡᠬᠦ︾ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ | ᠲᠥᠯᠥᠪᠵᠢᠭᠦᠯᠵᠦ᠂ ᠠᠵᠢᠯᠯᠠᠭᠠᠨ ᠤ ᠬᠠᠮᠢᠶᠠᠷᠤᠯᠳᠠ ᠪᠠ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ | ᠪᠦᠷᠢᠨᠰᠢᠬᠦᠯᠦᠨ ᠵᠢᠷᠤᠮᠵᠢᠭᠤᠯᠵᠤ᠂ ︽ᠮᠦᠩᠬᠡ ᠰᠤᠪᠠᠭ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠵᠢᠴᠢ ᠪᠤᠰᠤᠳ ᠰᠢᠯᠵᠢᠮᠡᠯ ᠦᠢᠯᠡᠴᠢᠯᠡᠭᠡᠨ ᠤ ᠠᠷᠭ᠎ᠠ ᠵᠠᠮ ᠤᠨ ᠡᠯ᠎ᠡ ᠵᠦᠢᠯ ᠤᠨ ᠬᠡᠷᠡᠭᠯᠡᠭᠡᠨ ᠤ | ᠦᠢᠯᠡᠴᠢᠯᠡᠭᠡᠨ ᠤ ᠪᠠᠭᠲᠠᠭᠠᠮᠵᠢᠲᠤ ᠴᠢᠨᠠᠷ᠂ ᠴᠢᠳᠠᠮᠵᠢ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠨᠢᠭᠡᠳᠦᠯᠲᠡᠶ ᠬᠠᠮᠢᠶᠠᠷᠬᠤ᠂ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠬᠤ | ᠠᠵᠢᠯᠯᠠᠭᠤᠯᠵᠤ ᠪᠠᠲᠤᠯᠠᠬᠤ ᠰᠢᠰᠲ᠋ᠧᠮᠵᠢ ᠶᠢ ᠪᠦᠷᠢᠯᠳᠦᠭᠦᠯᠦᠨ᠎ᠡ᠃ ︽ᠲᠤᠷᠰᠢᠨ ᠬᠡᠷᠡᠭᠯᠡᠬᠦ ᠠᠵᠢᠯᠲᠠᠨ︾ ᠤ ︽ᠦ | ᠡᠷᠢᠬᠦ︾ ᠲᠣᠭᠲᠠᠴᠠ ᠵᠢᠴᠢ ᠬᠡᠷᠡᠭᠯᠡᠭᠴᠢ ᠶᠢᠨ ᠪᠡᠶᠡᠴᠢᠯᠡᠨ ᠣᠶᠢᠯᠠᠭᠠᠭᠰᠠᠨ ᠪᠠᠶᠢᠳᠠᠯ ᠢ ᠮᠡᠳᠡᠭᠡᠯᠡᠬᠦ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ︽ᠮᠦᠩᠬᠡ ᠰᠤᠪᠠᠭ︾ ᠤᠨ ᠴᠢᠳᠠᠮᠵᠢ ᠶᠢᠨ ᠲᠣᠬᠢᠷᠠᠭᠤᠯᠤᠯᠲᠠ ᠪᠠ ᠬᠡᠷᠡᠭᠯᠡᠭᠴᠢ ᠶᠢᠨ | ᠪᠡᠶᠡᠴᠢᠯᠡᠨ ᠣᠶᠢᠯᠠᠭᠠᠬᠤ ᠶᠢ ᠳᠡᠭᠡᠭᠰᠢᠯᠡᠭᠦᠯᠦᠨ᠎ᠡ᠃ | 7.ᠠᠮᠤᠷ ᠲᠦᠪᠰᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ | ᠵᠠᠩᠭᠢᠯᠠᠭ᠎ᠠ ᠶᠢᠨ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠰᠢᠯᠵᠢᠮᠡᠯ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠮᠤᠷ ᠲᠦᠪᠰᠢᠨ ᠤ ᠪᠠᠲᠤᠯᠠᠭ᠎ᠠ ᠪᠠ ᠠᠵᠢᠯᠯᠠᠭᠠᠨ ᠤ | ᠲᠤᠭ᠎ᠠ ᠪᠠᠷᠢᠮᠲᠠ ᠶᠢ ᠵᠠᠳᠠᠷᠠᠭᠤᠯᠬᠤ ᠥᠬᠡᠶ᠂ ᠠᠯᠪᠠ ᠲᠠᠪᠴᠡᠩ ᠢ ᠥᠭᠡᠷᠡᠲᠦᠭᠦᠯᠬᠦ ᠥᠬᠡᠶ᠂ ᠦᠢᠯᠡᠴᠢᠯᠡᠭᠡ ᠶᠢ | ᠲᠠᠰᠤᠯᠳᠠᠭᠤᠯᠬᠤ ᠥᠬᠡᠶ ᠪᠠᠶᠢᠬᠤ ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠤ ᠬᠠᠮᠢᠶᠠᠷᠤᠯᠲᠠ ᠪᠠ ᠨᠢᠭᠤᠴᠠ ᠶᠢ | ᠬᠠᠮᠠᠭᠠᠯᠠᠬᠤ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠠᠮᠤᠷ ᠲᠦᠪᠰᠢᠨ ᠤ ᠲᠥᠯᠥᠪᠵᠢᠭᠦᠯᠭᠡ | ᠂ ᠠᠮᠤᠷ ᠲᠦᠪᠰᠢᠨ ᠤ ᠰᠠᠨᠠᠭᠤᠯᠭ᠎ᠠ᠂ ᠠᠮᠤᠷ ᠲᠦᠪᠰᠢᠨ ᠤ ᠰᠢᠯᠭᠠᠨ ᠲᠣᠭᠲᠠᠭᠠᠯᠲᠠ᠂ ᠡ᠊ᠡᠳᠡᠯ ᠠᠴᠠ ᠰᠡᠷᠭᠡᠶᠢᠯᠡᠵᠦ | ᠨᠦᠬᠡᠴᠡᠯᠡᠨ ᠬᠠᠳᠠᠭᠠᠯᠠᠬᠤ ᠵᠡᠷᠭᠡ ᠪᠠᠲᠤᠯᠠᠭ᠎ᠠ ᠶᠢ ᠴᠢᠩᠭᠠᠳᠬᠠᠨ᠎ᠠ᠃ ᠲᠦᠭᠰᠢᠭᠦᠷᠢ ᠶᠢ ᠦᠨᠡᠯᠡᠨ ᠵᠢᠱᠢᠬᠦ ᠪᠠ | ᠳᠠᠷᠤᠯᠲᠠ ᠶᠢᠨ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠰᠠᠭᠤᠳᠠᠯ ᠢ ᠴᠠᠭ ᠲᠤᠬᠠᠶ ᠳᠤᠨᠢ | ᠨᠡᠪᠲᠡᠷᠡᠭᠦᠯᠦᠨ᠂ ᠴᠡᠭᠴᠡᠯᠡᠨ ᠰᠠᠶᠢᠵᠢᠷᠠᠭᠤᠯᠵᠤ᠂ ᠲᠠᠪᠴᠠᠩ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ | ᠦᠨᠡᠨᠬᠦ ᠪᠠᠲᠤᠯᠠᠨ᠎ᠠ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ᠂ ᠡᠯ᠎ᠡ | ᠰᠠᠯᠠᠭ᠎ᠠ ᠮᠥᠴᠢᠷ ᠤᠳ ︽ ᠮᠦᠩᠭᠡ ᠰᠤᠪᠠᠭ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠤᠯᠵᠤ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠭᠦᠨᠵᠡᠭᠡᠶ ᠣᠷᠣᠯᠴᠠᠵᠤ᠂ ︽ ᠮᠦᠩᠬᠡ ᠰᠤᠪᠠᠭ︾ ᠤᠨ | ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ | ᠠᠵᠢᠯᠯᠠᠭᠤᠯᠵᠤ ᠪᠠᠲᠤᠯᠠᠬᠤ ᠠᠵᠢᠯ ᠢ ᠬᠠᠮᠵᠢᠯᠴᠠᠨ ᠠᠬᠢᠭᠤᠯᠬᠤ ᠶᠢ ᠪᠠᠲᠤᠯᠠᠬᠤ ᠬᠡᠷᠡᠭᠲᠡᠶ᠃ | ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ | ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠣᠰ ᠪᠡᠶ᠎ᠡ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠲᠠᠢ ᠪᠠᠨ ᠤᠶᠠᠯᠳᠤᠭᠤᠯᠤᠨ᠂ ᠥᠨᠳᠥᠷ ᠳᠠᠪᠲᠠᠮᠵᠢ ᠶᠢᠨ | ᠬᠡᠷᠡᠭᠯᠡᠯᠲᠡ ᠶᠢ ︽ᠮᠦᠩᠬᠡ ᠰᠤᠪᠠᠭ︾ ᠤᠨ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠵᠠᠯᠭᠠᠨ ᠣᠷᠣᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠲᠠᠰ ᠳᠡᠪᠰᠢᠭᠦᠯᠦᠨ ᠥᠭᠡᠷᠡᠴᠢᠯᠡᠬᠦ ᠳᠤ ᠬᠡᠷᠡᠭᠰᠡᠬᠦ ᠵᠠᠷᠤᠳᠠᠯ | ᠵᠢᠴᠢ ᠰᠠᠯᠪᠤᠷᠢ ᠡᠭᠦᠳᠡ ᠡᠷᠦᠬᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠵᠠᠷᠤᠳᠠᠯ ᠢ | ᠲᠣᠰ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠪᠠᠲᠤᠯᠠᠨ ᠨᠠᠶᠢᠳᠠᠪᠤᠷᠢᠵᠢᠭᠤᠯᠤᠨ᠎ᠠ᠃ | ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃︿︽ᠮᠦᠩᠬᠡ ᠰᠤᠪᠠᠭ · ︿ᠠᠯᠠᠭᠠᠨ | ᠲᠡᠭᠡᠷ᠎ᠡ ᠭᠦᠢᠴᠡᠳᠭᠡᠬᠦ﹀ ︾ ᠠᠵᠢᠯ ᠢ ᠣᠨ ᠤ ᠠᠶᠢᠮᠠᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ︽ ᠲᠠᠯᠪᠢᠬᠤ | ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠭᠦᠨᠵᠡᠭᠡᠶᠢᠷᠡᠭᠦᠯᠬᠦ ᠳᠤ ᠣᠷᠣᠭᠤᠯᠵᠤ᠂ ᠬᠠᠷᠠᠯᠲᠠ ᠪᠠᠷ ᠤᠳᠤᠷᠢᠳᠤᠮᠵᠢ | ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠂ ᠭᠤᠤᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠳᠣᠪᠤᠶᠢᠯᠭᠠᠵᠤ᠂ ᠰᠢᠮᠳᠠᠭᠤᠯᠤᠨ | ᠪᠠᠶᠢᠴᠠᠭᠠᠬᠤ ᠶᠢ ᠴᠢᠩᠭᠠᠳᠬᠠᠨ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠳᠠᠯᠠᠨ᠎ᠠ᠃ | ︽ᠬᠢᠩᠭᠠᠨ ᠠᠶᠢᠮᠠᠭ ︿ᠮᠦᠩᠬᠡ ᠰᠤᠪᠠᠭ · ᠨᠢᠭᠡ ᠯᠡ ᠣᠳᠠᠭ᠎ᠠ ᠳᠤ ᠭᠦᠢᠴᠡᠳᠭᠡᠬᠦ ﹀ ᠠᠵᠢᠯ ᠢ ᠪᠦᠬᠦ | ᠲᠠᠯ᠎ᠠ ᠪᠠᠷ ᠬᠡᠷᠡᠭᠵᠢᠭᠦᠯᠬᠦ ᠲᠥᠰᠦᠯ︾ | ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ︽ ︿ᠮᠦᠩᠬᠡ ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ﹀ ︿ | ᠮᠦᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ ﹀ ︿ᠮᠦᠩᠬᠡ ᠰᠤᠪᠠᠭ · ᠨᠢᠭᠡ ᠯᠡ ᠣᠳᠠᠭ᠎ᠠ ᠳᠤ | ᠭᠦᠢᠴᠡᠳᠭᠡᠬᠦ ﹀ ︿ᠮᠦᠩᠬᠡ ᠰᠤᠪᠠᠭ · ᠲᠠᠨ ᠤ ᠬᠠᠪᠰᠤᠷᠤᠮᠵᠢ﹀︾ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 8 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠮᠦᠩᠬᠡ ᠰᠤᠪᠠᠭ · | ᠨᠢᠭᠡ ᠰᠦᠯᠵᠢᠶᠡᠨ ᠪᠠᠷ ᠭᠦᠢᠴᠡᠳᠭᠡᠬᠦ ︾ ᠤᠨ ᠬᠡᠷᠡᠭᠵᠢᠭᠦᠯᠬᠦ ᠲᠦᠰᠦᠯ ᠢ ᠲᠤᠭᠳᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ | ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠠᠷᠠᠳ ᠲᠦᠮᠡᠨ ᠢᠶᠠᠷ ᠭᠤᠣᠯ | ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂᠂ ︽ᠮᠦᠩᠬᠡ ᠰᠤᠪᠠᠭ︾ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠪᠤᠢ ᠪᠣᠯᠭᠠᠬᠤ ᠪᠠᠷ ᠭᠠᠷᠳᠠᠴᠠ ᠪᠣᠯᠭᠠᠨ᠂ ︿ᠮᠦᠩᠬᠡ | ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ﹀ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠲᠠᠰᠤᠷᠠᠯᠳᠠ ᠦᠬᠡᠢ ᠰᠢᠯᠢᠳᠡᠭᠵᠢᠭᠦᠯᠦᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ | ᠳᠤ ᠬᠦᠴᠦᠨ ᠨᠡᠮᠡᠷᠢᠯᠡᠨ᠎ᠡ᠃ | ︵ᠬᠤᠶᠠᠷ︶ ᠭᠤᠤᠯ ᠬᠠᠷᠠᠯᠲᠠ᠃ | ᠥᠨᠳᠥᠷ ᠲᠠᠪᠳᠠᠮᠵᠢᠳᠤ ᠬᠡᠷᠡᠭ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠬᠢᠯᠡᠨ ᠨᠡᠶᠢᠯᠡᠭᠦᠯᠬᠦ᠂ | ᠠᠯᠬᠤᠮ ᠳᠠᠷᠠᠭ᠎ᠠ ᠶᠢ ᠳᠠᠬᠢᠨ ᠵᠣᠬᠢᠶᠠᠬᠤ ᠪᠠᠷ ᠳᠡᠮᠵᠢᠨ᠂ ᠠᠵᠤ ᠠᠬᠤᠶᠢᠯᠠᠯ ᠣᠯᠠᠨ ᠲᠦᠮᠡᠨ ᠤ ᠣᠯᠠᠨ ᠰᠠᠯᠠᠭ᠎ᠠ | ᠮᠥᠴᠢᠷ ᠲᠤ ᠣᠴᠢᠵᠤ ᠭᠦᠢᠴᠡᠳᠭᠡᠬᠦ ᠴᠢᠬᠤᠯᠠᠲᠠᠶ ᠪᠤᠶᠤ ᠣᠯᠠᠨ ᠵᠦᠢᠯ ᠤᠨ ᠬᠠᠮᠢᠶ᠎ᠠ ᠪᠥᠬᠦᠶ ︽ᠶᠠᠪᠤᠳᠠᠯ︾ ᠢ | ᠠᠵᠤ ᠠᠬᠤᠶᠢᠯᠠᠯ ᠤᠨ ᠣᠯᠠᠨ ᠲᠦᠮᠡᠨ ᠤ ᠨᠢᠳᠦᠨ ᠡᠮᠦᠨ᠎ᠡ ᠪᠤᠶᠤ ᠴᠤᠩᠬᠤᠪᠴᠢ ᠪᠠᠷ ᠨᠢᠭᠡᠳᠦᠯᠲᠡᠶ ᠭᠦᠢᠴᠡᠳᠭᠡᠬᠦ ︽ | ᠨᠢᠭᠡ ᠶᠠᠪᠤᠳᠠᠯ︾ ᠪᠣᠯᠭᠠᠨ ᠬᠤᠪᠢᠷᠠᠭᠤᠯᠤᠨ᠎ᠠ᠃ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠤᠳᠠᠭ᠎ᠠ ᠳᠤ ᠭᠥᠯᠢᠶᠡᠨ | ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠬᠠᠮᠲᠤᠷᠠᠨ ᠭᠦᠢᠴᠡᠳᠭᠡᠬᠦ᠂ ᠨᠢᠭᠡ ᠤᠳᠠᠭ᠎ᠠ ᠳᠤ ᠭᠦᠢᠴᠡᠳᠭᠡᠵᠦ | ᠳᠠᠭᠤᠰᠬᠠᠬᠤ᠂ ᠨᠢᠭᠡ ᠴᠤᠩᠬᠤᠪᠴᠢ ᠪᠠᠷ ᠦᠨᠡᠮᠯᠡᠯ ᠣᠯᠭᠤᠬᠤ︾ ᠪᠢᠲᠡᠭᠦᠦ ᠭᠠᠷᠳᠠᠮ ᠢᠶᠠᠷ ᠭᠦᠢᠴᠡᠳᠭᠡᠬᠦ ᠶᠢ | ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠢᠵᠢ ᠦᠢᠯᠡᠴᠢᠯᠡᠭᠡᠨ ᠤ ᠮᠠᠶ᠋ᠢᠭ ᠤᠨ᠂ ᠭᠤᠤᠯ | ᠰᠡᠳᠦᠪᠲᠦ ᠮᠠᠶ᠋ᠢᠭ ᠤᠨ ᠬᠤᠷᠠᠮᠠᠯ ᠦᠢᠯᠡᠴᠢᠯᠡᠭᠡ ᠬᠠᠩᠭᠠᠵᠤ᠂ ᠰᠠᠯᠠᠭ᠎ᠠ ᠮᠥᠴᠢᠷ ᠠᠴᠠ ᠨᠢᠭᠡ ᠤᠴᠢᠷ ᠶᠠᠪᠤᠳᠠᠯ ᠢ | ᠬᠢᠨᠠᠨ ᠵᠥᠪᠰᠢᠶᠡᠷᠡᠬᠦ ᠠᠴᠠ ᠠᠵᠤ ᠠᠬᠤᠶᠢᠯᠠᠯ ᠤᠨ ᠣᠯᠠᠨ ᠲᠦᠮᠡᠨ ᠳᠤ ᠦᠢᠯᠡᠴᠢᠯᠡᠬᠦ ︽ᠨᠢᠭᠡ ᠤᠴᠢᠷ︾ ᠳᠠᠰᠢ | ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ︽ᠮᠦᠩᠬᠡ ᠰᠤᠪᠠᠭ · ᠨᠢᠭᠡ ᠯᠡ ᠣᠳᠠᠭ᠎ᠠ ᠳᠤ | ᠭᠦᠢᠴᠡᠳᠭᠡᠬᠦ︾ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ 2021 ᠣᠨ ᠤ 6 | ᠰᠠᠷ᠎ᠠ ᠶᠢᠨ ᠰᠡᠭᠦᠯᠴᠢ ᠠᠴᠠ ᠡᠮᠦᠨ᠎ᠡ᠂ ᠠᠵᠤ ᠠᠬᠤᠶᠢᠯᠠᠯ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷ ᠨᠡᠯᠢᠶᠡᠳ ᠶᠡᠭᠡ 103 ᠵᠦᠢᠯ ᠤᠨ ᠤᠴᠢᠷ | ᠶᠠᠪᠤᠳᠠᠯ ᠢ ᠪᠥᠬᠦ ᠠᠶᠢᠮᠠᠭ ᠤᠨ ᠬᠡᠪᠴᠢᠶᠡᠨ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠶᠢ | ᠪᠡᠶᠡᠯᠡᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠤᠴᠢᠷ ᠶᠠᠪᠤᠳᠠᠯ ᠤᠨ ᠨᠠᠷᠢᠨ ᠬᠠᠭᠤᠳᠠᠰᠤ ᠶᠢ ᠨᠢᠭᠡᠳᠭᠡᠨ᠎ᠡ ᠃ ᠠᠶᠢᠮᠠᠭ ᠬᠤᠰᠢᠭᠤ ᠬᠤᠶᠠᠷ | ᠱᠠᠲᠤ ᠨᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 103 ᠵᠦᠢᠯ ᠤᠨ ︽ᠮᠦᠩᠬᠡ ᠰᠤᠪᠠᠭ · ᠨᠢᠭᠡ ᠯᠡ | ᠣᠳᠠᠭ᠎ᠠ ᠳᠤ ᠭᠦᠢᠴᠡᠳᠭᠡᠬᠦ︾ ᠵᠦᠢᠯᠡᠰ ᠤᠨ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ︽ᠨᠢᠭᠡ ᠯᠡ ᠣᠳᠠᠭ᠎ᠠ | ᠳᠤ ᠭᠦᠢᠴᠡᠳᠭᠡᠬᠦ︾ ᠠᠵᠢᠯ ᠢ ᠥᠷᠨᠢᠭᠦᠯᠬᠦ ᠬᠡᠷᠡᠭᠲᠡᠶ᠃ ︵ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠠᠵᠢᠯ | ᠬᠤᠪᠢᠶᠠᠷᠢᠯᠠᠨ ᠬᠠᠷᠢᠭᠤᠴᠠᠵᠤ᠂ 2021 ᠣᠨ ᠤ 4 ᠳ᠋ᠤᠭᠡᠷ ᠰᠠᠷ᠎ᠠ ᠶᠢᠨ 10 ᠤ ᠡᠳᠦᠷ ᠠᠴᠠ ᠡᠮᠦᠨ᠎ᠡ | ᠪᠡᠶᠡᠯᠡᠭᠦᠯᠦᠨ᠎ᠡ︶ | ︵ᠬᠤᠶᠠᠷ︶ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠨᠢᠭᠡᠳᠭᠡᠨ᠎ᠡ᠃ ᠥᠪᠡᠷᠲᠡᠭᠡᠨ ᠵᠠᠰᠠᠬᠤ ᠣᠷᠣᠨ ᠤ | ᠨᠡᠶᠢᠲᠡᠯᠡᠭᠰᠡᠨ ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠢ ᠭᠦᠢᠴᠡᠳᠭᠡᠬᠦ ᠭᠤᠭᠴᠤᠭ᠎ᠠ᠂ ᠴᠤᠪᠤᠷᠠᠯ ᠢ | ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠶᠠᠮᠠᠷᠪᠠ ᠭᠤᠭᠴᠤᠭ᠎ᠠ ᠶᠢ ᠴᠤ ᠨᠡᠮᠡᠵᠦ ᠪᠣᠯᠬᠤ ᠥᠬᠡᠶ᠃ ︵ | ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 4 | ᠳ᠋ᠤᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶ | ︵ᠭᠤᠷᠪᠠ︶ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ | ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ 103 ᠵᠦᠢᠯ ᠤᠨ ︽ᠨᠢᠭᠡ ᠯᠡ ᠤᠳᠠᠭ᠎ᠠ ᠳᠤ ᠭᠦᠢᠴᠡᠳᠭᠡᠬᠦ︾ | ᠵᠦᠢᠯᠡᠰ ᠤᠨ ᠠᠵᠢᠯ ᠭᠦᠢᠴᠡᠳᠭᠡᠬᠦ ᠵᠦᠭᠯᠡᠭᠦᠷ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠭᠤᠶᠤᠴᠢᠯᠠᠬᠤ | ᠮᠠᠲ᠋ᠧᠷᠢᠶᠠᠯ ᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠥᠬᠡᠶ᠃ ᠬᠡᠷᠪᠡ ᠬᠡᠷᠡᠭ ᠡᠷᠬᠢᠯᠡᠬᠦ ᠵᠢᠭᠠᠯᠲᠠ ᠲᠤ | ᠵᠢᠭᠰᠠᠭᠠᠭᠰᠠᠨ ᠮᠠᠲ᠋ᠧᠷᠢᠶᠠᠯ ᠨᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠯᠤᠭ᠎ᠠ ᠨᠡᠶᠢᠴᠡᠬᠦ ᠥᠭᠡᠢ | ᠪᠤᠶᠤ ᠪᠣᠳᠠᠲᠤ ᠪᠠᠶᠢᠳᠠᠯ ᠯᠤᠭ᠎ᠠ ᠨᠡᠶᠢᠴᠡᠬᠦ ᠥᠭᠡᠢ ᠪᠠᠶᠢᠪᠠᠯ᠂ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠪᠢᠴᠢᠭ ᠢᠶᠠᠷ ᠲᠤᠰᠬᠠᠵᠤ᠂ ᠠᠶᠢᠮᠠᠭ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠪᠣᠳᠠᠲᠤ | ᠪᠠᠶᠢᠳᠠᠯ ᠢ ᠦᠨᠳᠦᠰᠦᠯᠡᠨ ᠲᠤᠬᠢᠷᠠᠭᠤᠯᠤᠯᠳᠠ ᠬᠢᠬᠦ ᠬᠡᠷᠡᠭᠲᠡᠶ᠃ ︵ᠠᠶᠢᠮᠠᠭ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 4 ᠳ᠋ᠤᠭᠡᠷ ᠰᠠᠷ᠎ᠠ ᠶᠢᠨ 20 ᠤ ᠡᠳᠦᠷ ᠠᠴᠠ | ᠡᠮᠦᠨ᠎ᠡ ᠪᠡᠶᠡᠯᠡᠭᠦᠯᠦᠨ᠎ᠡ︶ | ︵ᠳᠥᠷᠪᠡ︶ ᠰᠦᠯᠵᠢᠶᠡᠨ ᠠᠴᠠ ᠭᠠᠳᠠᠭᠤᠷᠬᠢ ᠶᠡᠷᠦᠩᠬᠡᠶᠢᠯᠡᠭᠰᠡᠨ ᠴᠣᠩᠬᠤ ᠶᠢ ᠨᠢᠭᠡᠳᠦᠯᠲᠡᠶ ᠪᠠᠶᠢᠷᠢᠯᠠᠭᠤᠯᠤᠨ᠎ᠠ᠃ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠨᠢᠭᠡ ᠦᠷᠳᠡᠭᠡᠨ ᠮᠠᠶ᠋ᠢᠭ︾ | ᠤᠨ ᠴᠢᠳᠠᠮᠵᠢ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ︽ᠨᠢᠭᠡ ᠶᠠᠪᠤᠳᠠᠯ ᠢ ᠨᠢᠭᠡ ᠤᠳᠠᠭ᠎ᠠ ᠳᠤ | ᠭᠦᠢᠴᠡᠳᠭᠡᠬᠦ︾ ᠴᠣᠩᠬᠤ ᠶᠢ ᠨᠢᠭᠡᠳᠦᠯᠲᠡᠶ ᠨᠡᠭᠡᠭᠡᠵᠦ᠂ ᠠᠮᠠᠯᠠᠯᠲᠠ ᠪᠠᠨ ᠮᠡᠳᠡᠭᠳᠡᠬᠦ᠂ ᠳᠤᠲᠠᠭᠤ ᠶᠢ ᠨᠢ ᠭᠥᠯᠢᠶᠡᠨ | ᠠᠪᠴᠤ ᠰᠢᠢᠳᠪᠦᠷᠢᠯᠡᠬᠦ ᠶᠢ ᠬᠡᠷᠡᠭᠵᠢᠭᠦᠯᠬᠦ ᠶᠢ ᠰᠦᠪᠡᠭᠴᠢᠯᠡᠨ ᠬᠡᠷᠡᠭᠵᠢᠭᠦᠯᠵᠦ᠂ ︽ᠡᠮᠦᠨ᠎ᠡ ᠲᠠᠪᠴᠠᠩ ᠳᠤ ᠨᠢᠭᠡ | ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠨᠡᠶᠢᠯᠡᠭᠦᠯᠦᠨ ᠬᠢᠨᠠᠨ ᠵᠥᠪᠰᠢᠶᠡᠷᠡᠬᠦ᠂ | ᠳᠣᠲᠣᠭᠠᠳᠤ ᠳᠠᠭᠠᠨ ᠡᠷᠭᠢᠯᠳᠦᠭᠦᠯᠦᠨ ᠣᠷᠣᠯᠠᠨ ᠭᠦᠢᠴᠡᠳᠭᠡᠬᠦ᠂ ᠨᠢᠭᠡᠳᠦᠯᠲᠡᠶ ᠴᠣᠩᠬᠤ ᠪᠠᠷ ᠮᠠᠲ᠋ᠧᠷᠢᠶᠠᠯ ᠭᠠᠷᠭᠠᠬᠤ | ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠡᠯ᠎ᠡ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ | ᠨᠢᠭᠡᠳᠦᠯᠲᠡᠶ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠶᠣᠰᠣᠭᠠᠷ᠂ ᠭᠤᠶᠤᠴᠢᠯᠠᠬᠤ ᠬᠦᠰᠦᠨᠦᠭᠲᠦ ᠵᠢᠴᠢ ᠥᠯᠢᠭᠡᠷ | ᠬᠦᠰᠦᠨᠦᠭᠲᠦ ᠪᠠᠨ ᠬᠠᠩᠭᠠᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ︽ᠨᠢᠭᠡ | ᠤᠴᠢᠷ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠴᠣᠩᠬᠤᠨ ᠳᠤ ᠨᠢᠭᠡᠳᠦᠯᠲᠡᠶ ᠲᠡᠮᠳᠡᠭ ᠢ ᠬᠡᠷᠡᠭᠯᠡᠵᠦ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠤᠳᠠᠭ᠎ᠠ ᠳᠤ ᠭᠦᠢᠴᠡᠳᠭᠡᠬᠦ | ︾ ᠶᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠥᠪ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠣᠷᠣᠯᠠᠨ ᠭᠦᠢᠴᠡᠳᠭᠡᠬᠦ ᠴᠡᠭ ᠲᠤ ᠬᠦᠷᠲᠡᠯ᠎ᠡ ᠤᠷᠲᠤᠳᠬᠠᠬᠤ ᠶᠢ ᠵᠣᠷᠢᠭᠵᠢᠭᠤᠯᠵᠤ᠂ ᠭᠦᠢᠴᠡᠳᠭᠡᠭᠰᠡᠨ ᠦᠷ᠎ᠡ | ᠳ᠋ᠦᠩ ᠢᠶᠠᠨ ᠲᠤᠬᠠᠶ ᠶᠢᠨ ᠲᠠᠯᠠᠪᠤᠷ ᠲᠤᠨᠢ ᠲᠤᠰᠢᠶᠠᠬᠤ᠂ ᠰᠢᠤᠳᠠᠨ ᠢᠶᠠᠷ ᠢᠯᠡᠭᠡᠬᠦ ᠵᠡᠷᠭᠡ ᠠᠷᠭ᠎ᠠ ᠮᠠᠶ᠋ᠢᠭ ᠢᠶᠠᠷ ︽ | ᠨᠢᠭᠡ ᠤᠳᠠᠭ᠎ᠠ ᠳᠤ ᠬᠦᠷᠭᠡᠬᠦ︾ ᠬᠡᠷᠡᠭᠲᠡᠶ᠃ ︵ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ | ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 4 ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ | ᠪᠡᠶᠡᠯᠡᠭᠦᠯᠦᠨ᠎ᠡ︶ | ︵ᠲᠠᠪᠤ︶ ᠰᠦᠯᠵᠢᠶᠡᠨ ᠳᠡᠭᠡᠷᠡᠬᠢ ᠲᠤᠰᠬᠠᠶ ᠪᠤᠯᠤᠩ ᠢ ᠨᠢᠭᠡᠳᠦᠯᠲᠡᠶ ᠪᠠᠶᠢᠷᠢᠯᠠᠭᠤᠯᠤᠨ᠎ᠠ᠃ ᠥᠪᠥᠷ | ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠤᠷ ᠪᠠ ︽ᠥᠪᠥᠷ ᠮᠣᠩᠭᠤᠯ ᠤᠨ ᠲᠦᠷᠭᠡᠨ | ᠬᠤᠷᠳᠤᠴᠠ ᠶᠢᠨ ᠠᠯᠪᠠᠨ ᠬᠡᠷ︾ ᠤᠨ ᠰᠢᠯᠵᠢᠮᠡᠯ ᠦᠵᠦᠭᠦᠷ ᠲᠤ ᠰᠦᠯᠵᠢᠶᠡᠨ ᠳᠡᠭᠡᠷᠡᠬᠢ ︽ᠨᠢᠭᠡ ᠯᠡ ᠤᠳᠠᠭ᠎ᠠ | ᠭᠦᠢᠴᠡᠳᠭᠡᠬᠦ︾ ᠤᠨ ᠲᠤᠰᠬᠠᠶ ᠪᠤᠯᠤᠩ ᠳᠣᠭᠢᠷᠠᠭᠤᠯᠵᠤ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠪᠠᠶᠢᠴᠠᠭᠠᠨ | ᠯᠠᠪᠯᠠᠬᠤ᠂ ᠭᠤᠶᠤᠴᠢᠯᠠᠬᠤ ᠬᠦᠰᠦᠨᠦᠭᠲᠦ ᠶᠢ ᠪᠠᠭᠤᠯᠭᠠᠬᠤ ᠵᠡᠷᠭᠡ ᠦᠢᠯᠡᠴᠢᠯᠡᠭᠡ ᠶᠢ ᠬᠠᠩᠭᠠᠵᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠳᠠᠯᠢ ᠪᠠᠷᠢᠮᠵᠢᠶ᠎ᠠ᠂ ᠠᠳᠠᠯᠢ ᠴᠤᠪᠤᠷᠠᠯ᠂ ᠠᠳᠠᠯᠢ ᠴᠢᠨᠠᠷ ᠤᠨ | ᠦᠢᠯᠡᠴᠢᠯᠡᠭᠡᠨ᠂ ᠨᠢᠭᠡ ᠴᠤᠭᠴᠠᠵᠢᠭᠤᠯᠤᠨ ᠭᠦᠢᠴᠡᠳᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠨᠥᠬᠦᠴᠡᠯ ᠲᠠᠢ ᠭᠠᠵᠠᠷ ᠣᠷᠣᠨ ᠤ ᠰᠦᠯᠵᠢᠶᠡᠨ ᠳᠡᠭᠡᠷ᠎ᠡ ᠭᠦᠢᠴᠡᠳᠭᠡᠬᠦ ᠵᠠᠭᠪᠤᠷ ᠢ ᠤᠷᠢᠳᠠᠪᠠᠷ ᠰᠦᠪᠡᠭᠴᠢᠯᠡᠬᠦ ᠶᠢ | ᠵᠣᠷᠢᠭᠵᠢᠭᠤᠯᠤᠨ᠎ᠠ᠃ ᠡᠭᠦᠨ ᠤ ᠬᠠᠮᠲᠤ᠂ ᠨᠠᠰᠤᠲᠠᠶᠢᠴᠤᠳ᠂ ᠬᠠᠷᠠᠭᠠᠨ ᠤ ᠰᠠᠭᠠᠳ ᠲᠠᠢ ᠰᠣᠨᠣᠷ ᠤᠨ ᠰᠠᠭᠠᠳ ᠲᠠᠢ | ᠵᠡᠮᠳᠡᠭᠴᠦᠳ ᠵᠡᠷᠭᠡ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠮᠲᠤ ᠳᠤᠨᠢ ᠬᠠᠷᠠᠭᠠᠯᠵᠠᠵᠤ᠂ ᠴᠢᠬᠤᠯᠠ | ᠪᠥᠬᠦᠶ ᠰᠦᠯᠵᠢᠶᠡᠨ ᠭᠠᠳᠠᠨ᠎ᠠ ᠨᠥᠬᠦᠪᠥᠷᠢᠯᠡᠬᠦ ᠠᠷᠭ᠎ᠠ ᠪᠠᠷᠢᠯ ᠢ ᠠᠪᠴᠤ᠂ ᠬᠠᠨᠳᠤᠯᠭᠠᠲᠤ ᠴᠢᠨᠠᠷᠲᠠᠶ ᠪᠠᠷ ᠬᠥᠮᠦᠨ ᠤ | ᠬᠦᠴᠦᠨ ᠤ ᠵᠢᠯᠣᠭᠤᠳᠣᠯᠭ᠎ᠠ ᠪᠠ ᠦᠢᠯᠡᠴᠢᠯᠡᠭᠡ ᠬᠠᠩᠭᠠᠨ᠎ᠠ᠃ ︵ᠠᠶᠢᠮᠠᠭ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 4 ᠳ᠋ᠤᠭᠡᠷ ᠰᠠᠷ᠎ᠠ ᠶᠢᠨ 30 ᠤ | ᠡᠳᠦᠷ ᠠᠴᠠ ᠡᠮᠦᠨ᠎ᠡ ᠪᠡᠶᠡᠯᠡᠭᠦᠯᠦᠨ᠎ᠡ︶ | ︵ᠵᠢᠷᠭᠤᠭ᠎ᠠ︶ ᠲᠤᠰᠬᠠᠶ ᠮᠡᠷᠭᠡᠵᠢᠯ ᠤᠨ ᠡᠩᠨᠡᠭᠡ ᠶᠢ ᠨᠢᠭᠡᠳᠦᠯᠲᠡᠶ ᠪᠠᠶᠢᠭᠤᠯᠤᠨ᠎ᠠ᠃ ︽ᠨᠢᠭᠡ ᠯᠡ ᠤᠳᠠᠭ᠎ᠠ ᠳᠤ | ᠭᠦᠢᠴᠡᠳᠭᠡᠬᠦ︾ ᠵᠦᠢᠯᠡᠰ ᠢ ᠭᠦᠢᠴᠡᠳᠭᠡᠬᠦ ᠳᠤ ᠲᠤᠰᠬᠠᠶ ᠬᠥᠮᠦᠨ ᠤ ᠪᠥᠬᠦ ᠶᠠᠪᠤᠴᠠ ᠪᠠᠷ ᠮᠥᠷᠳᠡᠨ ᠦᠢᠯᠡᠴᠢᠯᠡᠬᠦ | ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠳ | ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠯᠠᠪᠯᠠᠭ᠎ᠠ ᠥᠭᠴᠦ ᠬᠥᠲᠥᠯᠦᠨ ᠵᠢᠯᠣᠭᠤᠳᠬᠤ᠂ | ᠪᠢᠴᠢᠭ ᠮᠠᠲ᠋ᠧᠷᠢᠶᠠᠯ ᠢ ᠭᠥᠯᠢᠶᠡᠨ ᠠᠪᠬᠤ ᠪᠠ ᠭᠥᠯᠢᠶᠡᠨ ᠠᠪᠴᠤ ᠰᠢᠢᠳᠪᠦᠷᠢᠯᠡᠬᠦ᠂ ᠣᠷᠣᠯᠠᠨ ᠭᠦᠢᠴᠡᠳᠭᠡᠵᠦ | ᠬᠠᠪᠰᠤᠷᠤᠨ ᠭᠦᠢᠴᠡᠳᠭᠡᠬᠦ᠂ ᠮᠠᠲ᠋ᠧᠷᠢᠶᠠᠯ ᠢ ᠡᠷᠭᠢᠯᠳᠦᠭᠦᠯᠬᠦ᠂ ᠵᠣᠬᠢᠴᠠᠭᠤᠯᠤᠨ ᠵᠣᠯᠭᠠᠭᠤᠯᠬᠤ᠂ ᠦᠨᠡᠮᠯᠡᠯ ᠣᠯᠭᠤᠵᠤ | ᠦᠨᠡᠮᠯᠡᠯ ᠠᠪᠬᠤ ᠵᠡᠷᠭᠡ ᠠᠵᠢᠯ ᠢ ᠬᠠᠷᠢᠭᠤᠴᠠᠨ᠎ᠠ᠃ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ | ᠠᠶᠢᠮᠠᠭ ᠬᠤᠰᠢᠭᠤ ᠬᠤᠶᠠᠷ ᠱᠠᠲᠤᠨ ᠤ ︽ᠨᠢᠭᠡ ᠤᠳᠠᠭ᠎ᠠ ᠶᠢᠨ ᠭᠦᠢᠴᠡᠳᠭᠡᠬᠦ︾ ᠤᠨ ᠴᠣᠩᠬᠤᠨ ᠳᠤ ᠴᠥᠮ | ᠠᠩᠬ᠎ᠠ ᠠᠯᠬᠤᠮ 5 ᠠᠵᠢᠯᠲᠠᠨ ᠢ ᠳᠣᠭᠢᠷᠠᠭᠤᠯᠤᠨ ᠬᠠᠮᠢᠶ᠎ᠠ ᠪᠥᠬᠦᠶ ᠠᠵᠢᠯ ᠢ ᠬᠠᠷᠢᠭᠤᠴᠠᠭᠤᠯᠪᠠ᠃ ᠬᠤᠰᠢᠭᠤ | ᠰᠢᠶᠠᠨ ᠬᠤᠲᠠ ᠶᠢᠨ ︽ᠨᠢᠭᠡ ᠤᠳᠠᠭ᠎ᠠ ᠳᠤ ᠭᠦᠢᠴᠡᠳᠭᠡᠬᠦ︾ ᠤᠨ ᠴᠣᠩᠬᠤᠪᠴᠢ ᠶᠢᠨ ᠠᠵᠢᠯᠲᠠᠨ ᠢ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠠᠵᠢᠯ | ᠦᠢᠯᠡᠰ ᠤᠨ ᠣᠷᠣᠨ ᠲᠤᠭ᠎ᠠ ᠶᠢᠨ ᠠᠵᠢᠯᠲᠠᠨ ᠢ ᠠᠯᠢ ᠴᠢᠳᠠᠬᠤ ᠪᠠᠷ ᠬᠡᠷᠡᠭᠯᠡᠵᠦ᠂ ᠠᠵᠢᠯᠲᠠᠨ ᠢ ᠠᠶᠢᠮᠠᠭ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠴᠣᠩᠬᠤᠨ ᠤ | ᠠᠵᠢᠯᠲᠠᠨ ᠤ ᠲᠤᠭ᠎ᠠ ᠬᠡᠮᠵᠢᠶ᠎ᠡ ᠶᠢ ᠭᠦᠢᠴᠡᠳᠭᠡᠬᠦ ᠵᠦᠢᠯ ᠤᠨ ᠬᠡᠮᠵᠢᠶ᠎ᠡ ᠶᠢ ᠦᠨᠳᠦᠰᠦᠯᠡᠨ ᠬᠥᠳᠡᠯᠦᠩᠭᠦᠶ ᠪᠠᠷ | ᠲᠣᠬᠢᠷᠠᠭᠤᠯᠤᠯᠲᠠ ᠬᠢᠵᠦ ᠪᠣᠯᠤᠨ᠎ᠠ᠃ ︵ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠲᠦᠷᠦᠭᠦᠯᠡᠵᠦ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 4 ᠳ᠋ᠤᠭᠡᠷ ᠰᠠᠷ᠎ᠠ ᠶᠢᠨ | 30 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶ | ︵ᠳᠣᠯᠤᠭ᠎ᠠ︶ ᠠᠵᠢᠯᠲᠠᠨ ᠤ ᠪᠣᠯᠪᠠᠰᠤᠷᠠᠭᠤᠯᠤᠯ ᠢ ᠨᠢᠭᠡᠳᠦᠯᠲᠡᠶ ᠵᠣᠬᠢᠶᠠᠨ ᠪᠠᠶᠢᠭᠤᠯᠤᠨ᠎ᠠ᠃ ᠲᠤᠰᠬᠠᠶ | ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠡᠯ᠎ᠡ ᠱᠠᠲᠤᠨ ᠤ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠡᠯ᠎ᠡ ᠬᠠᠮᠢᠶ᠎ᠠ ᠪᠥᠬᠦᠶ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠠᠵᠢᠯᠲᠠᠨ ᠢ ᠤᠷᠢᠵᠤ ᠨᠢᠭᠡᠳᠦᠯᠲᠡᠶ ᠠᠵᠢᠯ | ᠶᠠᠪᠤᠳᠠᠯ ᠭᠦᠢᠴᠡᠳᠭᠡᠬᠦ ᠪᠠᠷᠢᠮᠵᠢᠶ᠎ᠠ ᠶᠣᠰᠣᠭᠠᠷ ︽ᠨᠢᠭᠡ ᠯᠡ ᠤᠳᠠᠭ᠎ᠠ ᠳᠤ ᠭᠦᠢᠴᠡᠳᠭᠡᠬᠦ︾ ᠠᠵᠢᠯᠲᠠᠨ ᠳᠤ | ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠬᠢᠨ᠎ᠠ᠃ ︵ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ | ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 5 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ | ᠪᠡᠶᠡᠯᠡᠭᠦᠯᠦᠨ᠎ᠡ︶ | ︵ ᠨᠠᠢᠮᠠ︶ ᠨᠢᠭᠡ ᠤᠳᠠᠭ᠎ᠠ ᠳᠤ ᠭᠦᠢᠴᠡᠳᠭᠡᠬᠦ ᠠᠵᠢᠯ ᠢ ᠴᠠᠭ ᠲᠤᠬᠠᠶ ᠳᠤᠨᠢ ᠥᠷᠨᠢᠭᠦᠯᠤᠨ᠎ᠡ᠃ ᠳᠡᠭᠡᠷ᠎ᠡ | ᠳᠤᠷᠠᠳᠤᠭᠰᠠᠨ ᠡᠯ᠎ᠡ ᠵᠦᠢᠯ ᠤᠨ ᠪᠡᠯᠡᠳᠬᠡᠯ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠠᠶᠢᠮᠠᠭ ᠬᠤᠰᠢᠭᠤ ᠬᠤᠶᠠᠷ | ᠱᠠᠲᠤᠨ ᠤ ᠬᠢᠨ ᠭᠦᠢᠴᠡᠳᠭᠡᠬᠦ ᠠᠵᠢᠯ ᠢ ᠴᠠᠭ ᠲᠤᠬᠠᠶ ᠳᠤᠨᠢ ᠨᠢᠭᠡ ᠤᠳᠠᠭ᠎ᠠ ᠡᠬᠢᠯᠡᠭᠦᠯᠬᠦ ᠬᠡᠷᠡᠭᠲᠡᠶ᠃ ︵ | ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 6 | ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ᠂ ᠡᠯ᠎ᠡ | ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽︿ᠮᠦᠩᠬᠡ ᠰᠤᠪᠠᠭ · ᠨᠢᠭᠡ ᠯᠡ | ᠣᠳᠠᠭ᠎ᠠ ᠳᠤ ᠭᠦᠢᠴᠡᠳᠭᠡᠬᠦ ︾ ᠠᠵᠢᠯ ᠢ ᠳᠥᠯᠭᠢᠨ ᠠᠬᠢᠭᠤᠯᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ | ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠤ᠂ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠬᠤ | ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠬᠠᠮᠢᠶ᠎ᠠ ᠪᠥᠬᠦᠶ | ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠲᠥᠰᠦᠯ ᠢ ᠪᠡᠶ᠎ᠡ ᠪᠠᠷ ᠢᠶᠠᠨ ᠠᠳᠬᠤᠵᠤ᠂ ᠵᠠᠩᠭᠢᠯᠠᠭ᠎ᠠ ᠶᠢᠨ | ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ | ᠰᠢᠮᠳᠠᠭᠤᠯᠤᠨ ᠪᠠᠶᠢᠴᠠᠭᠠᠬᠤ ᠬᠡᠷᠡᠭᠲᠡᠶ᠃ ᠠᠶᠢᠮᠠᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠶᠢ ᠠᠬᠢᠭᠤᠯᠬᠤ ᠪᠠ ︽ ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠨᠢ ᠲᠤᠰᠬᠠᠶ ᠠᠵᠢᠯ ᠤᠨ ᠡᠬᠡ ᠲᠠᠩᠰᠠ ᠪᠠᠶᠢᠭᠤᠯᠵᠤ᠂ ᠲᠣᠭᠲᠠᠭᠰᠠᠨ | ᠬᠤᠭᠤᠴᠠᠭ᠎ᠠ ᠲᠠᠢ ᠪᠠᠷ ᠳᠣᠭᠢᠷᠠᠭᠤᠯᠤᠨ᠂ ᠠᠬᠢᠴᠠ ᠶᠢᠨ ᠪᠠᠶᠢᠳᠠᠯ ᠢᠶᠠᠨ ᠨᠡᠪᠲᠡᠷᠡᠭᠦᠯᠵᠦ᠂ ᠡᠯ᠎ᠡ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠥᠷᠨᠢᠭᠦᠯᠬᠦ ᠳᠤ ᠬᠡᠷᠡᠭᠰᠡᠬᠦ ᠪᠠᠯᠠ | ᠮᠥᠩᠭᠦ ᠶᠢ ᠲᠣᠰ ᠱᠠᠲᠤᠨ ᠤ ᠣᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠭᠦᠢᠴᠡᠳ | ᠵᠠᠷᠤᠳᠠᠯ ᠤᠨ ᠪᠠᠲᠤᠯᠠᠭ᠎ᠠ ᠣᠯᠭᠤᠬᠤ ᠬᠡᠷᠡᠭᠲᠡᠶ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ᠂ ᠡᠯ᠎ᠡ ᠰᠠᠯᠠᠭ᠎ᠠ | ᠮᠥᠴᠢᠷ ᠤᠨ ᠬᠢᠨ ᠡᠭᠦᠷᠭᠡ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠪᠠᠨ | ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ | ᠬᠥᠳᠡᠯᠦᠯᠴᠡᠵᠦ᠂ ᠪᠦᠬᠦᠯᠢ ᠴᠣᠭᠴᠠ ᠪᠠᠷ ᠳᠥᠯᠭᠢᠨ ᠠᠬᠢᠭᠤᠯᠬᠤ ᠬᠡᠷᠡᠭᠲᠡᠶ᠃ ᠲᠦᠷᠦᠭᠦᠯᠡᠨ ᠬᠢᠬᠦ ᠰᠠᠯᠠᠭ᠎ᠠ | ᠮᠥᠴᠢᠷ ᠤᠳ ᠵᠣᠷᠢᠭᠲᠠᠶ ᠪᠠᠷ ᠡᠭᠦᠷᠭᠡᠯᠡᠨ᠂ ᠵᠣᠷᠢᠭᠲᠠᠶ ᠪᠠᠷ ᠬᠠᠷᠢᠭᠤᠴᠠᠵᠤ᠂ ᠲᠦᠷᠦᠭᠦᠯᠡᠨ ᠬᠢᠬᠦ ᠦᠢᠯᠡᠳᠦᠯ ᠢᠶᠠᠨ | ᠢᠳᠡᠪᠬᠢᠲᠡᠶ ᠪᠠᠳᠠᠷᠠᠭᠤᠯᠬᠤ ᠬᠡᠷᠡᠭᠲᠡᠶ︔ ᠬᠠᠮᠵᠢᠯᠴᠠᠬᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠠᠵᠢᠯ ᠤᠨ ᠡᠭᠦᠷᠭᠡ ᠪᠠᠨ ᠨᠠᠷᠢᠨ ᠬᠢᠨᠠᠮᠠᠭᠠᠶ | ᠪᠡᠶᠡᠯᠡᠭᠦᠯᠬᠦ ᠬᠡᠷᠡᠭᠲᠡᠶ︔ ᠡᠯ᠎ᠡ ᠱᠠᠲᠤᠨ ᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠠᠵᠢᠯ ᠢ | ᠲᠦᠷᠭᠡᠳᠬᠡᠨ ᠠᠬᠢᠭᠤᠯᠬᠤ ᠬᠡᠷᠡᠭᠲᠡᠶ︔ ᠡᠯ᠎ᠡ ᠬᠤᠰᠢᠭᠤ ᠰᠢᠶᠠᠨ ᠬᠤᠲᠠ ᠨᠤᠭᠤᠳ ᠰᠠᠷ᠎ᠠ ᠪᠦᠷᠢ ᠶᠢᠨ 23 ᠤ | ᠡᠳᠦᠷ ᠠᠴᠠ ᠡᠮᠦᠨ᠎ᠡ ᠠᠬᠢᠴᠠ ᠶᠢᠨ ᠪᠠᠶᠢᠳᠠᠯ ᠢᠶᠠᠨ ᠠᠶᠢᠮᠠᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ | ᠬᠤᠪᠢᠷᠠᠭᠤᠯᠤᠯᠲᠠ ᠶᠢ ᠠᠬᠢᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ︽ᠮᠦᠩᠬᠡ ᠰᠤᠪᠠᠭ · | ᠨᠢᠭᠡ ᠯᠡ ᠣᠳᠠᠭ᠎ᠠ ᠳᠤ ᠭᠦᠢᠴᠡᠳᠭᠡᠬᠦ ︾ ᠠᠵᠢᠯ ᠢ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠳᠤ ᠡᠯ᠎ᠡ ᠭᠠᠵᠠᠷ ᠤᠨ ᠬᠢᠨ ᠲᠤᠰᠬᠠᠶ ᠠᠵᠢᠯ ᠤᠨ ᠡᠬᠡ ᠲᠠᠩᠰᠠ ᠲᠣᠭᠲᠠᠭᠠᠵᠤ᠂ ᠲᠣᠭᠲᠠᠭᠰᠠᠨ | ᠬᠤᠭᠤᠴᠠᠭ᠎ᠠ ᠲᠠᠢ ᠪᠠᠷ ᠳᠣᠭᠢᠷᠠᠭᠤᠯᠤᠨ᠂ ᠠᠬᠢᠴᠠ ᠶᠢᠨ ᠪᠠᠶᠢᠳᠠᠯ ᠢᠶᠠᠨ ᠮᠡᠳᠡᠭᠳᠡᠵᠦ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠵᠠᠯᠬᠠᠭᠠᠨ ᠴᠡᠭᠡᠷᠯᠡᠭᠦᠯᠬᠦ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠪᠠᠶᠢᠭᠤᠯᠵᠤ᠂ ᠠᠵᠢᠯ ᠢ ᠬᠦᠴᠦᠲᠡᠶ ᠠᠬᠢᠭᠤᠯᠤᠭᠰᠠᠨ ᠦᠭᠡᠢ᠂ ᠠᠵᠤ ᠠᠬᠤᠶᠢᠯᠠᠯ ᠤᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ | ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠠᠶᠢᠮᠠᠭ ᠤᠨ ᠵᠠᠬᠢᠷᠭ᠎ᠠ ᠠᠴᠠ ᠡᠯ᠎ᠡ ᠭᠠᠵᠠᠷ ᠤᠨ ᠠᠵᠢᠯ ᠤᠨ | ᠪᠠᠶᠢᠳᠠᠯ ᠢ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠨ᠎ᠠ᠃ | ︵ᠲᠥᠷᠪᠡ︶ ᠲᠤᠷᠰᠢᠯᠭ᠎ᠠ ᠪᠠᠨ ᠴᠠᠭ ᠲᠤᠬᠠᠶ ᠲᠤᠨᠢ ᠳᠡᠯᠭᠡᠷᠡᠭᠦᠯᠤᠨᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠶᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠳ᠋ᠦᠩᠨᠡᠬᠦ ᠶᠢᠨ ᠬᠠᠮᠲᠤ᠂ ᠲᠤᠷᠰᠢᠯᠭ᠎ᠠ ᠠᠷᠭ᠎ᠠ ᠬᠢᠳᠡᠯ ᠢᠶᠠᠨ ᠴᠠᠭ | ᠲᠤᠬᠠᠶ ᠳᠤᠨᠢ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ | ᠤ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ | ᠠᠮᠵᠢᠯᠲᠠ ᠲᠠᠢ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠦᠨ᠎ᠡ᠃ | ︵ᠲᠠᠪᠤ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠪᠠ ᠤᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ᠎ᠠ᠃ ᠰᠣᠨᠢᠨ ᠰᠡᠳᠬᠦᠯ᠂ ᠷᠠᠳᠢᠣ᠋ | ᠲᠧᠯᠸᠢᠰ᠂ ᠢᠨᠲ᠋ᠤᠷ ᠰᠦᠯᠵᠢᠶ᠎ᠡ ᠪᠠ ᠰᠢᠨ᠎ᠡ ᠵᠠᠭᠤᠴᠢᠯᠠᠭᠤᠷ ᠵᠡᠷᠭᠡ ᠠᠷᠭ᠎ᠠ ᠮᠠᠶ᠋ᠢᠭ ᠢ ᠭ᠊ ᠭᠦᠢᠴᠡᠳ ᠠᠰᠢᠭᠯᠠᠨ | ᠤᠬᠠᠭᠤᠯᠤᠨ ᠳᠡᠯᠭᠡᠷᠡᠭᠦᠯᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠨᠡᠶᠢᠭᠡᠮ ᠤᠨ ᠵᠢᠱᠢᠯᠲᠡ ᠶᠢ | ᠵᠥᠪ ᠢᠶᠠᠷ ᠬᠥᠲᠥᠯᠦᠨ ᠵᠢᠯᠣᠭᠤᠳᠴᠤ᠂ ᠨᠡᠶᠢᠭᠡᠮ ᠤᠨ ᠠᠩᠬᠠᠷᠤᠯ ᠳᠤ ᠢᠳᠡᠪᠬᠢᠲᠡᠶ ᠬᠠᠷᠢᠭᠤᠯᠲᠠ ᠥᠭᠴᠦ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠎ᠠ᠃ | | ︽ᠬᠢᠩᠭᠠᠨ ᠠᠶᠢᠮᠠᠭ ︿ᠮᠦᠩᠬᠡ ᠰᠤᠪᠠᠭ · ᠲᠠᠨ ᠤ ᠬᠠᠪᠰᠤᠷᠤᠮᠵᠢ﹀ ᠶᠢᠨ ᠠᠵᠢᠯ ᠢ ᠪᠥᠬᠦ ᠲᠠᠯ᠎ᠠ ᠪᠠᠷ | ᠬᠡᠷᠡᠭᠵᠢᠭᠦᠯᠬᠦ ᠲᠥᠰᠦᠯ︾ | ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ︽ ︿ᠮᠦᠩᠬᠡ ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ﹀ ︿ | ᠮᠦᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ ﹀ ︿ᠮᠦᠩᠬᠡ ᠰᠤᠪᠠᠭ · ᠨᠢᠭᠡ ᠯᠡ ᠣᠳᠠᠭ᠎ᠠ ᠳᠤ | ᠭᠦᠢᠴᠡᠳᠭᠡᠬᠦ ﹀ ︿ᠮᠦᠩᠬᠡ ᠰᠤᠪᠠᠭ · ᠲᠠᠨ ᠤ ᠬᠠᠪᠰᠤᠷᠤᠮᠵᠢ﹀︾ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 8 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠮᠦᠩᠬᠡ ᠰᠤᠪᠠᠭ · | ᠨᠢᠭᠡ ᠰᠦᠯᠵᠢᠶᠡᠨ ᠪᠠᠷ ᠭᠦᠢᠴᠡᠳᠭᠡᠬᠦ ︾ ᠤᠨ ᠬᠡᠷᠡᠭᠵᠢᠭᠦᠯᠬᠦ ᠲᠦᠰᠦᠯ ᠢ ᠲᠤᠭᠳᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ | ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠠᠷᠠᠳ ᠲᠦᠮᠡᠨ ᠢᠶᠠᠷ ᠭᠤᠣᠯ | ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂᠂ ︽ᠮᠦᠩᠬᠡ ᠰᠤᠪᠠᠭ︾ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠪᠤᠢ ᠪᠣᠯᠭᠠᠬᠤ ᠪᠠᠷ ᠭᠠᠷᠳᠠᠴᠠ ᠪᠣᠯᠭᠠᠨ᠂ ︿ᠮᠦᠩᠬᠡ | ᠰᠤᠪᠠᠭ · ᠨᠢᠭᠡ ᠰᠦᠯᠵᠢᠶᠡᠨ ᠪᠠᠷ ᠭᠦᠢᠴᠡᠳᠭᠡᠬᠦ ﹀ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠲᠠᠰᠤᠷᠠᠯᠳᠠ ᠦᠬᠡᠢ ᠰᠢᠯᠢᠳᠡᠭᠵᠢᠭᠦᠯᠦᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ | ᠳᠤ ᠬᠦᠴᠦᠨ ᠨᠡᠮᠡᠷᠢᠯᠡᠨ᠎ᠡ᠃ | ︵ᠬᠤᠶᠠᠷ︶ ᠦᠨᠳᠦᠰᠦᠨ ᠵᠠᠷᠴᠢᠮ | 1. ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠭᠤᠶᠤᠴᠢᠯᠠᠭᠴᠢ ᠶᠢᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠬᠡᠰᠡᠭ ᠪᠤᠶᠤ ᠪᠥᠬᠦ ᠶᠠᠪᠤᠴᠠ ᠶᠢᠨ ᠣᠷᠣᠯᠠᠨ ᠭᠦᠢᠴᠡᠳᠭᠡᠬᠦ ᠬᠠᠪᠰᠤᠷᠤᠨ | ᠭᠦᠢᠴᠡᠳᠭᠡᠬᠦ ᠦᠢᠯᠡᠴᠢᠯᠡᠭᠡ ᠶᠢ ᠭᠤᠭᠴᠤᠭ᠎ᠠ᠂ ᠱᠠᠲᠤ ᠬᠤᠪᠢᠶᠠᠨ ᠬᠠᠩᠭᠠᠵᠤ᠂ ᠪᠠᠯᠠ ᠣᠷᠣᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠵᠠᠷᠤᠴᠠᠭᠤᠯᠬᠤ ᠴᠠᠭ ᠨᠢ ᠣᠷᠳᠣ᠂ ᠭᠤᠶᠤᠴᠢᠯᠠᠭᠴᠢ ᠶᠢᠨ ︽ᠣᠯᠠᠨ | ᠲᠠᠯ᠎ᠠ ᠳᠤ ᠭᠦᠶᠦᠬᠦ︾ ︽ᠣᠯᠠᠨ ᠤᠳᠠᠭ᠎ᠠ ᠭᠦᠶᠦᠬᠦ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ ᠃ | 2. ᠲᠥᠯᠥᠪᠦᠷᠢ ᠥᠬᠡᠶ ᠪᠠᠷ ᠦᠢᠯᠡᠴᠢᠯᠡᠬᠦ ᠶᠢ ᠪᠠᠷᠢᠮᠲᠠᠯᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠵᠤ | ᠠᠬᠤᠶᠢᠯᠠᠯ ᠪᠣᠯᠤᠨ ᠣᠯᠠᠨ ᠲᠦᠮᠡᠨ ᠤ ᠡᠭᠦᠷᠭᠡᠯᠡᠬᠦ ᠪᠠᠷ ᠲᠣᠳᠣᠷᠬᠠᠶᠢᠯᠠᠭᠰᠠᠨ ᠵᠠᠷᠤᠳᠠᠯ ᠠᠴᠠ ᠭᠠᠳᠠᠨ᠎ᠠ᠂ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠪᠣᠯᠤᠨ ᠪᠠᠯᠠ ᠣᠷᠣᠭᠤᠯᠤᠯᠲᠠ ᠶᠢᠨ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠤᠳ ᠣᠷᠣᠯᠠᠨ | ᠭᠦᠢᠴᠡᠳᠭᠡᠬᠦ ᠬᠠᠪᠰᠤᠷᠤᠨ ᠭᠦᠢᠴᠡᠳᠭᠡᠬᠦ ᠦᠢᠯᠡᠶᠢᠯᠡᠭᠡ ᠶᠢ ᠰᠦᠢᠳᠭᠡᠯ ᠬᠤᠷᠢᠶᠠᠬᠤ ᠥᠬᠡᠶ ᠪᠠᠷ ᠬᠠᠩᠭᠠᠨ᠎ᠠ᠃ | ᠭᠤᠶᠤᠴᠢᠯᠠᠭᠴᠢ ᠠᠴᠠ ᠰᠠᠶᠢᠨ ᠳᠤᠷ᠎ᠠ ᠠᠴᠠ ᠪᠠᠨ ᠨᠠᠶᠢᠳᠠᠵᠤ᠂ ᠣᠷᠣᠯᠠᠨ ᠭᠦᠶ᠋ᠴᠡᠳᠬᠡᠬᠦ ᠬᠠᠪᠰᠤᠷᠤᠨ ᠭᠦᠶ᠋ᠴᠡᠳᠬᠡᠬᠦ | ᠦᠢᠯᠡᠴᠢᠯᠡᠭᠡ ᠶᠢ ᠡᠵᠡᠨ ᠮᠡᠳᠡᠵᠦ ᠰᠣᠩᠭᠤᠨ᠎ᠠ᠃ | 3. ᠬᠤᠯᠪᠣᠭᠠᠯᠠᠨ ᠬᠥᠳᠡᠯᠦᠯᠴᠡᠵᠦ ᠥᠨᠳᠥᠷ ᠦᠷ᠎ᠡ ᠪᠦᠲᠦᠮᠵᠢᠲᠡᠶ ᠪᠠᠶᠢᠬᠤ ᠶᠢ ᠪᠠᠷᠢᠮᠲᠠᠯᠠᠨ᠎ᠠ᠃ ᠠᠵᠢᠯ | ᠬᠤᠪᠢᠶᠠᠷᠢᠯᠠᠨ ᠬᠠᠮᠵᠢᠯᠴᠠᠬᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ᠂ ᠨᠡᠪᠲᠡᠷᠡᠯᠴᠡᠬᠦ ᠳᠤ | ᠰᠢᠯᠤᠭᠤᠬᠠᠨ᠂ ᠠᠵᠢᠯᠯᠠᠭᠠᠨ ᠤ ᠥᠨᠳᠥᠷ ᠦᠷ᠎ᠡ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠵᠤ᠂ | ᠬᠦᠴᠦ ᠪᠠᠨ ᠬᠠᠮᠲᠤᠳᠬᠠᠨ ᠬᠡᠷᠡᠭᠵᠢᠭᠦᠯᠬᠦ ᠶᠢ ᠳᠥᠯᠭᠢᠨ ᠠᠬᠢᠭᠤᠯᠤᠨ᠎ᠠ᠃ ᠠᠩᠬ᠎ᠠ ᠠᠰᠠᠭᠤᠬᠤ ᠳᠤ ᠬᠠᠷᠢᠭᠤᠴᠠᠬᠤ᠂ | ᠠᠮᠠᠯᠠᠯᠲᠠ ᠪᠠᠨ ᠮᠡᠳᠡᠭᠳᠡᠬᠦ᠂ ᠨᠡᠶᠢᠯᠡᠭᠦᠯᠦᠨ ᠰᠢᠢᠳᠪᠦᠷᠢᠯᠡᠬᠦ᠂ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ | ᠵᠡᠷᠭᠡ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠶᠤᠴᠢᠯᠠᠭᠴᠢ ᠳᠤ ᠥᠨᠳᠥᠷ ᠦᠷ᠎ᠡ ᠪᠦᠲᠦᠮᠵᠢᠲᠡᠶ ᠪᠠᠷ | ᠦᠢᠯᠡᠴᠢᠯᠡᠨ᠎ᠡ᠃ | 4. ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠬᠦ ᠶᠢ ᠪᠠᠷᠢᠮᠲᠠᠯᠠᠨ᠎ᠠ᠃ ᠰᠢᠶᠠᠨ ᠤ ᠱᠠᠲᠤ ᠵᠢᠴᠢ ᠲᠡᠭᠦᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠬᠠᠷᠢᠭᠤᠴᠠᠵᠤ᠂ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ | ᠠᠵᠢᠯ ᠢ ᠬᠢᠨᠠᠨ ᠵᠢᠯᠣᠭᠤᠳᠴᠤ ᠨᠠᠶᠢᠳᠠᠪᠤᠷᠢᠵᠢᠭᠤᠯᠤᠨ᠎ᠠ᠃ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ | ᠦᠨᠳᠦᠰᠦᠯᠡᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠪᠣᠯᠤᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠰᠠᠯᠠᠭ᠎ᠠ | ᠮᠥᠴᠢᠷ ᠤᠳ ᠬᠠᠤᠯᠢ ᠲᠣᠭᠲᠠᠭᠠᠯ ᠶᠣᠰᠣᠭᠠᠷ ᠣᠷᠣᠯᠠᠨ ᠭᠦᠢᠴᠡᠳᠭᠡᠵᠦ ᠬᠠᠪᠰᠤᠷᠤᠨ ᠭᠦᠢᠴᠡᠳᠭᠡᠬᠦ ᠶᠢ | ᠥᠷᠨᠢᠭᠦᠯᠦᠨ᠎ᠡ᠃ | ︵ᠭᠤᠷᠪᠠ︶ ᠠᠵᠢᠯ ᠤᠨ ᠬᠠᠷᠠᠯᠲᠠ | 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠲᠠᠨ ᠤ ᠬᠠᠪᠰᠤᠷᠤᠮᠵᠢ︾ ᠴᠤᠩᠬᠤᠪᠴᠢ | ᠪᠠ ᠰᠦᠯᠵᠢᠶᠡᠨ ᠤ ᠲᠤᠰᠬᠠᠶ ᠪᠤᠯᠤᠩ ᠢ ᠪᠠᠶᠢᠭᠤᠯᠵᠤ᠂ ᠲᠤᠰᠬᠠᠶ ᠣᠷᠣᠯᠠᠨ ᠭᠦᠢᠴᠡᠳᠭᠡᠬᠦ ᠬᠠᠪᠰᠤᠷᠤᠨ | ᠭᠦᠢᠴᠡᠳᠭᠡᠬᠦ ᠡᠩᠨᠡᠭᠡ ᠶᠢ ᠪᠠᠶᠢᠭᠤᠯᠵᠤ᠂ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ | ᠬᠡᠪᠴᠢᠶ᠎ᠡ᠂ ᠡᠭᠦᠷᠭᠡ ᠬᠠᠷᠢᠭᠤᠴᠠᠯᠭ᠎ᠠ ᠵᠢᠴᠢ ᠴᠤᠪᠤᠷᠠᠯ ᠢ ᠨᠠᠷᠢᠯᠢᠬᠵᠢᠭᠤᠯᠵᠤ᠂ ᠣᠷᠣᠯᠠᠨ ᠭᠦᠢᠴᠡᠳᠭᠡᠬᠦ ᠬᠠᠪᠰᠤᠷᠤᠨ | ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠨ᠎ᠡ᠃ 2021 ᠣᠨ ᠤ 7 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠠᠶᠢᠮᠠᠭ ᠬᠤᠰᠢᠭᠤ ᠬᠤᠶᠠᠷ ᠱᠠᠲᠤ ᠬᠤᠯᠪᠣᠭᠠᠯᠠᠨ ᠬᠥᠳᠡᠯᠦᠯᠴᠡᠭᠰᠡᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ | ᠰᠢᠰᠲ᠋ᠧᠮᠵᠢ ᠶᠢ ᠪᠠᠶᠢᠭᠤᠯᠵᠤ᠂ ᠪᠥᠬᠦ ᠣᠷᠣᠨ ᠤ ︽ᠭᠤᠯᠳᠤ ᠪᠠᠷ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ᠂ | ᠬᠥᠨᠳᠡᠯᠡᠨ ᠢᠶᠠᠷ ᠰᠠᠯᠠᠭ᠎ᠠ ᠮᠥᠴᠢᠷ ᠬᠠᠮᠵᠢᠯᠴᠠᠬᠤ︾ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ | ᠭᠦᠢᠴᠡᠳᠭᠡᠬᠦ ᠬᠠᠪᠰᠤᠷᠤᠨ ᠭᠦᠢᠴᠡᠳᠭᠡᠬᠦ ᠠᠵᠢᠯ ᠤᠨ ᠪᠠᠶᠢᠷᠢᠰᠢᠯ ᠳᠤ ᠠᠭᠤᠰᠤᠯᠴᠠᠭᠤᠯᠤᠨ᠂ ︽ᠠᠵᠤ ᠠᠬᠤᠶᠢᠯᠠᠯ | ᠤᠨ ᠭᠦᠶᠦᠬᠦ ︾ ᠠᠴᠠ ᠪᠠᠨ ︽ᠵᠠᠰᠠᠭ ᠤᠨ ᠣᠷᠳᠣᠨ ᠭᠦᠶᠦᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ | | ᠬᠤᠶᠠᠷ᠂ ᠭᠤᠣᠯ ᠡᠭᠦᠷᠭᠡ | ︵ᠨᠢᠭᠡ︶ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ᠠᠶᠢᠮᠠᠭ᠂ ᠬᠤᠰᠢᠭᠤ ᠰᠢᠶᠠᠨ ᠬᠤᠲᠠ | ᠵᠢᠴᠢ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠢ | ᠬᠡᠷᠡᠭᠵᠢᠭᠦᠯᠵᠦ᠂ ︽ᠮᠦᠩᠬᠡ ᠰᠤᠪᠠᠭ · ᠲᠠᠨ ᠤ ᠬᠠᠪᠰᠤᠷᠤᠮᠵᠢ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠲᠥᠷᠥᠯ | ᠵᠦᠢᠯ ᠳᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠲᠣᠭᠲᠠᠭᠠᠭᠰᠠᠨ ᠭᠤᠤᠯᠳᠠᠯᠭ᠎ᠠ ᠲᠠᠢ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠬᠤᠯᠠ ᠶᠡᠭᠡ ᠲᠥᠷᠥᠯ ᠵᠦᠢᠯ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ᠂ ᠤᠯᠤᠰ ᠤᠨ ᠵᠣᠷᠢᠭᠵᠢᠭᠤᠯᠤᠯ ᠤᠨ ᠲᠥᠷᠥᠯ | ᠵᠡᠷᠭᠡ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠭᠲᠠᠨ᠎ᠠ᠃ ︵ᠠᠶᠢᠮᠠᠭ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 4 | ᠳ᠋ᠤᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶ | ︵ᠬᠤᠶᠠᠷ︶ ᠨᠡᠶᠢᠲᠡᠯᠡᠬᠦ ᠵᠦᠢᠯᠡᠰ ᠢ ᠡᠮᠬᠢᠯᠡᠨ ᠳᠢᠭᠯᠡᠨ᠎ᠡ᠃ ︽ᠨᠢᠭᠡ ᠪᠦᠯᠦᠭ ᠪᠣᠯᠪᠠᠰᠤᠷᠠᠩᠭᠤᠶ ᠪᠣᠯᠪᠠᠯ᠂ | ᠨᠢᠭᠡ ᠪᠦᠯᠦᠭ ᠢ ᠨᠡᠶᠢᠲᠡᠯᠡᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠲᠣᠭᠲᠠᠭᠠᠵᠤ ᠨᠡᠶᠢᠲᠡᠯᠡᠭᠰᠡᠨ ︽︿ᠲᠠᠨ ᠤ ᠬᠠᠪᠰᠤᠷᠤᠮᠵᠢ﹀ ᠦᠢᠯᠡᠴᠢᠯᠡᠭᠡᠨ ᠤ | ᠵᠦᠢᠯᠡᠰ ᠤᠨ ᠯᠠᠪᠯᠠᠯᠲᠠ ᠶᠢᠨ ᠭᠠᠷᠴᠠᠭ︾ ᠢᠶᠠᠷ ᠯᠠᠪᠯᠠᠯᠲᠠ ᠪᠣᠯᠭᠠᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠠᠯᠠᠭ᠎ᠠ ᠮᠥᠴᠢᠷ ᠪᠣᠯᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠤᠳ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ | ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ | ᠲᠣᠭᠲᠠᠭᠠᠨ ᠨᠡᠶᠢᠲᠡᠯᠡᠵᠦ᠂ ᠬᠥᠳᠡᠯᠦᠩᠭᠦᠶ ᠪᠠᠷ ᠳᠣᠭᠢᠷᠠᠭᠤᠯᠬᠤ ᠶᠢ ᠬᠡᠷᠡᠭᠵᠢᠭᠦᠯᠬᠦ ᠶᠢᠨ ᠬᠠᠮᠲᠤ᠂ ᠥᠪᠥᠷ | ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽ ᠮᠦᠩᠬᠡ ᠰᠤᠪᠠᠭ︾ ᠤᠨ ᠰᠢᠯᠵᠢᠮᠡᠯ | ᠦᠵᠦᠭᠦᠷ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠨ᠎ᠡ᠃ ︵ | ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 4 | ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶ | ︵ᠭᠤᠷᠪᠠ︶ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ︽ᠲᠠᠨ ᠤ ᠬᠠᠪᠰᠤᠷᠤᠮᠵᠢ ︾ | ᠠᠵᠢᠯ ᠤᠨ ᠲᠤᠰᠬᠠᠶ ᠮᠡᠷᠭᠡᠵᠢᠯ ᠤᠨ ᠡᠩᠨᠡᠭᠡ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ ᠠᠵᠢᠯᠲᠠᠨ ᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠯᠢ | ᠴᠢᠳᠠᠬᠤ ᠪᠠᠷ ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ ᠢ ᠬᠡᠷᠡᠭᠯᠡᠵᠦ᠂ ᠠᠵᠢᠯᠲᠠᠨ ᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠣᠯᠠᠨ ᠭᠦᠢᠴᠡᠳᠭᠡᠬᠦ ᠠᠵᠢᠯᠲᠠᠨ ᠤ ᠲᠤᠭ᠎ᠠ ᠶᠢ ᠡᠯ᠎ᠡ ᠬᠤᠰᠢᠭᠤ ᠰᠢᠶᠠᠨ | ᠬᠤᠲᠠ ᠠᠴᠠ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠠᠵᠢᠯ ᠤᠨ ᠬᠡᠷᠡᠭᠴᠡᠭᠡ ᠪᠠᠨ ᠦᠨᠳᠦᠰᠦᠯᠡᠨ | ᠥᠪᠡᠰᠦᠪᠡᠨ ᠲᠣᠭᠲᠠᠭᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠥᠳᠡᠯᠦᠩᠭᠦᠶ ᠪᠠᠷ ᠳᠣᠭᠢᠷᠠᠭᠤᠯᠵᠤ | ᠪᠣᠯᠤᠨ᠎ᠠ᠃ ᠣᠷᠣᠯᠠᠨ ᠭᠦᠢᠴᠡᠳᠭᠡᠭᠴᠢ ᠨᠢ ᠭᠤᠤᠯᠳᠠᠭᠤ ᠭᠤᠶᠤᠴᠢᠯᠠᠭᠴᠢ ᠳᠤ ᠲᠤᠬᠠᠶᠢᠯᠠᠭᠰᠠᠨ ᠠᠵᠢᠯ ᠤᠨ | ᠯᠠᠪᠯᠠᠭ᠎ᠠ ᠬᠠᠩᠭᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠨᠡᠪᠲᠡᠷᠡᠯᠴᠡᠨ ᠬᠠᠷᠢᠯᠴᠠᠵᠤ᠂ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠮᠥᠷᠳᠡᠵᠦ᠂ ᠬᠤᠯᠪᠣᠭᠳᠠᠯ ᠪᠥᠬᠦᠶ ᠠᠰᠠᠭᠤᠳᠠᠯ ᠢ ᠴᠠᠭ | ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ ᠡᠯ᠎ᠡ ᠱᠠᠲᠤᠨ ᠤ ᠪᠠᠯᠠ ᠣᠷᠣᠭᠤᠯᠤᠯᠲᠠ ᠶᠢᠨ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠤᠳ ᠨᠠᠭᠠᠳᠤ | ᠵᠠᠬ᠎ᠠ ᠳᠠᠭᠠᠨ 1 ᠠᠵᠢᠯᠲᠠᠨ ᠢ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠵᠥᠪᠳᠡᠯᠴᠡᠬᠦ ᠳᠤ | ᠣᠷᠣᠯᠴᠠᠭᠤᠯᠬᠤ ᠪᠠᠷ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠠᠢ | ᠬᠠᠮᠵᠢᠯᠴᠠᠨ ᠬᠠᠮᠢᠶ᠎ᠠ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠣᠷᠣᠯᠠᠨ ᠭᠦᠢᠴᠡᠳᠭᠡᠬᠦ | ᠬᠠᠪᠰᠤᠷᠤᠨ ᠭᠦᠢᠴᠡᠳᠭᠡᠬᠦ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ︵ᠠᠶᠢᠮᠠᠭ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 5 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ ᠪᠡᠶᠡᠯᠡᠭᠦᠯᠦᠨ᠎ᠡ︶ | ︵ᠳᠥᠷᠪᠡ︶ ᠦᠢᠯᠡᠴᠢᠯᠡᠭᠡᠨ ᠤ ᠠᠷᠭ᠎ᠠ ᠮᠠᠶ᠋ᠢᠭ ᠢ ᠥᠷᠭᠡᠳᠬᠡᠨ᠎ᠡ᠃ ᠣᠷᠣᠯᠠᠨ ᠭᠦᠢᠴᠡᠳᠭᠡᠬᠦ ᠬᠠᠪᠰᠤᠷᠤᠨ | ᠭᠦᠢᠴᠡᠳᠭᠡᠬᠦ ᠦᠢᠯᠡᠴᠢᠯᠡᠭᠡ ᠳᠤ ︽ᠱᠠᠲᠤ ᠬᠤᠪᠢᠶᠠᠨ ᠭᠦᠢᠴᠡᠳᠭᠡᠬᠦ᠂ ᠳᠡᠭᠡᠳᠦ ᠳᠣᠤᠷᠠᠳᠤ ᠱᠠᠲᠤ ᠬᠤᠯᠪᠣᠭᠠᠯᠠᠨ | ᠬᠥᠳᠡᠯᠦᠯᠴᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠶᠠᠪᠤᠭᠳᠠᠭᠤᠯᠬᠤ︾ ᠠᠷᠭ᠎ᠠ | ᠮᠠᠶ᠋ᠢᠭ ᠢ ᠬᠡᠷᠡᠭᠵᠢᠭᠦᠯᠦᠨ᠎ᠡ᠃ ᠰᠦᠯᠵᠢᠶᠡᠨ ᠭᠠᠳᠠᠨ᠎ᠠ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠳᠤ ︽ᠲᠠᠨ ᠤ ᠬᠠᠪᠰᠤᠷᠤᠮᠵᠢ︾ ᠴᠣᠩᠬᠤ ᠭᠠᠷᠭᠠᠵᠤ᠂ ᠰᠦᠯᠵᠢᠶᠡᠨ ᠳᠡᠭᠡᠷ᠎ᠡ | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽ ᠮᠦᠩᠬᠡ ᠰᠤᠪᠠᠭ︾ ᠤᠨ | ᠰᠢᠯᠵᠢᠮᠡᠯ ᠦᠵᠦᠭᠦᠷ ᠲᠤ ᠲᠦᠰᠢᠭᠯᠡᠨ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ | ᠤᠲᠠᠰᠤᠨ ᠳᠤ ︽ ᠮᠦᠩᠬᠡ ᠰᠤᠪᠠᠭ︾ ᠲᠤᠰᠬᠠᠶ ᠪᠤᠯᠤᠩ ᠭᠠᠷᠭᠠᠵᠤ᠂ ᠭᠤᠶᠤᠴᠢᠯᠠᠭᠴᠢ ᠳᠤ ᠠᠰᠠᠭᠤᠨ ᠯᠠᠪᠯᠠᠬᠤ᠂ | ᠵᠢᠭᠠᠨ ᠵᠢᠯᠣᠭᠤᠳᠬᠤ᠂ ᠵᠣᠬᠢᠴᠠᠭᠤᠯᠬᠤ ᠪᠠ ᠳᠠᠭᠠᠭᠤᠯᠤᠨ ᠭᠦᠢᠴᠡᠳᠭᠡᠬᠦ ᠵᠡᠷᠭᠡ ᠰᠦᠢᠳᠭᠡᠯ ᠬᠤᠷᠢᠶᠠᠬᠤ ᠥᠬᠡᠶ | ᠦᠢᠯᠡᠴᠢᠯᠡᠭᠡ ᠬᠠᠩᠭᠠᠨ᠎ᠠ᠃ ︵ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ | ᠬᠠᠷᠢᠭᠤᠴᠠᠵᠤ᠂ 2021 ᠣᠨ ᠤ 5 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶ | ︵ᠲᠠᠪᠤ︶ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠤᠨ᠎ᠠ᠃ ᠰᠢᠶᠠᠨ ᠤ ᠱᠠᠲᠤ ᠵᠢᠴᠢ | ᠲᠡᠭᠦᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠲᠣᠭᠲᠠᠭᠠᠭᠰᠠᠨ ︽ᠲᠠᠨ ᠤ | ᠬᠠᠪᠰᠤᠷᠤᠮᠵᠢ︾ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ ᠴᠤᠪᠤᠷᠠᠯ ᠵᠢᠷᠤᠭ ᠢᠶᠠᠷ | ᠯᠠᠪᠯᠠᠯᠲᠠ ᠪᠣᠯᠭᠠᠵᠤ᠂ ᠴᠤᠪᠤᠷᠠᠯ ᠵᠢᠷᠤᠭ ᠢ ᠨᠠᠷᠢᠯᠢᠬᠵᠢᠭᠤᠯᠤᠨ ᠲᠣᠭᠲᠠᠭᠠᠵᠤ ᠨᠡᠶᠢᠲᠡᠯᠡᠨ᠎ᠡ᠃ ᠭᠤᠶᠤᠴᠢᠯᠠᠭᠴᠢ ᠨᠢ | ᠰᠠᠶᠢᠨ ᠳᠤᠷ᠎ᠠ ᠠᠴᠠ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠤ ᠭᠤᠶᠤᠴᠢᠯᠠᠯ | ᠭᠠᠷᠭᠠᠵᠤ᠂ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠵᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ | ᠲᠣᠳᠣᠷᠬᠠᠶᠢᠯᠠᠨ᠂ ᠲᠥᠷᠥᠯ ᠵᠦᠢᠯ ᠤᠨ ᠦᠨᠳᠦᠰᠦᠨ ᠮᠡᠳᠡᠭᠡ ᠵᠠᠩᠭᠢ ᠶᠢ ᠲᠤᠰᠢᠶᠠᠬᠤ ᠬᠡᠷᠡᠭᠲᠡᠶ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠨᠢ ᠲᠤᠰᠬᠠᠶ ᠬᠥᠮᠦᠨ ᠳᠣᠭᠢᠷᠠᠭᠤᠯᠤᠨ ᠭᠤᠶᠤᠴᠢᠯᠠᠭᠴᠢ ᠯᠤᠭ᠎ᠠ | ᠨᠡᠪᠲᠡᠷᠡᠯᠴᠡᠨ ᠬᠠᠷᠢᠯᠴᠠᠵᠤ᠂ ᠬᠠᠮᠢᠶ᠎ᠠ ᠪᠥᠬᠦᠶ ᠪᠠᠶᠢᠳᠠᠯ ᠢ ᠬᠢᠨᠠᠨ ᠬᠠᠷᠭᠤᠭᠤᠯᠵᠤ᠂ ᠡᠷᠬᠡ ᠣᠯᠭᠤᠬᠤ | ᠨᠠᠶᠢᠳᠠᠯᠭ᠎ᠠ ᠶᠢᠨ ᠪᠢᠴᠢᠭ ᠪᠠ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠣᠷᠣᠯᠠᠨ ᠭᠦᠢᠴᠡᠳᠭᠡᠬᠦ | ᠬᠠᠪᠰᠤᠷᠤᠨ ᠭᠦᠢᠴᠡᠳᠭᠡᠬᠦ ᠲᠥᠰᠦᠯ ᠢ ᠲᠣᠭᠲᠠᠭᠠᠨ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠥᠯᠥᠪᠯᠡᠭᠡ ᠶᠢ | ᠨᠠᠶᠢᠷᠠᠭᠤᠯᠤᠨ ᠵᠣᠬᠢᠶᠠᠵᠤ᠂ ᠭᠤᠶᠤᠴᠢᠯᠠᠭᠴᠢ ᠶᠢᠨ ᠲᠠᠰ ᠳᠠᠷᠠᠭᠠᠯᠠᠯ ᠢᠶᠠᠷ ᠭᠤᠶᠤᠴᠢᠯᠠᠨ ᠮᠡᠳᠡᠭᠦᠯᠬᠦ ᠶᠢ ᠵᠢᠭᠠᠨ | ᠵᠢᠯᠣᠭᠤᠳᠴᠤ᠂ ᠭᠦᠢᠴᠡᠳᠭᠡᠭ᠊ ᠤ᠋ᠴᠠᠭ ᠢ ᠨᠢᠭᠡᠳᠦᠯᠲᠡᠶ ᠲᠥᠯᠥᠪᠯᠡᠨ ᠪᠠᠭᠠᠰᠬᠠᠵᠤ᠂ ᠰᠠᠯᠠᠭ᠎ᠠ ᠮᠥᠴᠢᠷ ᠯᠦᠭᠡ | ᠵᠣᠬᠢᠴᠠᠭᠤᠯᠤᠨ ᠬᠠᠮᠲᠤ ᠳᠤᠨᠢ ᠭᠦᠢᠴᠡᠳᠭᠡᠵᠦ᠂ ᠭᠦᠢᠴᠡᠳᠭᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ | ᠬᠠᠷᠢᠭᠤ ᠲᠤᠰᠬᠠᠵᠤ᠂ ᠮᠠᠲ᠋ᠧᠷᠢᠶᠠᠯ ᠢᠶᠠᠨ ᠲᠠᠩᠰᠠ ᠡᠪᠬᠡᠮᠡᠯ ᠳᠤ ᠣᠷᠣᠭᠤᠯᠤᠨ ᠪᠤᠴᠠᠭᠠᠵᠤ᠂ ᠬᠠᠷᠢᠭᠤ | ᠰᠤᠷᠪᠤᠯᠵᠢᠯᠠᠵᠤ ᠦᠨᠡᠯᠡᠨ ᠵᠢᠱᠢᠵᠦ ᠦᠨᠡᠯᠡᠨ᠎ᠡ᠃ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠶᠢ | ᠳᠠᠭᠤᠰᠬᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠳᠠᠭᠤᠰᠬᠠᠬᠤ ᠬᠠᠭᠤᠳᠠᠰᠤ︾ ᠳᠤ ᠭᠠᠷ ᠤᠨ ᠥᠰᠥᠭ | ᠵᠢᠷᠤᠵᠤ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠶᠢ ᠵᠣᠭᠰᠣᠭᠠᠬᠤ ᠬᠡᠷᠡᠭᠲᠡᠶ᠃ ︵ᠠᠶᠢᠮᠠᠭ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 5 ᠳ᠋ᠤᠭᠠᠷ | ᠰᠠᠷ᠎ᠠ ᠶᠢᠨ 31 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶ | ︵ᠵᠢᠷᠭᠤᠭ᠎ᠠ︶ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠭᠦᠢᠴᠡᠳᠭᠡᠨ᠎ᠡ᠃ ᠠᠶᠢᠮᠠᠭ ᠬᠤᠰᠢᠭᠤ ᠬᠤᠶᠠᠷ | ᠱᠠᠲᠤᠨ ᠨᠢ ᠵᠠᠰᠠᠭ ᠤᠨ ᠣᠷᠳᠣᠨ ᠤ ᠤᠳᠤᠷᠢᠳᠤᠭᠰᠠᠨ ︽ ᠬᠤᠷᠠᠯ ᠢᠶᠠᠷ ᠵᠦᠪᠳᠡᠬᠦ ᠬᠤᠷᠠᠯ ᠢᠶᠠᠷ ᠬᠢᠨᠠᠨ | ᠪᠠᠶᠢᠴᠠᠭᠠᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ | ᠮᠥᠴᠢᠷ ᠢᠶᠠᠷ ᠲᠦᠷᠦᠭᠦᠯᠡᠭᠦᠯᠦᠨ᠂ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠣᠷᠣᠨ | ᠰᠠᠭᠤᠴᠠ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠨᠤᠳᠤᠭ ᠪᠡᠯᠴᠢᠭᠡᠷ᠂ | ᠤᠰᠤᠨ ᠠᠰᠢᠭᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ ᠤᠨᠲᠠᠷᠠᠭᠠᠬᠤ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠯᠠ ᠣᠷᠣᠭᠤᠯᠵᠤ ᠪᠥᠲᠥᠭᠡᠨ | ᠪᠠᠶᠢᠭᠤᠯᠬᠤ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠲᠥᠯᠥᠪᠵᠢᠭᠦᠯᠭᠡ ᠬᠢᠬᠦ᠂ | ᠪᠠᠷᠢᠯᠭ᠎ᠠ ᠪᠠᠷᠢᠬᠤ᠂ ᠪᠠᠷᠢᠯᠭ᠎ᠠ ᠳᠠᠭᠤᠰᠬᠠᠬᠤ ᠵᠡᠷᠭᠡ ᠠᠳᠠᠯᠢ ᠪᠤᠰᠤ ᠱᠠᠲᠤ ᠦᠶ᠎ᠡ ᠶᠢᠨ ᠬᠢᠨᠠᠨ ᠵᠥᠪᠰᠢᠶᠡᠷᠡᠬᠦ | ᠵᠦᠢᠯᠡᠰ ᠤᠨ ᠲᠣᠭᠤᠷᠢᠨ ᠳᠤ᠂ ᠭᠤᠶᠤᠴᠢᠯᠠᠭᠴᠢ ᠳᠤ ᠨᠢᠭᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠵᠦ᠂ ᠰᠠᠯᠠᠭ᠎ᠠ | ᠮᠥᠴᠢᠷ ᠤᠨ ᠨᠡᠶᠢᠯᠡᠭᠦᠯᠦᠨ ᠬᠤᠯᠪᠣᠭᠠᠯᠠᠵᠤ ᠬᠢᠨᠠᠨ ᠵᠥᠪᠰᠢᠶᠡᠷᠡᠬᠦ ᠠᠵᠢᠯ ᠥᠷᠨᠢᠭᠦᠯᠬᠦ ᠶᠢ ᠠᠬᠢᠭᠤᠯᠤᠨ᠎ᠠ᠃ | ᠳᠤᠲᠠᠭᠳᠠᠯ ᠲᠠᠢ ᠲᠠᠯ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠ ᠠᠮᠠᠯᠠᠯᠲᠠ ᠪᠠᠨ ᠮᠡᠳᠡᠭᠳᠡᠬᠦ ᠲᠦᠷᠢᠮ ᠢ | ᠬᠡᠷᠡᠭᠵᠢᠭᠦᠯᠵᠦ᠂ ᠭᠤᠶᠤᠴᠢᠯᠠᠭᠴᠢ ᠶᠢ ᠵᠢᠯᠣᠭᠤᠳᠤᠨ ᠮᠡᠳᠡᠭᠦᠯᠬᠦ ᠮᠠᠲ᠋ᠧᠷᠢᠶᠠᠯ ᠢ ᠵᠡᠷᠭᠡᠪᠡᠷ ᠪᠡᠯᠡᠳᠬᠡᠨ᠂ ︽ᠣᠯᠠᠨ | ᠦᠨᠡᠯᠡᠯᠲᠡ ᠶᠢ ᠨᠡᠶᠢᠯᠡᠭᠦᠯᠦᠨ ᠨᠢᠭᠡ ᠪᠣᠯᠭᠠᠬᠤ︾ ︽ᠣᠯᠠᠨ ᠵᠢᠷᠤᠭ ᠢ ᠬᠠᠮᠲᠤᠷᠠᠨ ᠬᠢᠨᠠᠬᠤ︾ ︽ᠬᠠᠮᠲᠤᠷᠠᠨ | ᠰᠢᠯᠭᠠᠨ ᠠᠪᠬᠤ︾ ᠵᠡᠷᠭᠡ ᠲᠦᠷᠭᠡᠨ ᠦᠢᠯᠡᠴᠢᠯᠡᠭᠡᠨ ᠢ ᠬᠠᠮᠵᠢᠨ ᠭᠦᠶ᠋ᠴᠡᠳᠬᠡᠵᠦ᠂ ᠪᠠᠯᠠ ᠣᠷᠣᠭᠤᠯᠤᠯᠲᠠ ᠶᠢᠨ | ᠲᠥᠷᠥᠯ ᠵᠦᠢᠯ ᠤᠨ ᠪᠦᠬᠦᠯᠢ ᠴᠣᠭᠴᠠ ᠶᠢᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ | ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 6 | ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶ | ︵ᠳᠣᠯᠤᠭ᠎ᠠ︶ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠷᠠᠭᠤᠯᠤᠨ᠎ᠠ᠃ ᠣᠷᠣᠯᠠᠨ ᠭᠦᠢᠴᠡᠳᠭᠡᠬᠦ | ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ ᠦᠨᠡᠯᠡᠯᠲᠡ ᠶᠢᠨ ᠲᠦᠷᠢᠮ ᠢ ᠪᠠᠶᠢᠭᠤᠯᠵᠤ᠂ ᠭᠤᠶᠤᠴᠢᠯᠠᠭᠴᠢ ᠶᠢᠨ | ᠬᠢᠨᠠᠯᠲᠠ ᠲᠠᠯᠪᠢᠵᠤ ᠦᠨᠡᠯᠡᠬᠦ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠪᠥᠬᠦ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠶᠢᠨ ᠰᠢᠰᠲ᠋ᠧᠮ ᠢ ᠠᠰᠢᠭᠯᠠᠬᠤ ᠪᠤᠶᠤ | ᠭᠤᠷᠪᠠᠳᠠᠬᠢ ᠡᠲᠡᠭᠡᠳ ᠲᠤ ᠨᠠᠶᠢᠳᠠᠵᠤ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠭᠡᠬᠦ | ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ ᠠᠵᠢᠯ ᠢ ᠦᠨᠡᠯᠡᠨ ᠵᠢᠱᠢᠵᠦ ᠦᠨᠡᠯᠡᠬᠦ ᠶᠢ ᠥᠷᠨᠢᠭᠦᠯᠵᠦ᠂ ᠦᠨᠡᠯᠡᠨ | ᠵᠢᠱᠢᠵᠦ ᠦᠨᠡᠯᠡᠭᠰᠡᠨ ᠦᠷ᠎ᠡ ᠳ᠋ᠦᠩ ᠢ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡᠨ ᠤ | ᠠᠵᠢᠯ ᠢ ᠰᠠᠶᠢᠵᠢᠷᠠᠭᠤᠯᠬᠤ ᠪᠠ ᠰᠢᠯᠭᠠᠨ ᠬᠢᠨᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ︵ᠠᠶᠢᠮᠠᠭ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 6 ᠳ᠋ᠤᠭᠠᠷ | ᠰᠠᠷ᠎ᠠ ᠶᠢᠨ 30 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ᠂ ᠡᠯ᠎ᠡ | ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ︽ ᠮᠦᠩᠬᠡ ᠰᠤᠪᠠᠭ · ᠲᠠᠨ ᠤ ᠬᠠᠪᠰᠤᠷᠤᠮᠵᠢ︾ ᠠᠵᠢᠯ ᠢ ᠬᠡᠷᠡᠭᠵᠢᠭᠦᠯᠬᠦ | ᠶᠠᠪᠤᠳᠠᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠡᠭᠦᠷᠭᠡ ᠪᠠᠨ | ᠨᠠᠷᠢᠯᠢᠬᠵᠢᠭᠤᠯᠤᠨ ᠬᠤᠪᠢᠶᠠᠷᠢᠯᠠᠵᠤ᠂ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠬᠤ ᠬᠡᠷᠡᠭᠲᠡᠶ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠵᠢᠯ ᠢᠶᠠᠨ | ᠪᠠᠶᠢᠷᠢᠯᠠᠭᠤᠯᠵᠤ᠂ ᠪᠡᠶ᠎ᠡ ᠪᠠᠷ ᠢᠶᠠᠨ ᠲᠥᠰᠦᠯ ᠢ ᠠᠳᠬᠤᠵᠤ᠂ ᠵᠠᠩᠭᠢᠯᠠᠭ᠎ᠠ ᠶᠢᠨ ᠭᠤᠭᠴᠤᠭ᠎ᠠ ᠶᠢ ᠪᠡᠶ᠎ᠡ ᠪᠠᠷ ᠢᠶᠠᠨ | ᠵᠣᠬᠢᠴᠠᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ ᠰᠢᠮᠳᠠᠭᠤᠯᠤᠨ ᠪᠠᠶᠢᠴᠠᠭᠠᠬᠤ ᠬᠡᠷᠡᠭᠲᠡᠶ᠃ | ᠡᠯ᠎ᠡ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠠᠨ | ᠭᠦᠢᠴᠡᠳᠭᠡᠬᠦ ᠬᠠᠪᠰᠤᠷᠤᠨ ᠭᠦᠢᠴᠡᠳᠭᠡᠬᠦ ᠲᠥᠷᠥᠯ ᠵᠦᠢᠯ ᠢ ᠳᠥᠯᠭᠢᠨ ᠠᠬᠢᠭᠤᠯᠬᠤ ᠳᠤ ᠴᠠᠭ ᠲᠤᠨᠢ | ᠳᠣᠭᠢᠷᠠᠭᠤᠯᠤᠨ ᠣᠷᠣᠯᠴᠠᠵᠤ᠂ ᠡᠯ᠎ᠡ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠶᠢ | ᠴᠠᠭ ᠲᠤᠬᠠᠶ ᠳᠤᠨᠢ ᠵᠣᠬᠢᠴᠠᠭᠤᠯᠵᠤ᠂ ᠬᠢᠨᠠᠨ ᠵᠥᠪᠰᠢᠶᠡᠷᠡᠬᠦ ᠵᠦᠢᠯᠡᠰ ᠢ ᠴᠠᠭ ᠬᠤᠭᠤᠴᠠᠭ᠎ᠠ ᠶᠢᠨ ᠬᠢᠵᠠᠭᠠᠷ | ᠶᠣᠰᠣᠭᠠᠷ ᠭᠦᠶ᠋ᠴᠡᠳᠬᠡᠵᠦ ᠳᠠᠭᠤᠰᠬᠠᠬᠤ ᠶᠢ ᠰᠢᠮᠳᠠᠭᠤᠯᠬᠤ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ︽ ᠮᠦᠩᠬᠡ ᠰᠤᠪᠠᠭ ᠲᠠᠨ ᠤ ᠬᠠᠪᠰᠤᠷᠤᠮᠵᠢ︾ ᠶᠢ ᠥᠷᠨᠢᠭᠦᠯᠬᠦ ᠳᠤ ᠬᠡᠷᠡᠭᠰᠡᠬᠦ ᠪᠠᠯᠠ | ᠮᠥᠩᠭᠦ ᠶᠢ ᠲᠣᠰ ᠱᠠᠲᠤᠨ ᠤ ᠣᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠭᠦᠢᠴᠡᠳ | ᠵᠠᠷᠤᠳᠠᠯ ᠤᠨ ᠪᠠᠲᠤᠯᠠᠭ᠎ᠠ ᠣᠯᠭᠤᠬᠤ ᠬᠡᠷᠡᠭᠲᠡᠶ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠬᠢᠨ ᠡᠭᠦᠷᠭᠡ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠪᠠᠨ | ᠱᠠᠲᠤ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠲᠡᠶ᠃ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ | ᠨᠡᠪᠲᠡᠷᠡᠯᠴᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠨᠢᠭᠲᠠ ᠬᠠᠮᠵᠢᠯᠴᠠᠨ᠂ ᠪᠦᠬᠦᠯᠢ ᠴᠣᠭᠴᠠ ᠪᠠᠷ | ᠠᠬᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠳ | ᠵᠣᠷᠢᠭᠲᠠᠶ ᠪᠠᠷ ᠡᠭᠦᠷᠭᠡᠯᠡᠨ᠂ ᠵᠣᠷᠢᠭᠲᠠᠶ ᠪᠠᠷ ᠬᠠᠷᠢᠭᠤᠴᠠᠵᠤ᠂ ᠲᠦᠷᠦᠭᠦᠯᠡᠬᠦ ᠦᠢᠯᠡᠳᠦᠯ ᠢᠶᠠᠨ ᠢᠳᠡᠪᠬᠢᠲᠡᠶ | ᠪᠠᠳᠠᠷᠠᠭᠤᠯᠤᠨ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ | ᠬᠤᠯᠪᠣᠭᠳᠠᠬᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠡᠭᠦᠷᠭᠡ ᠬᠠᠷᠢᠭᠤᠴᠠᠯᠭ᠎ᠠ ᠪᠠᠨ | ᠬᠢᠨᠠᠮᠠᠭᠠᠶ ᠭᠦᠢᠴᠡᠳᠭᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠠᠢ ᠬᠠᠮᠵᠢᠯᠴᠠᠨ ︽ | ᠮᠦᠩᠬᠡ ᠰᠤᠪᠠᠭ ᠲᠠᠨ ᠤ ᠬᠠᠪᠰᠤᠷᠤᠮᠵᠢ︾ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ᠃ ᠡᠯ᠎ᠡ ᠬᠤᠰᠢᠭᠤ | ᠰᠢᠶᠠᠨ ᠬᠤᠲᠠ ᠨᠤᠭᠤᠳ ᠰᠠᠷ᠎ᠠ ᠪᠦᠷᠢ ᠶᠢᠨ 23 ᠤ ᠡᠳᠦᠷ ᠠᠴᠠ ᠡᠮᠦᠨ᠎ᠡ ᠠᠬᠢᠴᠠ ᠶᠢᠨ ᠪᠠᠶᠢᠳᠠᠯ ᠢᠶᠠᠨ | ᠠᠶᠢᠮᠠᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠬᠦ | ᠬᠡᠷᠡᠭᠲᠡᠶ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ︽ ᠮᠦᠩᠬᠡ ᠰᠤᠪᠠᠭ | ᠲᠠᠨ ᠤ ᠬᠠᠪᠰᠤᠷᠤᠮᠵᠢ︾ ᠶᠢᠨ ᠠᠵᠢᠯ ᠢ ᠣᠨ ᠤ ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ | ᠰᠠᠯᠠᠭ᠎ᠠ ᠮᠥᠴᠢᠷ ᠤᠨ ︽ ᠲᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠭᠦᠨᠵᠡᠭᠡᠶᠢᠷᠡᠭᠦᠯᠬᠦ ᠳᠤ | ᠣᠷᠣᠭᠤᠯᠤᠨ᠎ᠠ᠃ ᠡᠯ᠎ᠡ ᠭᠠᠵᠠᠷ ᠤᠨ ᠬᠢᠨ ᠲᠤᠰᠬᠠᠶ ᠠᠵᠢᠯ ᠤᠨ ᠡᠬᠡ ᠲᠠᠩᠰᠠ ᠲᠣᠭᠲᠠᠭᠠᠵᠤ᠂ ᠲᠣᠭᠲᠠᠭᠰᠠᠨ | ᠬᠤᠭᠤᠴᠠᠭ᠎ᠠ ᠲᠠᠢ ᠪᠠᠷ ᠳᠣᠭᠢᠷᠠᠭᠤᠯᠤᠨ᠂ ᠠᠬᠢᠴᠠ ᠶᠢᠨ ᠪᠠᠶᠢᠳᠠᠯ ᠢᠶᠠᠨ ᠮᠡᠳᠡᠭᠳᠡᠵᠦ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠵᠠᠯᠬᠠᠭᠠᠨ ᠴᠡᠭᠡᠷᠯᠡᠭᠦᠯᠬᠦ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠪᠠᠶᠢᠭᠤᠯᠵᠤ᠂ ᠠᠵᠢᠯ ᠢ ᠬᠦᠴᠦᠲᠡᠶ ᠠᠬᠢᠭᠤᠯᠤᠭᠰᠠᠨ ᠥᠬᠡᠶ᠂ ᠠᠵᠤ ᠠᠬᠤᠶᠢᠯᠠᠯ ᠣᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ | ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠠᠶᠢᠮᠠᠭ ᠤᠨ ᠵᠠᠬᠢᠷᠭ᠎ᠠ ᠠᠴᠠ ᠡᠯ᠎ᠡ ᠭᠠᠵᠠᠷ ᠤᠨ ᠠᠵᠢᠯ ᠤᠨ | ᠪᠠᠶᠢᠳᠠᠯ ᠢ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠨ᠎ᠠ᠃ | ︵ᠳᠥᠷᠪᠡ︶ ᠲᠤᠷᠰᠢᠯᠭ᠎ᠠ ᠪᠠᠨ ᠳ᠋ᠦᠩᠨᠡᠨ ᠳᠡᠯᠭᠡᠷᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠳ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠶᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠳ᠋ᠦᠩᠨᠡᠬᠦ ᠶᠢᠨ ᠬᠠᠮᠲᠤ᠂ ᠲᠤᠷᠰᠢᠯᠭ᠎ᠠ ᠠᠷᠭ᠎ᠠ ᠬᠢᠳᠡᠯ ᠢᠶᠠᠨ ᠴᠠᠭ | ᠲᠤᠬᠠᠶ ᠳᠤᠨᠢ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ ᠠᠶᠢᠮᠠᠭ ᠤᠨ ᠵᠠᠬᠢᠷᠭ᠎ᠠ ᠠᠴᠠ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠨ ᠠᠮᠵᠢᠯᠲᠠ ᠲᠠᠢ ᠲᠤᠷᠰᠢᠯᠭ᠎ᠠ ᠠᠷᠭ᠎ᠠ ᠬᠢᠳᠡᠯ ᠢ ᠮᠡᠳᠡᠭᠡᠯᠡᠬᠦ ᠪᠠ ᠲᠡᠷᠡ | ᠬᠡᠪ ᠢᠶᠠᠷ ᠨᠢ ᠳᠡᠯᠭᠡᠷᠡᠭᠦᠯᠬᠦ ᠪᠣᠯᠤᠨ᠎ᠠ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ | ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠵᠤ᠂ ᠣᠷᠣᠯᠠᠨ ᠭᠦᠢᠴᠡᠳᠬᠡᠬᠦ ᠪᠠ ᠬᠠᠪᠰᠤᠷᠤᠨ ᠭᠦᠢᠴᠡᠳᠬᠡᠬᠦ | ᠬᠥᠮᠦᠰ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠲᠠᠪᠤ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠭᠠᠵᠠᠷ᠂ ᠡᠯ᠎ᠡ ᠰᠠᠯᠠᠭ᠎ᠠ | ᠮᠥᠴᠢᠷ ᠤᠨ ᠬᠢᠨ ︽ ᠮᠦᠩᠬᠡ ᠰᠤᠪᠠᠭ ᠲᠠᠨ ᠤ ᠬᠠᠪᠰᠤᠷᠤᠮᠵᠢ︾ ᠠᠵᠢᠯ ᠢ ᠬᠡᠷᠡᠭᠵᠢᠭᠦᠯᠬᠦ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠥᠷᠥ ᠶᠢᠨ | ᠪᠣᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠧᠯᠸᠢᠰ ᠰᠣᠨᠢᠨ ᠰᠡᠳᠬᠦᠯ᠂ ᠰᠦᠯᠵᠢᠶᠡᠨ ᠤ ᠰᠢᠨ᠎ᠡ | ᠵᠠᠭᠤᠴᠢᠯᠠᠭᠤᠷ ᠵᠡᠷᠭᠡ ᠵᠠᠭᠤᠴᠢᠯᠠᠭᠤᠷ ᠢ ᠭᠦᠢᠴᠡᠳ ᠬᠡᠷᠡᠭᠯᠡᠨ᠂ ᠺᠠᠷᠲ᠋ᠣᠨ᠂ ᠱᠤᠭ ᠵᠢᠷᠤᠭ ᠤᠨ ᠭᠠᠷ ᠳᠡᠪᠲᠡᠷ ᠵᠡᠷᠭᠡ | ᠠᠵᠤ ᠠᠬᠤᠶᠢᠯᠠᠯ ᠤᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠬᠠᠭᠤᠯᠭ᠎ᠠ ᠶᠢᠨ ᠠᠷᠭ᠎ᠠ ᠮᠠᠶ᠋ᠢᠭ ᠤᠨ | ᠰᠢᠨ᠎ᠡ ᠶᠢ ᠡᠭᠦᠳᠴᠦ᠂ ᠨᠡᠶᠢᠭᠡᠮ ᠤᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ | ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠨ᠎ᠠ᠃ | |