ᠬᠢᠩᠭᠠᠨ ᠠᠶᠢᠮᠠᠭ ᠲᠤ ᠲᠠᠪᠤᠳᠤᠭᠠᠷ ᠪᠦᠯᠦᠭ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ︾ ᠭᠡᠬᠦ  ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ  ᠴᠤᠯᠠᠯᠠᠭᠳᠠᠪᠠ
ᠨᠡᠶᠢᠲᠡᠯᠡᠭᠰᠡᠨ ᠴᠠᠭ᠄
2021/10/21
    10 ᠰᠠᠷ᠎ᠠ ᠶᠢᠨ 14 ᠤ ᠡᠳᠦᠷ᠂ ᠺᠦᠨᠮᠢᠩ ᠳᠤ ᠶᠠᠪᠤᠭᠳᠠᠭᠰᠠᠨ ᠲᠠᠪᠤᠳᠤᠭᠠᠷ ᠪᠦᠯᠦᠭ ᠤᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ‌ᠦᠵᠡᠭᠦᠯᠬᠦ ᠤᠷᠤᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠳᠤ ᠫᠠᠶᠢᠰᠠ ᠣᠯᠭᠤᠬᠤ ᠠᠵᠢᠯᠯᠠᠭ᠎ᠠ ᠪᠣᠯᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ — ᠤᠨᠤᠯ ᠠᠴᠠ ᠦᠢᠯᠡᠳᠦᠯᠭᠡ ᠬᠦᠷᠲᠡᠯ᠎ᠡ︾ ᠭᠡᠬᠦ ᠭᠤᠣᠯ ᠰᠡᠳᠦᠪᠲᠦ ᠶᠠᠷᠢᠶᠠᠨ ᠤ ᠲᠠᠪᠴᠠᠩ ᠠᠴᠠ ᠪᠠᠶᠠᠷ ᠤᠨ ᠴᠢᠮᠡᠭᠡ ᠤᠯᠠᠮᠵᠢᠯᠠᠭᠳᠠᠵᠠᠢ᠃ ᠬᠢᠩᠭᠠᠨ ᠠᠶᠢᠮᠠᠭ  ᠲᠠᠪᠤᠳᠤᠭᠠᠷ ᠪᠦᠯᠦᠭ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ︾ ᠭᠡᠬᠦ  ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠴᠣᠯᠠ ᠭᠥᠷᠳᠡᠪᠡ᠂ ᠬᠢᠩᠭᠠᠨ ᠠᠶᠢᠮᠠᠭ ᠴᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠶᠢᠮᠠᠭ ᠬᠤᠲᠠ ᠪᠠᠷ ᠨᠢᠭᠡᠴᠢ ᠪᠣᠯᠭᠠᠨ ᠲᠣᠰ ᠢᠷᠠᠭᠤ ᠠᠯᠳᠠᠷ ᠢ ᠭᠥᠷᠳᠡᠭᠰᠡᠨ ᠭᠠᠵᠠᠷ ᠣᠷᠣᠨ ᠮᠥᠨ᠃ ᠡᠨᠡ ᠪᠣᠯ ᠤᠯᠤᠰ ᠠᠴᠠ ᠬᠢᠩᠭᠠᠨ ᠠᠶᠢᠮᠠᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠬᠢᠩᠭᠠᠨ ᠠᠶᠢᠮᠠᠭ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠂ ᠠᠯᠤᠰ ᠬᠡᠳᠦ ᠶᠢᠨ ᠨᠥᠯᠥᠭᠡ ᠲᠠᠢ ᠶᠤᠮ᠃    ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠲᠠᠶᠢᠰᠠᠨ ᠳᠤ ᠫᠠᠶᠢᠰᠠ ᠲᠤᠰᠪᠠ᠃    ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠᠷ ᠠᠶᠢᠮᠠᠭ ᠢᠶᠠᠨ  ᠬᠦᠭᠵᠢᠭᠦᠯᠬᠦ ᠶᠢᠨ ᠦᠨᠳᠦᠰᠦ᠂ ᠬᠥᠭᠵᠢᠯᠲᠡ ᠶᠢᠨ ᠰᠠᠭᠤᠷᠢ ᠪᠣᠯᠭᠠᠬᠤ ᠶᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤᠨ ᠤ ︽ᠦᠡᠭᠭᠡ ᠲᠦᠷᠰᠦ︾ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂  ᠠᠯᠳᠠ ᠮᠥᠩᠭᠦᠨ ᠠᠭᠤᠯᠠ ᠶᠢᠨ ︽ᠦᠷᠳᠡᠭ︾   ᠢ ᠪᠤᠵᠠᠭᠠᠶᠢᠷᠠᠭᠤᠯᠪᠠ᠃ 2018 ᠣᠨ᠂ 2019 ᠣᠨ ᠳᠤ᠂ ᠷᠠᠰᠢᠶᠠᠨ ᠬᠤᠲᠠ᠂ ᠤᠯᠠᠭᠠᠨᠬᠤᠲᠠ ᠤᠷᠢᠳ ᠬᠤᠵᠢᠳ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠨᠡᠷᠡᠶᠢᠳᠦᠯ ᠢ ᠠᠮᠵᠢᠯᠲᠠᠲᠠᠶ ᠭᠥᠷᠳᠡᠵᠦ᠂ ᠷᠠᠰᠢᠶᠠᠨ ᠬᠤᠲᠠ ᠪᠠᠰᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ  ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠭᠰᠡᠨ ᠪᠠᠶᠢᠨ᠎ᠠ ᠃ 2020 ᠣᠨ ᠳᠤ᠂ ᠬᠢᠩᠭᠠᠨ ᠠᠶᠢᠮᠠᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠪᠣᠯᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠪᠡ᠃ ᠡᠨᠡ ᠤᠳᠠᠭ᠎ᠠ ᠲᠠᠪᠤᠳᠤᠭᠠᠷ ᠪᠦᠯᠦᠭ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠦᠨᠡᠯᠡᠭᠳᠡᠵᠦ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠶᠢᠲᠤᠷ ᠰᠠᠬᠢᠨ ᠬᠠᠮᠠᠭᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠪᠠᠰᠠ ᠨᠢᠭᠡᠨ ︽ᠠᠯᠲᠠᠨ ᠦᠰᠦᠭᠲᠦ ᠫᠠᠶᠢᠰᠠ︾ ᠪᠣᠯᠤᠭᠰᠠᠨ ᠪᠠᠶᠢᠨ᠎ᠠ᠃ ᠡᠨᠡ ᠪᠣᠯ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠶᠢᠲᠤᠷ ᠰᠠᠬᠢᠨ ᠬᠠᠮᠠᠭᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠪᠠᠰᠠ ᠨᠢᠭᠡᠨ ︽ᠠᠯᠲᠠᠨ ᠦᠰᠦᠭᠲᠦ ᠫᠠᠶᠢᠰᠠ︾ ᠮᠥᠨ᠃    ᠬᠥᠮᠦᠨ ᠬᠥᠬᠡᠮᠳᠦᠭ ᠠᠭᠤᠯᠠ ᠶᠢ ᠬᠥᠰᠡᠷᠳᠡᠭᠦᠯᠬᠦ ᠦᠭᠡᠢ ᠪᠣᠯ ᠬᠥᠬᠡᠮᠳᠦᠭ ᠠᠭᠤᠯᠠ ᠯᠠᠪᠳᠠᠶ᠎ᠠ ᠬᠥᠮᠦᠨ ᠢ ᠬᠥᠰᠡᠷᠳᠡᠭᠦᠯᠬᠦ ᠦᠭᠡᠢ ᠶᠤᠮ᠃ ᠤᠯᠠᠨ ᠵᠢᠯ ᠤᠨ ᠲᠤᠷᠰᠢ᠂ ᠬᠢᠩᠭᠠᠨ ᠠᠶᠢᠮᠠᠭ ᠤᠨ ︽ᠨᠤᠭᠤᠭᠠᠷᠠᠭᠤᠯᠤᠯᠳᠠ ᠶᠢ ᠠᠯᠳᠠ ᠶᠢ ᠰᠣᠯᠢᠬᠤ︾ ᠶᠢ ᠪᠠᠷᠢᠮᠲᠠᠯᠠᠵᠤ᠂ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠠᠷᠠᠳ᠂ ᠪᠦᠬᠦ ᠡᠵᠡᠩᠨᠡᠯᠲᠡ ᠶᠢᠨ ᠬᠡᠯᠪᠡᠷᠢ᠂ ᠪᠦᠬᠦ ᠡᠯᠧᠮᠧᠨ᠋ᠲ ᠤᠨ ᠵᠤᠭᠠᠴᠠᠯ ᠢ ᠶᠡᠬᠡᠪᠡᠷ ᠬᠥᠭᠵᠢᠭᠦᠯᠵᠦ᠂ ᠦᠵᠡᠮᠵᠢ ᠶᠢ ︽ᠵᠣᠭᠤᠰᠣᠨ ᠤ ᠦᠵᠡᠮᠵᠢ︾ ᠪᠣᠯᠭᠠᠨ ᠬᠤᠪᠢᠷᠠᠭᠤᠯᠬᠤ ᠶᠢ ᠠᠬᠢᠭᠤᠯᠵᠠᠢ︔ ︽ᠨᠣᠭᠤᠭᠠᠨ ᠦᠩᠭᠡ ᠶᠢ ᠨᠡᠮᠡᠭᠳᠡᠭᠦᠯᠦᠨ ᠠᠯᠳᠠ ᠶᠢ ᠨᠡᠮᠡᠭᠳᠡᠭᠦᠯᠬᠦ︾ ᠶᠢ ᠪᠠᠷᠢᠮᠲᠠᠯᠠᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ︽ᠠᠮᠢ ᠠᠬᠤᠢ ᠶᠢᠨ ᠬᠤᠭᠤᠯᠠ ᠢᠳᠡᠬᠦ᠂ ᠶᠡᠭᠡ ᠦᠢᠯᠡᠰ ᠪᠦᠳᠦᠭᠡᠬᠦ᠂  ᠰᠤᠶᠤᠯ ᠵᠤᠭᠠᠴᠠᠯ ᠠᠵᠦ ᠠᠬᠤᠢ ᠶᠢ ᠡᠷᠬᠢᠮᠯᠡᠬᠦ︾  ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠂ ︽ᠠᠮᠢ ᠠᠬᠤᠢ ᠶᠢᠨ ᠭᠤᠶᠤ ᠰᠠᠶᠢᠬᠠᠨ︾ ᠪᠣᠯᠤᠨ ︽ ᠠᠷᠠᠳ ᠢᠷᠭᠡᠳ ᠪᠠᠶᠠᠨ ᠴᠢᠨᠡᠭᠡᠯᠢᠭ︾ ᠬᠠᠷᠢᠯᠴᠠᠨ ᠦᠢᠯᠡᠳᠦᠯᠴᠡᠵᠦ ᠬᠤᠣᠰ ᠠᠮᠵᠢᠯᠲᠠ ᠤᠯᠬᠤ ᠶᠢ ᠪᠡᠶᠡᠯᠡᠭᠦᠯᠪᠡ︔ ︽ᠨᠣᠭᠤᠭᠠᠷᠠᠭᠤᠯᠤᠯᠲᠠ ᠶᠢ ᠠᠯᠲᠠ ᠪᠣᠯᠭᠠᠬᠤ︾ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ  ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠠᠩᠬᠠᠳᠠᠭᠴᠢ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ  ᠦᠢᠯᠡᠰ  ᠤᠨ ᠬᠦᠷᠢᠶᠡᠯᠡᠩ ᠲᠣᠭᠤᠷᠢᠭ ᠢ ᠪᠠᠶᠢᠭᠤᠯᠤᠨ ᠪᠦᠲᠦᠭᠡᠵᠦ᠂ ᠲᠠᠷᠢᠶᠠᠯᠠᠩ ᠬᠦᠴᠦᠷᠬᠡᠭ᠂ ᠬᠥᠳᠡᠭᠡ ᠲᠣᠰᠬᠤᠨ ᠦᠵᠡᠰᠬᠦᠯᠡᠩᠲᠦ ᠰᠠᠶᠢᠬᠠᠨ᠂ ᠲᠠᠷᠢᠶᠠᠴᠢᠨ ᠪᠠᠶᠠᠨ ᠴᠢᠨᠡᠭᠡᠯᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠡᠪ ᠵᠠᠭᠪᠤᠷ ᠢ ᠪᠣᠶ ᠪᠣᠯᠭᠠᠪᠠ︔ ︽ᠨᠣᠭᠤᠭᠠᠨ ᠦᠩᠭᠡ ᠶᠢ ᠵᠢᠭᠡᠯᠡᠵᠦ ᠮᠥᠩᠭᠦ ᠤᠯᠬᠤ︾ ᠶᠢ ᠪᠠᠷᠢᠮᠲᠠᠯᠠᠨ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠤᠨ ᠨᠡᠮᠡᠭᠳᠡᠯ ᠢ ᠠᠬᠢᠭᠤᠯᠵᠤ᠂ ᠪᠥᠬᠦ ᠠᠶᠢᠮᠠᠭ ᠤᠨ ᠪᠣᠬᠢᠷᠲᠤᠯ ᠥᠬᠡᠶ᠂ ᠣᠷᠭᠠᠨᠢᠭ᠂ ᠨᠡᠶᠢᠲᠡ ᠳᠤ ᠬᠤᠤᠷᠳᠠᠭᠳᠠᠯ ᠥᠬᠡᠶ ᠪᠦᠲᠦᠭᠡᠭᠳᠡᠬᠦᠨ ᠪᠠ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠠᠷᠢᠮᠵᠢᠶᠠᠵᠢᠭᠤᠯᠤᠯᠲᠠ ᠶᠢᠨ ᠰᠠᠭᠤᠷᠢᠨ ᠭᠠᠵᠠᠷ 1010 ᠲᠦᠮᠡᠨ ᠮᠥ ᠳᠤ ᠬᠦᠷᠴᠦ᠂ ᠶᠡᠷᠦᠩᠬᠡᠶ ᠲᠠᠷᠢᠶᠠᠨ ᠭᠠᠵᠠᠷ ᠤᠨ 54% ᠶᠢ ᠡᠵᠡᠯᠡᠨ᠂ ᠬᠢᠩᠭᠠᠨ ᠠᠶᠢᠮᠠᠭ ᠤᠨ ᠦᠬᠡᠷ ᠤᠨ ᠮᠢᠬ᠎ᠠ᠂ ᠬᠤᠨᠢᠨ ᠮᠢᠬ᠎ᠠ᠂ ᠲᠤᠲᠤᠷᠭ᠎ᠠ᠂ ᠨᠠᠷᠢᠮᠤ ᠠᠮᠤ ᠨᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠢᠯᠡᠳᠬᠡᠮᠵᠢ ᠶᠢᠨ ᠭᠡᠷᠡᠴᠢᠯᠡᠯᠲᠡ ᠪᠠᠷ ᠳᠡᠮᠵᠢᠨ᠂ ︽ᠬᠢᠩᠭᠠᠨ ᠠᠶᠢᠮᠠᠭ ᠤᠨ ᠲᠤᠲᠤᠷᠭ᠎ᠠ︾ ᠨᠢ ︽ᠳᠤᠮᠳᠠᠳᠤ ᠤᠯᠤᠰ ᠤᠨ ᠠᠷᠪᠠᠨ ᠲᠣᠮᠣ ᠲᠤᠲᠤᠷᠭ᠎ᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ︾ ᠪᠠᠷ ᠦᠨᠡᠯᠡᠭᠳᠡᠵᠦ᠂ ᠨᠠᠷᠠᠲᠤ ᠲᠥᠷᠥᠯ ᠲᠡᠮᠳᠡᠭᠲᠦ ᠶᠢᠨ ᠵᠢᠱᠢᠯᠲᠡ ᠥᠷᠲᠡᠭ ᠨᠢ 180 ᠳ᠋ᠦᠩᠰᠢᠭᠤᠷ ᠲᠥᠭᠦᠷᠢᠭ ᠢ ᠡᠬᠢ ᠪᠠᠶᠠᠯᠢᠭ ᠢ ᠬᠤᠪᠢᠷᠠᠭᠤᠯᠬᠤ ᠬᠡᠯᠪᠡᠷᠢ᠂ ᠠᠮᠢ ᠠᠬᠤᠶ ᠶᠢ ᠭᠡᠳᠡᠷᠭᠦ ᠰᠢᠬᠠᠬᠤ ᠬᠡᠯᠪᠡᠷᠢ᠂ ᠠᠵᠤ  ᠦᠢᠯᠡᠰ ᠢ ᠠᠭᠤᠰᠤᠯᠴᠠᠭᠤᠯᠬᠤ ᠬᠡᠯᠪᠡᠷᠢ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠬᠡᠯᠪᠡᠷᠢ᠂ ᠨᠠᠷᠠᠲᠤ ᠲᠡᠮᠳᠡᠭ ᠢᠶᠠᠷ ᠳᠠᠶᠢᠴᠢᠯᠠᠬᠤ ᠬᠡᠯᠪᠡᠷᠢ ᠵᠡᠷᠭᠡ ᠬᠢᠩᠭᠠᠨ ᠤ ᠣᠨᠴᠠᠯᠢᠭ ᠪᠥᠬᠦᠶ ︽ᠳᠥᠷᠪᠡᠨ ᠨᠣᠭᠤᠭᠠᠨ ᠳᠥᠷᠪᠡᠨ ᠮᠥᠩᠭᠦ︾ ᠶᠢ ᠬᠤᠪᠢᠷᠠᠭᠤᠯᠬᠤ ᠵᠠᠭᠪᠤᠷ ᠢ ᠰᠦᠪᠡᠭᠴᠢᠯᠡᠨ ᠪᠣᠶ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠪᠠ ᠥᠷᠲᠡᠭ ᠢ ᠬᠤᠪᠢᠷᠠᠭᠤᠯᠬᠤ ᠠᠮᠵᠢᠯᠲᠠᠲᠠᠶ  ᠦᠢᠯᠡᠳᠦᠯᠭᠡ ᠪᠠᠷ ᠪᠥᠬᠦ ᠠᠶᠢᠮᠠᠭ ᠤᠨ 10.5 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠮᠢ ᠠᠬᠤᠶ ᠶᠢ ᠪᠠᠶᠠᠵᠢᠭᠤᠯᠬᠤ ᠵᠠᠮ ᠳᠤ ᠣᠷᠣᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠪᠣᠬᠢᠷᠲᠤᠯ ᠥᠬᠡᠶ ᠰᠠᠭᠤᠷᠢ ᠥᠩᠭᠡ ᠪᠠ ᠶᠠᠰᠤ ᠴᠢᠨᠠᠷ ᠤᠨ ᠴᠢᠨᠠᠷ ᠴᠢᠨᠰᠠᠭ᠎ᠠ ᠶᠢ ᠵᠤᠵᠠᠭᠠᠳᠬᠠᠵᠠᠶ᠃    ᠣᠶᠢᠯᠠᠭᠠᠭᠰᠠᠨ ᠢᠶᠠᠷ᠂ ᠲᠣᠰ ᠤᠳᠠᠭ᠎ᠠ ᠠᠮᠢ ᠠᠬᠤᠶ ᠶᠢᠨ ᠣᠷᠴᠢᠨ ᠨᠥᠬᠦᠴᠡᠯ ᠤᠨ ᠶᠠᠮᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠨᠡᠶᠢᠲᠡ 49 ᠨᠡᠷᠡᠶᠢᠳᠪᠡ᠂ ᠬᠢᠩᠭᠠᠨ ᠠᠶᠢᠮᠠᠭ ᠪᠣᠯ ︽ᠳᠥᠷᠪᠡᠳᠦᠭᠡᠷ ᠪᠦᠯᠦᠭ ᠤᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ︾ ᠢ ᠢᠷᠠᠭᠤ ᠠᠯᠳᠠᠷᠲᠠᠶ ᠪᠠᠷ ᠭᠥᠷᠳᠡᠭᠰᠡᠨ ᠤ ᠳᠠᠷᠠᠭᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠬᠢᠨᠲᠠ ᠫᠠᠶᠢᠰᠠ ᠣᠯᠭᠤᠭᠰᠠᠨ ᠴᠣᠷ ᠤᠨ ᠭᠠᠭᠴᠠ ᠠᠶᠢᠮᠠᠭ ᠬᠤᠲᠠ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠢᠩᠭᠠᠨ ᠠᠶᠢᠮᠠᠭ ᠤᠨ ᠬᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠠᠭᠤᠷᠢ ᠪᠠᠨ ᠦᠷᠭᠦᠯᠵᠢᠯᠡᠨ ᠪᠠᠲᠤᠳᠬᠠᠵᠤ᠂ ︽ᠠᠮᠢ ᠠᠬᠤᠢ ᠶᠢ ᠣᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ︽ᠬᠥᠬᠡᠮᠳᠦᠭ ᠨᠣᠭᠤᠭᠠᠨ ᠠᠭᠤᠯᠠ ᠤᠰᠤ︾ ᠶᠢ ︽ᠠᠯᠳᠠᠨ ᠠᠭᠤᠯᠠ ᠮᠥᠩᠭᠦᠨ ᠠᠭᠤᠯᠠ︾ ᠪᠣᠯᠭᠠᠨ ᠬᠤᠪᠢᠷᠠᠭᠤᠯᠬᠤ ᠰᠢᠨ᠎ᠡ ᠵᠠᠭᠪᠤᠷ᠂ ᠰᠢᠨ᠎ᠡ ᠵᠠᠮ ᠢ ᠦᠷᠭᠦᠯᠵᠢᠯᠡᠨ ᠭᠦᠨᠵᠡᠭᠡᠶᠢᠷᠡᠭᠦᠯᠦᠨ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ︽ᠨᠣᠭᠤᠭᠠᠨ ᠪᠠᠶᠠᠵᠢᠯ ᠢ ᠬᠠᠮᠲᠤᠪᠠᠷ ᠮᠠᠨᠳᠤᠭᠤᠯᠬᠤ︾ ᠶᠢ ᠪᠡᠶᠡᠯᠡᠭᠦᠯᠵᠦ᠂ ︽ᠬᠤᠶᠠᠷ ᠠᠭᠤᠯᠠ︾ ᠶᠢᠨ ᠤᠨᠤᠯ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠪᠠᠷ ᠪᠤᠢ᠃        
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号