︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠪᠦᠬᠦ ᠲᠠᠯ᠎ᠠ ᠪᠠᠷ | ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠤᠶᠤᠳᠠᠳ ᠤᠨ | ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠤᠨ᠂ ᠤᠶᠤᠳᠠᠳ ᠤᠨ ᠶᠡᠷᠦᠩᠬᠡᠢ ᠬᠡᠪ ᠴᠢᠨᠠᠷ ᠢ | ᠲᠡᠭᠡᠭᠰᠢᠯᠡᠭᠦᠯᠵᠦ᠂ ᠪᠦᠯᠬᠦᠮ ᠨᠡᠶᠢᠳᠡ ᠶᠢᠨ ᠵᠤᠷᠢᠭ ᠰᠠᠨᠠᠭ᠎ᠠ ᠪᠠ ᠨᠢᠭᠳᠠᠷᠠᠯ ᠤᠨ ᠬᠦᠴᠦᠨ ᠢ ᠴᠢᠩᠭᠠᠳᠬᠠᠬᠤ ᠶᠢᠨ | ᠲᠦᠯᠦᠭᠡ ᠤᠶᠢᠷ᠎ᠠ ᠶᠢᠨ ᠡᠳᠦᠷ᠂ ᠬᠢᠩᠭᠠᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠰᠠᠭᠰᠤᠨ ᠪᠦᠮᠪᠦᠭᠡ ᠶᠢᠨ | ᠬᠤᠯᠪᠤᠭᠠᠳᠤ ᠤᠷᠤᠯᠳᠤᠭᠠᠨ ᠶᠠᠪᠤᠭᠤᠯᠵᠠᠢ᠃ | ᠲᠤᠰ ᠤᠳᠠᠭ᠎ᠠ ᠠᠳᠠᠯᠢ ᠪᠤᠰᠤ ᠰᠠᠯᠪᠤᠷᠢ ᠠᠴᠠ ᠢᠷᠡᠭᠰᠡᠨ ᠨᠠᠢᠮᠠᠨ ᠡᠩᠨᠡᠭᠡ ᠤᠷᠤᠯᠳᠤᠭᠠᠨ ᠳᠤ ᠤᠷᠤᠯᠴᠠᠵᠦ᠂ | ᠪᠦᠮᠪᠦᠭᠡ ᠪᠤᠯᠢᠶᠠᠬᠤ᠂ ᠪᠦᠮᠪᠦᠭᠡ ᠲᠠᠮᠵᠢᠭᠤᠯᠬᠤ ᠲᠡᠮᠡᠴᠡᠭᠡᠨ ᠢᠶᠠᠷ ᠲᠠᠮᠵᠢᠭᠤᠯᠤᠨ ᠰᠢᠨ᠎ᠡ ᠴᠠᠭ ᠦᠶ᠎ᠡ ᠶᠢᠨ | ᠤᠶᠤᠳᠠᠳ ᠤᠨ ᠤᠷᠤᠭᠰᠢᠯᠠᠨ ᠳᠠᠪᠰᠢᠬᠤ ᠤᠶᠤᠨ ᠰᠠᠨᠠᠭᠠᠨ ᠤ ᠲᠦᠷᠰᠦ ᠪᠠᠶᠢᠳᠠᠯ ᠢ ᠢᠯᠡᠷᠡᠭᠦᠯᠪᠡ᠃ ᠬᠤᠷᠴᠠ | ᠰᠢᠷᠢᠭᠦᠨ ᠮᠦᠷᠦᠶᠢᠴᠡᠭᠡᠨ ᠤ ᠡᠴᠦᠰ ᠲᠤ ᠬᠦᠯ ᠪᠦᠮᠪᠦᠭᠡ ᠶᠢᠨ ᠰᠠᠯᠪᠤᠷᠢ᠂ ᠪᠠᠭᠰᠢ ᠶᠢᠨ ᠰᠤᠷᠭᠠᠨ ᠬᠦᠮᠦᠵᠢᠯ ᠤᠨ | ᠰᠠᠯᠪᠤᠷᠢ᠂ ᠤᠷᠴᠢᠨ ᠲᠤᠭᠤᠷᠢᠨ ᠪᠠ ᠪᠠᠷᠢᠯᠭ᠎ᠠ ᠶᠢᠨ ᠢᠨᠵᠧᠨᠧᠷᠢᠩ ᠤᠨ ᠰᠠᠯᠪᠤᠷᠢ ᠶᠢᠨ ᠡᠷᠡᠭᠳᠡᠢ ᠶᠢᠨ ᠲᠤᠭᠤᠶᠢᠯᠠᠩ | ᠲᠤᠰ ᠲᠤᠰ ᠨᠢᠭᠡᠳᠦᠭᠡᠷ ᠬᠤᠶᠠᠳᠤᠭᠠᠷ ᠭᠤᠷᠪᠠᠳᠤᠭᠠᠷ ᠪᠠᠶᠢᠷᠢᠨ ᠳᠤ ᠲᠤᠳᠤᠷᠠᠪᠠ᠃ |