ᠢᠨᠳᠡᠷ ᠲᠠᠬᠢ ᠲᠤᠯᠤᠳᠤᠭᠠᠷ ᠲᠤᠮᠳᠠᠳᠤ ᠰᠤᠷᠭᠠᠭᠤᠯᠢ ᠰᠤᠷᠤᠭᠴᠢᠳ ᠤᠨ ᠨᠤᠮ ᠤᠩᠰᠢᠨ ᠤᠯᠤᠯᠳᠠ ᠪᠠᠨ ᠰᠤᠯᠢᠯᠴᠠᠬᠤ ᠭᠤᠤᠯ ᠰᠡᠳᠦᠪᠳᠦ ᠠᠩᠭᠢ ᠶᠢᠨ ᠬᠤᠷᠠᠯ ᠡᠷᠬᠢᠯᠡᠵᠡᠢ
ᠨᠡᠶᠢᠲᠡᠯᠡᠭᠰᠡᠨ ᠴᠠᠭ᠄
2021/10/21
   ᠰᠤᠷᠤᠭᠴᠢᠳ ᠤᠨ ᠨᠤᠮ ᠲᠠᠢ ᠨᠦᠬᠦᠷᠯᠡᠵᠦ᠂ ᠨᠤᠮ ᠤᠩᠰᠢᠬᠤ ᠤᠷᠮ᠎ᠠ ᠪᠠᠬ᠎ᠠ ᠶᠢ ᠬᠦᠭᠵᠢᠭᠡᠵᠦ᠂ ᠭᠦᠨ ᠵᠤᠵᠠᠭᠠᠨ ᠨᠤᠮ ᠤᠩᠰᠢᠬᠤ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ ᠤᠶᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠢᠨᠳᠡᠷ ᠲᠠᠬᠢ ᠲᠤᠯᠤᠳᠤᠭᠠᠷ ᠲᠤᠮᠳᠠᠳᠤ ᠰᠤᠷᠭᠠᠭᠤᠯᠢ ᠠᠩᠭᠢ ᠪᠠᠷ ᠨᠢᠭᠡᠴᠢ ᠪᠤᠯᠭᠠᠨ ︽ᠨᠤᠮ ᠤᠩᠰᠢᠵᠦ᠂ ᠬᠠᠮᠤᠭ ᠤᠨ ᠰᠠᠶᠢᠨ ᠦᠪᠡᠷ ᠤᠨ ᠪᠡᠶ᠎ᠡ ᠲᠠᠢ ᠠᠭᠤᠯᠵᠠᠬᠤ︾ ᠨᠤᠮ ᠤᠩᠰᠢᠬᠤ ᠰᠤᠯᠢᠯᠴᠠᠬᠤ ᠭᠤᠤᠯ ᠰᠡᠳᠦᠪᠳᠦ ᠠᠩᠭᠢ ᠶᠢᠨ ᠬᠤᠷᠠᠯ ᠡᠷᠬᠢᠯᠡᠵᠡᠢ᠃     ᠭᠤᠤᠯ ᠰᠡᠳᠦᠪᠳᠦ ᠠᠩᠭᠢ ᠶᠢᠨ ᠬᠤᠷᠠᠯ ᠲᠡᠭᠡᠷ᠎ᠡ᠂ ᠡᠯ᠎ᠡ ᠠᠩᠭᠢ ᠶᠢᠨ ᠰᠤᠷᠤᠭᠴᠢᠳ ᠮᠠᠷᠭᠤᠯᠳᠤᠬᠤ᠂ ᠱᠤᠭ ᠵᠤᠬᠢᠶᠠᠯ ᠪᠢᠴᠢᠬᠦ᠂ ᠰᠢᠯᠦᠭ ᠤᠶᠠᠩᠭᠠᠯᠠᠬᠤ  ᠵᠡᠷᠭᠡ ᠬᠡᠯᠪᠡᠷᠢ ᠪᠤᠶᠤ ᠦᠪᠡᠷ ᠤᠨ ᠲᠤᠷᠠᠲᠠᠢ ᠰᠠᠶᠢᠨ ᠨᠤᠮ ᠢᠶᠠᠨ ᠲᠠᠨᠢᠯᠴᠠᠭᠤᠯᠪᠠ᠃ ᠡᠭᠦᠨ ᠤ ᠬᠠᠮᠳᠤ ᠬᠢᠴᠢᠶᠡᠯ ᠤᠨ ᠭᠠᠳᠠᠭᠤᠷᠬᠢ ᠲᠤᠬᠢᠷᠠᠮᠵᠢᠲᠠᠢ ᠨᠤ᠋ ᠪᠢᠴᠢᠭ ᠢ ᠬᠡᠷᠬᠢᠨ ᠰᠤᠩᠭᠤᠬᠤ᠂ ᠰᠤᠩᠭᠤᠳᠠᠭ ᠰᠢᠯᠦᠭ ᠵᠤᠬᠢᠶᠠᠯ ᠢ ᠤᠩᠰᠢᠬᠤ᠂ ᠡᠰᠡᠭᠦᠯ᠎ᠡ ᠦᠪᠡᠷ ᠤᠨ ᠨᠤᠮ ᠤᠩᠰᠢᠭᠰᠠᠨ ᠦᠯᠢᠭᠡᠷ᠂ ᠨᠤᠮ ᠤᠩᠰᠢᠭᠰᠠᠨ ᠤᠯᠤᠯᠳᠠ ᠪᠠᠨ ᠬᠤᠪᠢᠶᠠᠯᠴᠠᠨ᠂ ᠦᠪᠡᠷ ᠦᠪᠡᠷ ᠤᠨ ᠦᠵᠡᠯᠳᠡ ᠪᠠ ᠶᠠᠷᠢᠵᠠᠢ᠃    ᠭᠤᠤᠯ ᠰᠡᠳᠦᠪᠳᠦ ᠠᠩᠭᠢ ᠶᠢᠨ ᠬᠤᠷᠠᠯ ᠳᠠᠭᠤᠰᠤᠭᠰᠠᠨ ᠤ ᠳᠠᠷᠠᠭ᠎ᠠ᠂ ᠡᠯ᠎ᠡ ᠠᠩᠭᠢ ᠶᠢᠨ ᠡᠷᠬᠢᠯᠡᠭᠴᠢ ᠲᠤᠰ ᠤᠳᠠᠭᠠᠨ ᠤ ᠠᠩᠭᠢ ᠶᠢᠨ ᠬᠤᠷᠠᠯ ᠳᠤ ᠳ᠋ᠦᠩᠨᠡᠯᠳᠡ ᠬᠢᠵᠦ᠂ ᠠᠩᠭᠢ  ᠳᠠᠭᠠᠭᠠᠴᠢᠯᠠᠭᠰᠠᠨ ᠰᠤᠷᠭᠠᠭᠤᠯᠢ ᠶᠢᠨ ᠤᠳᠤᠷᠢᠳᠤᠯᠭ᠎ᠠ ᠠᠩᠭᠢ ᠶᠢᠨ ᠬᠤᠷᠠᠯ ᠳᠤ ᠦᠨᠡᠯᠡᠯᠳᠡ ᠬᠢᠵᠠᠢ᠃    ᠢᠨᠳᠡᠷ ᠲᠠᠬᠢ ᠲᠤᠯᠤᠳᠤᠭᠠᠷ ᠲᠤᠮᠳᠠᠳᠤ ᠰᠤᠷᠭᠠᠭᠤᠯᠢ ᠪᠠᠶᠠᠯᠢᠭ ᠰᠠᠶᠢᠬᠠᠨ ᠨᠤᠮ ᠤᠩᠰᠢᠬᠤ ᠠᠵᠢᠯᠯᠠᠭ᠎ᠠ ᠦᠷᠨᠢᠭᠦᠯᠬᠦ ᠪᠠᠷ ᠲᠠᠮᠵᠢᠨ᠂ ᠰᠤᠷᠤᠭᠴᠢᠳ ᠤᠨ ᠤᠬᠠᠮᠰᠡᠷ ᠠᠴᠠ ᠪᠠᠨ ᠢᠯᠡᠭᠦᠬᠡᠨ ᠨᠤᠮ ᠤᠩᠰᠢᠬᠤ᠂ ᠦᠷᠬᠦᠯᠵᠢ ᠨᠤᠮ ᠤᠩᠰᠢᠬᠤ ᠰᠠᠶᠢᠨ ᠰᠠᠶᠢᠬᠠᠨ ᠳᠠᠳᠬᠠᠯ ᠢ ᠬᠦᠮᠦᠵᠢᠭᠦᠯᠵᠦ᠂  ᠰᠤᠷᠤᠭᠴᠢᠳ ᠤᠨ ᠦᠰᠦᠨ ᠪᠤᠶᠢᠵᠢᠯᠳᠠ ᠶᠢᠨ ᠶᠠᠪᠤᠴᠠ ᠳᠤ ᠨᠤᠮ ᠤᠩᠰᠢᠬᠤ ᠬᠠᠪᠤ ᠴᠡᠩᠭᠡᠯ ᠢ ᠡᠳ᠋ᠯᠡᠭᠦᠯᠬᠦ ᠪᠠᠷ ᠴᠢᠷᠮᠠᠶᠢᠵᠦ ᠪᠤᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号