| ᠬᠢᠩᠭᠠᠨ ᠵᠠᠬᠢᠷᠭ᠎ᠠ ᠦᠰᠦᠭᠳᠦ ﹇2021﹈ 52 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠣᠶᠢᠷ᠎ᠠ ᠶᠢᠨ ᠵᠢᠯ ᠤᠳ ᠲᠤ᠂ ᠮᠠᠨ ᠤ ᠠᠶᠢᠮᠠᠭ ᠴᠡᠪᠡᠷ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ | ᠲᠦᠰᠢᠭᠯᠡᠨ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ᠲᠦᠷᠭᠡᠨ | ᠬᠥᠭᠵᠢᠭᠦᠯᠪᠡ᠃ ᠭᠡᠪᠡᠴᠦ ᠬᠡᠰᠡᠭ ᠭᠠᠵᠠᠷ ᠣᠷᠣᠨ ᠳᠤ ᠠᠳᠠᠯᠢ ᠪᠤᠰᠤ ᠬᠡᠮᠵᠢᠶ᠎ᠡ ᠪᠠᠷ ᠰᠠᠯᠬᠢᠨ ᠬᠦᠴᠦᠨ ᠤ ᠴᠠᠬᠢᠯᠭᠠᠨ | ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠨᠢ ᠵᠢᠷᠤᠮᠵᠢᠯ ᠥᠬᠡᠶ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠨᠢ ᠪᠠᠷᠢᠮᠵᠢᠶ᠎ᠠ ᠳᠤ | ᠭᠦᠷᠦᠭᠰᠡᠨ ᠥᠬᠡᠶ ᠵᠡᠷᠭᠡ ᠠᠰᠠᠭᠤᠳᠠᠯ ᠢᠯᠡᠷᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠮᠠᠨ ᠤ ᠠᠶᠢᠮᠠᠭ ᠤᠨ ᠡᠨᠧᠷᠭᠢ ᠶᠢᠨ ᠬᠥᠭᠵᠢᠯᠲᠡ ᠳᠤ | ᠳᠤᠷᠠᠳᠤᠭᠰᠠᠨ ︽ᠰᠢᠨ᠎ᠡ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠵᠠᠭᠪᠤᠷ ᠢ ᠰᠦᠪᠡᠭᠴᠢᠯᠡᠬᠦ︾ ᠪᠠᠶᠢᠷᠢ | ᠲᠣᠭᠲᠠᠭᠠᠯᠲᠠ ᠶᠢᠨ ᠱᠠᠭᠠᠷᠳᠠᠯᠭ᠎ᠠ ᠶᠣᠰᠣᠭᠠᠷ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ | ᠭᠠᠷᠭᠠᠬᠤ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠮᠠᠨ ᠤ ᠠᠶᠢᠮᠠᠭ ᠤᠨ ᠴᠡᠪᠡᠷ ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ | ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠠᠶᠢᠮᠠᠭ ︽ᠠᠮᠢ ᠠᠬᠤᠶ ᠶᠢ ᠤᠷᠢᠳ | ᠢᠶᠠᠷ ᠪᠤᠳᠤᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠵᠤ᠂ ᠠᠰᠢᠭᠯᠠᠵᠤ ᠪᠣᠯᠬᠤ | ᠭᠠᠵᠠᠷ ᠰᠢᠷᠣᠶ ᠶᠢᠨ ᠬᠡᠪᠴᠢᠶ᠎ᠡ᠂ ᠴᠠᠬᠢᠯᠭᠠᠨ ᠬᠦᠴᠦᠨ ᠤ ᠵᠠᠯᠭᠠᠯᠲᠠ ᠵᠢᠴᠢ ᠲᠣᠰ ᠭᠠᠵᠠᠷ ᠤᠨ ᠰᠢᠩᠭᠡᠭᠡᠬᠦ ᠴᠢᠳᠠᠪᠤᠷᠢ | ᠵᠡᠷᠭᠡ ᠨᠥᠬᠦᠴᠡᠯ ᠲᠠᠢ ᠤᠶᠠᠯᠳᠤᠭᠤᠯᠤᠨ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ | ᠭᠠᠷᠭᠠᠬᠤ ᠵᠡᠷᠭᠡ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ | ᠲᠥᠯᠥᠪᠯᠡᠨ ᠰᠠᠶᠢᠲᠤᠷ ᠬᠢᠨ᠎ᠠ᠃ ᠡᠯ᠎ᠡ ᠭᠠᠵᠠᠷ ᠤᠨ ᠤᠬᠠᠭᠠᠯᠠᠨ ᠲᠥᠯᠥᠪᠯᠡᠭᠰᠡᠨ ᠰᠠᠯᠬᠢᠨ ᠬᠦᠴᠦᠨ ᠤ ᠴᠠᠬᠢᠯᠭᠠᠨ᠂ | ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠠᠶᠢᠮᠠᠭ ᠤᠨ ᠱᠠᠲᠤᠨ ᠤ ᠲᠥᠯᠥᠪᠵᠢᠭᠦᠯᠭᠡ ᠶᠢᠨ | ᠬᠠᠮᠢᠶᠠᠷᠤᠯᠲᠠ ᠳᠤ ᠣᠷᠣᠭᠤᠯᠵᠤ᠂ ᠲᠥᠯᠥᠪᠵᠢᠭᠦᠯᠭᠡ ᠶᠢᠨ ᠬᠥᠲᠥᠯᠦᠨ ᠳᠠᠭᠠᠭᠤᠯᠬᠤ ᠪᠠ ᠬᠢᠵᠠᠭᠠᠷᠯᠠᠬᠤ | ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠸᠣᠯᠲ ᠵᠡᠷᠭᠡ | ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠵᠦᠶ ᠵᠣᠬᠢᠰᠲᠠᠶ ᠪᠠᠶᠢᠷᠢᠰᠢᠭᠤᠯᠬᠤ ᠪᠠ ᠡᠮᠬᠢ ᠵᠢᠷᠤᠮ ᠲᠠᠢ | ᠳᠥᠯᠭᠢᠨ ᠠᠬᠢᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠡᠬᠢ | ᠪᠠᠶᠠᠯᠢᠭ ᠤᠨ ᠳᠠᠭᠠᠭᠠᠴᠠ᠂ ᠠᠰᠢᠭᠯᠠᠵᠤ ᠪᠣᠯᠬᠤ ᠭᠠᠵᠠᠷ ᠰᠢᠷᠣᠶ ᠶᠢᠨ ᠲᠠᠯᠠᠪᠠᠶ ᠶᠢ ᠰᠢᠨᠵᠢᠯᠡᠬᠦ ᠤᠬᠠᠭᠠᠨᠴᠢ ᠪᠠᠷ | ᠲᠥᠰᠦᠭᠡᠯᠡᠨ ᠪᠤᠳᠤᠵᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠪᠥᠬᠦ ᠠᠶᠢᠮᠠᠭ ᠤᠨ ᠡᠨᠧᠷᠭᠢ ᠶᠢᠨ | ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠬᠤ ᠳᠤ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠬᠤ ᠬᠡᠷᠡᠭᠲᠡᠶ᠃ | ᠬᠤᠶᠠᠷ᠂ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠰᠢᠨ᠎ᠡ | ᠡᠨᠧᠷᠭᠢ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠪᠠ ᠳᠡᠩᠰᠡᠯᠡᠨ ᠬᠠᠮᠢᠶᠠᠷᠬᠤ ᠲᠤᠬᠠᠶ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ | ᠃ ᠪᠥᠳᠥᠭᠡᠨ ᠪᠠᠶᠢᠭᠤᠯᠬᠤ ᠨᠥᠬᠦᠴᠡᠯ ᠢ ᠪᠦᠷᠢᠳᠦᠭᠦᠯᠦᠭᠰᠡᠨ ᠥᠭᠡᠢ ᠪᠤᠶᠤ ᠤᠯᠤᠰ᠂ ᠥᠪᠡᠷᠲᠡᠭᠡᠨ ᠵᠠᠰᠠᠬᠤ ᠣᠷᠣᠨ | ᠤ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠭᠡᠢ ᠲᠥᠷᠥᠯ ᠵᠦᠢᠯ ᠢ ᠴᠠᠭ | ᠲᠤᠬᠠᠶ ᠲᠤᠨᠢ ᠢᠯᠭᠠᠷᠠᠭᠤᠯᠬᠤ ᠪᠠ ᠬᠦᠴᠦᠨ ᠥᠭᠡᠢ ᠪᠣᠯᠭᠠᠵᠤ᠂ ᠬᠥᠭᠵᠢᠯᠲᠡ ᠶᠢᠨ ᠣᠷᠣᠨ ᠵᠠᠶ ᠶᠢ ᠴᠠᠭ ᠲᠤᠬᠠᠶ | ᠲᠤᠨᠢ ᠰᠤᠯᠠᠯᠠᠨ ᠭᠠᠷᠭᠠᠬᠤ ᠬᠡᠷᠡᠭᠲᠡᠶ᠃ | ᠭᠤᠷᠪᠠ᠂ ᠭᠡᠷ᠎ᠡ ᠲᠣᠭᠲᠠᠬᠤ ᠬᠠᠮᠢᠶᠠᠷᠤᠯᠲᠠ ᠶᠢ ᠴᠢᠩᠭᠠᠳᠬᠠᠨ᠎ᠠ | ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ | ᠨᠡᠭᠡᠭᠡᠨ ᠠᠰᠢᠭᠯᠠᠬᠤ ᠲᠠᠯ᠎ᠠ ᠪᠠᠷ ᠬᠢ ᠮᠡᠷᠭᠡᠵᠢᠯ᠂ ᠪᠡᠯᠡ ᠮᠥᠩᠭᠦ᠂ ᠴᠢᠳᠠᠪᠤᠷᠢᠲᠠᠨ ᠵᠡᠷᠭᠡ ᠲᠠᠯ᠎ᠠ ᠶᠢᠨ ᠳᠠᠪᠠᠭᠤᠯᠢᠭ ᠢ | ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠤᠰᠠᠳᠠ᠂ ᠠᠶᠢᠮᠠᠭ ᠤᠨ ᠵᠠᠬᠢᠷᠭ᠎ᠠ ᠣᠳᠣ ᠶᠠᠭ ᠬᠤᠯᠪᠣᠭᠳᠠᠯ ᠪᠦᠬᠦᠢ | ᠠᠵᠤ ᠠᠬᠤᠶᠢᠯᠠᠯ ᠤᠨ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ | ᠪᠠᠶᠢᠨ᠎ᠠ᠃ ᠬᠤᠶᠢᠰᠢᠳᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ | ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠶᠢᠮᠠᠭ ᠤᠨ ᠲᠠᠷᠢᠶᠠᠯᠠᠩ ᠤᠨ ᠲᠠᠯᠠᠪᠠᠶ ᠶᠢᠨ | ᠲᠣᠪᠴᠢᠶ᠎ᠠ ᠨᠢ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ᠂ ᠤᠰᠤ ᠲᠠᠲᠠᠵᠤ ᠡᠨᠧᠷᠭᠢ ᠬᠠᠳᠠᠭᠠᠯᠠᠬᠤ ᠵᠡᠷᠭᠡ | ᠠᠷᠢᠭᠤᠨ ᠴᠡᠪᠡᠷ ᠡᠨᠧᠷᠭᠢ ᠶᠢ ᠬᠠᠮᠲᠤᠷᠠᠨ ᠨᠡᠭᠡᠭᠡᠨ ᠬᠥᠭᠵᠢᠭᠦᠯᠬᠦ ᠵᠥᠪᠯᠡᠯᠴᠡᠭᠡᠷ ᠲᠤ ᠭᠠᠷ ᠤᠨ ᠥᠰᠥᠭ | ᠵᠢᠷᠤᠬᠤ ᠠᠴᠠ ᠡᠮᠦᠨ᠎ᠡ᠂ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠳᠠᠩᠰᠠᠯᠠᠭᠤᠯᠵᠤ᠂ ᠰᠠᠯᠬᠢᠨ ᠬᠦᠴᠦᠨ ᠤ | ᠴᠠᠬᠢᠯᠭᠠᠨ᠂ ᠬᠡᠷᠡᠯ ᠴᠡᠨᠡᠭ ᠵᠡᠷᠭᠡ ᠲᠥᠷᠥᠯ ᠵᠦᠢᠯ ᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ ᠶᠢ ᠨᠢᠭᠡᠳᠦᠯᠲᠡᠶ | ᠲᠥᠯᠥᠪᠯᠡᠬᠦ ᠳᠤ ᠲᠥᠬᠦᠮ ᠦᠵᠡᠭᠦᠯᠬᠦ ᠬᠡᠷᠡᠭᠲᠡᠶ᠃ | | | 2021 ᠣᠨ ᠤ 5 ᠰᠠᠷ᠎ᠠ ᠶᠢᠨ 7 | |