ᠨᠠᠮ ᠵᠠᠰᠠᠭ ᠤᠨ ᠦᠭᠬᠢᠶᠡᠮᠦᠷ ᠬᠠᠶᠢᠷ᠎ᠠ ᠳᠤ ᠨᠠᠷᠮᠠᠢ ᠠᠷᠠᠳ ᠪᠠᠶᠠᠰᠤᠯᠴᠠᠨ᠎ᠠ
ᠨᠡᠶᠢᠲᠡᠯᠡᠭᠰᠡᠨ ᠴᠠᠭ᠄
2021/11/1
  — ᠮᠠᠨ ᠤ ᠠᠶᠢᠮᠠᠭ ᠬᠥᠯᠥᠰᠥᠨ ᠲᠠᠷᠢᠶᠠᠴᠢᠨ ᠤ ᠠᠵᠢᠯ ᠣᠯᠵᠤ ᠦᠢᠯᠡᠰ ᠪᠤᠰᠬᠠᠬᠤ ᠶᠢ ᠪᠥᠬᠦ ᠬᠦᠴᠦᠨ ᠢᠶᠠᠷ ᠲᠡᠮᠵᠢᠵᠦ ᠪᠠᠶᠢᠬᠤ ᠲᠤᠬᠠᠢ ᠲᠡᠮᠳᠡᠭᠯᠡᠪᠡ   ᠬᠥᠳᠡᠭᠡ ᠲᠣᠰᠬᠤᠨ ᠤ ᠬᠦᠮᠦᠰ ᠢ ᠲᠠᠷᠢᠶᠠᠨ ᠠᠵᠢᠯ ᠠᠴᠠ ᠨᠢ ᠰᠠᠯᠭᠠᠬᠰᠠᠨ ᠴᠦ ᠨᠤᠲᠤᠭ ᠠᠴᠠ ᠨᠢ ᠰᠠᠯᠭᠠᠬᠤ ᠦᠭᠡᠶ᠂ ᠭᠠᠳᠠᠷ ᠭᠠᠵᠠᠷ ᠬᠦᠳᠡᠯᠮᠦᠷᠢᠯᠡᠵᠦ ᠪᠠᠶᠢᠬᠰᠠᠨ ᠢ ᠨᠤᠲᠤᠭ ᠲᠤ ᠪᠠᠨ ᠪᠤᠴᠠᠵᠤ ᠦᠢᠯᠡᠰ ᠪᠤᠰᠬᠠᠬᠤ ᠪᠤᠯᠭᠠᠬᠰᠠᠨ ᠨᠢ ᠮᠠᠨ ᠤ ᠠᠶᠢᠮᠠᠭ ᠤᠨ ᠬᠦᠯᠦᠰᠦᠨ ᠲᠠᠷᠢᠶᠠᠴᠢᠨ ᠤ ᠠᠵᠢᠯ ᠣᠯᠵᠤ ᠦᠢᠯᠡᠰ ᠪᠤᠰᠬᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠪᠠᠷ ᠲᠡᠳᠭᠦᠭᠰᠡᠨ ᠤ ᠠᠴᠢ ᠲᠤᠰᠠ ᠪᠤᠯᠬᠤ ᠶᠤᠮ᠃   ᠪᠥᠬᠦ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠰᠢᠰᠲ᠋ᠧᠮ ᠤᠨ ᠬᠢᠨ ᠰᠡᠳᠬᠢᠯ ᠨᠢᠭᠡᠳᠦᠨ᠂ ᠬᠥᠯᠥᠰᠥᠨ ᠲᠠᠷᠢᠶᠠᠴᠢᠨ ᠤ ᠠᠵᠢᠯ ᠣᠯᠵᠤ ᠦᠢᠯᠡᠰ ᠪᠤᠰᠬᠠᠬᠤ ᠶᠢ ᠪᠥᠬᠦ ᠬᠦᠴᠦᠨ ᠢᠶᠠᠷ ᠢᠶᠠᠨ ᠲᠡᠮᠵᠢᠵᠦ᠂ ᠬᠥᠯᠥᠰᠥᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠬᠥᠯᠥᠰᠥᠨ ᠲᠠᠷᠢᠶᠠᠴᠢᠨ ᠢ ᠬᠥᠳᠡᠭᠡ ᠳᠤ ᠨᠢ ᠬᠠᠷᠢᠭᠤᠯᠵᠦ᠂ ᠠᠮᠢᠳᠤᠷᠠᠯ ᠢᠶᠠᠨ ᠰᠠᠶᠢᠵᠢᠷᠠᠭᠤᠯᠤᠬᠰᠠᠨ ᠭᠤᠶᠤ ᠵᠢᠷᠤᠭ ᠢ ᠲᠠᠰᠤᠷᠠᠯᠲᠠ ᠥᠬᠡᠶ ᠵᠢᠷᠤᠭᠯᠠᠪᠠ᠃   ᠠᠵᠢᠯ ᠣᠯᠭᠤᠯᠲᠠ ᠶᠢ ᠲᠤᠬᠳᠠᠪᠤᠷᠢᠵᠢᠭᠤᠯᠪᠠ᠃ ᠵᠢᠯ ᠤᠨ ᠡᠬᠢᠨ ᠠᠴᠠ ᠨᠠᠭᠠᠰᠢ᠂ ᠮᠠᠨ ᠤ ᠠᠶᠢᠮᠠᠭ ᠬᠥᠯᠥᠰᠥᠨ ᠲᠠᠷᠢᠶᠠᠴᠢᠨ ᠳᠤ ᠠᠵᠢᠯ ᠤᠯᠭᠤᠬᠤ ᠣᠯᠠᠨ ᠨᠡᠶᠢᠲᠡ ᠶᠢᠨ  ᠦᠢᠯᠡᠴᠢᠯᠡᠭᠡᠨ ᠢ ᠲᠡᠩᠴᠡᠭᠦᠷᠢᠰᠢᠭᠦᠯᠵᠦ᠂ ᠬᠤᠲᠠ ᠬᠥᠳᠡᠭᠡ ᠶᠢᠨ ᠬᠢᠵᠠᠭᠠᠷᠯᠠᠯ ᠢ ᠡᠪᠳᠡᠨ᠂ ᠢᠨᠲ᠋ᠧᠷ ᠰᠦᠯᠵᠢᠶ᠎ᠡ ᠶᠢ ᠠᠰᠢᠭᠯᠠᠵᠤ᠂ ᠬᠥᠯᠥᠰᠥᠨ ᠲᠠᠷᠢᠶᠠᠴᠢᠨ ᠳᠤ 26 ᠲᠦᠮᠡ ᠭᠠᠷᠤᠶ ᠠᠵᠢᠯ ᠤᠨ ᠪᠠᠶᠢᠷᠢ ᠬᠠᠩᠭᠠᠪᠠ᠃ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠠᠰᠢᠬᠯᠠᠵᠦ 1.24 ᠲᠦᠮᠡᠨ ᠬᠥᠮᠦᠨ ᠢ ᠲᠠᠨᠢᠯᠴᠠᠭᠤᠯᠵᠤ᠂ ᠪᠠᠰᠠ ︽ᠤᠷᠢᠬᠠᠨ ᠰᠠᠯᠬᠢᠨ ᠤ ᠠᠵᠢᠯᠯᠠᠭ᠎ᠠ︾ ᠥᠷᠨᠢᠭᠦᠯᠵᠦ᠂ ᠠᠵᠢᠯᠲᠠᠨ ᠡᠯᠰᠡᠬᠦ ᠬᠤᠷᠠᠯ ᠢ 68 ᠤᠳᠠᠭ᠎ᠠ ᠬᠤᠷᠠᠯᠳᠤᠭᠤᠯᠵᠤ᠂ 2 ᠲᠦᠮᠡ ᠭᠠᠷᠤᠶ ᠠᠵᠢᠯ ᠤᠨ ᠪᠠᠶᠢᠷᠢ ᠬᠠᠩᠭᠠᠵᠤ᠂ 2804 ᠬᠥᠮᠦᠨ ᠲᠠᠢ ᠵᠦᠪᠳᠡᠯᠴᠡᠭᠡᠷ ᠲᠣᠭᠲᠠᠪᠠ᠃   ᠣᠳᠣᠬᠠᠨ ᠪᠣᠯᠲᠠᠯ᠎ᠠ᠂ ᠪᠥᠬᠦ ᠠᠶᠢᠮᠠᠭ ᠲᠤ ᠬᠥᠯᠥᠰᠥᠨ ᠠᠵᠢᠯᠴᠢᠨ ᠳᠤ ᠠᠵᠢᠯ ᠤᠯᠭᠤᠬᠤ ᠰᠢᠭᠤᠳ ᠨᠡᠪᠲᠡᠷᠡᠬᠦ ᠲᠡᠷᠭᠡᠨ ᠥᠷᠲᠡᠭᠡ ᠶᠢ ᠨᠡᠶᠢᠲᠡ 400 ᠪᠠᠶᠢᠭᠤᠯᠵᠤ᠂ ᠪᠣᠶ ᠪᠥᠬᠦᠶ ᠰᠢᠶᠠᠩ ᠪᠠᠯᠭᠠᠰᠤ ᠪᠠ ᠭᠤᠤᠯᠳᠠᠯᠭ᠎ᠠ ᠲᠠᠢ ᠠᠶᠢᠯ ᠲᠣᠰᠬᠤᠨ ᠢ ᠬᠠᠮᠤᠷᠪᠠ᠃ ᠠᠵᠢᠯ ᠣᠯᠭᠤᠯᠲᠠ ᠶᠢᠨ ᠦᠢᠯᠡᠴᠢᠯᠡᠭᠡᠨ ᠤ ︽ᠬᠠᠮᠤᠭ ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠵᠦ᠂ ᠠᠷᠠᠳ ᠤᠯᠠᠨ ᠤ ᠬᠡᠷ ᠤᠨ ᠡᠭᠦᠳᠡᠨ ᠲᠡᠭᠡᠷ᠎ᠠ ᠪᠠᠨ ᠠᠵᠢᠯ ᠣᠯᠬᠤ ᠶᠢ ᠪᠠᠳᠤᠯᠠᠪᠠ᠃ ᠠᠵᠢᠯᠯᠠᠬᠤ ᠥᠷᠲᠡᠭᠡ ᠨᠢ ᠨᠡᠶᠢᠲᠡ 42576 ᠬᠥᠮᠦᠨ ᠳᠤ  ᠦᠢᠯᠡᠴᠢᠯᠡᠵᠦ᠂ 11501 ᠠᠵᠢᠯᠴᠢᠨ ᠡᠯᠰᠡᠵᠦ᠂ 2817 ᠬᠥᠮᠦᠨ ᠢ ᠪᠤᠯᠪᠠᠰᠤᠷᠠᠭᠤᠯᠵᠠᠢ᠃ ᠡᠭᠦᠨ ᠤ ᠬᠠᠮᠲᠤ ᠳ᠋ᠠᠶᠢᠲ᠋ᠠ ᠶᠢᠨ ᠡᠬᠢ ᠪᠠᠶᠠᠯᠢᠭ ᠢ ᠠᠭᠤᠳᠠᠯᠯᠠᠵᠤ ᠪᠤᠰᠤᠳ ᠭᠠᠵᠠᠷ ᠰᠢᠯᠵᠢᠭᠦᠯᠦᠨ ᠠᠵᠢᠯ ᠣᠯᠭᠤᠬᠤ ᠦᠢᠯᠡᠴᠢᠯᠡᠭᠡᠨ ᠢ ᠰᠠᠶᠢᠳᠤᠷ ᠬᠢᠵᠠᠢ᠃   ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠠᠶᠢᠮᠠᠭ 8.9 ᠬᠥᠯᠥᠰᠥᠨ ᠠᠵᠢᠯᠴᠢᠨ ᠢ ᠰᠢᠯᠵᠢᠭᠦᠯᠦᠨ ᠠᠵᠢᠯ ᠣᠯᠭᠤᠪᠠ᠂ 7.6 ᠲᠦᠮᠡᠨ ᠬᠥᠮᠦᠨ ᠢ ᠬᠠᠭᠠᠰ ᠵᠢᠯ ᠠᠴᠠ ᠳᠡᠭᠡᠭᠰᠢ ᠬᠤᠭᠤᠴᠠᠭ᠎ᠠ ᠲᠠᠢ ᠰᠢᠯᠵᠢᠭᠦᠯᠵᠦ᠂ ᠪᠠᠷᠢᠯᠭ᠎ᠠ ᠶᠢᠨ ᠦᠢᠯᠡᠰ᠂ ᠡᠳ᠋ᠰᠢᠭᠦᠯᠦᠨ ᠪᠤᠯᠪᠠᠰᠤᠷᠠᠭᠤᠯᠬᠤ  ᠦᠢᠯᠡᠰ᠂ ᠠᠮᠤᠷ ᠢ ᠬᠠᠮᠠᠭᠠᠯᠠᠬᠤ ᠵᠡᠷᠭᠡ ᠣᠯᠠᠨ ᠵᠦᠢᠯ ᠤᠨ ᠠᠵᠢᠯ ᠲᠥᠷᠥᠯ ᠲᠠᠢ ᠬᠤᠯᠪᠤᠬᠳᠠᠵᠠᠢ᠃   ᠪᠣᠯᠪᠠᠰᠤᠷᠠᠯ ᠤᠨ ᠬᠠᠷᠰᠢ ᠰᠠᠭᠠᠳ ᠢ ᠡᠪᠳᠡᠪᠡ᠃ ᠲᠦᠷᠦᠭᠦᠬᠡᠨ᠂ ᠮᠠᠯᠴᠢᠨ ᠵᠠᠩ ᠲᠤᠸᠠᠨ ᠵᠢᠶᠧ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠦᠷᠦᠯᠵᠢ ᠪᠠᠯᠭᠠᠰᠤᠨ ᠤ ᠪᠠᠶᠠᠨᠬᠠᠷ᠎ᠠ ᠭᠠᠴᠠᠭᠨ ᠤ ᠡᠷᠭᠢᠯᠡᠭᠰᠡᠨ ᠬᠢᠳᠠᠳ ᠬᠤᠭᠤᠯᠠ ᠬᠢᠬᠦ ᠪᠣᠯᠪᠠᠰᠤᠷᠠᠯ ᠤᠨ ᠠᠩᠭᠢ ᠳᠤ ᠤᠷᠤᠯᠴᠠᠭᠠᠳ ᠰᠤᠷᠤᠯᠭ᠎ᠠ ᠲᠡᠭᠦᠰᠦᠭᠰᠡᠨ ᠦᠨᠡᠮᠯᠡᠯ ᠢᠶᠠᠨ ᠠᠳᠬᠤᠵᠦ᠂ ︽33 ᠡᠳᠦᠷ ᠤᠨ ᠪᠣᠯᠪᠠᠰᠤᠷᠠᠯ ᠢᠶᠠᠷ ᠲᠠᠮᠵᠢᠨ ᠪᠢ ᠪᠠᠭ᠎ᠠ ᠪᠤᠰᠤ ᠮᠡᠷᠭᠡᠵᠢᠯ ᠰᠤᠷᠴᠠᠢ᠂ ᠬᠤᠵᠢᠮ ᠠᠵᠢᠯ ᠡᠷᠢᠬᠦ ᠶᠢᠨ ᠲᠦᠯᠦᠭᠡ ᠵᠤᠪᠠᠭ᠋ᠤ ᠦᠭᠡᠢ ᠪᠤᠯᠵᠠᠢ︾ ᠭᠡᠵᠦ ᠪᠠᠶᠠᠷᠯᠠᠨ ᠬᠡᠯᠡᠨ᠎ᠠ᠃   ᠣᠶᠢᠷ᠎ᠠ ᠶᠢᠨ ᠵᠢᠯ ᠳᠤ᠂ ᠮᠠᠨ ᠤ ᠠᠶᠢᠮᠠᠭ ᠠᠵᠢᠯ ᠣᠯᠭᠤᠬᠤ ᠮᠡᠷᠭᠡᠵᠢᠯ ᠤᠨ ᠪᠣᠯᠪᠠᠰᠤᠷᠠᠯ ᠤᠨ ᠲᠥᠷᠥ ᠶᠢᠨ ᠪᠣᠳᠣᠯᠭ᠎ᠠ ᠶᠢ ᠠᠯᠢ ᠣᠯᠠᠨ ᠬᠡᠷᠡᠭᠵᠢᠭᠦᠯᠵᠦ᠂ ᠮᠠᠯᠴᠢᠨ ᠲᠠᠷᠢᠶᠠᠴᠢᠳ ᠲᠤ ᠮᠡᠷᠭᠡᠵᠢᠯ ᠴᠢᠳᠠᠪᠤᠷᠢ ᠡᠵᠡᠮᠰᠢᠭᠦᠯᠵᠦ᠂ ᠠᠵᠢᠯ ᠣᠯᠵᠤ ᠠᠳᠠᠯ  ᠦᠢᠯᠡᠰ ᠪᠤᠰᠬᠠᠬᠤ ᠶᠢ ᠨᠢ ᠲᠠᠮᠵᠢᠪᠠ᠃ 2020 ᠣᠨ ᠳᠤ᠂ ᠮᠠᠨ ᠤ ᠠᠶᠢᠮᠠᠭ 2 ᠲᠦᠮᠡ ᠭᠠᠷᠤᠢ ᠮᠠᠯᠴᠢᠨ ᠲᠠᠷᠢᠶᠠᠴᠢᠨ ᠳᠤ ᠪᠣᠯᠪᠠᠰᠤᠷᠠᠯ ᠬᠦ᠋ᠷᠳᠡᠭᠡᠵᠦ᠂ 2848 ᠬᠥᠳᠡᠯᠮᠦᠷᠢ ᠬᠦᠴᠦᠨ ᠳᠤ ᠶᠠᠳᠠᠭᠤ ᠠᠴᠠ ᠠᠩᠭᠢᠵᠢᠷᠠᠭᠤᠯᠬᠤ ᠪᠣᠯᠪᠠᠰᠤᠷᠠᠯ ᠬᠦᠷᠳᠡᠭᠡᠪᠡ᠃ ᠡᠨᠡ ᠵᠢᠯ᠂ ᠮᠠᠨ ᠤ ᠠᠶᠢᠮᠠᠭ ᠨᠡᠶᠢᠲᠡ 1.1 ᠲᠦᠮᠡᠨ ᠮᠠᠯᠴᠢᠨ ᠲᠠᠷᠢᠶᠠᠴᠢᠨ ᠢ ᠪᠤᠯᠪᠠᠰᠤᠷᠠᠭᠤᠯᠵᠠᠢ᠃   ᠦᠢᠯᠡᠰ ᠪᠣᠰᠬᠠᠬᠤ ᠬᠥᠳᠡᠯᠭᠡᠬᠦ ᠬᠦᠴᠦᠨ ᠢ ᠨᠡᠮᠡᠭᠳᠡᠭᠦᠯᠪᠡ᠃ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠤᠷᠢᠳ ᠬᠤᠵᠢᠳ ᠠᠳᠠᠯ ᠦᠢᠯᠡᠰ ᠪᠤᠰᠬᠠᠬᠤ ᠬᠦᠷᠢᠶᠡᠯᠡᠩ ᠲᠣᠭᠤᠷᠢᠭ ᠵᠢᠴᠢ ᠠᠳᠠᠯ ᠦᠢᠯᠡᠰ ᠪᠤᠰᠬᠠᠬᠤ ᠶᠢ ᠨᠡᠪᠴᠢᠭᠦᠯᠬᠦ ᠰᠠᠭᠤᠷᠢᠨ ᠭᠠᠵᠠᠷ ᠪᠠᠶᠢᠭᠤᠯᠵᠤ᠂ ᠨᠤᠲᠤᠭ ᠲᠤ ᠪᠠᠨ ᠪᠤᠴᠠᠵᠤ ᠠᠳᠠᠯ ᠦᠢᠯᠡᠰ ᠪᠤᠰᠬᠠᠬᠤ ᠬᠦᠯᠦᠰᠦᠨ ᠲᠠᠷᠢᠶᠠᠴᠢᠨ ᠳᠤ ᠬᠦᠰᠡᠯ ᠡᠷᠡᠮᠡᠯᠵᠡᠯ ᠤᠯᠭᠤᠵᠠᠢ᠃ ᠪᠦᠬᠦ ᠠᠶᠢᠮᠠᠭ ᠤᠨ 1000 ᠭᠠᠷᠤᠶ ᠬᠦᠯᠦᠰᠤᠨ ᠲᠠᠷᠢᠶᠠᠴᠢᠨ ᠠᠳᠠᠯ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠲᠤ ᠣᠷᠣᠵᠤ ᠰᠠᠭᠤᠵᠤ᠂ ᠭᠡᠷ ᠪᠠᠶᠢᠰᠢᠩ ᠲᠦᠷᠢᠶᠡᠰᠦᠯᠡᠬᠦ ᠵᠠᠷᠤᠳᠠᠯ᠂ ᠤᠰᠤ ᠴᠠᠬᠢᠯᠭᠠᠨ ᠤ ᠵᠠᠷᠤᠳᠠᠯ᠂ ᠲᠣᠣᠷ ᠰᠦᠯᠵᠢᠶᠡᠨ ᠤ ᠵᠠᠷᠤᠳᠠᠯ ᠵᠡᠷᠭᠡ ᠢᠵᠢ ᠪᠦᠷᠢᠳᠦᠬᠦᠯᠬᠦ ᠦᠢᠯᠡᠴᠢᠯᠡᠭᠡᠨ ᠤ ᠪᠡᠯᠡᠳᠬᠡᠮᠵᠢ ᠶᠢᠨ ᠵᠠᠷᠤᠳᠠᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠦᠷᠲᠡᠵᠦ᠂ ᠪᠠᠰᠠ ᠠᠳᠠᠯ ᠦᠢᠯᠡᠰ ᠪᠣᠰᠬᠠᠬᠤ ᠪᠣᠯᠪᠠᠰᠤᠷᠠᠯ᠂ ᠠᠵᠢᠯ ᠡᠬᠢᠯᠡᠬᠦ ᠵᠢᠯᠣᠭᠤᠳᠤᠯᠭ᠎ᠠ᠂ ᠲᠥᠷᠥᠯ ᠵᠦᠢᠯ ᠤᠨ ᠲᠠᠨᠢᠯᠴᠠᠭᠤᠯᠭ᠎ᠠ᠂ ᠡᠵᠡᠩᠨᠡᠯᠲᠡ ᠶᠢᠨ ᠯᠠᠪᠯᠠᠯᠭ᠎ᠠ ᠵᠡᠷᠭᠡ ᠦᠢᠯᠡᠴᠢᠯᠡᠭᠡᠨ ᠢ ᠬᠦᠷᠲᠡᠵᠦ ᠪᠠᠶᠢᠨ᠎ᠠ᠃   ᠣᠳᠣᠬᠠᠨ ᠪᠣᠯᠲᠠᠯ᠎ᠠ᠂ ᠮᠠᠨ ᠤ ᠠᠶᠢᠮᠠᠭ ᠤᠨ 5067 ᠬᠥᠯᠥᠰᠥᠨ ᠲᠠᠷᠢᠶᠠᠴᠢᠨ ᠦᠢᠯᠡᠰ ᠪᠤᠰᠬᠠᠵᠤ᠂ 4977 ᠬᠥᠯᠥᠰᠥᠨ ᠲᠠᠷᠢᠶᠠᠴᠢᠨ ᠬᠤᠪᠢ ᠶᠢᠨ ᠠᠵᠤ ᠠᠬᠤᠶᠢᠯᠠᠯ ᠡᠷᠭᠢᠯᠡᠨ᠂ 1.28 ᠲᠦᠮᠡᠨ ᠲᠠᠷᠢᠶᠠᠴᠢᠨ ᠤ ᠦᠢᠯᠡᠰ ᠪᠤᠰᠬᠠᠬᠤ ᠶᠢ ᠲᠠᠶᠢᠴᠢᠯᠠᠪᠠ᠃   ᠬᠢᠩᠭᠠᠨ ᠠᠶᠢᠮᠠᠭ ᠤᠨ ᠪᠥᠬᠦ ᠠᠵᠤ ᠦᠢᠯᠡᠰ ᠢ ᠬᠡᠯᠬᠢᠶᠡᠵᠢᠭᠦᠯᠦᠨ ᠦᠢᠯᠡᠰ ᠪᠤᠰᠬᠠᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ᠂ ᠪᠠᠭᠠᠳᠤᠷ ᠰᠦᠯᠵᠢᠶ᠎ᠠ ᠪᠠᠷ ᠲᠠᠮᠵᠢᠨ ᠪᠠᠷᠠᠭ᠎ᠠ ᠪᠤᠷᠤᠯᠠᠭᠤᠯᠵᠦ ᠶᠠᠭᠠᠷᠠᠨ᠎ᠠ᠃ ᠪᠠᠭᠠᠳᠤᠷ ᠪᠣᠯ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠡᠩ ᠤᠨ ᠨᠢᠭᠡᠨ ᠲᠠᠷᠢᠶᠠᠴᠢᠨ᠃ ᠡᠨᠡ ᠵᠢᠯ ᠲᠡᠷᠡ ᠠᠷᠴᠢᠭᠤᠷ ᠢᠶᠠᠨ ᠬᠠᠶᠠᠵᠤ ᠰᠢᠨ᠎ᠡ ᠪᠠᠷ ᠮᠠᠨᠳᠤᠭᠰᠠᠨ ᠠᠵᠢᠯ ᠰᠤᠩᠭᠤᠵᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠪᠠ᠃ ᠲᠡᠬᠦᠨ ᠤ ᠲᠠᠨᠢᠯᠴᠠᠭᠤᠯᠤᠭᠰᠠᠨ ᠢᠶᠠᠷ᠂ ᠨᠢᠭᠡ ᠤᠳᠠᠭᠠᠨ ᠤ ᠭᠡᠨᠡᠳᠲᠡ ᠶᠢᠨ ᠲᠣᠬᠢᠶᠠᠯ ᠢᠶᠠᠷ᠂ ᠬᠢᠩᠭᠠᠨ ᠠᠶᠢᠮᠠᠭ ᠤᠨ ᠪᠥᠬᠦ ᠠᠵᠤ  ᠦᠢᠯᠡᠰ ᠢ ᠬᠡᠯᠬᠢᠶᠡᠵᠢᠭᠦᠯᠦᠨ  ᠦᠢᠯᠡᠰ ᠪᠤᠰᠬᠠᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠪᠣᠯᠪᠠᠰᠤᠷᠠᠯ ᠤᠨ ᠠᠩᠭᠢ ᠡᠷᠭᠢᠯᠡᠬᠦ ᠮᠡᠳᠡᠭᠳᠡᠯ ᠢ ᠣᠯᠵᠤ ᠬᠠᠷᠠᠨ ᠂ ᠲᠤᠷᠰᠢᠵᠤ ᠦᠵᠡᠬᠦ ᠰᠡᠳᠬᠢᠯᠭᠡ ᠪᠠᠷ ᠨᠡᠷ᠎ᠡ ᠮᠡᠳᠡᠭᠦᠯᠵᠦ ᠣᠷᠣᠯᠴᠠᠭᠰᠠᠨ ᠪᠠᠶᠢᠨ᠎ᠠ᠃ ᠪᠠᠭᠠᠳᠤᠷ ᠡᠷ᠎ᠡ ᠡᠮ᠎ᠡ ᠬᠤᠶᠠᠭᠤᠯᠠ ᠪᠣᠯᠪᠠᠰᠤᠷᠠᠯ ᠢᠶᠠᠷ ᠳᠠᠮᠵᠢᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠤᠯᠵᠤ᠂ ᠨᠤᠲᠤᠭ ᠤᠨ ᠢᠶᠠᠨ ᠣᠨᠴᠠ ᠭᠠᠷᠤᠯᠲᠠ ᠶᠢ ᠤᠯᠤᠰ ᠲᠠᠶᠠᠭᠠᠷ ᠲᠤ ᠬᠤᠳᠠᠯᠳᠤᠬᠤ ᠪᠠᠷ ᠵᠣᠷᠢᠭ ᠰᠢᠭᠤᠳᠴᠠᠢ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠠᠭᠤᠷᠢᠨ ᠭᠠᠵᠠᠷ ᠨᠢ ᠲᠡᠳᠡᠨ ᠳᠤ ᠪᠠᠷᠠᠭ᠎ᠠ ᠤᠷᠤᠭᠤᠯᠬᠤ ᠭᠠᠵᠠᠷ ᠬᠠᠩᠭᠠᠵᠤ᠂ ᠬᠡᠳᠦᠨ ᠠᠷᠪᠠᠨ ᠵᠦᠢᠯ ᠤᠨ ᠪᠠᠷᠠᠭ᠎ᠠ ᠬᠠᠩᠭᠠᠪᠠ᠃ ᠪᠠᠷᠠᠭ᠎ᠠ ᠬᠤᠳᠠᠯᠳᠤᠬᠤ ᠲᠤᠰᠬᠠᠶ ᠨᠡᠪᠲᠡᠷᠡᠭᠦᠯᠦᠭᠴᠢ ᠪᠣᠯᠤᠭᠰᠠᠨ ᠤ ᠬᠤᠪᠢ ᠳᠤ ᠣᠳᠣᠬᠠᠨ ᠳᠤ ᠪᠠᠭᠠᠳᠤᠷ ᠤᠨ ᠰᠠᠷ᠎ᠠ ᠶᠢᠨ ᠣᠷᠣᠯᠭ᠎ᠠ 5000 ᠭᠠᠷᠤᠶ ᠲᠥᠭᠦᠷᠢᠭ ᠲᠤ ᠬᠦᠷᠴᠦ ᠪᠤᠢ᠃   ᠮᠠᠨ ᠤ ᠠᠶᠢᠮᠠᠭ ᠪᠠᠰᠠ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠪᠠ ᠨᠤᠲᠤᠭ ᠲᠤ ᠪᠠᠨ ᠪᠤᠴᠠᠵᠤ ᠠᠳᠠᠯ ᠦᠢᠯᠡᠰ ᠪᠤᠰᠬᠠᠬᠤ ᠨᠥᠬᠦᠴᠡᠯ ᠳᠤ ᠨᠡᠶᠢᠴᠡᠭᠰᠡᠨ ᠬᠥᠯᠥᠰᠥᠨ ᠲᠠᠷᠢᠶᠠᠴᠢᠨ ᠳᠤ ᠠᠳᠠᠯ ᠦᠢᠯᠡᠰ ᠪᠤᠰᠬᠠᠬᠤ ᠨᠥᠬᠦᠪᠥᠷᠢ ᠮᠦᠩᠭᠦ ᠶᠢ 5000 ᠲᠥᠭᠦᠷᠢᠭ ᠣᠯᠭᠤᠪᠠ᠃ ᠡᠨᠡ ᠵᠢᠯ ᠨᠥᠬᠦᠴᠡᠯ ᠳᠤ ᠨᠡᠶᠢᠴᠡᠭᠰᠡᠨ 16 ᠬᠥᠯᠥᠰᠥᠨ ᠲᠠᠷᠢᠶᠠᠴᠢᠨ ᠳᠤ ᠠᠳᠠᠯ ᠦᠢᠯᠡᠰ ᠪᠤᠰᠬᠠᠬᠤ ᠨᠥᠬᠦᠪᠥᠷᠢ ᠮᠦᠩᠬᠦ ᠶᠢ ᠨᠢᠭᠡ ᠯᠡ ᠤᠳᠠᠭ᠎ᠠ 8 ᠲᠦᠮᠡᠨ ᠲᠥᠭᠦᠷᠢᠭ ᠣᠯᠭᠤᠪᠠ᠃   ᠬᠢᠩᠭᠠᠨ ᠠᠶᠢᠮᠠᠭ ᠤᠨ ᠠᠳᠠᠯ ᠦᠢᠯᠡᠰ ᠪᠤᠰᠬᠠᠬᠤ ᠲᠥᠷᠥᠯ ᠵᠦᠢᠯ ᠤᠨ ᠬᠥᠮᠥᠷᠭᠡ ᠨᠢ ᠪᠠᠰᠠ ᠠᠳᠠᠯ ᠦᠢᠯᠡᠰ ᠪᠤᠰᠬᠠᠬᠤ ᠲᠥᠷᠥᠯ ᠵᠦᠶ᠋ᠯ ᠤᠨ ᠦᠵᠡᠭᠦᠯᠦᠯᠭᠡ ᠭᠠᠷᠭᠠᠬᠤ᠂ ᠠᠳᠠᠯ ᠦᠢᠯᠡᠰ ᠪᠤᠰᠬᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠠᠳᠠᠯ ᠦᠢᠯᠡᠰ ᠪᠤᠰᠬᠠᠬᠤ ᠲᠤᠰᠬᠠᠶ ᠮᠡᠷᠭᠡᠵᠢᠯᠲᠡᠨ ᠤ ᠵᠢᠯᠣᠭᠤᠳᠣᠯᠭ᠎ᠠ ᠪᠠ ᠦᠢᠯᠡᠴᠢᠯᠡᠭᠡᠨ ᠬᠠᠩᠭᠠᠵᠦ᠂ ᠬᠥᠯᠥᠰᠥᠨ ᠲᠠᠷᠢᠶᠠᠴᠢᠨ ᠤ ᠠᠳᠠᠯ ᠦᠢᠯᠡᠰ ᠪᠤᠰᠬᠠᠵᠦ᠂ ᠠᠮᠵᠢᠯᠲᠠ ᠤᠯᠬᠤ ᠨᠣᠷᠮ᠎ᠠ ᠶᠢ ᠳᠡᠭᠡᠭᠰᠢᠯᠡᠭᠦᠯᠪᠡ᠃ · ᠬᠤᠷᠴᠠ ·
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号