ᠪᠦᠬᠦ ᠤᠯᠤᠰ ᠤᠨ ᠶᠤᠰᠤ ᠰᠤᠷᠳᠠᠬᠤᠨ ᠤ ᠵᠢᠱᠢᠶᠡᠴᠢ ᠪᠠᠷ ᠨᠡᠷ᠎ᠠ ᠲᠤᠷᠠᠳᠤᠭᠳᠠᠭᠰᠠᠨ ᠱᠠᠩᠨᠠᠯ ᠬᠦᠷᠳᠡᠭᠴᠢ ᠵᠠᠩ ᠴᠦᠨ ᠱᠧᠩ ᠢᠷᠠᠭᠤ ᠠᠯᠳᠠᠷ ᠲᠠᠢ ᠪᠠᠷ ᠪᠤᠴᠠᠵᠦ ᠢᠷᠡᠵᠡᠢ
ᠨᠡᠶᠢᠲᠡᠯᠡᠭᠰᠡᠨ ᠴᠠᠭ᠄
2021/11/10
   11 ᠰᠠᠷ᠎ᠠ ᠶᠢᠨ 5 ᠤ ᠡᠳᠦᠷ᠂ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠳᠤ ᠱᠠᠩᠨᠠᠯ ᠣᠯᠭᠤᠬᠤ ᠶᠣᠰᠣᠯᠠᠯ ᠪᠡᠭᠡᠵᠢᠩ ᠳᠤ ᠶᠠᠪᠤᠭᠳᠠᠵᠤ᠂ ᠮᠠᠨ ᠤ ᠠᠶᠢᠮᠠᠭ ᠤᠨ ᠵᠠᠯᠠᠶᠢᠳ ᠬᠤᠰᠢᠭᠤᠨ ᠤ ᠵᠠᠩ ᠴᠦᠨ ᠱᠧᠩ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠪᠠᠷ ᠨᠡᠷ᠎ᠡ ᠳᠤᠷᠠᠳᠤᠭᠳᠠᠭᠰᠠᠨ ᠱᠠᠩᠨᠠᠯ ᠣᠯᠣᠭᠰᠠᠨ ᠪᠥᠭᠡᠳ ᠶᠡᠷᠦᠩᠬᠡᠢ ᠱᠦᠵᠢ ᠰᠢ ᠶᠢᠨ ᠫᠢᠩ ᠲᠠᠢ ᠠᠭᠤᠯᠵᠠᠪᠠ᠃ 6 ᠤ ᠤᠷᠤᠢ ᠵᠠᠩ ᠴᠦᠨ ᠱᠧᠩ ᠪᠤᠴᠠᠨ ᠢᠷᠡᠵᠦ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠬᠤᠩ ᠼᠠᠢ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠨ ᠬᠤᠸᠠ ᠵᠧᠨ ᠤᠯᠠᠭᠠᠨᠬᠤᠲᠠ ᠶᠢᠨ ᠨᠢᠰᠬᠡᠯ ᠤᠨ ᠪᠠᠭᠤᠳᠠᠯ ᠳᠤ ᠵᠠᠩ ᠴᠦᠨ ᠱᠧᠩ ᠲᠠᠢ ᠠᠭᠤᠯᠵᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃   ᠯᠢ ᠬᠤᠩ ᠼᠠᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢ ᠲᠥᠯᠥᠭᠡᠯᠡᠨ ᠵᠠᠩ ᠴᠦᠨ ᠱᠧᠩ ᠳᠤ ᠴᠢᠩ ᠰᠡᠳᠬᠢᠯ ᠤᠨ ᠪᠠᠶᠠᠷ ᠬᠦᠷᠭᠡᠵᠦ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠵᠦ᠂ ᠲᠡᠭᠦᠨ ᠤ ᠢᠷᠠᠭᠤ ᠠᠯᠳᠠᠷ ᠲᠠᠢ ᠪᠤᠴᠠᠵᠤ ᠢᠷᠡᠭᠰᠡᠨ ᠢ ᠪᠠᠶᠠᠷᠯᠠᠨ ᠤᠭᠲᠤᠪᠠ᠃ ᠲᠡᠷᠡ ᠬᠡᠯᠡᠭᠰᠡᠨ ᠨᠢ᠂ ᠡᠨᠡ ᠪᠣᠯ ᠵᠠᠩ ᠴᠦᠨ ᠱᠧᠩ ᠤᠨ ᠬᠤᠪᠢ ᠬᠥᠮᠦᠨ ᠤ ᠢᠷᠠᠭᠤ ᠠᠯᠳᠠᠷ ᠪᠣᠯᠬᠤ ᠪᠠᠷ ᠪᠠᠷᠠᠬᠤ ᠦᠭᠡᠢ᠂ ᠨᠡᠩ ᠴᠤ ᠪᠦᠬᠦ ᠠᠶᠢᠮᠠᠭ ᠤᠨ ᠠᠷᠠᠳ ᠲᠦᠮᠡᠨ ᠤ ᠣᠮᠣᠭᠰᠢᠯ ᠪᠣᠯᠤᠨ᠎ᠠ᠃ ᠲᠡᠭᠦᠨ ᠤ ᠢᠷᠠᠭᠤ ᠠᠯᠳᠠᠷ ᠢᠶᠠᠨ ᠨᠠᠨᠳᠢᠩᠨᠠᠵᠤ᠂ ᠰᠠᠶᠢᠨ ᠦᠯᠢᠭᠡᠷ ᠳᠠᠭᠤᠷᠢᠶᠠᠯ ᠪᠤᠯᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠨᠡᠩ ᠤᠯᠠᠨ ᠬᠥᠮᠦᠨ ᠢ ᠲᠠᠶᠢᠴᠢᠯᠠᠵᠤ᠂ ᠡᠷᠬᠢᠮ ᠳᠡᠭᠡᠳᠦ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠬᠡᠪ ᠰᠤᠷᠲᠠᠯ ᠤᠨ ᠬᠠᠮᠠᠭᠠᠯᠠᠭᠴᠢ᠂ ᠰᠠᠶᠢᠨ ᠰᠠᠶᠢᠬᠠᠨ ᠠᠮᠢᠳᠤᠷᠠᠯ ᠤᠨ ᠡᠭᠦᠳᠦᠨ ᠪᠦᠲᠦᠭᠡᠭᠴᠢ ᠪᠣᠯᠬᠤ ᠶᠢ ᠬᠦᠰᠡᠭᠰᠡᠨ ᠪᠠᠶᠢᠨ᠎ᠠ᠃ ᠯᠢ ᠬᠤᠩ ᠼᠠᠢ ᠴᠢᠬᠤᠯᠠᠴᠢᠯᠠᠭᠰᠠᠨ ᠨᠢ᠂ ᠪᠥᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠣᠰᠣ ᠰᠤᠷᠲᠠᠬᠤᠨ ᠤ ᠵᠢᠱᠢᠶᠡᠴᠢ ᠶᠢᠨ ᠥᠯᠢᠭᠡᠷ ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠤ ᠵᠢᠱᠢᠶᠡᠴᠢ ᠶᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠬᠤ ᠬᠡᠷᠡᠭᠲᠡᠶ᠃ ᠵᠠᠭᠤᠴᠢᠯᠠᠭᠤᠷ ᠤᠨ ᠬᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠶᠣᠰᠣ ᠰᠤᠷᠲᠠᠬᠤᠨ ᠢ ᠳᠡᠭᠡᠳᠦᠯᠡᠬᠦ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠵᠦ᠂ ᠪᠣᠯᠪᠠᠰᠤᠨ ᠤ ᠰᠢᠨ᠎ᠡ ᠬᠡᠪ ᠰᠤᠷᠲᠠᠯ ᠢ ᠬᠢᠩᠭᠠᠨ ᠤ ᠡᠬᠡ ᠭᠠᠵᠠᠷ ᠤᠨ ᠥᠨᠴᠥᠭ ᠪᠤᠯᠤᠩ ᠪᠦᠬᠦᠨ ᠳᠤ ᠳᠡᠯᠭᠡᠷᠡᠭᠦᠯᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠰᠠᠨᠠᠭᠠᠨ ᠤ ᠬᠦᠴᠦᠨ ᠴᠢᠳᠠᠯ ᠪᠠ ᠶᠣᠰᠣ ᠰᠤᠷᠲᠠᠬᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃    2015 ᠣᠨ ᠤ ᠦᠶᠡᠷ ᠤᠨ ᠬᠤᠭᠤᠴᠠᠭᠠᠨ ᠳᠤ᠂ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠲᠤᠸᠠᠨ ᠵᠢᠶᠧ ᠲᠤᠰᠬᠤᠨ ᠤ ᠥᠨᠳᠥᠷ ᠳᠤᠮᠳᠠᠳᠤ ᠶᠢᠨ ᠭᠤᠷᠪᠠᠨ ᠰᠣᠷᠣᠭᠴᠢ ᠵᠤᠭᠠᠴᠠᠬᠤ ᠪᠠᠷ ᠭᠠᠷᠬᠤ ᠵᠠᠮ ᠳᠤ ᠪᠠᠨ ᠰᠠᠨᠠᠮᠰᠠᠷ ᠥᠬᠡᠶ ᠪᠠᠷ ᠭᠤᠤᠯ ᠳᠤ ᠤᠨᠠᠪᠠ᠂ ᠠᠮᠢ ᠨᠠᠰᠤᠨ ᠤ ᠠᠶᠤᠯ ᠲᠦᠭᠰᠢᠭᠦᠷᠢᠲᠡᠶ ᠴᠠᠭ ᠮᠥᠴᠡ ᠳᠤ᠂ 20 ᠨᠠᠰᠤᠲᠠᠶ ᠰᠠᠶ᠋ᠢᠬᠠᠨ ᠶᠡᠭᠡ ᠰᠤᠷᠭᠠᠭᠤᠯᠢ ᠳᠤ ᠡᠯᠰᠡᠭᠳᠡᠭᠰᠡᠨ ᠮᠡᠳᠡᠭᠳᠡᠯ ᠤᠨ ᠪᠢᠴᠢᠭ ᠢᠶᠠᠨ ᠲᠤᠰᠤᠭᠰᠠᠨ ᠵᠠᠩ ᠴᠦᠨ ᠱᠧᠩ ᠴᠡᠭᠡᠵᠢ ᠳᠦᠷᠢᠨ ᠪᠤᠰᠴᠤ᠂ ᠤᠰᠤᠨ ᠳᠤ ᠤᠨᠠᠭᠰᠠᠨ ᠭᠤᠷᠪᠠᠨ ᠰᠣᠷᠣᠭᠴᠢ ᠶᠢ ᠡᠷᠡᠯᠬᠡᠭ ᠢᠶᠠᠷ ᠠᠪᠤᠷᠠᠨ ᠭᠠᠷᠭᠠᠬᠰᠠᠨ ᠪᠠᠶᠢᠨ᠎ᠠ᠃   ︽ᠡᠨᠡ ᠬᠦ ᠢᠷᠠᠭᠤ ᠠᠯᠳᠠᠷ ᠢ ᠣᠯᠤᠭᠰᠠᠨ ᠪᠥᠭᠡᠳ ᠶᠡᠷᠦᠩᠬᠡᠢ ᠱᠦᠵᠢ ᠲᠠᠢ ᠠᠭᠤᠯᠵᠠᠭᠰᠠᠨ ᠳᠤ ᠪᠠᠨ ᠪᠢ ᠮᠠᠰᠢ ᠰᠡᠳᠬᠢᠯ ᠳᠣᠭᠳᠣᠯᠵᠤ ᠪᠠᠶᠢᠨ᠎ᠠ᠂ ᠡᠨᠡ ᠨᠢ ᠶᠡᠷᠦᠩᠬᠡᠢ ᠱᠦᠵᠢ ᠰᠢ ᠶᠢᠨ ᠫᠢᠩ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠠ  ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠬᠤᠶᠢᠰᠢᠳᠠ ᠶᠢᠨ ᠠᠵᠢᠯ ᠳᠤ ᠪᠢ ᠡᠭᠦᠨ ᠢᠶᠠᠷ ᠬᠥᠳᠡᠯᠭᠡᠬᠦ ᠬᠦᠴᠦᠨ ᠪᠣᠯᠭᠠᠬᠤ ᠶᠢᠨ ᠬᠠᠮᠲᠤ ᠳᠡᠷᠭᠡᠳᠡᠬᠢ ᠨᠠᠩ ᠣᠯᠠᠨ ᠬᠥᠮᠦᠨ ᠢᠶᠠᠨ ᠳᠠᠶᠢᠴᠢᠯᠠᠵᠤ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠥᠨᠢ ᠡᠭᠦᠷᠢᠳᠡ ᠨᠠᠮ ᠢᠶᠠᠨ ᠳᠠᠭᠠᠬᠤ ᠢᠲᠡᠭᠡᠯ ᠵᠣᠷᠢᠭ ᠢᠶᠠᠨ ᠪᠠᠲᠤᠳᠬᠠᠨ᠎ᠠ︾ ᠭᠡᠵᠦ ᠵᠠᠩ ᠴᠦᠨ ᠱᠧᠩ ᠢᠯᠡᠷᠭᠡᠶᠢᠯᠡᠵᠦ ᠪᠠᠶᠢᠯ᠎ᠠ᠃ ︵ᠭᠤᠤᠯᠴᠢ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号