ᠵᠢᠷᠭᠤᠭᠠᠨ ᠰᠠᠷ᠎ᠠ ᠪᠤᠯᠵᠤ ᠪᠠᠶᠢᠭ᠎ᠠ ᠰᠢᠮᠧᠨ᠋ᠳᠠᠷ ᠳᠤᠭᠤᠯ ᠢᠶᠠᠨ 1.4 ᠲᠦᠮᠡᠨ ᠲᠦᠬᠦᠷᠢᠭ ᠢᠶᠠᠷ ᠬᠤᠳᠠᠯᠳᠤᠭᠠᠳ | ᠵᠤᠤ ᠴᠢᠥᠸᠠᠨ ᠱᠧᠩ ᠰᠡᠳᠬᠢᠯ ᠬᠠᠨᠤᠮᠵᠢᠳᠠᠢ ᠪᠠᠶᠢᠯ᠎ᠠ᠃ ᠵᠤᠤ ᠴᠢᠥᠸᠠᠨ ᠱᠧᠩ ᠪᠤᠯ ᠬᠤᠷᠴᠢᠨ ᠪᠠᠷᠠᠭᠤᠨ ᠭᠠᠷᠥᠨ | ᠳᠤᠮᠳᠠᠳᠥ ᠬᠤᠰᠢᠭᠤᠨ ᠤ ᠪᠠᠶ᠋ᠬᠠᠤᠰᠢᠭᠤ ᠪᠠᠯᠭᠠᠰᠥᠨ ᠤ ᠸᠠᠩᠯᠥ ᠭᠠᠴᠠᠭᠠᠨ ᠤ ᠮᠠᠯᠴᠢᠨ᠂ ᠳᠡᠷᠡ ᠮᠦᠨ ᠲᠤᠰ | ᠭᠠᠴᠠᠭᠠᠨ ᠤ ᠪᠠᠨ ᠨᠡᠷᠡᠳᠥ ᠪᠦᠭᠡᠴᠢᠨ᠂ ᠳᠡᠵᠢᠭᠡᠪᠤᠷᠢ ᠶᠢᠨ ᠳᠠᠯᠠᠪᠠᠢ ᠶᠢᠨ ᠬᠠᠷᠢᠭᠤᠴᠠᠯᠭᠠᠳᠠᠨ᠂ ᠮᠠᠯ ᠤᠨ ᠡᠬᠦᠯᠳᠡᠷ | ᠰᠠᠶᠢᠵᠢᠷᠠᠭᠤᠯᠤᠭᠴᠢ᠃ ᠤᠤᠯ ᠨᠢ ᠨᠤᠳᠤᠭ ᠤᠨ ᠦᠭᠡᠷ ᠮᠠᠯᠵᠢᠵᠤ ᠪᠠᠶᠢᠭᠰᠠᠨ ᠳᠡᠷᠡ 2016 ᠤᠨ ᠠᠴᠠ ᠰᠢᠮᠧᠨ᠋ᠳᠠᠷ | ᠦᠭᠡᠷ ᠮᠠᠯᠵᠢᠵᠤ᠂ ᠵᠢᠯ ᠤᠨ ᠠᠰᠢᠭ ᠤᠷᠤᠯᠭ᠎ᠠ ᠨᠢ 30 ᠭᠠᠷᠤᠢ ᠲᠦᠮᠡᠨ ᠲᠦᠬᠦᠷᠢᠭ ᠪᠤᠯᠵᠤ ᠨᠡᠮᠡᠭᠳᠡᠵᠡᠢ᠃ | ᠳᠡᠬᠦᠨ ᠤ ᠬᠡᠯᠡᠬᠦ ᠪᠠᠷ᠂ ᠡ᠊ᠨᠡ ᠨᠢ ᠪᠦᠷ ᠬᠤᠰᠢᠭᠤᠨ ᠤ ᠦᠭᠡᠷ ᠮᠠᠯᠵᠢᠬᠤ ᠥᠢᠯᠡᠰ ᠢ ᠬᠦᠭᠵᠢᠬᠦᠯᠬᠦ ᠰᠠᠶᠢᠨ | ᠲᠦᠷᠥ ᠶᠢᠨ ᠪᠤᠳᠤᠯᠭ᠎ᠠ ᠶᠢᠨ ᠠᠴᠢ ᠲᠤᠰᠠ ᠭᠡᠨ᠎ᠡ᠃ | ᠤᠢᠢᠷ᠎ᠠ ᠶᠢᠨ ᠵᠢᠯ ᠠᠴᠠ ᠨᠠᠭᠠᠰᠢ᠂ ᠲᠤᠰ ᠬᠤᠰᠢᠭᠤ ᠦᠭᠡᠷ ᠮᠠᠯᠵᠢᠬᠤ ᠳᠤᠬᠠᠢ ᠤᠯᠠᠨ ᠠᠷᠪᠢᠨ ᠬᠠᠷᠠᠭᠠᠯᠵᠠᠯ ᠤᠨ | ᠲᠦᠷᠥ ᠶᠢᠨ ᠪᠤᠳᠤᠯᠭ᠎ᠠ ᠳᠤᠭᠳᠠᠭᠠᠵᠤ᠂ ᠮᠠᠯᠵᠢᠬᠤ ᠠᠴᠠ ᠪᠤᠷᠤᠯᠠᠭᠤᠯᠬᠤ ᠬᠦᠷᠳᠡᠯᠡᠬᠢ ᠪᠦᠬᠦ ᠶᠠᠪᠤᠴᠠ ᠶᠢᠨ ᠠᠵᠤ | ᠥᠢᠯᠡᠰ ᠤᠨ ᠬᠡᠯᠬᠢᠶ᠎ᠡ ᠶᠢ ᠳᠡᠬᠦᠯᠳᠡᠷᠵᠢᠬᠦᠯᠵᠤ᠂ ᠮᠠᠯᠴᠢᠨ ᠳᠠᠷᠢᠶᠠᠴᠢᠳ ᠲᠤ ᠨᠡᠩ ᠠᠷᠪᠢᠨ ᠠᠰᠢᠭ ᠬᠦᠷᠳᠡᠭᠡᠪᠡ᠃ | ᠲᠤᠰ ᠬᠤᠰᠢᠭᠤᠨ ᠤ ᠦᠭᠡᠷ ᠤᠨ ᠲᠤᠭ᠎ᠠ 2018 ᠤᠨ ᠳᠤ 23 ᠲᠦᠮᠡ ᠪᠠᠶᠢᠭᠰᠠᠨ ᠠᠴᠠ ᠤᠳᠥ 36.5 ᠲᠦᠮᠡ | ᠪᠤᠯᠵᠤ᠂ ᠠᠯᠠᠰᠢᠨ ᠦᠭᠡᠷ ᠲᠡᠵᠢᠭᠡᠬᠦ ᠡᠷᠥᠭᠡ 3 ᠲᠦᠮᠡ ᠪᠤᠯᠵᠤ᠂ ᠲᠤᠰᠬᠠᠢ ᠬᠤᠷᠰᠢᠶᠠᠵᠢᠯ ᠨᠢ ᠬᠦᠭᠵᠢᠭᠡᠳ 300 | ᠪᠤᠯᠵᠤ᠂ ᠳᠡᠵᠢᠭᠡᠪᠤᠷᠢ ᠶᠢᠨ ᠡᠷᠥᠭᠡ ᠨᠢᠭᠡᠪᠤᠷᠢ ᠳᠤᠮᠳᠠᠴᠢ ᠪᠠᠷ 8 ᠠᠯᠠᠰᠢᠨ ᠦᠭᠡᠷ ᠲᠡᠵᠢᠭᠡᠵᠦ᠂ 3 ᠲᠦᠮᠡᠨ | ᠲᠦᠬᠦᠷᠢᠭ ᠤᠨ ᠤᠷᠤᠯᠭ᠎ᠠ ᠨᠡᠮᠡᠭᠳᠡᠪᠡ᠃ | ᠵᠤᠤ ᠴᠢᠥᠸᠠᠨ ᠱᠧᠩ᠄ ︽ᠬᠤᠰᠢᠭᠤᠨ ᠳᠤ ᠤᠯᠤᠰ ᠤᠨ ᠳᠡᠰ ᠤᠨ ᠰᠠᠶᠢᠨ ᠡᠬᠦᠯᠳᠡᠷ ᠤᠨ ᠦᠷ᠎ᠡ ᠶᠢᠨ ᠮᠠᠯ ᠤᠨ | ᠦᠷᠳᠡᠭᠡ ᠪᠠᠶᠢᠭᠤᠯᠤᠭᠳᠠᠭᠰᠠᠨ ᠨᠢ ᠮᠠᠯᠴᠢᠳ ᠲᠤ ᠲᠤᠩ ᠲᠦᠬᠦᠮ ᠪᠤᠯᠤᠯ᠎ᠠ᠂ ᠲᠤᠰ ᠦᠷᠳᠡᠭᠡ ᠶᠢᠨ ᠠᠵᠢᠯᠳᠠᠳ | ᠮᠠᠯᠴᠢᠳ ᠤᠨ ᠭᠡᠷ ᠲᠤ ᠬᠦᠷᠴᠥ ᠡᠬᠦᠯᠳᠡᠷ ᠰᠠᠶᠢᠵᠢᠷᠠᠭᠤᠯᠬᠤ ᠪᠠ ᠠᠷᠠᠴᠢᠯᠠᠨ ᠮᠠᠯᠵᠢᠬᠤ ᠳᠤᠬᠠᠢ ᠮᠡᠷᠭᠡᠵᠢᠯ ᠤᠨ | ᠳᠠᠯ᠎ᠠ ᠪᠠᠷ ᠵᠢᠯᠤᠭᠤᠳᠤᠯᠭ᠎ᠠ ᠬᠢᠨ᠎ᠡ᠂ ᠲᠤᠰᠬᠠᠢ ᠮᠡᠷᠭᠡᠵᠢᠯᠳᠡᠨ ᠸᠠᠩ ᠬᠠᠢ ᠹᠧᠩ ᠦᠷᠬᠦᠯᠵᠢ ᠮᠠᠯᠵᠢᠬᠤ ᠡᠷᠥᠭᠡ ᠳᠤ | ᠬᠦᠷᠴᠥ ᠬᠠᠯᠠᠰᠢᠷᠠᠯ ᠦᠬᠡᠢ ᠵᠢᠭᠠᠨ ᠵᠢᠯᠤᠭᠤᠳᠳᠠᠭ᠂ ᠮᠠᠯᠴᠢᠳ ᠲᠤ ᠠᠯᠢ ᠤᠢᠢᠯᠠᠭᠠᠮᠵᠢᠳᠠᠢ ᠪᠠᠷ ᠨᠢ ᠨᠠᠷᠢᠨ | ᠳᠠᠶᠢᠯᠪᠤᠷᠢᠯᠡᠵᠤ ᠦᠭᠳᠡᠭ︾ ᠭᠡᠵᠤ ᠳᠠᠯᠠᠷᠬᠠᠯ ᠤᠨ ᠰᠡᠳᠬᠢᠯ ᠢᠶᠠᠨ ᠶᠠᠷᠢᠨ᠎ᠠ᠃ | ᠲᠤᠰ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ᠂ ︽ᠪᠠᠶᠠᠯᠢᠭ︾ ᠠᠯᠠᠰᠢᠨ ᠦᠭᠡᠷ ᠤᠨ | ᠠᠵᠤ ᠥᠢᠯᠡᠰ ᠤᠨ ᠤᠷᠤᠨ ᠳᠤᠭᠤᠷᠢᠭ ᠢᠶᠠᠷ ᠠᠵᠤ ᠥᠢᠯᠡᠰ ᠤᠨ ᠴᠤᠭᠯᠠᠷᠠᠯ ᠤᠨ ᠳᠠᠪᠴᠠᠩ ᠪᠤᠯᠭᠠᠵᠤ᠂ ᠤᠷᠢᠳ | ᠬᠤᠵᠢᠳ ᠱᠠᠨᠳᠦ᠋ᠩ ᠤᠨ ᠶᠠᠩ ᠰᠢᠨ ᠬᠤᠩ ᠠᠨ ᠪᠦᠯᠥᠭᠯᠡᠯ᠂ ᠬᠤᠸᠠ ᠶᠠᠩ᠂ ᠢ ᠯᠢ ᠶᠤᠸᠠᠨ ᠺᠤᠮᠫᠠᠨᠢ᠂ | ᠬᠦᠭᠡᠬᠤᠳᠠ ᠶᠢᠨ ᠺᠤᠸᠠᠢ ᠨᠢᠥ ᠵᠡᠷᠭᠡ ᠨᠡᠷᠡᠳᠥ ᠳᠠᠭᠠᠭᠤᠯᠤᠭᠴᠢ ᠠᠵᠤ ᠠᠬᠤᠢᠢᠯᠠᠯ ᠢ ᠤᠷᠤᠭᠤᠯᠥᠨ ᠠᠪᠴᠢᠷᠠᠵᠤ᠂ | ᠲᠦᠪᠯᠡᠷᠡᠬᠦᠯᠥᠨ ᠠᠷᠠᠴᠢᠯᠠᠨ ᠮᠠᠯᠵᠢᠵᠤ ᠪᠤᠷᠳᠥᠨ ᠳᠠᠷᠭᠤᠯᠠᠭᠤᠯᠬᠤ ᠠᠵᠢᠯ ᠬᠢᠵᠤ ᠪᠠᠶᠢᠨ᠎ᠠ᠃ ᠤᠳᠥ ᠳᠡᠭᠡᠷᠡᠬᠢ | ᠲᠦᠷᠪᠡᠨ ᠺᠤᠮᠫᠠᠨᠢ ᠶᠢᠨ ︽ᠪᠠᠶᠠᠯᠢᠭ︾ ᠠᠯᠠᠰᠢᠨ ᠦᠭᠡᠷ ᠤᠨ ᠠᠵᠤ ᠥᠢᠯᠡᠰ ᠤᠨ ᠤᠷᠤᠨ ᠳᠤᠭᠤᠷᠢᠭ ᠲᠠᠬᠢ | ᠠᠯᠠᠰᠢᠨ ᠦᠭᠡᠷ ᠤᠨ ᠲᠤᠭ᠎ᠠ 5000 ᠭᠠᠷᠤᠢ ᠳᠤ ᠬᠦᠷᠴᠡᠢ᠃ ᠬᠤᠩ ᠠᠨ ᠤᠳᠥ ᠦᠶ᠎ᠡ ᠶᠢᠨ ᠠᠯᠠᠰᠢᠨ | ᠦᠭᠡᠷ ᠤᠨ ᠠᠷᠠᠯᠵᠢᠶᠠᠨ ᠤ ᠲᠦᠪ ᠨᠢ ᠨᠢᠳᠥᠨᠥᠨ ᠤ 5 ᠰᠠᠷ᠎ᠠ ᠳᠤ ᠠᠷᠠᠯᠵᠢᠶ᠎ᠠ ᠡᠬᠢᠯᠡᠬᠦᠯᠥᠭᠰᠡᠨ ᠠᠴᠠ ᠨᠠᠭᠠᠰᠢ᠂ | ᠠᠷᠠᠯᠵᠢᠶᠠᠯᠠᠭᠰᠠᠨ ᠵᠤᠭᠤᠰ ᠤᠨ ᠲᠤᠭ᠎ᠠ 14 ᠳ᠋ᠦᠡᠭᠰᠢᠭᠤᠷ ᠲᠦᠬᠦᠷᠢᠭ ᠲᠤᠯᠵᠤ᠂ ᠳᠤᠬᠠᠢ ᠶᠢᠨ ᠭᠠᠵᠠᠷ ᠤᠷᠤᠨ ᠤ | ᠳᠡᠵᠢᠭᠡᠪᠤᠷᠢ ᠶᠢᠨ ᠡᠷᠥᠭᠡ ᠳᠤ ᠮᠠᠯ ᠬᠤᠳᠠᠯᠳᠥᠨ ᠠᠪᠬᠤ ᠪᠠ ᠪᠤᠷᠤᠯᠠᠭᠤᠯᠬᠤ ᠳᠠᠪᠴᠠᠩ ᠬᠠᠨᠭ᠍ᠭᠠᠭᠰᠠᠨ ᠪᠦᠭᠡᠳ ᠪᠦᠬᠦ | ᠤᠯᠤᠰ ᠤᠨ ᠡᠯ᠎ᠡ ᠭᠠᠵᠠᠷ ᠤᠨ ᠬᠤᠳᠠᠯᠳᠥᠨ ᠠᠪᠬᠤ ᠬᠤᠳᠠᠯᠳᠤᠭᠠᠴᠢᠨ ᠢ ᠳᠠᠳᠠᠨ ᠠᠪᠴᠢᠷᠠᠪᠠ᠃ | ᠠᠯᠠᠰᠢᠨ ᠦᠭᠡᠷ ᠠᠷᠠᠴᠢᠯᠡᠨ ᠲᠡᠵᠢᠭᠡᠵᠦ ᠠᠷᠠᠯᠵᠢᠶᠠᠯᠠᠬᠤ ᠭᠤᠤᠯᠯᠠᠬᠤ ᠠᠵᠤ ᠥᠢᠯᠡᠰ ᠤᠨ ᠳᠠᠶᠢᠴᠢᠯᠠᠯᠳᠠ | ᠳᠤᠤᠷ᠎ᠠ᠂ ᠲᠤᠰ ᠬᠤᠰᠢᠭᠤᠨ ᠤ ᠮᠠᠯᠴᠢᠨ ᠳᠠᠷᠢᠶᠠᠴᠢᠳ ᠤᠨ ᠬᠦᠮᠥᠨ ᠳᠤᠮᠳᠠᠴᠢ ᠡᠵᠡᠮᠳᠡᠵᠤ ᠪᠤᠯᠬᠤ ᠤᠷᠤᠯᠭ᠎ᠠ | 2018 ᠤᠨ ᠳᠤ 9700 ᠲᠦᠬᠦᠷᠢᠭ ᠪᠠᠶᠢᠭᠰᠠᠨ ᠠᠴᠠ ᠪᠠᠨ ᠤᠳᠥ ᠨᠡᠮᠡᠭᠳᠡᠭᠡᠳ 11800 ᠭᠠᠷᠤᠢ ᠲᠦᠬᠦᠷᠢᠭ | ᠪᠤᠯᠤᠭᠰᠠᠨ ᠪᠠᠶᠢᠨ᠎ᠠ᠃ ᠬᠡᠰᠢᠭᠪᠦᠶᠠᠨ ᠮᠡᠳᠡᠭᠡᠯᠡᠪᠡ | | |