ᠰᠤᠶᠤᠯ ᠤᠷᠠᠯᠢᠭ ᠪᠤᠯ ᠴᠠᠭ ᠦᠶ᠎ᠠ ᠶᠢᠨ ᠬᠦᠭᠵᠢᠯᠳᠠ ᠶᠢ ᠢᠯᠡᠷᠡᠭᠦᠯᠬᠦ ᠪᠠᠷ ᠪᠠᠷᠠᠬᠤ ᠦᠭᠡᠢ ᠲᠦᠷᠢ ᠲᠦᠷᠬᠦ ᠶᠢ | ᠲᠦᠯᠤᠭᠡᠯᠡᠵᠤ ᠪᠠᠶᠢᠳᠠᠭ᠃ ᠡ᠊ᠨᠠ ᠵᠢᠯ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 | ᠵᠢᠯ ᠤᠨ ᠤᠢ ᠪᠤᠯᠤᠨ᠎ᠠ᠃ ᠮᠠᠨ ᠤ ᠠᠶᠢᠮᠠᠭ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 | ᠵᠢᠯ ᠤᠨ ᠤᠢ ᠶᠢ ᠪᠦᠬᠦ ᠬᠦᠴᠤᠨ ᠢᠶᠠᠷ ᠪᠠᠶᠠᠷᠯᠠᠨ ᠪᠡᠯᠭᠡᠯᠡᠬᠦ ᠬᠠᠮᠢᠶ᠎ᠠ ᠪᠦᠬᠦᠢ ᠠᠵᠢᠯᠯᠠᠭ᠎ᠠ ᠶᠢ ᠰᠠᠶᠢᠳᠤᠷ | ᠦᠷᠨᠢᠬᠦᠯᠬᠦ ᠶᠢᠨ ᠬᠠᠮᠳᠤ ᠬᠤᠪᠢᠰᠬᠠᠯᠳᠤ ᠰᠤᠶᠤᠯ ᠤᠨ ᠡᠬᠢ ᠪᠠᠶᠠᠯᠢᠭ ᠲᠤ ᠪᠠᠨ ᠲᠦᠰᠢᠭᠯᠡᠨ᠂ ᠨᠠᠮ ᠤᠨ ᠲᠡᠥᠬᠡ ᠶᠢᠨ | ᠰᠤᠷᠤᠯᠴᠠᠯᠭ᠎ᠠ ᠬᠦᠮᠤᠵᠢᠯ ᠢ ᠢᠳᠡᠪᠬᠢᠳᠠᠢ ᠦᠷᠨᠢᠬᠦᠯᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠴᠤᠭᠴᠠ ᠶᠢᠨ | ᠤᠬᠠᠮᠰᠠᠷ ᠢ ᠲᠠᠰᠤᠷᠠᠯᠳᠠ ᠦᠭᠡᠢ ᠪᠠᠳᠤᠳᠬᠠᠨ᠂ ᠰᠤᠶᠤᠯ ᠤᠷᠠᠯᠢᠭ ᠤᠨ ᠵᠤᠬᠢᠶᠠᠨ ᠪᠦᠳᠤᠭᠡᠯᠭᠡ᠂ ᠦᠵᠡᠬᠦᠯᠭᠡ | ᠡᠷᠭᠢᠯᠡᠬᠦ᠂ ᠪᠦᠳᠤᠭᠡᠯ ᠡᠯᠰᠡᠬᠦ᠂ ᠬᠤᠪᠢᠰᠬᠠᠯᠳᠤ ᠦᠯᠢᠭᠡᠷ ᠢ ᠤᠬᠠᠭᠤᠯᠤᠨ ᠲᠠᠶᠢᠯᠪᠤᠷᠢᠯᠠᠬᠤ᠂ ᠠᠷᠠᠳ ᠲᠤ ᠠᠰᠢᠭ | ᠬᠦᠷᠳᠡᠭᠡᠬᠦ ᠲᠤᠭᠯᠠᠯᠳᠠ ᠭᠠᠷᠭᠠᠬᠤ ᠵᠡᠷᠭᠡ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠤ᠂ ᠰᠤᠶᠤᠯ ᠤᠨ ᠦᠢᠯᠡᠰ ᠤᠨ | ᠬᠦᠭᠵᠢᠯᠳᠠ ᠶᠢ ᠬᠦᠴᠤᠯᠡᠨ ᠠᠬᠢᠭᠤᠯᠵᠤ ᠪᠤᠢ᠃ | ᠢᠷᠠᠭᠤ ᠰᠠᠶᠢᠬᠠᠨ ᠮᠤᠷᠢᠨ ᠬᠤᠭᠤᠷ ᠤᠨ ᠬᠦᠭᠵᠢᠮ᠂ ᠮᠤᠩᠭᠤᠯ ᠦᠨᠳᠤᠰᠤᠳᠡᠨ ᠤ ᠦᠩᠭᠡ ᠪᠤᠳᠤᠭ ᠢᠯᠭᠠᠷᠠᠮ᠎ᠠ | ᠬᠠᠳᠬᠤᠮᠠᠯ ᠤᠷᠠᠯᠠᠯ᠂ ᠤᠷᠠᠨ ᠲᠦᠷᠰᠦᠯᠢᠭ ᠬᠠᠶᠢᠴᠢᠯᠠᠮᠠᠯ ᠁ ᠡᠳᠡᠭᠡᠷ ᠪᠤᠳᠠᠰ ᠤᠨ ᠪᠤᠰᠤ ᠰᠤᠶᠤᠯ ᠤᠨ | ᠦᠪ ᠨᠢ ᠮᠠᠨ ᠤ ᠠᠶᠢᠮᠠᠭ ᠤᠨ ᠰᠤᠶᠤᠯ ᠤᠷᠠᠯᠢᠭ ᠤᠨ ᠭᠤᠶᠢᠳᠠ ᠰᠠᠶᠢᠬᠠᠨ ᠢ ᠢᠯᠡᠷᠡᠭᠦᠯᠦᠭᠰᠡᠨ ᠮᠦᠷᠳᠡᠭᠡᠨ 2021 | ᠤᠨ ᠤ ᠪᠦᠬᠦ ᠤᠷᠤᠨ ᠤ ︽ᠰᠤᠶᠤᠯ ᠪᠠ ᠡᠬᠢ ᠪᠠᠶᠠᠯᠢᠭ ᠤᠨ ᠡᠳᠦᠷᠯᠢᠭ︾ ᠤᠨ ᠪᠤᠳᠠᠰ ᠤᠨ ᠪᠤᠰᠤ ᠰᠤᠶᠤᠯ ᠤᠨ | ᠦᠪ ᠤᠨ ᠦᠵᠡᠬᠦᠯᠭᠡ ᠳᠠᠬᠢ ᠬᠢᠯᠠᠰ ᠴᠡᠭ ᠪᠤᠯᠵᠦ᠂ ᠮᠠᠨ ᠤ ᠤᠷᠤᠨ ᠤ ᠭᠤᠥᠯ ᠲᠠᠯᠠᠪᠠᠢ ᠳᠤ ᠬᠤᠷᠠᠨ ᠴᠤᠬᠯᠠᠷᠠᠬᠰᠠᠨ | ᠦᠵᠡᠭᠴᠢᠳ ᠤᠨ ᠬᠦᠷᠢᠶᠡᠯᠡᠯ ᠢ ᠤᠯᠵᠤ ᠪᠢᠯᠠ᠃ | ᠲᠠᠪᠤᠳᠤᠭᠠᠷ ᠪᠦᠯᠥᠭ ᠤᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠤᠭᠡᠯᠡᠭᠴᠢ | ᠴᠢᠨᠠᠷ ᠲᠠᠢ ᠲᠦᠷᠤᠯ ᠵᠦᠢᠯ ᠤᠨ ᠨᠡᠷᠡᠶᠢᠳᠤᠯ ᠳᠤ ᠲᠦᠰᠢᠶᠠᠳᠤ ᠬᠠᠳᠬᠤᠮᠠᠯ ᠪᠠ ᠪᠠᠶᠠᠨᠵᠢᠷᠤᠬᠡ ᠠᠭᠤᠯᠠ ᠶᠢᠨ | ᠲᠠᠬᠢᠯᠭ᠎ᠠ ᠵᠢᠭᠰᠠᠭᠠᠭᠳᠠᠵᠤ᠂ ᠤᠳᠤᠬᠠᠨ ᠪᠤᠯᠳᠠᠯ᠎ᠠ ᠮᠠᠨ ᠤ ᠠᠶᠢᠮᠠᠭ ᠤᠨ ᠤᠯᠤᠰ ᠤᠨ ᠲᠡᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠲᠦᠯᠤᠭᠡᠯᠡᠭᠴᠢ ᠴᠢᠨᠠᠷᠲᠠᠢ ᠲᠦᠷᠤᠯ ᠵᠦᠢᠯ 7 ᠪᠤᠯᠤᠨ ᠨᠡᠮᠡᠭᠳᠡᠵᠤ᠂ ᠤᠷᠤᠨ ᠤ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠯᠤᠭᠡᠯᠡᠭᠴᠢ ᠴᠢᠨᠠᠷ ᠲᠠᠢ ᠲᠦᠷᠤᠯ ᠵᠦᠢᠯ 57 ᠪᠤᠯᠤᠭᠰᠠᠨ ᠪᠠᠶᠢᠨ᠎ᠠ︔ | ᠤᠯᠤᠰ ᠤᠨ ᠲᠡᠰ ᠤᠨ ᠲᠦᠯᠤᠭᠡᠯᠡᠭᠴᠢ ᠴᠢᠨᠠᠷ ᠲᠠᠢ ᠦᠪᠯᠡᠨ ᠵᠠᠯᠭᠠᠮᠵᠢᠯᠠᠭᠴᠢ 6 ᠬᠦᠮᠤᠨ ᠪᠤᠯᠵᠦ᠂ ᠤᠷᠤᠨ ᠤ | ᠲᠡᠰ ᠤᠨ ᠲᠦᠯᠤᠭᠡᠯᠡᠭᠴᠢ ᠴᠢᠨᠠᠷ ᠲᠠᠢ ᠦᠪᠯᠡᠨ ᠵᠠᠯᠭᠠᠮᠵᠢᠯᠠᠭᠴᠢ 65 ᠬᠦᠮᠤᠨ ᠪᠤᠯᠪᠠ᠃ ᠡ᠊ᠨᠠ ᠵᠢᠯ᠂ ᠮᠠᠨ ᠤ | ᠠᠶᠢᠮᠠᠭ ᠪᠤᠳᠠᠰ ᠤᠨ ᠪᠤᠰᠤ ᠰᠤᠶᠤᠯ ᠤᠨ ᠦᠪ ᠢ ᠰᠤᠷᠤᠯᠴᠠᠬᠤ ᠪᠤᠯᠪᠠᠰᠤᠷᠠᠯ ᠤᠨ ᠠᠩᠬᠢ ᠶᠢ ᠦᠷᠬᠦᠯᠵᠢᠯᠡᠨ | ᠡᠷᠬᠢᠯᠡᠵᠦ᠂ ᠪᠤᠳᠠᠰ ᠤᠨ ᠪᠤᠰᠤ ᠰᠤᠶᠤᠯ ᠤᠨ ᠦᠪ ᠢ ᠦᠵᠡᠮᠵᠢ ᠶᠢᠨ ᠤᠷᠤᠨ ᠳᠤ ᠤᠷᠤᠭᠤᠯᠬᠤ ᠪᠠ ᠰᠤᠶᠤᠯ ᠤᠨ | ᠪᠦᠳᠤᠭᠡᠭᠳᠡᠬᠦᠨ ᠢ ᠳᠡᠯᠭᠡᠨ ᠦᠵᠡᠭᠦᠯᠬᠦ ᠠᠵᠢᠯᠯᠠᠭ᠎ᠠ ᠦᠷᠨᠢᠬᠦᠯᠵᠤ᠂ ᠪᠤᠳᠠᠰ ᠤᠨ ᠪᠤᠰᠤ ᠰᠤᠶᠤᠯ ᠤᠨ ᠦᠪ ᠢᠶᠠᠷ | ᠭᠤᠤᠯ ᠪᠤᠯᠭᠠᠬᠰᠠᠨ ᠠᠵᠤ ᠦᠢᠯᠡᠰ ᠤᠨ ᠬᠦᠷᠢᠶᠡᠯᠡᠩ ᠢ ᠰᠠᠶᠢᠳᠤᠷ ᠪᠠᠶᠢᠭᠤᠯᠵᠦ ᠪᠤᠢ᠃ ᠡᠬᠦᠨ ᠠᠴᠠ ᠭᠠᠳᠠᠨ᠎ᠠ᠂ | ᠮᠠᠨ ᠤ ᠠᠶᠢᠮᠠᠭ ᠪᠤᠳᠠᠰ ᠤᠨ ᠪᠤᠰᠤ ᠰᠤᠶᠤᠯ ᠤᠨ ᠦᠪ ᠢ ᠦᠪᠯᠡᠨ ᠵᠠᠯᠭᠠᠮᠵᠢᠯᠠᠬᠤ ᠰᠠᠭᠤᠷᠢᠨ ᠭᠠᠵᠠᠷ ᠢ ᠲᠦᠷᠭᠡᠳᠭᠡᠨ | ᠪᠠᠶᠢᠭᠤᠯᠵᠤ᠂ ᠪᠤᠳᠠᠰ ᠤᠨ ᠪᠤᠰᠤ ᠰᠤᠶᠤᠯ ᠤᠨ ᠲᠦᠷᠤᠯ ᠵᠦᠢᠯ ᠢ ᠭᠤᠶᠤᠴᠢᠯᠠᠨ ᠮᠡᠳᠡᠬᠦᠯᠬᠦ ᠠᠵᠢᠯ ᠢ ᠰᠠᠶᠢᠳᠤᠷ | ᠬᠢᠵᠦ᠂ ᠮᠤᠩᠭᠤᠯ ᠦᠨᠳᠤᠰᠤᠳᠡᠨ ᠤ ᠬᠤᠭᠤᠷᠳᠠᠵᠤ ᠲᠠᠳᠠᠬᠤ ᠬᠦᠭᠵᠢᠮ ᠢ ᠦᠢᠯᠡᠳᠬᠦ ᠮᠡᠷᠭᠡᠵᠢᠯ᠂ ᠲᠦᠰᠢᠶᠡᠳᠤ | ᠸᠠᠩ ᠤᠨ ᠤᠷᠳᠤᠨ ᠤ ᠬᠠᠳᠬᠤᠮᠠᠯ᠂ ᠪᠠᠢ ᠯᠠᠩ ᠤᠢ ᠰᠢᠭᠤᠢ ᠶᠢᠨ ᠠᠷᠠᠳ ᠤᠨ ᠵᠠᠩ ᠵᠠᠩᠰᠢᠯ ᠤᠨ ᠮᠤᠳᠤᠨ | ᠬᠠᠯᠢᠰᠤᠨ ᠵᠢᠷᠤᠭ᠂ ᠲᠦᠴᠢᠥᠸᠠᠨ ᠤ ᠬᠠᠶᠢᠴᠢᠯᠠᠮᠠᠯ᠂ ᠮᠤᠩᠭᠤᠯ ᠦᠨᠳᠤᠰᠤᠳᠡᠨ ᠤ ᠤᠷᠠᠨ ᠪᠢᠴᠢᠯᠭᠡ᠂ ᠤᠷᠢᠶᠠᠮᠠᠯ | ᠬᠠᠳᠬᠤᠮᠠᠯ᠂ ᠡᠪᠡᠰᠤᠨ ᠬᠦᠷᠤᠮᠡᠯ᠂ ᠴᠠᠭᠠᠨ ᠢᠳᠡᠭᠡᠨ ᠵᠡᠷᠭᠡ 8 ᠲᠦᠷᠤᠯ ᠵᠦᠢᠯ ᠤᠷᠤᠨ ᠤ ᠲᠡᠰ ᠤᠨ ᠠᠩᠬᠠᠳᠤᠭᠠᠷ | ᠪᠦᠯᠥᠭ ᠤᠨ ᠤᠯᠠᠮᠵᠢᠯᠠᠯᠳᠤ ᠤᠷᠠᠯᠢᠭ ᠤᠨ ᠲᠦᠷᠤᠯ ᠵᠦᠢᠯ ᠳᠤ ᠵᠢᠭᠰᠠᠭᠠᠭᠳᠠᠪᠠ᠃ | ᠡ᠊ᠨᠡ ᠵᠢᠯ ᠮᠠᠨ ᠤ ᠠᠶᠢᠮᠠᠭ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ | ᠂ ᠲᠤᠮᠳᠠᠳᠤ ᠶᠢᠨ ᠦᠨᠳᠤᠰᠤᠳᠡᠨ ᠤ ᠬᠠᠮᠳᠤ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠬᠤᠶᠠᠷ ᠶᠡᠭᠡ ᠭᠤᠥᠯ | ᠰᠡᠳᠤᠪ ᠤᠨ ᠲᠤᠭᠤᠷᠢᠨ ᠳᠤ᠂ ᠲᠠᠶᠢᠰᠠᠨ ᠤ ᠤᠷᠠᠯᠢᠭ ᠤᠨ ᠲᠤᠬᠠᠢ ᠰᠢᠯᠢᠳᠡᠭ ᠲᠦᠷᠦᠯ ᠵᠦᠢᠯ ᠢ ᠬᠦᠨᠵᠡᠭᠡᠢ | ᠬᠡᠷᠡᠭᠵᠢᠬᠦᠯᠵᠤ᠂ ᠤᠷᠠᠯᠢᠭ ᠤᠨ ᠪᠦᠳᠤᠭᠡᠯ ᠢ ᠮᠠᠰᠢ ᠤᠯᠠᠨ ᠵᠤᠬᠢᠶᠠᠨ ᠪᠦᠳᠤᠭᠡᠭᠰᠡᠨ ᠪᠠᠶᠢᠨ᠎ᠠ᠃ | ᠡ᠊ᠨᠠ ᠵᠢᠯ᠂ ᠮᠠᠨ ᠤ ᠠᠶᠢᠮᠠᠭ ᠤᠯᠠᠨ ᠲᠦᠮᠡᠨᠴᠢ ᠰᠤᠶᠤᠯ ᠤᠷᠠᠯᠢᠭ ᠤᠨ ᠠᠵᠢᠯᠯᠠᠭ᠎ᠠ ᠶᠢ ᠦᠷᠭᠡᠨ ᠢᠶᠠᠷ | ᠦᠷᠨᠢᠬᠦᠯᠵᠤ᠂ ᠡᠯ᠎ᠠ ᠱᠠᠳᠤᠨ ᠤ ᠲᠤᠰᠬᠠᠢ ᠮᠡᠷᠭᠡᠵᠢᠯ ᠤᠨ ᠪᠦᠯᠬᠦᠮ ᠢ ᠵᠤᠬᠢᠶᠠᠨ ᠪᠠᠶᠢᠭᠤᠯᠤᠨ ᠰᠤᠶᠤᠯ ᠢᠶᠠᠷ | ᠠᠷᠠᠳ ᠲᠤ ᠠᠰᠢᠭ ᠬᠦᠷᠳᠡᠭᠡᠬᠦ ᠪᠠ ᠦᠨᠳᠤᠰᠤᠨ ᠱᠠᠳᠤᠨ ᠳᠤ ︽ᠵᠠᠭᠤᠨ ᠪᠦᠯᠬᠦᠮ ᠮᠢᠩᠭᠠᠨ ᠲᠠᠯᠠᠪᠠᠢ︾ | ᠲᠤᠭᠯᠠᠯᠳᠠ ᠭᠠᠷᠭᠠᠨ᠂ ᠪᠦᠬᠦ ᠠᠶᠢᠮᠠᠭ ᠤᠨ ᠤᠯᠠᠭᠠᠨᠮᠦ᠋ᠴᠢᠷ ᠨᠢᠭᠡᠨᠳᠠ 300 ᠲᠠᠯᠠᠪᠠᠢ ᠲᠤᠭᠯᠠᠯᠳᠠ ᠭᠠᠷᠭᠠᠬᠤ | ᠡᠬᠦᠷᠭᠡ ᠪᠠᠨ ᠪᠡᠶᠡᠯᠡᠭᠦᠯᠵᠦ᠂ ︽ᠤᠯᠠᠭᠠᠨᠮᠦ᠋ᠴᠢᠷ ᠪᠠᠶᠢᠭᠤᠯᠤᠭᠳᠠᠭᠰᠠᠨ ᠡᠳᠤᠷ ᠤᠨ ᠲᠤᠰᠬᠠᠢ ᠰᠡᠳᠤᠪᠳᠤ ᠠᠵᠢᠯᠯᠠᠭ᠎ᠠ | ᠵᠢᠴᠢ ᠪᠦᠬᠦ ᠤᠷᠤᠨ ᠤ ᠤᠯᠠᠭᠠᠨᠮᠦ᠋ᠴᠢᠷ ᠤᠨ ᠰᠠᠷ᠎ᠠ ᠶᠢᠨ ᠠᠵᠢᠯᠯᠠᠭᠠᠨ ᠤ ᠡᠬᠢᠯᠡᠯᠳᠠ ᠶᠢᠨ ᠶᠤᠰᠤᠯᠠᠯ︾ ᠤᠨ ᠬᠢᠩᠭᠠᠨ | ᠠᠶᠢᠮᠠᠭ ᠤᠨ ᠬᠤᠪᠢᠶᠠᠷᠢ ᠲᠠᠯᠠᠪᠠᠢ ᠶᠢᠨ ᠠᠵᠢᠯᠯᠠᠭ᠎ᠠ ᠶᠢ ᠠᠮᠵᠢᠯᠳᠠ ᠲᠠᠢ ᠡᠷᠬᠢᠯᠡᠵᠠᠢ᠃ | ᠮᠠᠨ ᠤ ᠠᠶᠢᠮᠠᠭ ᠪᠠᠰᠠ ᠬᠤᠳᠠ ᠬᠦᠳᠡᠭᠡ ᠶᠢᠨ ᠤᠯᠠᠨ ᠨᠡᠶᠢᠳᠠ ᠶᠢᠨ ᠰᠤᠶᠤᠯ ᠤᠨ ᠦᠢᠯᠡᠴᠢᠯᠡᠭᠡᠨ ᠤ ᠰᠢᠰᠲᠧᠮ ᠢ | ᠨᠢᠭᠡ ᠴᠤᠭᠴᠠᠵᠢᠭᠤᠯᠤᠭᠰᠠᠨ ᠪᠦᠳᠤᠭᠡᠨ ᠪᠠᠶᠢᠭᠤᠯᠤᠯᠳᠠ ᠶᠢ ᠰᠠᠶᠢᠳᠤᠷ ᠬᠢᠵᠦ᠂ ᠨᠡᠶᠢᠳᠡ ᠶᠢᠨ ᠨᠤᠮ ᠤᠨ ᠰᠠᠩ᠂ | ᠰᠤᠶᠤᠯ ᠤᠨ ᠤᠷᠳᠤᠨ ᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠬᠤᠳᠠ ᠶᠢᠨ ᠨᠡᠶᠢᠳᠠ ᠶᠢᠨ | ᠨᠤᠮ ᠤᠨ ᠰᠠᠩ᠂ ᠰᠤᠶᠤᠯ ᠤᠨ ᠤᠷᠳᠤᠨ ᠪᠠ ᠦᠨᠳᠤᠰᠤᠨ ᠱᠠᠳᠤᠨ ᠤ ᠰᠤᠶᠤᠯ ᠤᠨ ᠦᠷᠳᠡᠭᠡ ︵ᠦᠷᠤᠭᠡ︶ ᠶᠢ | ᠲᠡᠰ ᠲᠡᠪᠰᠢᠭᠦᠯᠵᠦ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠨ ᠨᠡᠮᠡᠷᠢᠯᠡᠭᠰᠡᠨ ᠪᠠᠶᠢᠨ᠎ᠠ᠃ | ᠤᠳᠤᠬᠠᠨ ᠳᠤ᠂ ᠠᠶᠢᠮᠠᠭ ᠬᠤᠰᠢᠭᠤ ᠬᠤᠶᠠᠷ ᠱᠠᠳᠤᠨ ᠤ ᠰᠤᠶᠤᠯ ᠤᠨ ᠤᠷᠳᠤᠨ᠂ ᠨᠤᠮ ᠤᠨ ᠰᠠᠩ ᠤᠨ ᠪᠠᠷᠢᠯᠭ᠎ᠠ ᠶᠢ | ᠪᠦᠷᠢᠨ ᠲᠠᠭᠤᠰᠬᠠᠵᠤ᠂ ᠪᠦᠬᠦ ᠠᠶᠢᠮᠠᠭ ᠤᠨ 56 ᠰᠤᠮᠤ ᠰᠢᠶᠠᠩ ᠪᠠᠯᠭᠠᠰᠤᠨ ᠤ ᠶᠡᠷᠤᠩᠬᠡᠶᠢᠯᠡᠭᠰᠡᠨ ᠰᠤᠶᠤᠯ ᠤᠨ | ᠦᠷᠳᠡᠭᠡ ᠶᠢ ᠪᠠᠷᠢᠮᠵᠢᠶᠠᠨ ᠳᠤ ᠬᠦᠷᠭᠡᠵᠦ᠂ 847 ᠭᠠᠴᠠᠭ᠎ᠠ ᠲᠤᠰᠬᠤᠨ ᠪᠦᠷᠢ ᠳᠤ ᠶᠡᠷᠤᠩᠬᠡᠶᠢᠯᠡᠭᠰᠡᠨ ᠰᠤᠶᠤᠯ ᠤᠨ | ᠦᠢᠯᠡᠴᠢᠯᠡᠭᠡᠨ ᠤ ᠲᠦᠪ ᠪᠠᠶᠢᠭᠤᠯᠵᠠᠢ᠃ ᠮᠠᠨ ᠤ ᠠᠶᠢᠮᠠᠭ ᠨᠡᠶᠢᠳᠠ ᠶᠢᠨ ᠰᠤᠶᠤᠯ ᠤᠨ ᠦᠢᠯᠡᠴᠢᠯᠡᠭᠡᠨ ᠤ | ᠴᠢᠳᠠᠪᠬᠢ ᠪᠠᠨ ᠲᠡᠭᠡᠭᠰᠢᠯᠡᠬᠦᠯᠵᠤ᠂ ᠠᠶᠢᠮᠠᠭ ᠬᠤᠰᠢᠭᠤ ᠬᠤᠶᠠᠷ ᠱᠠᠳᠤᠨ ᠤ ᠰᠤᠶᠤᠯ ᠤᠨ ᠤᠷᠳᠤᠨ ᠤ ᠡᠯ᠎ᠠ | ᠲᠦᠷᠤᠯ ᠤᠨ ᠦᠢᠯᠡᠴᠢᠯᠡᠭᠡᠨ ᠢ ᠦᠨᠳᠤᠰᠤᠨ ᠱᠠᠳᠤᠨ ᠳᠤ ᠬᠦᠨᠵᠡᠭᠡᠶᠢᠷᠡᠬᠦᠯᠤᠨ᠂ ᠤᠯᠠᠨ ᠲᠦᠮᠡᠨᠴᠢ ᠤᠷᠠᠯᠢᠭ ᠤᠨ | ᠪᠤᠯᠪᠠᠰᠤᠷᠠᠯ ᠪᠠ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠦᠷᠨᠢᠭᠦᠯᠵᠦ᠂ ᠦᠨᠳᠤᠰᠤᠨ ᠱᠠᠳᠤᠨ ᠤ ᠤᠯᠠᠨ | ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠪᠠ᠃ | ᠤᠳᠤᠬᠠᠨ ᠳᠤ᠂ ᠮᠠᠨ ᠤ ᠠᠶᠢᠮᠠᠭ ᠲᠤ ᠬᠤᠪᠢᠰᠬᠠᠯ ᠤᠨ ᠬᠠᠭᠤᠴᠢᠨ ᠦᠯᠡᠳᠡᠭᠳᠡᠯ ᠵᠢᠴᠢ ᠲᠤᠷᠠᠰᠬᠠᠯ ᠤᠨ | ᠤᠷᠳᠤᠨ 26 ᠪᠠᠶᠢᠵᠤ᠂ ᠰᠢᠯᠵᠢᠬᠦᠯᠵᠤ ᠪᠤᠯᠤᠰᠢ ᠦᠭᠡᠢ ᠲᠡᠥᠬᠡ ᠶᠢᠨ ᠲᠤᠷᠠᠰᠬᠠᠯᠳᠤ ᠵᠦᠢᠯ 502 ᠪᠠᠶᠢᠵᠦ᠂ | ᠰᠢᠯᠵᠢᠬᠦᠯᠵᠤ ᠪᠤᠯᠬᠤ ᠲᠡᠥᠬᠡ ᠶᠢᠨ ᠲᠤᠷᠠᠰᠬᠠᠯᠳᠤ ᠵᠦᠢᠯ 24000 ᠭᠠᠷᠤᠢ ᠵᠦᠢᠯ ︵ᠢᠵᠢ︶ ᠪᠤᠢ᠃ ᠠᠯᠳᠠᠨ | ᠤᠯᠤᠰ ᠤᠨ ᠪᠤᠷᠤ ᠬᠡᠷᠡᠮ ᠤᠨ ᠶᠡᠷᠤᠩᠬᠡᠢ ᠤᠷᠳᠤ ᠨᠢ 713 ᠺᠢᠯᠤᠮᠧᠳ᠋ᠷ ᠪᠠᠶᠢᠵᠤ᠂ ᠡᠯ᠎ᠠ ᠱᠠᠳᠤ ᠡᠯ᠎ᠠ ᠲᠦᠷᠤᠯ ᠤᠨ | ᠤᠯᠤᠰ ᠤᠨ ᠦᠮᠴᠢᠯᠡᠯᠳᠤ ᠮᠦᠽᠸᠢ 9 ᠪᠤᠢ᠃ ᠮᠠᠨ ᠤ ᠠᠶᠢᠮᠠᠭ ᠭᠤᠥᠯᠳᠠᠯᠭ᠎ᠠ ᠲᠠᠢ ᠬᠠᠭᠤᠴᠢᠨ ᠦᠯᠡᠳᠡᠭᠳᠡᠯ ᠢ | ᠰᠠᠶᠢᠳᠤᠷ ᠬᠠᠮᠠᠭᠠᠯᠠᠬᠤ ᠶᠢᠨ ᠲᠠᠭᠠᠤ ᠬᠡᠷᠡᠭᠯᠡᠵᠦ᠂ ᠬᠠᠭᠤᠴᠢ ᠰᠤᠳᠤᠯᠤᠯ ᠤᠨ ᠠᠵᠢᠯᠯᠠᠭ᠎ᠠ ᠶᠢ ᠦᠷᠭᠦᠯᠵᠢᠯᠡᠨ | ᠰᠠᠶᠢᠳᠤᠷ ᠬᠢᠵᠦ᠂ ᠪᠦᠬᠦ ᠠᠶᠢᠮᠠᠭ ᠤᠨ ᠲᠡᠥᠬᠡ ᠶᠢᠨ ᠲᠤᠷᠠᠰᠬᠠᠯᠳᠤ ᠵᠦᠢᠯ ᠢ ᠪᠠᠶᠢᠴᠠᠭᠠᠬᠤ᠂ ᠠᠭᠤᠳᠠᠯᠯᠠᠬᠤ ᠪᠠ | ᠢᠯᠭᠠᠨ ᠲᠠᠨᠢᠬᠤ ᠠᠵᠢᠯᠯᠠᠭ᠎ᠠ ᠦᠷᠨᠢᠬᠦᠯᠤᠨ᠂ ᠬᠢᠩᠭᠠᠨ ᠤ ᠰᠤᠶᠤᠯ ᠢ ᠬᠠᠮᠠᠭᠠᠯᠠᠬᠤ ᠬᠦᠴᠤᠯᠡᠴᠠ ᠪᠠᠨ ᠲᠠᠰᠤᠷᠠᠯᠳᠠ | ᠦᠭᠡᠢ ᠴᠢᠩᠭᠠᠷᠠᠭᠤᠯᠵᠦ ᠪᠤᠢ᠃ | ᠰᠤᠶᠤᠯ ᠪᠤᠯ ᠨᠢᠭᠡ ᠤᠯᠤᠰ ᠴᠢᠨᠠᠬᠰᠢᠯᠠᠪᠡᠯ ᠨᠢᠭᠡ ᠦᠨᠳᠤᠰᠤᠳᠡᠨ ᠤ ᠠᠮᠢᠨ ᠰᠦᠨᠡᠰᠤ ᠪᠤᠯᠤᠨ᠎ᠠ᠃ ︽ᠬᠤᠤᠰ | ᠵᠠᠭᠤᠨ ᠵᠢᠯ︾ ᠤᠨ ᠲᠡᠥᠬᠡᠨ ᠠᠭᠤᠯᠵᠠᠷ ᠲᠡᠭᠡᠷ᠎ᠠ ᠮᠠᠨ ᠤ ᠠᠶᠢᠮᠠᠭ ᠰᠤᠶᠤᠯ ᠤᠨ ᠦᠢᠯᠡᠰ ᠤᠨ ᠦᠷᠨᠢᠯᠳᠡ | ᠬᠦᠭᠵᠢᠯᠳᠠ ᠶᠢ ᠴᠢᠬᠤᠯᠠᠴᠢᠯᠠᠵᠦ᠂ ᠤᠯᠠᠨ ᠲᠦᠮᠡᠨ ᠤ ᠡᠳᠤᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ | ᠰᠤᠶᠤᠯ ᠤᠨ ᠠᠮᠢᠳᠤᠷᠠᠯ ᠤᠨ ᠰᠢᠨ᠎ᠠ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠨ᠂ ᠪᠦᠬᠦ ᠠᠶᠢᠮᠠᠭ ᠤᠨ | ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠦᠬᠦ ᠬᠦᠴᠤᠨ ᠢᠶᠠᠷ ᠪᠠᠶᠠᠯᠢᠭᠵᠢᠭᠤᠯᠵᠤ ᠪᠤᠢ᠃ ︵ᠴᠤᠯᠮᠤᠨ︶ | | | | |