ᠵᠠᠯᠠᠶᠢᠳ ᠬᠤᠰᠢᠭᠤᠨ ᠤ ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠪᠤᠯᠦᠨ ᠵᠠᠯᠠᠶᠢᠳ ᠬᠤᠰᠢᠭᠤᠨ ᠤ ᠮᠤᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠵᠢᠭᠠᠨ ᠰᠤᠷᠭᠠᠯᠲᠠ ᠶᠢᠨ ᠰᠤᠳᠤᠯᠦᠨ ᠶᠠᠷᠢᠯᠴᠠᠬᠤ ᠠᠵᠢᠯᠯᠠᠭᠠᠨ ᠦᠷᠨᠢᠭᠦᠯᠪᠠ
ᠨᠡᠶᠢᠲᠡᠯᠡᠭᠰᠡᠨ ᠴᠠᠭ᠄
2021/11/12
  ᠬᠡᠤᠬᠡᠳ ᠤᠨ ᠴᠡᠴᠡᠷᠯᠢᠭ ᠪᠤᠯᠦᠨ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢ ᠵᠤᠯᠭᠠᠭᠤᠯᠵᠦ᠂ ᠬᠡᠤᠭᠡᠤᠨ ᠤᠨ ᠴᠡᠴᠡᠷᠯᠢᠭ ᠪᠤᠯᠦᠨ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠵᠢᠭᠠᠨ ᠰᠤᠷᠭᠠᠯᠲᠠ ᠶᠢᠨ ᠬᠠᠮᠲᠦᠷᠠᠯ ᠬᠦᠴᠦᠨ ᠢ ᠳᠡᠭᠡᠭᠰᠢᠯᠡᠭᠦᠯᠵᠦ᠂ ᠰᠤᠷᠤᠬᠴᠢᠳ ᠤᠨ ᠪᠦᠬᠦ ᠲᠠᠯ᠎ᠠ ᠶᠢᠨ ᠬᠦᠭᠵᠢᠯᠲᠠ ᠶᠢ ᠠᠬᠢᠭᠤᠯᠬᠤ ᠡᠭᠦᠳᠡᠨ ᠠᠴᠠ ᠤᠢᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠪᠤᠯᠦᠨ ᠵᠠᠯᠠᠶᠢᠳ ᠬᠤᠰᠢᠭᠤᠨ ᠤ ᠮᠤᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠪᠠᠭ᠎ᠠ ᠰᠤᠷᠭᠠᠭᠤᠯᠢ ᠪᠤᠯᠦᠨ ᠬᠡᠤᠬᠡᠳ ᠤᠨ ᠴᠡᠴᠡᠷᠯᠢᠭ ᠤᠨ ᠵᠢᠭᠠᠨ ᠰᠤᠷᠭᠠᠯᠲᠠ ᠶᠢ ᠵᠤᠯᠭᠠᠭᠤᠯᠬᠤ ᠰᠤᠳᠤᠯᠦᠨ ᠶᠠᠷᠢᠯᠴᠠᠬᠤ ᠠᠵᠢᠯᠯᠠᠭᠠᠨ ᠦᠷᠨᠢᠬᠦᠯᠵᠡᠢ᠃   ᠠᠵᠢᠯᠯᠠᠭᠠᠨ ᠳᠤ᠂ ᠮᠤᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠠᠴᠠ ᠴᠡᠴᠡᠷᠯᠢᠭ ᠤᠨ ᠵᠢᠭᠠᠨ ᠰᠤᠷᠭᠠᠯᠲᠠ ᠶᠢᠨ ᠤᠨᠤᠯᠵᠢᠬᠤᠨ ᠪᠤᠯᠦᠨ ᠵᠠᠬᠪᠦᠷ ᠢᠶᠠᠨ ᠲᠠᠨᠢᠯᠴᠠᠭᠤᠯᠦᠨ᠂ ᠬᠡᠤᠬᠡᠳ ᠤᠨ ᠴᠡᠴᠡᠷᠯᠢᠭ ᠪᠤᠯᠦᠨ ᠪᠠᠭ᠎ᠠ ᠰᠤᠷᠭᠠᠭᠤᠯᠢ ᠶᠢᠨ ᠬᠤᠭᠤᠷᠤᠨᠳᠤᠬᠢ ᠬᠠᠷᠢᠴᠠᠭ᠎ᠠ ᠬᠤᠯᠪᠤᠭ᠎ᠠ ᠪᠠᠨ ᠴᠢᠩᠭᠠᠳᠬᠠᠵᠦ᠂ ᠰᠤᠷᠭᠠᠭᠤᠯᠢ ᠶᠢᠨ ᠰᠢᠯᠵᠢᠯᠲᠠ ᠳᠤ ᠲᠤᠬᠢᠷᠠᠬᠤ ᠪᠦᠲᠦᠮᠵᠢᠲᠠᠢ ᠠᠷᠭ᠎ᠠ ᠠᠪᠴᠠᠯ ᠢ ᠢᠳᠡᠪᠬᠢᠲᠠᠢ ᠰᠦᠪᠡᠭᠴᠢᠯᠡᠬᠦ ᠬᠡᠷᠡᠭᠲᠠᠢ ᠭᠡᠪᠠ᠃ ᠪᠠᠭ᠎ᠠ ᠰᠤᠷᠭᠠᠭᠤᠯᠢ ᠶᠢᠨ ᠤᠳᠤᠷᠢᠳᠬᠤ ᠪᠠᠬ ᠠᠴᠠ ᠬᠡᠤᠬᠡᠳ ᠤᠨ ᠴᠡᠴᠡᠷᠯᠢᠭ ᠪᠤᠯᠦᠨ ᠪᠠᠭ᠎ᠠ ᠰᠤᠷᠭᠠᠭᠤᠯᠢ ᠶᠢᠨ ᠬᠤᠭᠤᠷᠤᠨᠳᠤᠬᠢ ᠵᠤᠯᠭᠠᠭᠤᠯᠬᠤ ᠬᠤᠭᠤᠴᠠᠭᠠᠨ ᠳᠠᠬᠢ ᠰᠤᠷᠤᠯᠴᠠᠬᠤ ᠤᠪᠤᠷ ᠪᠠᠶᠢᠳᠠᠯ᠂ ᠵᠠᠩ ᠲᠠᠳᠬᠠᠯ ᠵᠡᠷᠭᠡ ᠲᠠᠯ᠎ᠠ ᠠᠴᠠ ᠶᠠᠷᠢᠯᠴᠠᠵᠦ᠂ ᠬᠡᠤᠬᠡᠳ ᠤᠨ ᠬᠡᠷᠬᠢᠨ ᠪᠡᠶ᠎ᠠ ᠳᠠᠭᠠᠭᠠᠨ ᠡᠵᠡᠨ ᠮᠡᠳᠡᠬᠦ ᠴᠢᠳᠠᠪᠦᠷᠢ ᠶᠢ ᠳᠡᠭᠡᠭᠰᠢᠯᠡᠭᠦᠯᠵᠦ᠂ ᠪᠤᠯᠪᠠᠰᠦᠨ ᠶᠤᠰᠤ ᠵᠢᠷᠦᠮ ᠲᠠᠢ ᠬᠡᠤᠬᠡᠳ ᠪᠤᠯᠭᠠᠨ ᠬᠦᠮᠦᠵᠢᠬᠦᠯᠬᠦ ᠲᠤᠬᠠᠢ ᠰᠤᠳᠤᠯᠦᠨ ᠶᠠᠷᠢᠯᠴᠠᠵᠠᠢ᠃   ᠲᠤᠰ ᠤᠳᠠᠭᠠᠨ ᠤ ᠠᠵᠢᠯᠯᠠᠭᠠᠨ ᠢ ᠦᠷᠨᠢᠭᠦᠯᠦᠭᠰᠡᠨ ᠨᠢ ᠪᠠᠭ᠎ᠠ ᠰᠤᠷᠭᠠᠭᠤᠯᠢ ᠪᠤᠯᠦᠨ ᠬᠡᠤᠬᠡᠳ ᠤᠨ ᠴᠡᠴᠡᠷᠯᠢᠭ ᠤᠨ ᠬᠤᠭᠤᠷᠤᠨᠳᠤᠬᠢ ᠵᠢᠭᠠᠨ ᠰᠤᠷᠭᠠᠯᠲᠠ ᠶᠢ ᠵᠤᠯᠭᠠᠭᠤᠯᠬᠤ ᠠᠵᠢᠯ ᠢ ᠰᠠᠶᠢᠳᠦᠷ ᠪᠡᠶᠡᠯᠡᠭᠦᠯᠵᠦ᠂ ᠬᠡᠤᠬᠡᠳ ᠨᠢᠭᠡ ᠪᠦᠷᠢ ᠶᠢᠨ ᠬᠡᠤᠬᠡᠳ ᠤᠨ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠰᠢᠯᠵᠢᠬᠦ ᠳᠤ ᠪᠠᠶᠠᠷ ᠪᠠᠭ᠋ᠠᠲᠦᠯ ᠲᠠᠢ ᠪᠠᠶᠢᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠬᠠᠨᠭ᠍ᠭᠠᠵᠦ ᠦᠭᠭᠦᠭᠰᠡᠨ ᠪᠦᠭᠡᠳ ᠪᠠᠭᠰᠢ ᠨᠠᠷ ᠤᠨ ᠬᠤᠶᠢᠰᠢᠲᠠ ᠶᠢᠨ ᠠᠵᠢᠯ ᠤᠨ ᠴᠢᠭᠯᠡᠯᠲᠠ ᠶᠢ ᠵᠢᠭᠠᠨ ᠦᠭᠴᠠᠢ᠃  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号