ᠤᠷᠴᠢᠨ ᠳᠤᠭᠤᠷᠢᠨ ᠢᠶᠠᠨ ᠭᠤᠶᠤᠯᠢᠭᠵᠢᠭᠤᠯᠵᠤ ᠦᠵᠡᠰᠭᠦᠯᠡᠩᠳᠤ ᠬᠦᠳᠡᠭᠡ ᠳᠤᠰᠬᠤᠨ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2021/11/16
   ︽ᠭᠠᠵᠠᠷ ᠪᠤᠯᠭᠠᠨ ᠳᠤ ᠨᠢ ᠭᠤᠶᠤ ᠦᠵᠡᠮᠵᠢ ᠪᠦᠷᠢᠳᠴᠤ᠂ ᠦᠵᠡᠮᠵᠢ ᠪᠦᠷᠢ ᠠᠴᠠ ᠪᠤᠯᠪᠠᠰᠤᠨ ᠤ ᠳᠦᠷᠬᠦ ᠢᠯᠡᠷᠡᠨ᠎ᠡ︾᠃ ᠡᠨᠡ ᠪᠤᠯ ᠲᠦᠴᠢᠤᠸᠠᠨ ᠰᠢᠶᠠᠨ ᠤ ᠲᠦᠴᠢᠤᠸᠠᠨ ᠪᠠᠯᠭᠠᠰᠤᠨ ᠤ ᠯᠢᠤ ᠾᠧ ᠳᠤᠰᠬᠤᠨ ᠤ ᠪᠤᠳᠠᠳᠤ ᠵᠢᠷᠤᠭᠯᠠᠯ ᠪᠤᠯᠤᠨ᠎ᠠ᠃ ᠯᠢᠤ ᠾᠧ ᠳᠤᠰᠬᠤᠨ ᠳᠤ ᠬᠦᠷᠪᠡᠯ ᠴᠠᠭᠠᠨ ᠬᠡᠷᠡᠮ ᠬᠠᠷ᠎ᠠ ᠸᠠᠭᠠᠷ ᠤᠨ ᠭᠡᠷ ᠪᠠᠶᠢᠰᠢᠩ ᠵᠢᠭᠳᠡᠷᠡᠨ ᠳᠡᠭᠰᠢ ᠳᠠᠷᠳᠠᠩ ᠱᠦᠢᠨᠢ ᠵᠠᠮ ᠨᠢ ᠰᠤᠨᠤᠯᠵᠠᠭᠠᠳ ᠦᠵᠡᠰᠭᠦᠯᠡᠩᠳᠤ ᠬᠦᠳᠡᠭᠡ ᠳᠤᠰᠬᠤᠨ ᠤ ᠦᠩᠭᠡ ᠦᠵᠡᠮᠵᠢ ᠶᠢ ᠭᠠᠶᠢᠬᠠᠭᠤᠯᠤᠨ᠎ᠠ᠃ ᠤᠢᠢᠷ᠎ᠠ ᠶᠢᠨ ᠵᠢᠯ ᠠᠴᠠ ᠨᠠᠭᠠᠰᠢ᠂ ᠯᠢᠤ ᠾᠧ ᠳᠤᠰᠬᠤᠨ ᠦᠵᠡᠰᠭᠦᠯᠡᠩᠳᠤ ᠳᠠᠭᠠᠯᠠᠮᠵᠢᠳᠠᠢ ᠬᠦᠳᠡᠭᠡ ᠳᠤᠰᠬᠤᠨ ᠢ ᠪᠠᠶᠢᠭᠤᠯᠬᠤ ᠪᠠᠷ ᠬᠠᠷᠠᠯᠳᠠ ᠪᠤᠯᠭᠠᠨ᠂ ᠠᠷᠠᠳ ᠤᠯᠠᠨ ᠤ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠤ ︽ᠪᠤᠵᠠᠷ ᠪᠤᠷᠳᠠᠭ ᠡᠮᠬᠢ ᠵᠠᠮᠪᠠᠷᠠᠭ᠎ᠠ ᠦᠭᠡᠢ ᠵᠦᠷᠢᠶ᠎ᠡ ᠲᠠᠢ︾ ᠪᠠᠶᠢᠬᠤ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠤᠯᠳᠠᠯᠭ᠎ᠠ ᠪᠤᠯᠭᠠᠵᠤ᠂ ᠬᠦᠳᠡᠭᠡ ᠳᠤᠰᠬᠤᠨ ᠤ ᠬᠤᠭ ᠨᠤᠪᠰᠢ᠂ ᠵᠤᠷᠯᠤᠩ᠂ ᠠᠮᠢᠳᠤᠷᠠᠯ ᠤᠨ ᠪᠤᠵᠠᠷ ᠤᠰᠤ ᠶᠢ ᠰᠢᠢᠳᠪᠦᠷᠢᠯᠡᠬᠦ ᠪᠠ ᠳᠤᠰᠬᠤᠨ ᠤ ᠳᠦᠷᠢ ᠳᠦᠷᠬᠦ ᠶᠢ ᠰᠠᠶᠢᠵᠢᠷᠠᠭᠤᠯᠬᠤ ᠵᠡᠷᠭᠡ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠦᠭᠡᠳ ᠤᠷᠴᠢᠨ ᠳᠤᠭᠤᠷᠢᠨ ᠢᠶᠠᠨ ᠭᠤᠶᠤᠯᠢᠭᠵᠢᠭᠤᠯᠵᠤ ᠦᠵᠡᠰᠭᠦᠯᠡᠩᠳᠤ ᠬᠦᠳᠡᠭᠡ ᠳᠤᠰᠬᠤᠨ ᠢ ᠪᠦᠳᠦᠭᠡᠨ ᠪᠠᠶᠢᠭᠤᠯᠵᠤ ᠪᠤᠢ᠃   ︽ᠠᠩᠬ᠎ᠠ ᠡᠬᠢᠯᠡᠬᠦ ᠦᠶᠡᠰ ᠪᠦᠷ ᠳᠤᠰᠬᠤᠨ ᠤ ︿ᠬᠤᠶᠠᠷ ᠵᠦᠪᠯᠡᠯ﹀ ᠤᠨ ᠪᠠᠭ ᠤᠨ ᠭᠡᠰᠢᠭᠦᠨ ᠡᠳᠦᠷ ᠪᠦᠷᠢ ᠬᠦᠷᠵᠠ ᠱᠦᠬᠦᠷ ᠪᠠᠷᠢᠵᠤ᠂ ᠬᠤᠭ ᠨᠤᠪᠰᠢ ᠶᠢᠨ ᠳᠡᠷᠭᠡ ᠪᠠᠨ ᠵᠢᠳᠭᠦᠨ ᠪᠦᠬᠦ ᠳᠤᠰᠬᠤᠨ ᠤ ᠭᠤᠤᠯ ᠵᠠᠮ ᠵᠡᠭᠡᠯᠢ᠂ ᠤᠯᠠᠨ ᠨᠡᠶᠢᠳᠡ ᠶᠢᠨ ᠳᠠᠯᠠᠪᠤᠷ ᠢᠶᠠᠷ ᠦᠨᠴᠦᠭ ᠪᠤᠯᠤᠩ ᠦᠯᠡᠳᠡᠭᠡᠯ ᠦᠭᠡᠢ ᠠᠷᠢᠯᠭᠠᠨ ᠴᠡᠪᠡᠷᠯᠡᠵᠤ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ᠳᠤᠰᠬᠤᠨ ᠤ ᠡᠷᠦᠢ ᠬᠤᠷᠤᠢ ᠦᠭᠡᠢ ᠪᠠᠶᠢᠬᠤ ᠦᠵᠡᠭᠳᠡᠯ ᠢ ᠴᠡᠭᠴᠡᠯᠡᠨ ᠵᠠᠰᠠᠪᠡ᠃ ᠭᠡᠳᠡᠯ᠎ᠡ ᠠᠷᠢᠯᠭᠠᠨ ᠴᠡᠪᠡᠷᠯᠡᠭᠡᠳ ᠬᠤᠶᠠᠷ ᠡᠳᠦᠷ ᠪᠤᠯᠤᠯ ᠦᠭᠡᠢ ᠪᠠᠷ ᠤᠷᠴᠢᠨ ᠳᠤᠭᠤᠷᠢᠨ ᠳᠠᠬᠢᠨ ᠪᠤᠵᠠᠷ ᠪᠤᠷᠳᠠᠭ ᠪᠤᠯᠵᠤ ᠪᠢᠳᠡᠨ ᠢ ᠠᠷᠭ᠎ᠠ ᠪᠠᠷᠠᠭᠳᠠᠭᠤᠯᠵᠤ ᠪᠠᠶᠢᠯ᠎ᠠ︾ ᠭᠡᠵᠤ ᠯᠢᠤ ᠾᠧ ᠳᠤᠰᠬᠤᠨ ᠤ ᠨᠠᠮ ᠤᠨ ᠡᠭᠦᠷ ᠤᠨ ᠱᠦᠵᠢ ᠲᠢᠶᠠᠨ ᠴᠧᠩ ᠯᠢᠨ ᠡᠷᠭᠢᠴᠡᠭᠦᠯᠦᠨ ᠬᠡᠯᠡᠨ᠎ᠡ᠃ ᠤᠯᠠᠨ ᠳᠦᠮᠡᠨ ᠤ ᠢᠳᠡᠪᠬᠢ ᠴᠢᠨᠠᠷ ᠢ ᠬᠡᠷᠭᠢᠨ ᠳᠠᠶᠢᠴᠢᠯᠠᠬᠤ ᠪᠤᠢ︖ ᠡᠨᠡ ᠪᠤᠯ ᠬᠦᠳᠡᠭᠡ ᠳᠤᠰᠬᠤᠨ ᠤ ᠤᠷᠴᠢᠨ ᠳᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢᠨ ᠨᠢᠭᠡᠨ ᠳᠤᠮᠤ ᠠᠰᠠᠭᠤᠳᠠᠯ ᠪᠤᠯᠤᠨ᠎ᠠ᠃ ᠯᠢᠤ ᠾᠧ ᠳᠤᠰᠬᠤᠨ ᠤ ︽ᠬᠤᠶᠠᠷ ᠵᠦᠪᠯᠡᠯ︾ ᠤᠨ ᠪᠠᠭ ᠤᠨ ᠭᠡᠰᠢᠭᠦᠨ ᠤᠯᠠᠨ ᠳᠦᠮᠡᠨ ᠢ ᠤᠬᠠᠮᠰᠠᠷ ᠠᠴᠠ ᠪᠠᠨ ᠤᠷᠤᠯᠴᠠᠭᠤᠯᠪᠠᠯ ᠰᠠᠶ᠋ᠢ ᠬᠦᠳᠡᠭᠡ ᠳᠤᠰᠬᠤᠨ ᠤ ᠤᠷᠴᠢᠨ ᠳᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠤᠮᠳᠠ ᠦᠷ᠎ᠡ ᠠᠰᠢᠭ ᠭᠠᠷᠭᠠᠵᠤ ᠳᠡᠶᠢᠯᠦᠨ᠎ᠡ ᠭᠡᠳᠡᠭ ᠢ ᠤᠬᠠᠵᠤ᠂ ᠳᠡᠰ ᠳᠡᠰ ᠢᠶᠠᠷ ᠳᠠᠶᠢᠴᠢᠯᠠᠬᠤ᠂ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠬᠤ ᠪᠠᠷ ᠳᠠᠮᠵᠢᠭᠤᠯᠤᠨ ᠪᠦᠬᠦ ᠳᠤᠰᠬᠤᠨ ᠤ ᠤᠯᠠᠨ ᠳᠦᠮᠡᠨ ᠤ ᠬᠦᠳᠡᠭᠡ ᠳᠤᠰᠬᠤᠨ ᠤ ᠤᠷᠴᠢᠨ ᠳᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠳᠠᠮᠵᠢᠬᠦ ᠨᠤᠷᠮ᠎ᠠ ᠪᠠ ᠤᠷᠤᠯᠴᠠᠬᠤ ᠨᠤᠷᠮ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃   ᠤᠳᠤ᠂ ᠯᠢᠤ ᠾᠧ ᠳᠤᠰᠬᠤᠨ ᠤ ᠠᠷᠠᠳ ᠤᠯᠠᠨ ᠠᠭᠤᠯᠵᠠᠭᠰᠠᠭᠠᠷ ︽ᠳᠠᠨ ᠤ ᠭᠡᠷ ᠢᠶᠠᠨ ᠴᠡᠪᠡᠷᠯᠡᠭᠡᠳ ᠶᠠᠮᠠᠷ ᠬᠡᠮᠵᠢᠶᠡᠨ ᠳᠤ ᠬᠦᠷᠪᠡ︖︾ ᠭᠡᠵᠤ ᠬᠠᠷᠢᠯᠴᠠᠨ ᠠᠰᠠᠭᠤᠯᠴᠠᠬᠤ ᠪᠤᠯᠵᠤ᠂ ᠡᠭᠦᠳᠡᠨ ᠡᠮᠦᠨᠡᠬᠢ ︽ᠳᠦᠷᠪᠡ ᠶᠢ ᠳᠠᠭᠠᠭᠠᠴᠢᠯᠠᠬᠤ︾ ᠳᠤᠭᠳᠠᠴᠠ᠂ ᠳᠤᠰᠬᠤᠨ ᠤ ᠠᠷᠠᠳ ᠬᠠᠮᠳᠤ ᠪᠠᠷ ᠪᠠᠶᠢᠭᠤᠯᠤᠨ ᠬᠠᠮᠳᠤ ᠪᠠᠷ ᠬᠠᠮᠢᠶᠠᠷᠬᠤ᠂ ᠡᠷᠡᠭᠦᠯ ᠬᠠᠮᠠᠭᠠᠯᠠᠯ ᠤᠨ ᠱᠠᠩᠨᠠᠯ ᠤᠨ ᠬᠤᠪᠢ ᠳᠡᠮᠳᠡᠭᠯᠡᠬᠦ ᠵᠡᠷᠭᠡ ᠪᠠᠷ ᠳᠠᠮᠵᠢᠭᠤᠯᠤᠨ ᠰᠠᠷ᠎ᠠ ᠪᠦᠷᠢ ᠬᠢᠨᠠᠨ ᠰᠢᠯᠭᠠᠵᠤ᠂ ᠠᠳᠠᠯᠢᠳᠬᠠᠯ ᠬᠢᠵᠤ᠂ ᠤᠷᠴᠢᠨ ᠳᠤᠭᠤᠷᠢᠨ ᠤ ᠡᠷᠡᠭᠦᠯ ᠬᠠᠮᠠᠭᠠᠯᠠᠯ ᠰᠢᠯᠢᠳᠡᠭ ᠳᠤᠰᠬᠤᠨ ᠤ ᠠᠷᠠᠳ ᠲᠤ ᠱᠠᠩᠨᠠᠯ ᠤᠯᠭᠤᠵᠤ᠂ ᠭᠡᠷ ᠡᠷᠦᠬᠡ ᠪᠤᠯᠭᠠᠨ ᠠᠷᠢᠭᠤᠨ ᠴᠡᠪᠡᠷ ᠢᠶᠠᠨ ᠠᠳᠠᠯᠢᠳᠬᠠᠬᠤ ᠰᠠᠶᠢᠨ ᠪᠠᠶᠢᠳᠠᠯ ᠢ ᠪᠤᠢ ᠪᠤᠯᠭᠠᠨ᠂ ᠤᠯᠠᠨ ᠳᠦᠮᠡᠨ ᠢ ᠤᠬᠠᠮᠰᠠᠷ ᠠᠴᠠ ᠪᠠᠨ ᠠᠵᠢᠯᠯᠠᠭ᠎ᠠ ᠳᠤ ᠤᠷᠤᠯᠴᠠᠭᠤᠯᠤᠨ᠂ ᠪᠦᠬᠦ ᠠᠷᠠᠳ ᠳᠠᠶᠢᠴᠢᠯᠠᠬᠤ᠂ ᠪᠦᠬᠦ ᠬᠡᠰᠢᠭᠦᠨ ᠤᠷᠤᠯᠴᠠᠬᠤ ᠪᠠᠶᠢᠳᠠᠯ ᠢ ᠪᠤᠢ ᠪᠤᠯᠭᠠᠪᠠ᠃ ᠳᠤᠰᠬᠤᠨ ᠤ ᠠᠷᠠᠳ ᠲᠢᠶᠠᠨ ᠴᠦᠨ ᠰᠢᠶᠠ᠄ ︽ᠤᠷᠴᠢᠨ ᠳᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠦᠭᠰᠡᠨ ᠠᠴᠠ ᠨᠠᠭᠠᠰᠢ᠂ ᠳᠤᠰᠬᠤᠨ ᠤ ᠤᠷᠴᠢᠨ ᠳᠤᠭᠤᠷᠢᠨ ᠶᠡᠭᠡ ᠪᠠᠷ ᠬᠤᠪᠢᠷᠠᠯᠳᠠ ᠭᠠᠷᠴᠤ᠂ ᠠᠯᠢ ᠨᠢᠭᠡᠨ ᠦᠨᠴᠦᠭ ᠪᠤᠯᠤᠩ ᠨᠢ ᠴᠤ ᠠᠷᠢᠭᠤᠨ ᠴᠡᠪᠡᠷ ᠪᠤᠯᠵᠤ᠂ ᠮᠠᠨ ᠤ ᠬᠦᠷᠢᠶ᠎ᠡ ᠬᠠᠰᠢᠶ᠎ᠠ ᠴᠤ ᠭᠤᠶᠤ ᠳᠡᠭᠰᠢᠬᠡᠨ ᠪᠤᠯᠤᠯ᠎ᠠ︾ ᠭᠡᠵᠤ ᠪᠠᠶᠠᠷᠯᠠᠨ᠎ᠠ᠃ · ᠸᠠᠩ ᠲᠢᠶᠠᠨ ᠬᠤᠢ ·
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号