| — ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ | ᠬᠤᠷᠠᠯ ᠤᠨ ᠵᠤᠷᠢᠭ ᠰᠠᠨᠠᠭ᠎ᠠ ᠮᠠᠨ ᠤ ᠠᠶᠢᠮᠠᠭ ᠤᠨ ᠺᠠᠳ᠋ᠷ ᠤᠯᠠᠨ ᠲᠦᠮᠡᠨ ᠤ ᠲᠤᠮᠳᠠ ᠬᠠᠯᠠᠭᠤᠨ ᠲᠤᠰᠬᠠᠯ ᠭᠠᠷᠴᠠᠢ | ᠤᠢᠢᠷ᠎ᠠ ᠶᠢᠨ ᠡᠳᠦᠷ ᠤᠳ ᠲᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ | ᠵᠢᠷᠭᠤᠳᠤᠭᠠᠷ ᠪᠦᠬᠦᠳᠠ ᠬᠤᠷᠠᠯ ᠬᠤᠷᠠᠯᠳᠤᠭᠰᠠᠨ ᠵᠢᠴᠢ ᠪᠦᠬᠦᠳᠡ ᠬᠤᠷᠠᠯ ᠠᠴᠠ ᠬᠢᠨᠠᠨ ᠵᠦᠪᠯᠡᠵᠦ ᠪᠠᠳᠤᠯᠠᠭᠰᠠᠨ ︽ | ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠳᠠ ᠪᠦᠳᠦᠮᠵᠢ ᠪᠠ ᠲᠡᠤᠭᠡᠨ ᠲᠤᠷᠰᠢᠯᠭ᠎ᠠ ᠶᠢᠨ | ᠲᠤᠬᠠᠢ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠰᠢᠢᠳᠪᠦᠷᠢ︾ ᠨᠢ ᠮᠠᠨ ᠤ ᠠᠶᠢᠮᠠᠭ ᠤᠨ | ᠺᠠᠳ᠋ᠷ ᠤᠯᠠᠨ ᠲᠦᠮᠡᠨ ᠤ ᠲᠤᠮᠳᠠ ᠬᠠᠯᠠᠭᠤᠨ ᠲᠤᠰᠬᠠᠯ ᠭᠠᠷᠴᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ | ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠤᠭ ᠰᠠᠨᠠᠭ᠎ᠠ ᠡᠬᠦᠷᠭᠡ | ᠬᠠᠷᠢᠭᠤᠴᠠᠯᠭ᠎ᠠ ᠪᠠᠨ ᠨᠡᠩ ᠡᠷᠡᠰ ᠰᠢᠭᠤᠷᠬᠠᠢ᠂ ᠤᠬᠠᠮᠰᠠᠷ ᠠᠴᠠ ᠪᠠᠨ ᠦᠢᠯᠡᠳᠦᠯᠭᠡᠵᠢᠬᠦᠯᠵᠦ᠂ ᠲᠡᠤᠭᠡ ᠪᠠᠷ ᠲᠤᠯᠢ | ᠪᠤᠯᠭᠠᠨ᠂ ᠢᠷᠡᠭᠡᠳᠦᠢ ᠪᠠᠨ ᠴᠤᠭᠴᠠᠯᠠᠵᠦ᠂ ᠰᠢᠷᠭᠠᠭᠤ ᠬᠠᠳᠠᠭᠤᠵᠢᠯᠳᠠᠢ ᠠᠵᠢᠯᠯᠠᠵᠦ᠂ ᠵᠤᠷᠢᠭᠳᠠᠢ ᠪᠠᠷ ᠤᠷᠤᠭᠰᠢᠯᠠᠵᠦ | ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠶᠢᠨ ᠲᠦᠯᠦᠭᠡ ᠠᠭᠤᠤ ᠶᠡᠭᠡ ᠲᠤᠮᠳᠠᠳᠦ ᠶᠢᠨ | ᠬᠦᠰᠡᠯ ᠵᠡᠬᠦᠳᠦ ᠪᠠᠨ ᠬᠠᠮᠳᠦ ᠪᠠᠷ ᠲᠡᠷᠭᠡᠯᠰᠢᠬᠦᠯᠬᠦ ᠠᠶᠠᠨ ᠳᠤ ᠪᠠᠨ ᠰᠢᠨ᠎ᠡ ᠲᠦᠷᠰᠦ ᠪᠠᠶᠢᠳᠠᠯ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠨ᠎ᠠ ᠭᠡᠵᠦ ᠤᠯᠠᠨ ᠢᠶᠠᠷ ᠢᠶᠠᠨ ᠢᠯᠡᠳᠭᠡᠵᠡᠭᠡᠪᠡ᠃ | ︽ᠵᠢᠷᠭᠤᠳᠤᠭᠠᠷ ᠪᠦᠬᠦᠳᠡ ᠬᠤᠷᠠᠯ ᠤᠨ ︿ᠠᠯᠪᠠᠨ ᠮᠡᠳᠡᠭᠡ﹀ ᠨᠢ ︿ᠲᠤᠮᠳᠠᠳᠦ ᠶᠢᠨ ᠦᠨᠳᠦᠰᠦᠳᠡᠨ ᠤ ᠠᠭᠤᠤ | ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ﹀ ᠪᠠᠷ ᠭᠤᠤᠯ ᠱᠤᠭᠤᠮ ᠪᠤᠯᠭᠠᠵᠦ᠂ ︿ᠲᠠᠪᠤ ᠶᠢ ᠨᠢᠭᠡ ᠴᠤᠭᠴᠠᠵᠢᠭᠤᠯᠬᠤ | ﹀ ᠶᠡᠷᠦᠩᠭᠡᠢ ᠪᠠᠶᠢᠷᠢᠯᠠᠭᠤᠯᠤᠯᠳᠠ᠂ ︿ᠲᠦᠷᠪᠡᠨ ᠪᠦᠬᠦ ᠲᠠᠯ᠎ᠠ﹀ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠬᠠᠮᠤᠷᠴᠦ᠂ ᠲᠤᠮᠳᠠᠳᠦ ᠤᠯᠤᠰ ᠤᠨ ᠠᠷᠠᠳ ᠲᠦᠮᠡᠨ᠂ ᠲᠤᠮᠳᠠᠳᠦ ᠶᠢᠨ ᠦᠨᠳᠦᠰᠦᠳᠡᠨ | ᠪᠤᠯᠤᠨ ᠲᠡᠯᠡᠭᠡᠢ ᠶᠢᠨ ᠲᠡᠤᠭᠡ ᠶᠢᠨ ᠠᠬᠢᠴᠠ ᠵᠡᠷᠭᠡ ᠲᠠᠯ᠎ᠠ ᠪᠠᠷ ᠲᠤᠮᠳᠠᠳᠦ ᠤᠯᠤᠰ ᠤᠨ ᠡᠪ ᠬᠠᠮᠳᠦ ᠨᠠᠮ ᠤᠨ ᠵᠠᠭᠤᠨ | ᠵᠢᠯ ᠤᠨ ᠲᠡᠮᠡᠴᠡᠯ ᠤᠨ ᠲᠡᠤᠭᠡᠳᠦ ᠠᠴᠢ ᠬᠤᠯᠪᠤᠭᠳᠠᠯ ᠢ ᠳ᠋ᠦᠩᠨᠡᠵᠦ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ | ᠠᠷᠠᠳ ᠲᠦᠮᠡᠨ ᠢ ᠲᠡᠭᠡᠳᠦᠯᠡᠬᠦ ᠶᠢ ᠪᠠᠷᠢᠮᠳᠠᠯᠠᠬᠤ᠂ ᠤᠨᠤᠯ ᠤᠨ ᠲᠠᠯ᠎ᠠ ᠪᠠᠷ ᠰᠢᠨ᠎ᠡ ᠶᠢ ᠡᠬᠦᠳᠬᠦ ᠶᠢ ᠪᠠᠷᠢᠮᠳᠠᠯᠠᠬᠤ | ᠵᠡᠷᠭᠡ ᠲᠠᠯ᠎ᠠ ᠪᠠᠷ ᠲᠤᠮᠳᠠᠳᠦ ᠤᠯᠤᠰ ᠤᠨ ᠡᠪ ᠬᠠᠮᠳᠦ ᠨᠠᠮ ᠤᠨ ᠵᠠᠭᠤᠨ ᠵᠢᠯ ᠤᠨ ᠲᠡᠮᠡᠴᠡᠯ ᠤᠨ ᠡᠷᠬᠢᠮ ᠨᠠᠨᠳᠢᠨ | ᠲᠡᠤᠭᠡᠨ ᠲᠤᠷᠰᠢᠯᠭ᠎ᠠ ᠶᠢ ᠳ᠋ᠦᠩᠨᠡᠵᠡᠢ᠃ ᠡᠳᠡᠭᠡᠷ ᠡᠷᠬᠢᠮ ᠨᠠᠨᠳᠢᠨ ᠲᠤᠷᠰᠢᠯᠭ᠎ᠠ ᠨᠢ ᠲᠤᠮᠳᠠᠳᠦ ᠤᠯᠤᠰ ᠤᠨ ᠡᠪ | ᠬᠠᠮᠳᠦ ᠨᠠᠮ ᠦᠩᠭᠡᠷᠡᠭᠰᠡᠨ ᠳᠤ ᠶᠠᠭᠠᠬᠢᠭᠠᠳ ᠠᠮᠵᠢᠯᠳᠠ ᠤᠯᠵᠦ ᠴᠢᠳᠠᠭᠰᠠᠨ ᠲᠤᠬᠠᠢ ᠬᠠᠷᠢᠭᠤᠯᠳᠠ ᠦᠭᠴᠦ᠂ | ᠢᠳᠡᠭᠡᠳᠦᠢ ᠳᠤ ᠶᠠᠭᠠᠬᠢᠪᠠᠯ ᠰᠠᠶ᠋ᠢ ᠦᠷᠬᠦᠯᠵᠢᠯᠡᠨ ᠠᠮᠵᠢᠯᠳᠠ ᠤᠯᠬᠤ ᠪᠤᠢ ᠭᠡᠳᠡᠭ ᠴᠠᠭ ᠦᠶ᠎ᠡ ᠶᠢᠨ ᠰᠡᠳᠦᠪ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠲᠤᠮᠳᠠᠳᠦ ᠶᠢᠨ ᠦᠨᠳᠦᠰᠦᠳᠡᠨ ᠤ ᠠᠭᠤᠤ | ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠳᠤ ᠦᠵᠡᠯ ᠰᠠᠨᠠᠭᠠᠨ ᠤ ᠪᠠᠳᠤᠯᠠᠭ᠎ᠠ ᠪᠠ ᠵᠢᠯᠤᠭᠤᠳᠤᠮᠵᠢ ᠬᠠᠩᠭᠠᠪᠠ᠃ | ᠪᠢ ᠨᠢᠭᠡᠨ ᠨᠠᠮ ᠤᠨ ᠰᠤᠷᠭᠠᠭᠤᠯᠢ ᠶᠢᠨ ᠪᠠᠭᠰᠢ ᠪᠤᠯᠤᠭᠰᠠᠨ ᠤ ᠬᠤᠪᠢ ᠳᠤ᠂ ᠵᠢᠷᠭᠤᠳᠤᠭᠠᠷ ᠪᠦᠬᠦᠳᠡ ᠬᠤᠷᠠᠯ ᠤᠨ | ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠨᠡᠪᠳᠡᠷᠡᠳᠡᠯ᠎ᠠ ᠤᠢᠢᠯᠠᠭᠠᠬᠤ ᠶᠢᠨ ᠬᠠᠮᠳᠦ ᠵᠢᠷᠭᠤᠳᠤᠭᠠᠷ ᠪᠦᠬᠦᠳᠡ | ᠬᠤᠷᠠᠯ ᠤᠨ ᠵᠤᠷᠢᠭ ᠰᠠᠨᠠᠭᠠᠨ ᠤ ᠤᠨᠤᠯ ᠤᠨ ᠲᠠᠶᠢᠯᠪᠤᠷᠢᠯᠠᠯᠳᠠ ᠪᠠ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠳᠤᠷ | ᠬᠢᠵᠦ᠂ ᠨᠠᠮ ᠤᠨ ᠲᠠᠭᠤᠨ ᠢ ᠨᠡᠩ ᠦᠷᠭᠡᠨ᠂ ᠨᠡᠩ ᠬᠦᠨᠵᠡᠭᠡᠢ ᠲᠠᠮᠵᠢᠭᠤᠯᠤᠨ᠎ᠠ︾ ᠭᠡᠵᠦ ᠠᠶᠢᠮᠠᠭ ᠤᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠶᠢᠨ ᠤᠯᠤᠰ ᠲᠦᠷᠦ ᠶᠢᠨ ᠤᠬᠠᠭᠠᠨ ᠪᠤᠯᠤᠨ ᠦᠨᠳᠦᠰᠦᠳᠡᠨ ᠤ ᠤᠨᠤᠯ ᠤᠨ | ᠵᠢᠭᠠᠬᠤ ᠶᠢ ᠰᠤᠳᠤᠯᠬᠤ ᠲᠠᠰᠤᠭ ᠤᠨ ᠲᠡᠳ᠋ ᠫᠷᠤᠹᠧᠰᠰᠤᠷ ᠵᠤᠤ ᠶᠢᠩ ᠬᠡᠯᠡᠨ᠎ᠠ᠃ | ︽ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠡᠷᠢᠬᠦᠨ ᠤ ᠬᠤᠪᠢ ᠬᠦᠮᠦᠨ︾ | ᠤ ᠢᠷᠠᠭᠤ ᠠᠯᠳᠠᠷ ᠢ ᠬᠦᠷᠳᠡᠭᠴᠢ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠵᠠᠨ ᠢ ᠲᠠᠷᠢᠮᠠᠯ ᠤᠨ | ᠲᠤᠰᠬᠠᠢ ᠬᠤᠷᠰᠢᠶᠠᠵᠢᠯ᠂ ᠵᠠᠨ ᠢ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠡᠬᠦᠳᠦᠨ ᠪᠠᠶᠢᠭᠤᠯᠤᠭᠴᠢ ᠴᠢ | ᠰᠢᠶᠤᠤ ᠵᠢᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ | ᠬᠤᠷᠠᠯ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠤᠨ ᠰᠢᠭᠤᠳ ᠨᠡᠪᠳᠡᠷᠡᠬᠦᠯᠭᠡ ᠶᠢ ᠬᠦᠯᠢᠶᠡᠨ ᠠᠪᠴᠦ ᠦᠵᠡᠭᠰᠡᠨ ᠤ | ᠲᠠᠷᠠᠭ᠎ᠠ ᠮᠠᠰᠢ ᠰᠡᠳᠬᠢᠯ ᠲᠤᠭᠳᠤᠯᠪᠠ᠃ ︽ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠪᠦᠬᠦ ᠲᠠᠯ᠎ᠠ ᠶᠢᠨ ᠢᠯᠠᠯᠳᠠ ᠶᠢ ᠤᠯᠵᠦ᠂ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠬᠦᠯᠦᠨ | ᠮᠠᠨᠳᠤᠭᠤᠯᠵᠦ ᠪᠠᠶᠢᠭ᠎ᠠ ᠴᠠᠭ ᠮᠦᠴᠡ ᠳᠤ ᠪᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ | ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠵᠠᠬᠢᠶᠠᠯᠠᠭ᠎ᠠ ᠶᠢᠨ ᠠᠵᠦ | ᠦᠢᠯᠡᠰ ᠢ ᠢᠳᠡᠪᠬᠢᠳᠡᠢ ᠬᠦᠭᠵᠢᠬᠦᠯᠵᠦ᠂ ᠨᠢᠭᠡ ᠲᠤᠰᠬᠤᠨ ᠨᠢᠭᠡ ᠲᠦᠷᠦᠯ ᠲᠡᠮᠳᠡᠭ ᠢ ᠡᠬᠦᠳᠴᠦ᠂ ᠨᠢᠭᠡᠳᠦᠯᠳᠡᠢ | ᠲᠦᠷᠦᠯ ᠲᠡᠮᠳᠡᠭ ᠪᠤᠯᠭᠠᠨ᠂ ᠡᠷᠬᠢᠨ ᠲᠤᠭᠤᠷᠢᠨ ᠤ ᠨᠤᠳᠤᠭ ᠤᠨ ᠠᠬ᠎ᠠ ᠲᠡᠬᠦᠦ ᠨᠠᠷ ᠢᠶᠠᠨ ᠲᠠᠶᠢᠴᠢᠯᠠᠨ | ᠤᠷᠤᠯᠭ᠎ᠠ ᠶᠢ ᠨᠢ ᠨᠡᠮᠡᠭᠳᠡᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠦᠪᠡᠷ ᠤᠨ ᠬᠦᠴᠦᠨ | ᠴᠢᠳᠠᠯ ᠢᠶᠠᠨ ᠡᠷᠬᠦᠨ᠎ᠡ︾ ᠭᠡᠵᠦ ᠢᠯᠡᠷᠭᠡᠶᠢᠯᠡᠵᠦ ᠪᠠᠶᠢᠯ᠎ᠠ᠃ | 1972 ᠤᠨ ᠳᠤ ᠨᠠᠮ ᠳᠤ ᠤᠷᠤᠭᠰᠠᠨ ᠤᠯᠠᠭᠠᠨᠬᠤᠳᠠ ᠶᠢᠨ ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠭᠠᠩ | ᠬᠤᠸᠠ ᠨᠡᠶᠢᠭᠡᠮ ᠲᠤᠭᠤᠷᠢᠭ ᠤᠨ ᠲᠤᠤᠷᠵᠢᠭᠤᠯᠤᠭᠰᠠᠨ ᠬᠠᠮᠢᠶᠠᠷᠤᠯᠳᠠ ᠶᠢᠨ ᠠᠵᠢᠯᠳᠠᠨ ᠸᠠᠩ ᠵᠢᠶ᠋᠊ᠸ᠋ | ᠢᠯᠡᠷᠭᠡᠶᠢᠯᠡᠭᠰᠡᠨ ᠨᠢ᠄ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ | ᠪᠦᠬᠦᠳᠡ ᠬᠤᠷᠠᠯ ᠨᠢ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠳᠠ ᠪᠦᠳᠦᠮᠵᠢ ᠪᠠ ᠲᠡᠤᠭᠡᠨ | ᠲᠤᠷᠰᠢᠯᠭ᠎ᠠ ᠶᠢ ᠳ᠋ᠦᠩᠨᠡᠪᠡ᠂ ᠲᠤᠮᠳᠠᠳᠦ ᠤᠯᠤᠰ ᠤᠨ ᠡᠪ ᠬᠠᠮᠳᠦ ᠨᠠᠮ ᠯᠠᠪᠳᠠᠢ ᠲᠤᠮᠳᠠᠳᠦ ᠤᠯᠤᠰ ᠤᠨ ᠠᠷᠠᠳ | ᠲᠦᠮᠡᠨ ᠢ ᠲᠠᠭᠠᠭᠤᠯᠤᠨ ᠨᠡᠩ ᠶᠡᠭᠡ ᠰᠢᠨ᠎ᠡ ᠭᠠᠶᠢᠬᠠᠮᠰᠢᠭ ᠡᠬᠦᠳᠬᠦ ᠶᠢ ᠪᠢ ᠪᠠᠳᠦ ᠢᠳᠡᠭᠡᠵᠦ ᠪᠠᠶᠢᠨ᠎ᠠ᠃ ᠪᠢ ᠨᠢᠭᠡᠨ | ᠨᠡᠶᠢᠭᠡᠮ ᠲᠤᠭᠤᠷᠢᠭ ᠤᠨ ᠠᠵᠢᠯᠳᠠᠨ ᠪᠤᠯᠤᠭᠰᠠᠨ ᠤ ᠬᠤᠪᠢ ᠳᠤ ᠦᠪᠡᠷ ᠤᠨ ᠲᠤᠬᠠᠢᠢᠯᠠᠭᠰᠠᠨ ᠠᠵᠢᠯ ᠳᠤ ᠪᠠᠨ | ᠰᠠᠭᠤᠷᠢᠯᠠᠵᠦ᠂ ᠰᠤᠶᠤᠯ ᠤᠨ ᠢᠳᠡᠭᠡᠯ ᠢᠶᠠᠨ ᠪᠠᠳᠤᠳᠬᠠᠵᠦ ᠴᠠᠭ ᠦᠶ᠎ᠡ ᠳᠤ ᠤᠰᠤᠯᠳᠠᠬᠤ ᠦᠭᠡᠢ᠂ ᠡᠬᠦᠷᠭᠡ | ᠬᠠᠷᠢᠭᠤᠴᠠᠯᠭ᠎ᠠ ᠳᠤ ᠪᠠᠨ ᠤᠰᠤᠯᠳᠠᠬᠤ ᠦᠭᠡᠢ ᠪᠠᠷ ᠨᠠᠮ ᠤᠨ ᠭᠡᠰᠢᠬᠦᠨ ᠤ ᠵᠢᠱᠢᠶᠡᠴᠢ ᠦᠢᠯᠡᠳᠦᠯ ᠢᠶᠠᠨ | ᠪᠠᠳᠠᠷᠠᠭᠤᠯᠵᠦ᠂ ᠰᠢᠨ᠎ᠡ ᠬᠠᠭᠤᠳᠠᠰᠦ ᠶᠢ ᠪᠢᠴᠢᠭᠯᠡᠬᠦ ᠳᠤ ᠰᠢᠨ᠎ᠡ ᠬᠦᠴᠦᠨ ᠴᠢᠳᠠᠯ ᠢᠶᠠᠨ ᠡᠷᠬᠦᠨ᠎ᠡ︾ ᠭᠡᠵᠤ | ᠢᠯᠡᠷᠭᠡᠶᠢᠯᠡᠵᠤ ᠪᠠᠶᠢᠬᠰᠠᠨ ᠶᠤᠮ᠃ · ᠭᠤᠤᠯᠴᠢ · |