ᠵᠠᠭᠤᠨ ᠵᠢᠯ ᠤᠨ ᠠᠶᠠᠨ ᠵᠠᠮ ᠬᠦᠮᠦᠰ ᠤᠨ ᠰᠡᠳᠬᠢᠯ ᠢ ᠵᠤᠷᠢᠭᠵᠢᠭᠤᠯᠵᠦ ᠡᠷᠡᠮᠡᠭᠡᠶᠢᠯᠡᠨ ᠤᠷᠤᠭᠰᠢᠯᠠᠵᠦ ᠢᠷᠠᠭᠤ ᠬᠠᠭᠤᠳᠠᠰᠦ ᠶᠢ ᠪᠢᠴᠢᠭᠯᠡᠨᠡᠮ
ᠨᠡᠶᠢᠲᠡᠯᠡᠭᠰᠡᠨ ᠴᠠᠭ᠄
2021/11/17
— ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠮᠠᠨ ᠤ ᠠᠶᠢᠮᠠᠭ ᠤᠨ ᠺᠠᠳ᠋ᠷ ᠤᠯᠠᠨ ᠲᠦᠮᠡᠨ ᠤ ᠲᠤᠮᠳᠠ ᠬᠠᠯᠠᠭᠤᠨ ᠲᠤᠰᠬᠠᠯ ᠭᠠᠷᠴᠠᠢ   11 ᠰᠠᠷ᠎ᠠ ᠶᠢᠨ 8 ᠠᠴᠠ 11 ᠤ ᠡᠳᠦᠷ ᠪᠤᠯᠳᠠᠯ᠎ᠠ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠡᠭᠡᠵᠢᠩ ᠳᠤ ᠬᠤᠷᠠᠯᠳᠤᠪᠠ᠃ ᠤᠢᠢᠷ᠎ᠠ ᠶᠢᠨ ᠡᠳᠦᠷ ᠤᠳ ᠲᠤ᠂ ᠤᠯᠠᠭᠠᠨᠬᠤᠳᠠ ᠶᠢᠨ ᠺᠠᠳ᠋ᠷ ᠤᠯᠠᠨ ᠲᠦᠮᠡᠨ ᠲᠧᠯᠸᠢᠰ᠂ ᠰᠤᠨᠢᠨ᠂ ᠢᠨᠲ᠋ᠧᠷ ᠰᠦᠯᠵᠢᠶ᠎ᠡ᠂ ᠭᠠᠷ ᠤᠳᠠᠰᠤ ᠵᠡᠷᠭᠡ ᠤᠯᠠᠨ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠰᠤᠨᠢᠨ ᠮᠡᠳᠡᠭᠡ ᠶᠢ ᠬᠦᠯᠢᠶᠡᠨ ᠠᠪᠴᠦ ᠰᠤᠨᠤᠰᠤᠨ ᠦᠵᠡᠪᠡ᠃ ᠤᠯᠠᠨ ᠢᠶᠠᠷ ᠢᠶᠠᠨ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠳᠠ ᠪᠦᠳᠦᠮᠵᠢ ᠪᠠ ᠲᠡᠤᠭᠡᠨ ᠲᠤᠷᠰᠢᠯᠭ᠎ᠠ ᠶᠢ ᠳ᠋ᠦᠩᠨᠡᠭᠰᠡᠨ ᠨᠢ ᠪᠢᠳᠡᠨ ᠢ ᠬᠠᠪᠰᠤᠷᠴᠦ ᠴᠢᠨᠠᠭᠰᠢᠳᠠ ᠬᠠᠮᠳᠦ ᠶᠢᠨ ᠲᠠᠨᠢᠯᠳᠠ ᠶᠢ ᠨᠢᠭᠳᠠᠷᠠᠭᠤᠯᠵᠦ᠂ ᠰᠡᠳᠬᠢᠯ ᠢ ᠵᠤᠷᠢᠭᠵᠢᠭᠤᠯᠵᠦ᠂ ᠴᠤᠭ ᠵᠢᠪᠬᠤᠭ᠎ᠠ ᠶᠢ ᠪᠠᠳᠠᠷᠠᠭᠤᠯᠵᠦ᠂ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠦᠢᠯᠡᠳᠦᠯᠭᠡᠵᠢᠬᠦᠯᠵᠦ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠤ ᠢᠷᠠᠭᠤ ᠬᠠᠭᠤᠳᠠᠰᠦ ᠶᠢ ᠪᠢᠴᠢᠭᠯᠡᠨ᠎ᠠ ᠭᠡᠵᠦ ᠰᠠᠨᠠᠯ ᠨᠢᠭᠡᠳᠡᠢ ᠢᠯᠡᠳᠭᠡᠪᠡ᠃   ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠢ ᠬᠦᠯᠢᠶᠡᠨ ᠠᠪᠴᠦ ᠰᠤᠨᠤᠰᠤᠭᠰᠠᠨ ᠤ ᠲᠠᠷᠠᠭ᠎ᠠ᠂ ᠤᠯᠠᠭᠠᠨᠬᠤᠳᠠ ᠶᠢᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠪᠴᠢᠶ᠎ᠡ ᠶᠢᠨ ᠲᠠᠷᠤᠭ᠎ᠠ ᠶᠠᠩ ᠸᠧᠨ ᠮᠢᠩ ᠢᠯᠡᠷᠭᠡᠶᠢᠯᠡᠭᠰᠡᠨ ᠨᠢ᠂ ᠤᠢᠢᠷ᠎ᠠ ᠶᠢᠨ ᠵᠢᠯ ᠠᠴᠠ ᠨᠠᠭᠠᠰᠢ ᠂ ᠤᠯᠠᠭᠠᠨᠬᠤᠳᠠ ︽ᠲᠦᠷᠪᠡ ᠶᠢ ᠦᠯᠦ ᠬᠠᠶᠠᠬᠤ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠳᠦᠭᠡᠯ ᠢ ᠪᠠᠬᠢᠵᠢᠬᠦᠯᠬᠦ ᠤᠷᠳᠦ ᠬᠤᠭᠤᠴᠠᠭᠠᠨ ᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠦᠨᠡᠨ ᠠᠴᠠ ᠵᠦᠪ ᠢ ᠡᠷᠢᠬᠦ ᠶᠢ ᠪᠠᠷᠢᠮᠳᠠᠯᠠᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠤᠷᠤᠭᠰᠢᠳᠠᠢ ᠠᠬᠢᠭᠤᠯᠵᠠᠢ᠃ ᠲᠠᠷᠠᠭᠠᠴᠢ ᠪᠠᠷ ᠪᠢᠳᠡ ᠠᠵᠦ ᠦᠢᠯᠡᠰ ᠢᠶᠠᠷ ᠬᠦᠭᠵᠢᠬᠦᠯᠦᠨ ᠮᠠᠨᠳᠤᠭᠤᠯᠬᠤ ᠶᠢ ᠰᠠᠶᠢᠳᠤᠷ ᠠᠳᠬᠤᠵᠦ᠂ ᠤᠷᠭᠠᠨᠢᠭ ᠲᠤᠳᠤᠷᠭ᠎ᠠ ᠪᠠ ᠤᠨᠴᠠᠯᠢᠬᠳᠦ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠦᠬᠦ ᠠᠵᠦ ᠦᠢᠯᠡᠰ ᠤᠨ ᠬᠡᠯᠬᠢᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠦ᠂ ᠲᠠᠷᠢᠶᠠᠯᠠᠩ ᠵᠤᠭᠠᠴᠠᠯ ᠢ ᠠᠭᠤᠰᠤᠯᠴᠠᠭᠤᠯᠤᠨ ᠬᠦᠭᠵᠢᠬᠦᠯᠵᠦ᠂ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠦᠨ ᠪᠠᠶᠠᠵᠢᠬᠤ ᠶᠢ ᠠᠬᠢᠭᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠦᠢᠯᠡᠰ ᠢ ᠰᠢᠨ᠎ᠡ ᠱᠠᠳᠤᠨ ᠳᠤ ᠭᠠᠷᠭᠠᠨ᠎ᠠ ᠭᠡᠵᠡᠢ᠃   ︽ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠬᠦ ᠠᠭᠤᠷ ᠠᠮᠢᠰᠬᠤᠯ ᠤᠨ ᠲᠤᠮᠳᠠ ᠲᠤᠮᠳᠠᠳᠦ ᠤᠯᠤᠰ ᠤᠨ ᠡᠪ ᠬᠠᠮᠳᠦ ᠨᠠᠮ ᠪᠠᠰᠠ ᠨᠢᠭᠡ ᠬᠦᠨᠳᠦ ᠴᠢᠬᠤᠯᠠ ᠠᠴᠢ ᠬᠤᠯᠪᠤᠭᠳᠠᠯ ᠲᠠᠢ ᠬᠤᠷᠠᠯ ᠢᠶᠠᠨ ᠤᠭᠳᠠᠨ ᠠᠪᠴᠢᠷᠠᠯ᠎ᠠ᠃ ᠨᠢᠭᠡᠨ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠤᠯᠤᠭᠰᠠᠨ ᠤ ᠬᠤᠪᠢ ᠳᠤ ᠪᠢ ᠲᠡᠤᠭᠡ ᠪᠠᠷ ᠲᠤᠯᠢ ᠪᠤᠯᠭᠠᠨ᠂ ᠴᠢᠩᠭ᠎ᠠ ᠠᠳᠬᠤᠵᠦ ᠰᠢᠷᠭᠠᠭᠤ ᠠᠵᠢᠯᠯᠠᠵᠦ᠂ ᠬᠦᠴᠦ ᠪᠠᠨ ᠲᠦᠪᠯᠡᠷᠡᠬᠦᠯᠦᠨ ᠨᠠᠮ ᠤᠨ ᠪᠠᠶᠢᠭᠤᠯᠤᠯᠳᠠ ᠪᠠ ᠠᠵᠦ ᠠᠬᠤᠢ ᠶᠢᠨ ᠬᠦᠭᠵᠢᠯᠳᠡ ᠶᠢ ᠠᠳᠬᠤᠵᠦ᠂ ᠰᠢᠨ᠎ᠡ ᠴᠠᠭ ᠦᠶ᠎ᠡ ᠳᠤ ᠨᠠᠮ ᠪᠠ ᠠᠷᠠᠳ ᠲᠦᠮᠡᠨ ᠳᠤ ᠨᠢᠭᠡᠨ ᠬᠤᠪᠢ ᠰᠡᠳᠬᠢᠯ ᠬᠠᠨᠤᠮᠵᠢᠳᠠᠢ ᠰᠢᠯᠭᠠᠯᠳᠠ ᠶᠢᠨ ᠬᠠᠭᠤᠳᠠᠰᠦ ᠶᠢ ᠲᠤᠰᠢᠶᠠᠨ᠎ᠠ︾ ᠭᠡᠵᠦ ᠤᠯᠠᠭᠠᠨᠬᠤᠳᠠ ᠶᠢᠨ ᠢᠯᠠᠯᠳᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠧᠩ ᠶᠢᠨ ᠬᠤᠢ ᠬᠡᠯᠡᠨ᠎ᠠ᠃   ᠤᠯᠠᠭᠠᠨᠬᠤᠳᠠ ᠶᠢᠨ ᠲᠡᠮᠦᠷ ᠵᠠᠮ ᠤᠨ ᠪᠠᠷᠠᠭᠤᠨᠳᠡᠬᠢ ᠺᠤᠸᠠᠩ ᠴᠢᠤᠸᠠᠨ ᠨᠡᠶᠢᠭᠡᠮ ᠲᠤᠭᠤᠷᠢᠭ ᠤᠨ ᠠᠵᠢᠯ ᠠᠴᠠ ᠪᠠᠨ ᠠᠮᠠᠷᠠᠭᠰᠠᠨ ᠠᠬᠠᠮᠡᠳ ᠨᠠᠮ ᠤᠨ ᠭᠡᠰᠢᠬᠦᠨ ᠯᠢ ᠶᠦᠩ ᠭᠠᠩ ᠲᠤᠰ ᠤᠳᠠᠭᠠᠨ ᠤ ᠬᠤᠷᠠᠯ ᠢ ᠲᠦᠢᠯ ᠢᠶᠠᠷ ᠠᠩᠬᠠᠷᠴᠦ ᠪᠠᠶᠢᠯ᠎ᠠ᠃ ︽ᠡᠨᠡ ᠬᠦ ᠴᠠᠭ ᠦᠶ᠎ᠡ ᠳᠤ ᠠᠮᠢᠳᠤᠷᠠᠵᠦ ᠪᠠᠶᠢᠬᠤ ᠨᠢ ᠪᠠᠰᠠ ᠨᠢᠭᠡᠨ ᠵᠤᠯ ᠵᠢᠷᠭᠠᠯ ᠪᠤᠯᠤᠨ᠎ᠠ᠂ ᠪᠢ ᠮᠠᠨ ᠤ ᠤᠯᠤᠰ ᠤᠨ ᠬᠦᠭᠵᠢᠯᠳᠡ ᠳᠤ ᠮᠠᠰᠢ ᠢᠳᠡᠭᠡᠯ ᠲᠠᠢ ᠪᠠᠶᠢᠨ᠎ᠠ᠂ ᠡᠭᠡ ᠤᠯᠤᠰ ᠤᠨ ᠪᠠᠶᠠᠵᠢᠨ ᠬᠦᠴᠦᠷᠭᠡᠭᠵᠢᠵᠦ ᠪᠠᠶᠢᠬᠤ ᠳᠤ ᠲᠦᠢᠯ ᠢᠶᠠᠷ ᠤᠮᠤᠭᠰᠢᠵᠦ ᠪᠠᠶᠢᠨ᠎ᠠ᠃ ᠰᠢᠨ᠎ᠡ ᠴᠠᠭ ᠦᠶ᠎ᠡ ᠳᠤ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭᠠᠨ ᠤ ᠵᠤᠷᠢᠭᠵᠢᠭᠤᠯᠤᠯ ᠲᠤᠤᠷ᠎ᠠ ᠦᠪᠡᠷ ᠤᠨ ᠪᠤᠳᠠᠳᠦ ᠠᠵᠢᠯᠯᠠᠭ᠎ᠠ ᠪᠠᠷ ᠢᠶᠠᠨ ᠦᠯᠡᠳᠡᠪᠦᠷᠢ ᠢᠯᠴᠢ ᠪᠠᠨ ᠦᠷᠬᠦᠯᠵᠢᠯᠡᠨ ᠪᠠᠳᠠᠷᠠᠭᠤᠯᠤᠨ᠎ᠠ︾ ᠭᠡᠵᠦ ᠯᠢ ᠶᠦᠩ ᠭᠠᠩ ᠬᠡᠯᠡᠵᠦ ᠪᠠᠶᠢᠯ᠎ᠠ᠃   ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ ᠨᠡᠶᠢᠳᠡᠯᠡᠭᠳᠡᠭᠰᠡᠨ ᠤ ᠰᠡᠬᠦᠯᠡᠷ᠂ ᠤᠯᠠᠭᠠᠨᠬᠤᠳᠠ ᠶᠢᠨ ᠤᠯᠠᠭᠠᠨᠬᠠᠳᠠ ᠪᠠᠯᠭᠠᠰᠦᠨ ᠤ ᠶᠤᠯᠤ ᠭᠠᠴᠠᠭᠠᠨ ᠤ ᠶᠠᠳᠠᠭᠤ ᠠᠴᠠ ᠠᠩᠬᠢᠵᠢᠷᠠᠭᠰᠠᠨ ᠯᠢᠦ ᠬᠦᠸᠧ ᠵᠦ ᠭᠠᠷ ᠤᠳᠠᠰᠤᠨ ᠲᠡᠭᠡᠷ᠎ᠠ ᠪᠠᠨ ᠠᠯᠪᠠᠨ ᠮᠡᠳᠡᠭᠡ ᠶᠢ ᠨᠠᠷᠢᠨ ᠬᠢᠨᠠᠮᠠᠭᠠᠢ ᠦᠵᠡᠵᠦ ᠤᠢᠢᠯᠠᠭᠠᠯ᠎ᠠ᠃ ᠲᠡᠷᠡ ᠬᠡᠯᠡᠭᠰᠡᠨ ᠨᠢ᠄ ︽ᠤᠳᠤ ᠮᠠᠨ ᠤ ᠭᠠᠴᠠᠭᠠᠨ ᠤ ᠤᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠤᠯᠠᠮ ᠢᠶᠠᠷ ᠲᠡᠭᠡᠭᠰᠢᠯᠡᠵᠡᠢ᠂ ᠡᠮ ᠡᠮᠨᠡᠯᠭᠡ᠂ ᠬᠦᠯᠦᠰᠦᠨ ᠠᠵᠢᠯ ᠬᠢᠬᠦ ᠵᠡᠷᠭᠡ ᠲᠠᠯ᠎ᠠ ᠪᠠᠷ ᠪᠦᠷ ᠲᠦᠢᠯ ᠤᠨ ᠲᠦᠬᠦᠮ ᠪᠤᠯᠵᠦ᠂ ᠨᠠᠮ ᠵᠠᠰᠠᠭ ᠠᠴᠠ ᠡᠶᠢᠮᠦ ᠰᠠᠶᠢᠬᠠᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠬᠠᠩᠭᠠᠭᠰᠠᠨ ᠳᠤ ᠪᠢ ᠲᠦᠢᠯ ᠢᠶᠠᠷ ᠲᠠᠯᠠᠷᠬᠠᠵᠦ ᠪᠠᠶᠢᠨ᠎ᠠ︾ ᠭᠡᠵᠤ ᠶᠠᠷᠢᠵᠤ ᠪᠠᠶᠢᠬᠰᠠᠨ ᠶᠤᠮ᠃ · ᠭᠤᠤᠯᠴᠢ ·
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号