ᠬᠢᠩᠭᠠᠨ ᠵᠠᠬᠢᠷᠭ᠎ᠠ ᠲᠠᠷᠬᠠᠭᠠᠭᠰᠠᠨ ﹇2021﹈ 63 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠳᠤᠮᠳᠠ | ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ | ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠤᠬᠠᠢ ᠰᠠᠨᠠᠯ︾ | ︵ᠲᠥᠪ ᠲᠠᠷᠬᠠᠭᠠᠭᠰᠠᠨ ︹ 2018 ︺1 ᠳ᠋ᠤᠭᠡᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠰᠠᠨᠠᠯ︾ ︵ᠥᠪᠥᠷ ᠨᠠᠮ | ᠲᠠᠷᠬᠠᠭᠠᠭᠰᠠᠨ ︹ 2018 ︺ 1 ᠳ᠋ᠤᠭᠡᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠷᠢᠮ︾᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶ᠎ᠠ᠂ ᠬᠢᠩᠭᠠᠨ ᠠᠶᠢᠮᠠᠭ ᠤᠨ | ᠵᠠᠬᠢᠷᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ | ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠶ | ᠬᠡᠷᠡᠭᠵᠢᠭᠦᠯᠬᠦ ᠰᠠᠨᠠᠯ︾ ︵ ᠬᠢᠩᠭᠠᠨ ᠨᠠᠮ ᠲᠠᠷᠬᠠᠭᠠᠭᠰᠠᠨ ︹ 2021 ︺ 1 ᠳ᠋ᠤᠭᠡᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠮᠥᠩᠭᠦᠨ ᠭᠦᠢᠯᠭᠡᠭᠡᠨ ᠢᠶᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ᠂ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ | ᠳᠡᠮᠵᠢᠨ ᠰᠤᠳᠤᠯᠵᠤ᠂ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠲᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠰᠢ ᠰᠢᠯᠵᠢᠭᠦᠯᠬᠦ ᠶᠢ ᠠᠬᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠵᠦ᠂ ︽ᠠᠮᠢ ᠠᠬᠤᠶ ᠶᠢ ᠤᠷᠢᠳ ᠢᠶᠠᠷ ᠪᠤᠳᠤᠯᠬᠢᠨᠯᠬᠤ᠂ ᠪᠣᠬᠢᠷᠲᠤᠯ | ᠦᠭᠡᠶ ᠪᠠᠷ ᠬᠥᠭᠵᠢᠭᠦᠯᠬᠦ︾ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ | ᠬᠢᠩᠭᠠᠨ ᠠᠶᠢᠮᠠᠭ ᠤᠨ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠰᠢᠨ᠎ᠡ ᠠᠶᠠᠨ ᠢ | ᠡᠬᠢᠯᠡᠭᠦᠯᠵᠦ᠂ ᠪᠦᠬᠦ ᠣᠷᠣᠨ ᠪᠣᠯᠤᠨ ᠬᠢᠩᠭᠠᠨ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠲᠥᠷᠥᠯ ᠵᠦᠢᠯ ᠢ | ᠪᠠᠲᠤᠯᠠᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠬᠥᠳᠡᠭᠡ | ᠲᠣᠰᠬᠤᠨ ᠳᠤ ᠪᠠᠭᠤᠯᠭᠠᠬᠤ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠪᠠ ᠲᠥᠷᠥ ᠶᠢᠨ ᠪᠣᠳᠣᠯᠭ᠎ᠠ ᠪᠠᠷ ᠳᠡᠮᠵᠢᠬᠦ ᠪᠠᠷ ᠳᠠᠮᠵᠢᠭᠤᠯᠤᠨ᠂ ᠲᠥᠷᠥ ᠶᠢᠨ | ᠪᠣᠳᠣᠯᠭ᠎ᠠ ᠶᠢᠨ ᠰᠢᠨ᠎ᠡ ᠶᠢ ᠡᠭᠦᠳᠬᠦ᠂ ᠵᠠᠭᠪᠤᠷ ᠢᠶᠠᠷ ᠰᠢᠨ᠎ᠡ ᠶᠢ ᠡᠭᠦᠳᠬᠦ᠂ ᠦᠢᠯᠡᠳᠭᠦᠨ ᠢᠶᠠᠷ ᠰᠢᠨ᠎ᠡ ᠶᠢ | ᠡᠭᠦᠳᠬᠦ ᠶᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ | ᠥᠬᠡᠶ ᠪᠠᠶᠠᠯᠢᠭᠵᠢᠭᠤᠯᠤᠨ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠪᠠ ᠮᠥᠩᠭᠦᠨ ᠭᠦᠢᠯᠭᠡᠭᠡᠨ ᠢᠶᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠶᠢ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ | ᠲᠥᠷᠥᠯ ᠵᠦᠢᠯ ᠳᠠᠰᠢ ᠬᠡᠯᠪᠠᠶᠢᠯᠭᠡᠬᠦ ᠭᠦᠨᠵᠡᠭᠡᠶ ᠠᠭᠤᠰᠤᠯᠴᠠᠭᠤᠯᠬᠤ ᠶᠢ ᠲᠦᠷᠭᠡᠳᠬᠡᠨ ᠪᠣᠶ ᠪᠣᠯᠭᠠᠵᠤ᠂ ᠬᠢᠩᠭᠠᠨ | ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠣᠷᠣᠨ ᠤ ᠡᠮᠦᠨ᠎ᠡ ᠡᠩᠨᠡᠭᠡᠨ ᠳᠤ | ᠤᠷᠤᠬᠤ ᠶᠢ ᠠᠬᠢᠭᠤᠯᠤᠨ᠎ᠠ᠃ | ᠬᠤᠶᠠᠷ᠂ ᠶᠡᠷᠦᠩᠬᠡᠶ ᠬᠠᠷᠠᠯᠲᠠ | ︵ᠨᠢᠭᠡ︶ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠳᠡᠮᠵᠢᠨ᠎ᠡ᠃ ᠮᠥᠩᠭᠦᠨ ᠭᠦᠢᠯᠭᠡᠭᠡᠨ ᠤ ︽ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ᠂ ᠪᠣᠬᠢᠷᠲᠤᠯ ᠦᠭᠡᠢ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠬᠦ᠂ ᠬᠥᠳᠡᠭᠡ | ᠲᠣᠰᠬᠤᠨ ᠤ ᠬᠡᠪ ᠰᠤᠷᠲᠠᠯ ᠢ ᠪᠣᠯᠪᠠᠰᠤᠨ ᠢᠶᠠᠷ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠴᠢᠳᠠᠮᠠᠭᠠᠢ ᠪᠠᠷ ᠵᠠᠰᠠᠬᠤ ᠶᠢ | ᠠᠬᠢᠭᠤᠯᠬᠤ︾ ᠵᠢᠷᠭᠤᠭᠠᠨ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠶᠢᠨ ᠲᠣᠭᠤᠷᠢᠨ ᠳᠤ᠂ ᠮᠥᠩᠭᠦᠨ | ᠭᠦᠢᠯᠭᠡᠭᠡᠨ ᠤ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ ᠪᠠ ᠵᠣᠬᠢᠶᠠᠨ | ᠪᠠᠶᠢᠭᠤᠯᠤᠯᠲᠠ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠮᠥᠩᠭᠦᠨ ᠭᠦᠢᠯᠭᠡᠭᠡᠨ ᠤ ᠠᠮᠢᠵᠢᠷᠠᠯ ᠤᠨ | ᠬᠦᠴᠦᠨ ᠢ ᠨᠡᠮᠡᠷᠢᠯᠡᠨ᠎ᠡ᠃ | ︵ᠬᠤᠶᠠᠷ︶ ᠮᠥᠩᠭᠦᠨ ᠭᠦᠢᠯᠭᠡᠭᠡᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ | ᠳᠡᠮᠵᠢᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ︽ᠳᠥᠷᠪᠡ ᠶᠢ ᠥᠯᠥ ᠰᠠᠯᠭᠠᠬᠤ︾ | ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠯᠲᠡ ᠶᠢᠨ ᠬᠤᠭᠤᠴᠠᠭᠠᠨ ᠳᠠᠬᠢ | ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠴᠢᠰᠤ | ᠪᠦᠲᠦᠭᠡᠬᠦ ᠴᠢᠳᠠᠮᠵᠢ ᠪᠠ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ | ᠴᠢᠩᠭᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠨᠥᠬᠦᠴᠡᠯ ᠢ ᠰᠠᠶᠢᠵᠢᠷᠠᠭᠤᠯᠬᠤ ᠳᠤ | ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠦᠨ᠎ᠡ᠃ ᠮᠥᠩᠭᠦᠨ ᠭᠦᠢᠯᠭᠡᠭᠡ ᠨᠢ ᠤᠯᠠᠨ ᠨᠡᠶᠢᠲᠡ ᠶᠢᠨ | ᠦᠢᠯᠡᠴᠢᠯᠡᠭᠡᠨ ᠤ ᠬᠤᠳᠠ ᠬᠥᠳᠡᠭᠡ ᠶᠢ ᠨᠢᠭᠡ ᠴᠤᠭᠴᠠᠵᠢᠭᠤᠯᠬᠤ ᠪᠦᠳᠦᠭᠡᠨ ᠪᠠᠶᠢᠭᠤᠯᠤᠯᠲᠠ᠂ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠢᠨᠵᠧᠨᠧᠷᠢᠩ᠂ ᠬᠥᠳᠡᠭᠡ ᠲᠣᠰᠬᠤᠨ ᠤ | ᠵᠣᠷᠯᠣᠩ ᠢ ᠥᠭᠡᠷᠡᠴᠢᠯᠡᠬᠦ ᠪᠠ ᠪᠣᠬᠢᠷ ᠤᠰᠤ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠶᠢ ᠴᠢᠩᠭᠠᠳᠬᠠᠬᠤ ᠶᠢᠨ | ᠲᠣᠭᠤᠷᠢᠨ ᠳᠤ᠂ ᠵᠢᠭᠡᠯᠡᠯᠭᠡ ᠵᠢᠭᠡᠯᠡᠯᠭᠡ ᠶᠢ ᠬᠤᠯᠪᠣᠯᠳᠤᠭᠤᠯᠬᠤ ᠪᠠᠷ ᠳᠠᠮᠵᠢᠭᠤᠯᠵᠤ᠂ ᠳᠤᠲᠠᠭᠤᠳᠠᠯ ᠢ ᠨᠥᠬᠦᠪᠥᠷᠢᠯᠡᠵᠦ | ᠂ ᠲᠦᠷᠦᠯ ᠵᠦᠢᠯ ᠢ ᠬᠦᠴᠦᠷᠬᠡᠭᠵᠢᠭᠦᠯᠪᠡ︔ ᠢᠲᠡᠭᠡᠮᠵᠢ ᠶᠢᠨ ᠲᠣᠰᠬᠤᠨ᠂ ᠢᠲᠡᠭᠡᠮᠵᠢ ᠶᠢᠨ ᠬᠡᠷᠡᠭᠯᠡᠭᠴᠢ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ︽ᠠᠮᠢᠳᠤᠷᠠᠯ ᠢ ᠬᠤᠪᠢᠷᠠᠭᠤᠯᠵᠤ᠂ ᠬᠦᠷᠢᠶ᠎ᠡ | ᠬᠠᠰᠢᠶ᠎ᠠ ᠠᠴᠠ ᠡᠬᠢᠯᠡᠨ ᠬᠢᠬᠦ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯᠴᠢᠨ ᠲᠠᠷᠢᠶᠠᠴᠢᠨ ᠤ | ᠦᠢᠯᠡᠳᠪᠦᠷᠢᠯᠡᠯ ᠠᠮᠢᠳᠤᠷᠠᠯ ᠤᠨ ᠰᠠᠶᠢᠨ ᠰᠠᠶᠢᠬᠠᠨ ᠬᠡᠷ ᠣᠷᠣᠨ ᠢ ᠴᠢᠷᠮᠠᠶᠢᠨ ᠪᠥᠲᠥᠭᠡᠨ ᠪᠠᠶᠢᠭᠤᠯᠤᠨ᠎ᠠ᠃ | ︵ᠳᠥᠷᠪᠡ︶ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ | ᠬᠤᠷᠰᠢᠶ᠎ᠠ ᠶᠢᠨ ᠲᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠬᠦ ᠬᠥᠳᠡᠭᠡ ᠲᠣᠰᠬᠤᠨ ᠤ ᠳᠠᠭᠠᠭᠠᠴᠢᠯᠠᠯᠲᠠ ᠶᠢᠨ | ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠪᠠ ᠲᠠᠷᠢᠶᠠᠴᠢᠳ ᠤᠨ ᠣᠷᠣᠨ ᠰᠠᠭᠤᠴᠠ ᠶᠢᠨ ᠡᠳ᠋ ᠬᠥᠷᠥᠩᠭᠡ ᠶᠢᠨ | ᠡᠷᠬᠡ ︵︽ᠬᠤᠶᠠᠷ ᠡᠷᠬᠡ︾ ᠭᠡᠵᠦ ᠲᠣᠪᠴᠢᠯᠠᠨ᠎ᠠ︶ ᠶᠢᠨ ᠪᠠᠷᠢᠴᠠᠭᠠᠳᠦ ᠵᠢᠭᠡᠯᠡᠯᠭᠡ ᠶᠢᠨ ᠥᠭᠡᠷᠡᠴᠢᠯᠡᠯᠲᠡ ᠶᠢ | ᠬᠥᠳᠡᠯᠬᠦ ᠬᠥᠷᠥᠩᠭᠡ ᠶᠢᠨ ᠳᠠᠨᠵᠢᠯᠠᠭ᠎ᠠ ᠶᠢᠨ ᠲᠤᠬᠠᠶᠢᠯᠠᠭᠰᠠᠨ ᠠᠵᠢᠯ ᠵᠢᠴᠢ ᠬᠤᠷᠢᠶᠠᠪᠠᠰᠤ ᠵᠣᠬᠢᠬᠤ ᠲᠠᠩᠰᠠᠨ | ᠵᠣᠭᠤᠰ ᠤᠨ ᠪᠠᠯᠠ ᠲᠣᠬᠢᠷᠠᠭᠤᠯᠭ᠎ᠠ ᠶᠢᠨ ᠦᠶ᠋ᠯᠡᠴᠢᠯᠡᠭᠡᠨ ᠢ ᠢᠳᠡᠪᠬᠢᠲᠡᠶ ᠥᠷᠨᠢᠭᠦᠯᠵᠦ᠂ ᠮᠠᠯᠴᠢᠨ ᠲᠠᠷᠢᠶᠠᠴᠢᠨ ᠤ | ᠪᠠᠯᠠ ᠲᠣᠬᠢᠷᠠᠭᠤᠯᠭ᠎ᠠ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ︔ ︽ᠬᠤᠭᠤᠴᠠᠭᠠᠲᠤ ᠪᠠᠷᠠᠭ᠎ᠠ + | ᠳᠠᠭᠠᠳᠬᠠᠯ︾ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠠᠶᠢᠨ ᠰᠦᠪᠡᠭᠴᠢᠯᠡᠨ᠎ᠡ︔ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠤᠯᠪᠣᠭ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ ᠴᠢᠩᠭᠠᠳᠬᠠᠵᠤ᠂ ᠮᠠᠯᠴᠢᠨ | ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ | ᠪᠤᠶᠢᠵᠢᠭᠤᠯᠵᠤ᠂ ᠬᠥᠳᠡᠭᠡ ᠲᠣᠰᠬᠤᠨ ᠤ ᠮᠥᠩᠭᠦᠨ ᠭᠦᠢᠯᠭᠡᠭᠡ ᠪᠣᠯᠤᠨ ᠲᠠᠷᠢᠶᠠᠯᠠᠩ ᠤᠨ ᠬᠥᠭᠵᠢᠯᠲᠡ ᠶᠢᠨ ᠰᠠᠶᠢᠨ | ᠬᠤᠷᠰᠢᠯᠴᠠᠭ᠎ᠠ ᠶᠢ ᠪᠡᠶᠡᠯᠡᠭᠦᠯᠵᠦ᠂ ᠪᠠᠷᠢᠴᠠᠭᠠᠯᠠᠬᠤ ᠳᠤ ᠬᠦᠴᠢᠷ᠂ ᠵᠢᠭᠡᠯᠡᠯᠭᠡ ᠵᠢᠭᠡᠯᠡᠬᠦ ᠳᠤ ᠬᠦᠴᠢᠷ ᠵᠡᠷᠭᠡ | ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠲᠦᠮᠵᠢᠲᠡᠢ | ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠬᠠᠩᠭᠠᠨ᠎ᠠ᠃ | ᠭᠤᠷᠪᠠ᠂ ᠭᠤᠣᠯ ᠠᠷᠭ᠎ᠠ ᠬᠡᠮᠵᠢᠶ᠎ᠡ | ︵ᠨᠢᠭᠡ︶ ᠣᠯᠠᠨ ᠡᠰᠢᠵᠢᠭᠰᠡᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠭᠦᠨᠵᠡᠭᠡᠶ | ᠲᠥᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠤᠯᠠᠨ ᠶᠠᠩᠵᠤᠴᠢᠯᠠᠭᠰᠠᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠭᠤᠣᠯ ᠴᠣᠭᠴᠠ ᠶᠢ ᠪᠤᠢ ᠪᠣᠯᠭᠠᠨ᠎ᠠ᠃ ᠦᠨᠡᠲᠦ ᠲᠡᠮᠳᠡᠭᠲᠦ᠂ ᠳᠠᠭᠠᠳᠬᠠᠯ᠂ ᠳᠠᠭᠠᠭᠠᠯᠲᠠ᠂ | ᠰᠠᠭᠤᠷᠢ ᠮᠥᠩᠭᠦ᠂ ᠬᠤᠭᠤᠴᠠᠭᠠᠲᠤ ᠪᠠᠷᠠᠭ᠎ᠠ ᠵᠡᠷᠭᠡ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠬᠦ ᠶᠢ | ᠵᠣᠷᠢᠭᠵᠢᠭᠤᠯᠤᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ ᠲᠣᠰᠬᠤᠨ ᠤ ᠲᠣᠤᠷ | ᠰᠦᠯᠵᠢᠶᠡᠨ ᠳᠡᠭᠡᠷᠡᠬᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠢ ᠢᠳᠡᠪᠬᠢᠲᠡᠶ ᠥᠷᠨᠢᠭᠦᠯᠬᠦ ᠶᠢ ᠵᠣᠷᠢᠭᠵᠢᠭᠤᠯᠤᠨ | ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠳᠭᠦᠨ ᠪᠠ ᠦᠢᠯᠡᠴᠢᠯᠡᠭᠡᠨ ᠤ | ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠲᠦᠷᠭᠡᠳᠬᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠣᠭᠤᠷᠢᠨ ᠳᠤ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠵᠦᠶ | ᠵᠣᠬᠢᠰᠲᠠᠶ ᠳᠣᠭᠢᠷᠠᠭᠤᠯᠵᠤ᠂ ᠵᠦᠷᠢᠶᠡᠴᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ | ᠲᠤᠰᠢᠶᠠᠯ ᠢᠶᠠᠨ ᠭᠦᠢᠴᠡᠳᠭᠡᠵᠦ ᠬᠠᠷᠢᠭᠤᠴᠠᠯᠭ᠎ᠠ ᠠᠴᠠ ᠭᠡᠯᠳᠦᠷᠢᠭᠦᠯᠬᠦ ᠵᠡᠷᠭᠡ ᠳᠣᠲᠣᠭᠠᠳᠤ ᠶᠢᠨ ᠤᠷᠮᠠᠰᠢᠭᠤᠯᠤᠯ ᠢ | ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠢ ᠨᠡᠭᠡᠭᠡᠨ | ᠬᠥᠭᠵᠢᠭᠦᠯᠬᠦ ᠴᠢᠨᠠᠷᠲᠠᠶ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠢᠶᠠᠷ ᠶᠠᠳᠠᠭᠤ ᠠᠴᠠ | ᠠᠩᠭᠢᠵᠢᠷᠠᠭᠤᠯᠬᠤ ᠭᠠᠵᠠᠷ ᠣᠷᠣᠨ ᠤ ᠰᠠᠭᠤᠷᠢ ᠲᠥᠬᠦᠭᠡᠷᠦᠮᠵᠢ ᠪᠠ ᠤᠰᠤ ᠵᠣᠷᠯᠣᠩ ᠢ ᠥᠭᠡᠷᠡᠴᠢᠯᠡᠬᠦ ᠵᠡᠷᠭᠡ | ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠳᠡᠮᠵᠢᠬᠦ ᠶᠢ ᠲᠦᠯᠬᠢᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠣᠷᠣᠨ ᠰᠠᠭᠤᠴᠠ ᠶᠢᠨ ᠠᠮᠤᠷ | ᠲᠦᠪᠰᠢᠨ ᠪᠠ ᠦᠨᠳᠦᠰᠦᠨ ᠡᠮ ᠡᠮᠨᠡᠯᠭᠡ ᠶᠢᠨ ︽ᠭᠤᠷᠪᠠᠨ ᠪᠠᠲᠤᠯᠠᠭ᠎ᠠ︾ ᠶᠢᠨ ᠵᠦᠢᠯᠡᠰ ᠤᠨ ᠢᠲᠡᠭᠡᠮᠵᠢᠲᠦ | ᠵᠢᠭᠡᠯᠡᠯᠭᠡ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠶᠢᠨ | ᠵᠠᠯᠭᠠᠮᠵᠢ ᠬᠠᠪᠰᠤᠷᠤᠨ ᠲᠡᠳᠬᠦᠬᠦ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠲᠤᠬᠠᠶᠢᠯᠠᠭᠰᠠᠨ ᠠᠵᠢᠯ ᠤᠨ | ᠬᠡᠪᠴᠢᠶᠡᠨ ᠳᠤ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠤᠷᠲᠤᠪᠲᠤᠷ ᠪᠠ ᠤᠷᠲᠤ ᠬᠤᠭᠤᠴᠠᠭᠠᠨ ᠤ ᠢᠲᠡᠭᠡᠮᠵᠢᠲᠦ ᠬᠥᠳᠡᠭᠡ ᠲᠣᠰᠬᠤᠨ ᠤ ᠥᠮᠴᠢᠯᠡᠬᠦ | ᠡᠷᠬᠡ ᠶᠢᠨ ᠠᠷᠠᠯᠵᠢᠶ᠎ᠠ ᠶᠢᠨ ᠲᠥᠪ ᠤᠨ ᠲᠠᠪᠴᠠᠩ ᠢ ᠳᠡᠯᠭᠡᠷᠡᠭᠦᠯᠦᠨ ᠠᠰᠢᠭᠯᠠᠵᠤ᠂ ᠮᠠᠯᠵᠢᠬᠤ ᠲᠠᠷᠢᠶᠠᠯᠠᠬᠤ ᠣᠷᠣᠨ ᠤ | ᠳᠠᠭᠠᠭᠠᠴᠢᠯᠠᠭᠰᠠᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ᠂ ᠣᠷᠣᠨ ᠰᠠᠭᠤᠴᠠ ᠶᠢᠨ ᠡᠳ᠋ ᠬᠥᠷᠥᠩᠭᠡ ᠶᠢᠨ | ᠡᠷᠬᠡ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ | ᠡᠷᠬᠡ ᠶᠢ ᠪᠠᠷᠢᠴᠠᠭᠠᠯᠠᠨ ᠵᠢᠭᠡᠯᠡᠯᠭᠡ ᠵᠢᠭᠡᠯᠡᠬᠦ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃ | ᠬᠥᠳᠡᠯᠬᠦ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠺᠣᠮᠫᠠᠨᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠠᠮᠢᠳᠤ ᠪᠡᠶᠡᠲᠦ ᠪᠠᠷᠢᠴᠠᠭᠠᠳᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠠᠬᠢᠭᠤᠯᠤᠨ | ᠬᠥᠭᠵᠢᠭᠦᠯᠵᠦ᠂ ᠭᠤᠤᠯᠳᠠᠯᠭ᠎ᠠ ᠲᠠᠢ ᠳᠠᠪᠠᠭᠤᠯᠢᠭ ᠠᠵᠤ ᠦᠢᠯᠡᠰ ᠤᠨ ᠪᠠᠯᠠ ᠲᠣᠬᠢᠷᠠᠭᠤᠯᠭ᠎ᠠ ᠶᠢᠨ ᠠᠷᠭ᠎ᠠ ᠵᠠᠮ ᠢ | ᠥᠷᠭᠡᠳᠬᠡᠨ᠎ᠡ᠃ ᠬᠤᠷᠢᠶᠠᠪᠠᠰᠤ ᠵᠣᠬᠢᠬᠤ ᠳᠠᠩᠰᠠᠨ ᠤ ᠵᠣᠭᠤᠰ ᠤᠨ ᠪᠡᠯᠡ ᠲᠤᠬᠢᠷᠠᠭᠤᠯᠭ᠎ᠠ ᠶᠢᠨ ᠦᠢᠯᠡᠴᠢᠯᠡᠭᠡᠨ ᠤ | ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠲᠦᠯᠬᠢᠨ ᠠᠬᠢᠭᠤᠯᠵᠤ᠂ ᠬᠤᠷᠢᠶᠠᠪᠠᠰᠤ ᠵᠣᠬᠢᠬᠤ ᠳᠠᠩᠰᠠᠨ ᠤ ᠵᠣᠭᠤᠰ | ᠤᠨ ᠪᠡᠯᠡ ᠲᠤᠬᠢᠷᠠᠭᠤᠯᠭ᠎ᠠ ᠶᠢᠨ ᠦᠢᠯᠡᠴᠢᠯᠡᠭᠡᠨ ᠢ ᠥᠷᠭᠡᠵᠢᠭᠦᠯᠦᠨ᠎ᠡ᠃ ︽ᠬᠢᠩᠭᠠᠨ ᠠᠶᠢᠮᠠᠭ ᠤᠨ ᠮᠥᠩᠭᠦᠨ | ᠭᠦᠢᠯᠭᠡᠭᠡᠨ ᠢᠶᠠᠷ ︿ᠡᠷᠳᠡᠨᠢ ᠰᠢᠰᠢ ᠤᠰᠤᠨ ᠳᠤᠳᠤᠷᠭ᠎ᠠ ᠠᠯᠠᠰᠢᠨ ᠦᠬᠡᠷ ᠰᠠᠭᠠᠯᠢ ᠶᠢᠨ ᠦᠬᠡᠷ﹀ ᠤᠨ ᠠᠵᠤ | ᠦᠢᠯᠡᠰ ᠢ ᠳᠡᠮᠵᠢᠬᠦ ᠲᠤᠬᠠᠶ ᠬᠡᠷᠡᠭᠵᠢᠭᠦᠯᠬᠦ ᠰᠠᠨᠠᠯ︾ ︽ᠬᠢᠩᠭᠠᠨ ᠠᠶᠢᠮᠠᠭ ᠤᠨ ᠠᠯᠠᠰᠢᠨ ᠦᠬᠡᠷ ᠤᠨ ᠠᠵᠤ | ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠲᠤᠬᠠᠶ ᠰᠠᠨᠠᠯ︾ ᠢ ᠦᠨᠡᠨᠬᠦ | ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ | ᠭᠤᠤᠯᠳᠠᠯᠭ᠎ᠠ ᠶᠢ ᠦᠬᠡᠷ᠂ ᠠᠮᠤ ᠶᠢᠨ ᠠᠵᠤ ᠦᠢᠯᠡᠰ ᠳᠠᠰᠢ ᠬᠡᠯᠪᠠᠶᠢᠯᠭᠡᠬᠦ ᠶᠢ ᠬᠥᠲᠥᠯᠦᠨ ᠵᠢᠯᠣᠭᠤᠳᠤᠨ᠎ᠠ᠃ | ᠪᠣᠬᠢᠷᠲᠤᠯ ᠦᠭᠡᠢ ᠮᠥᠩᠭᠦᠨ ᠭᠦᠢᠯᠭᠡᠭᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠲᠠᠢ ᠣᠷᠭᠠᠨᠢᠭ ᠢᠶᠠᠷ ᠤᠶᠠᠯᠳᠤᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ᠂ ᠬᠠᠰᠢᠶ᠎ᠠ ᠬᠦᠷᠢᠶᠡᠨ ᠤ ᠠᠵᠤ ᠠᠬᠤᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ᠂ ᠠᠷᠢᠭᠤᠨ ᠴᠡᠪᠡᠷ ᠦᠢᠯᠡᠳᠪᠦᠷᠢᠯᠡᠯ᠂ ᠠᠷᠢᠭᠤᠨ ᠴᠡᠪᠡᠷ ᠡᠨᠧᠷᠭᠢ᠂ ᠡᠷᠬᠢᠯᠳᠡᠳᠦ ᠲᠠᠷᠢᠶᠠᠯᠠᠩ | ᠵᠡᠷᠭᠡ ᠲᠠᠢ ᠢᠳᠡᠪᠬᠢᠲᠡᠢ ᠵᠣᠯᠭᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠬᠢᠷᠲᠤᠯ ᠦᠭᠡᠢ ᠵᠢᠭᠡᠯᠡᠯᠭᠡ | ᠲᠠᠯᠪᠢᠬᠤ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ | ᠲᠤᠤᠷ᠎ᠠ ᠨᠡᠭᠦᠷᠡᠰᠦᠲᠥ᠋ᠷᠥᠭᠴᠢᠳᠦ᠂ ᠪᠣᠬᠢᠷᠲᠤᠯ ᠦᠭᠡᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶ᠎ᠡ | ᠲᠡᠰᠢ ᠰᠢᠯᠵᠢᠬᠦ ᠶᠢ ᠬᠦᠳᠦᠯᠦᠨ ᠵᠢᠯᠣᠭᠤᠳᠤᠨ᠎ᠠ᠃ | ︵ᠬᠤᠶᠠᠷ︶ ᠵᠦᠷᠢᠶᠡᠴᠢᠯᠡᠭᠰᠡᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠦᠷ ᠴᠠᠭ ᠡᠵᠡᠩᠨᠡᠯᠲᠡ ᠨᠢ | ᠬᠦᠴᠢᠷᠳᠡᠯ ᠲᠠᠢ ᠪᠣᠯᠤᠭᠰᠠᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ | ᠮᠠᠯᠴᠢᠳ ᠤᠨ ᠳᠤᠮᠳᠠ ᠵᠢᠵᠢᠭ ᠠᠵᠤ ᠠᠬᠤᠶᠢᠯᠠᠯ ᠠᠴᠠ ᠵᠢᠭᠡᠯᠡᠯᠭᠡ ᠠᠪᠬᠤ ᠥᠬᠡᠶ᠂ ᠲᠠᠰᠤᠷᠠᠯᠲᠠ ᠥᠬᠡᠶ ᠵᠢᠭᠡᠯᠡᠯᠭᠡ | ᠲᠠᠯᠪᠢᠬᠤ᠂ ᠵᠢᠭᠡᠯᠡᠯᠭᠡ ᠶᠢ ᠳᠠᠷᠤᠬᠤ ᠥᠬᠡᠶ ᠪᠠᠶᠢᠵᠤ᠂ ᠬᠤᠭᠤᠴᠠᠭ᠎ᠠ ᠶᠢ ᠤᠷᠲᠤᠳᠬᠠᠬᠤ᠂ ᠡᠬᠡ ᠮᠥᠩᠭᠦ ᠶᠢ ᠨᠢ | ᠪᠤᠴᠠᠭᠠᠬᠤ ᠥᠬᠡᠶ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ᠂ ᠢᠲᠡᠭᠡᠮᠵᠢᠲᠦ ᠵᠢᠭᠡᠯᠡᠯᠭᠡ ᠶᠢ ᠳᠠᠬᠢᠨ ᠵᠣᠬᠢᠶᠠᠨ | ᠪᠠᠶᠢᠭᠤᠯᠬᠤ᠂ ᠬᠤᠭᠤᠴᠠᠭ᠎ᠠ ᠬᠡᠲᠦᠷᠡᠭᠰᠡᠨ ᠬᠦᠤ ᠮᠥᠩᠭᠦ ᠶᠢ ᠨᠢ ᠬᠠᠰᠤᠵᠤ ᠭᠡᠯᠳᠦᠷᠢᠭᠦᠯᠬᠦ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠵᠢᠭᠡᠯᠡᠪᠡᠰᠦ ᠵᠣᠬᠢᠬᠤ ᠵᠢᠭᠡᠯᠡᠯᠭᠡ ᠶᠢ ᠨᠢ ᠪᠦᠬᠦᠨ ᠢ ᠵᠢᠭᠡᠯᠡᠭᠦᠯᠵᠦ᠂ ᠦᠷᠭᠦᠯᠵᠢᠯᠡᠭᠦᠯᠵᠦ | ᠪᠣᠯᠬᠤ ᠪᠥᠭᠡᠳ ᠲᠦᠷᠭᠡᠨ ᠦᠷᠭᠦᠯᠵᠢᠯᠡᠭᠦᠯᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠢᠲᠡᠭᠡᠮᠵᠢᠲᠦ | ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠨᠡᠮᠡᠭᠳᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠠᠯᠵᠢᠬᠤ ᠲᠠᠷᠢᠶᠠᠯᠠᠬᠤ ᠣᠷᠣᠨ ᠤ ᠦᠢᠯᠡᠰ | ᠪᠤᠰᠬᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠶᠢ ᠬᠥᠲᠥᠯᠥᠨ ᠵᠢᠯᠣᠭᠤᠳᠴᠤ | ᠵᠣᠷᠢᠭᠵᠢᠭᠤᠯᠵᠤ᠂ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠲᠦᠷᠭᠡᠨ ᠬᠢᠨᠠᠨ ᠵᠥᠪᠰᠢᠶᠡᠷᠡᠬᠦ | ᠨᠡᠪᠳᠡᠷᠡᠯ ᠢ ᠨᠡᠭᠡᠭᠡᠨ᠂ ᠭᠠᠷᠳᠠᠮ ᠤᠨ ᠵᠠᠷᠤᠳᠠᠯ ᠢ ᠬᠠᠰᠤᠵᠤ ᠬᠡᠯᠲᠦᠷᠢᠭᠦᠯᠦᠨ᠂ ᠲᠤᠬᠠᠶᠢᠯᠠᠭᠰᠠᠨ ᠠᠵᠢᠯ ᠤᠨ | ᠴᠤᠪᠤᠷᠠᠯ ᠢ ᠳᠥᠭᠦᠮᠴᠢᠯᠡᠵᠦ᠂ ᠢᠲᠡᠭᠡᠮᠵᠢᠲᠦ ᠵᠢᠭᠡᠯᠡᠯᠭᠡ ᠪᠣᠯᠤᠨ ᠤᠷᠲᠤᠪᠲᠤᠷ ᠪᠠ ᠤᠷᠳᠤ ᠬᠤᠭᠤᠴᠠᠭᠠᠨ ᠤ | ᠵᠢᠭᠡᠯᠡᠯᠭᠡ ᠶᠢ ᠨᠡᠮᠡᠭᠳᠡᠭᠦᠯᠦᠨ᠂ ᠵᠣᠭᠤᠰ ᠪᠤᠴᠠᠭᠠᠬᠤ ᠬᠤᠭᠤᠴᠠᠭ᠎ᠠ ᠬᠢᠵᠠᠭᠠᠷ ᠢ ᠵᠦᠢ ᠵᠣᠬᠢᠰᠲᠠᠶ ᠬᠤᠶᠢᠰᠢᠯᠠᠭᠤᠯᠵᠤ᠂ | ᠪᠠᠲᠤᠯᠠᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠴᠢᠯᠡᠭᠡᠨ ᠪᠣᠯᠤᠨ ᠨᠡᠩ ᠶᠡᠭᠡ ᠬᠠᠷᠠᠭᠠᠯᠵᠠᠯ ᠲᠠᠢ | ᠮᠥᠩᠭᠦᠨ ᠭᠦᠢᠯᠭᠡᠭᠡᠨ ᠤ ᠦᠢᠯᠡᠴᠢᠯᠡᠭᠡᠨ ᠬᠠᠩᠭᠠᠬᠤ ᠵᠡᠷᠭᠡ ᠵᠦᠷᠢᠶᠡᠴᠢᠯᠡᠭᠰᠡᠨ ᠲᠥᠷᠥ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠠᠪᠴᠤ᠂ ᠲᠠᠷᠢᠶᠠᠯᠠᠩ ᠮᠠᠯ ᠠᠵᠤ ᠠᠬᠤᠶ ᠲᠠᠢ ᠬᠤᠯᠪᠣᠭᠳᠠᠬᠤ ᠠᠵᠤ ᠠᠬᠤᠶᠢᠯᠠᠯ ᠤᠨ ᠵᠣᠭᠤᠰ | ᠪᠤᠴᠠᠭᠠᠬᠤ ᠳᠠᠷᠤᠯᠲᠠ ᠶᠢ ᠦᠨᠡᠨᠬᠦ ᠬᠥᠩᠭᠡᠷᠡᠭᠦᠯᠵᠦ᠂ ᠪᠡᠯᠡ ᠲᠤᠬᠢᠷᠠᠭᠤᠯᠭ᠎ᠠ ᠶᠢᠨ ᠥᠪᠡᠷ ᠤᠨ ᠥᠷᠳᠡᠭ ᠢ | ᠪᠠᠭᠤᠷᠠᠭᠤᠯᠤᠨ᠎ᠠ᠃ | ︵ᠭᠤᠷᠪᠠ︶ ᠬᠥᠳᠡᠭᠡ ᠲᠣᠰᠬᠤᠨ ᠤ ᠲᠦᠭᠡᠮᠡᠯ ᠬᠠᠷᠠᠭᠠᠯᠵᠠᠯᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠢ | ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶ ᠶᠢ ᠳᠡᠮᠵᠢᠬᠦ ᠪᠠ ᠰᠢᠶᠠᠨ ᠤ ᠬᠡᠪᠴᠢᠶᠡᠨ ᠤ ᠠᠵᠤ ᠠᠬᠤᠶ ᠶᠢᠨ | ᠬᠥᠭᠵᠢᠯᠲᠡ ᠶᠢ ᠳᠡᠮᠵᠢᠬᠦ ᠶᠡᠷᠦᠩᠬᠡᠶ ᠭᠠᠷᠳᠠᠴᠠ ᠪᠠ ᠢᠲᠡᠭᠡᠮᠵᠢᠲᠦ ᠵᠢᠭᠡᠯᠡᠯᠭᠡ ᠲᠠᠯᠪᠢᠬᠤ ᠬᠦᠴᠦᠯᠡᠬᠦ ᠴᠡᠭ ᠪᠣᠯᠭᠠᠵᠤ᠂ | ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠢᠶᠠᠷ ᠠᠳᠠᠯ ᠦᠢᠯᠡᠰ | ᠴᠣᠭᠴᠠᠯᠠᠵᠤ ᠠᠵᠢᠯ ᠣᠯᠭᠤᠬᠤ ᠶᠢ ᠲᠡᠳᠬᠦᠬᠦ ᠵᠢᠭᠡᠯᠡᠯᠭᠡ᠂ ᠠᠳᠠᠯ ᠦᠢᠯᠡᠰ ᠴᠣᠭᠴᠠᠯᠠᠬᠤ ᠶᠢᠨ ᠳᠠᠭᠠᠭᠠᠯᠲᠠ ᠶᠢᠨ | ᠵᠢᠭᠡᠯᠡᠯᠭᠡ ᠶᠢ ᠳᠡᠮᠵᠢᠬᠦ ᠡᠷᠴᠢᠮ ᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠴᠢᠩᠭᠠᠷᠠᠭᠤᠯᠵᠤ᠂ ᠮᠠᠯᠴᠢᠨ | ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ | ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠬᠥᠲᠥᠴᠢ ᠠᠵᠤ ᠠᠬᠤᠶᠢᠯᠠᠯ ᠵᠢᠴᠢ ᠬᠥᠳᠡᠭᠡ ᠲᠣᠰᠬᠤᠨ ᠤ | ᠠᠳᠠᠯ ᠦᠢᠯᠡᠰ ᠴᠣᠭᠴᠠᠯᠠᠭᠰᠠᠳ ᠢ ᠭᠤᠤᠯᠳᠠᠯᠭ᠎ᠠ ᠲᠠᠢ ᠲᠡᠳᠬᠦᠨ᠎ᠡ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠶ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ | ᠡᠯᠧᠺᠲᠷᠣᠨ ᠬᠤᠳᠠᠯᠳᠤᠭ᠎ᠠ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ᠂ ᠵᠢᠭᠤᠯᠴᠢᠯᠠᠯ ᠤᠨ ᠲᠠᠷᠢᠶᠠᠯᠠᠩ ᠮᠠᠯ | ᠠᠵᠤ ᠠᠬᠤᠶ᠂ ᠢᠨᠲ᠋ᠧᠷ ᠰᠦᠯᠵᠢᠶ᠎ᠡ + ᠲᠠᠷᠢᠶᠠᠯᠠᠩ ᠮᠠᠯ ᠠᠵᠤ ᠠᠬᠤᠶ ᠵᠡᠷᠭᠡ ᠰᠢᠨ᠎ᠡ ᠠᠵᠤ ᠦᠢᠯᠡᠰ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠦᠢᠯᠡᠴᠢᠯᠡᠬᠦ ᠢᠲᠡᠭᠡᠮᠵᠢᠲᠦ ᠵᠢᠭᠡᠯᠡᠯᠭᠡ ᠲᠠᠯᠪᠢᠬᠤ ᠬᠡᠪᠴᠢᠶ᠎ᠡ ᠪᠠ ᠬᠠᠮᠤᠷᠬᠤ ᠬᠡᠪᠴᠢᠶ᠎ᠡ ᠶᠢ ᠴᠢᠷᠮᠠᠶᠢᠨ ᠥᠷᠭᠡᠳᠬᠡᠨ᠎ᠡ | ᠃ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠨᠳᠤᠯᠭᠠᠲᠤ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠶ ᠬᠠᠮᠢᠶᠠᠷᠤᠯᠲᠠ᠂ ᠲᠠᠷᠢᠶᠠᠯᠠᠩ ᠮᠠᠯ | ᠠᠵᠤ ᠠᠬᠤᠶ ᠶᠢ ᠳᠡᠮᠵᠢᠬᠦ ᠳᠠᠬᠢᠨ ᠵᠢᠭᠡᠯᠡᠯᠭᠡ᠂ ᠪᠠᠭ᠎ᠠ ᠠᠵᠤ ᠠᠬᠤᠶ ᠶᠢ ᠳᠡᠮᠵᠢᠬᠦ ᠳᠠᠬᠢᠨ ᠵᠢᠭᠡᠯᠡᠯᠭᠡ᠂ ᠶᠠᠳᠠᠭᠤ ᠶᠢ | ᠲᠡᠳᠬᠦᠬᠦ ᠳᠠᠬᠢᠨ ᠵᠢᠭᠡᠯᠡᠯᠭᠡ᠂ ᠳᠠᠬᠢᠨ ᠰᠠᠭᠤᠳᠬᠠᠯᠲᠠᠶ ᠪᠡᠯᠡᠨ ᠵᠣᠭᠤᠰ ᠰᠣᠯᠢᠬᠤ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠳᠤ | ᠳᠣᠭᠢᠷᠠᠭᠤᠯᠬᠤ ᠶᠢ ᠬᠥᠲᠥᠯᠦᠨ ᠵᠢᠯᠣᠭᠤᠳᠤᠨ᠎ᠠ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ | ᠬᠠᠨᠳᠤᠭᠤᠯᠤᠭᠰᠠᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ | ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠲᠠᠯᠪᠢᠬᠤ ᠶᠢ ᠵᠢᠷᠤᠮᠵᠢᠭᠤᠯᠤᠨ᠂ | ᠬᠡᠷᠡᠭᠯᠡᠬᠦ ᠶᠢ ᠵᠢᠷᠤᠮᠵᠢᠭᠤᠯᠬᠤ ᠶᠢ ᠦᠨᠡᠨᠬᠦ ᠪᠠᠲᠤᠯᠠᠵᠤ᠂ ︽ᠡᠷᠦᠬᠡ ᠶᠢᠨ ᠵᠢᠭᠡᠯᠡᠯᠭᠡ ᠪᠠ ᠠᠵᠤ ᠠᠬᠤᠶᠢᠯᠠᠯ ᠤᠨ | ᠬᠡᠷᠡᠭᠯᠡᠯᠲᠡ︾ ᠵᠡᠷᠭᠡ ᠠᠰᠠᠭᠤᠳᠠᠯ ᠭᠠᠷᠭᠠᠬᠤ ᠥᠬᠡᠶ ᠪᠠᠶᠢᠬᠤ ᠬᠡᠷᠡᠭᠲᠡᠶ᠃ ᠪᠥᠬᠦ ᠲᠠᠯ᠎ᠠ ᠪᠠᠷ ᠶᠠᠳᠠᠭᠤ ᠠᠴᠠ | ᠠᠩᠭᠢᠵᠢᠷᠠᠭᠰᠠᠨ ᠤ ᠳᠠᠷᠠᠭᠠᠬᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠵᠠᠬ᠎ᠠ ᠬᠢᠵᠠᠭᠠᠷ ᠤᠨ ᠡᠷᠦᠬᠡ ᠶᠢᠨ | ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠢᠨᠠᠨ ᠵᠥᠪᠰᠢᠶᠡᠷᠡᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠵᠣᠬᠢᠴᠠᠭᠤᠯᠤᠨ᠂ ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠶᠢ ᠴᠠᠭ | ᠲᠤᠬᠠᠶ ᠳᠤᠨᠢ ᠬᠠᠩᠭᠠᠵᠤ᠂ ᠲᠡᠳᠡᠨ ᠤ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠰᠢᠨ᠎ᠡ ᠲᠥᠷᠥ ᠶᠢᠨ | ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠬᠡᠪ ᠤᠨ ᠦᠢᠯᠡᠳᠪᠦᠷᠢᠯᠡᠯ ᠡᠵᠡᠩᠨᠡᠯᠲᠡ ᠨᠢ ᠨᠥᠯᠥᠭᠡᠯᠡᠭᠳᠡᠬᠦ ᠥᠬᠡᠶ | ᠪᠠᠶᠢᠬᠤ ᠶᠢ ᠦᠨᠡᠨᠬᠦ ᠪᠠᠲᠤᠯᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠡᠩ ᠤᠯᠠᠨ ᠲᠣᠣᠷ ᠴᠡᠭ | ᠭᠠᠷᠭᠠᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠦᠷᠳᠡᠭᠡ ᠶᠢᠨ ᠲᠣᠣᠷ ᠰᠦᠯᠵᠢᠶ᠎ᠡ ᠶᠢ ᠪᠠᠶᠢᠷᠢᠰᠢᠭᠤᠯᠵᠤ᠂ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡᠨ ᠤ ᠴᠡᠭ᠂ ᠡᠯᠧᠺᠲᠷᠣᠨ ᠮᠠᠰᠢᠨ ᠪᠠᠭᠠᠵᠢ᠂ ᠨᠡᠭᠦᠳᠡᠯ ᠦᠢᠯᠡᠴᠢᠯᠡᠭᠡᠨ ᠤ ᠦᠷᠳᠡᠭᠡ ᠪᠠ ᠢᠨᠲ᠋ᠧᠷ | ᠰᠦᠯᠵᠢᠶ᠎ᠡ ᠵᠡᠷᠭᠡ ᠤᠯᠠᠨ ᠵᠦᠢᠯ ᠤᠨ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠪᠥᠬᠦ ᠠᠶᠢᠮᠠᠭ ᠤᠨ ᠪᠠᠩᠬᠢ ᠶᠢᠨ ᠪᠠᠶᠢᠭᠤᠯᠤᠮᠵᠢ ᠶᠢᠨ | ᠬᠥᠳᠡᠭᠡ ᠲᠣᠰᠬᠤᠨ ᠤ ᠡᠵᠡᠩᠨᠡᠯᠲᠡ ᠶᠢᠨ ᠲᠣᠤᠷ ᠴᠡᠭ ᠪᠠ ᠰᠦᠯᠵᠢᠶᠡᠨ ᠤ ᠬᠤᠳᠠᠯᠳᠤᠭᠠᠨ ᠤ ᠪᠠᠩᠬᠢ ᠶᠢ | ᠭᠦᠢᠴᠡᠳ ᠠᠰᠢᠭᠯᠠᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠡᠴᠦᠰ ᠤᠨ ᠨᠢᠭᠡ ᠺᠢᠯᠣᠮᠧᠲᠷ ᠢ | ᠨᠡᠪᠲᠡᠷᠡᠭᠦᠯᠵᠦ᠂ ᠳ᠋ᠦᠩᠨᠡᠨ ᠪᠤᠳᠤᠵᠤ ᠥᠭᠬᠦ᠂ ᠢᠲᠡᠭᠡᠮᠵᠢᠲᠦ ᠵᠢᠭᠡᠯᠡᠯᠭᠡ᠂ ᠳᠠᠭᠠᠳᠬᠠᠯ᠂ ᠡᠳ᠋ ᠤᠨ ᠶᠠᠪᠤᠳᠠᠯ ᠤᠨ | ᠬᠠᠮᠢᠶᠠᠷᠤᠯᠲᠠ ᠵᠡᠷᠭᠡ ᠦᠢᠯᠡᠴᠢᠯᠡᠭᠡᠨ ᠢ ᠤᠷᠲᠤᠳᠬᠠᠨ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ︽ᠰᠢᠨᠵᠢᠯᠡᠬᠦ ᠤᠬᠠᠭᠠᠨ ᠮᠡᠷᠭᠡᠵᠢᠯᠵᠢᠭᠦᠯᠬᠦ︾ ᠶᠢ ᠬᠥᠳᠡᠭᠡ ᠲᠣᠰᠬᠤᠨ ᠤ ᠮᠥᠩᠭᠦᠨ | ᠭᠦᠢᠯᠭᠡᠭᠡᠨ ᠤ ᠦᠢᠡᠯᠳᠭᠦᠨ ᠤ ︽ᠨᠤᠲᠤᠭ ᠤᠨ ᠠᠭᠤᠷ ᠠᠮᠢᠰᠬᠤᠯ︾ ᠯᠤᠭ᠎ᠠ ᠤᠶᠠᠯᠳᠤᠭᠤᠯᠬᠤ ᠶᠢ | ᠴᠢᠬᠤᠯᠠᠴᠢᠯᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠬᠦᠷᠲᠡᠮᠵᠢ ᠶᠢᠨ ᠴᠢᠨᠠᠷ ᠢ ᠳᠡᠭᠡᠭᠰᠢᠯᠡᠭᠦᠯᠦᠨ᠎ᠡ᠃ | ︵ᠳᠥᠷᠪᠡ︶ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠪᠠᠲᠤᠯᠠᠭ᠎ᠠ ᠶᠢᠨ ᠲᠦᠷᠢᠮ ᠢ | ᠲᠡᠭᠦᠯᠳᠡᠷᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠲᠥᠷᠥ ᠶᠢᠨ ᠪᠤᠳᠤᠯᠭ᠎ᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠦᠨ᠂ ᠳᠠᠭᠠᠳᠬᠠᠯ ᠤᠨ ᠵᠠᠷᠤᠳᠠᠯ ᠤᠨ ᠲᠥᠷᠥ ᠶᠢᠨ ᠳᠠᠭᠠᠳᠬᠠᠯ ᠤᠨ | ᠪᠠᠶᠢᠭᠤᠯᠤᠮᠵᠢ ᠶᠢᠨ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ | ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠳᠠᠭᠠᠳᠬᠠᠯ ᠤᠨ ᠲᠤᠭ᠎ᠠ ᠪᠠᠷ ᠨᠥᠬᠦᠪᠥᠷᠢᠯᠡᠬᠦ | ᠬᠡᠯᠪᠡᠷᠢ ᠶᠢᠨ ᠬᠤᠳᠠᠯᠳᠤᠭᠠᠨ ᠤ ᠳᠠᠭᠠᠳᠬᠠᠯ᠂ ᠣᠷᠣᠯᠭ᠎ᠠ ᠶᠢᠨ ᠳᠠᠭᠠᠳᠬᠠᠯ᠂ ᠦᠨ᠎ᠡ ᠬᠠᠩᠰᠢ ᠶᠢᠨ ᠳᠠᠭᠠᠳᠬᠠᠯ | ᠵᠢᠴᠢ ᠨᠤᠲᠤᠭ ᠪᠡᠯᠴᠢᠭᠡᠷ ᠤᠨ ᠤᠨᠴᠠᠯᠢᠭᠳᠤ ᠳᠠᠭᠠᠳᠬᠠᠯ ᠵᠡᠷᠭᠡ ᠰᠢᠨ᠎ᠡ ᠦᠢᠯᠡᠳᠭᠦᠨ ᠢ ᠵᠢᠷᠤᠭᠯᠠᠨ ᠲᠥᠯᠥᠪᠯᠡᠵᠦ | ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠡᠷᠳᠡᠨᠢ ᠰᠢᠰᠢ ᠪᠣᠯᠤᠨ ᠤᠰᠤᠨ ᠲᠤᠲᠤᠷᠭ᠎ᠠ ᠵᠡᠷᠭᠡ ᠭᠤᠣᠯ ᠪᠣᠯᠬᠤ | ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠦᠷᠲᠡᠭ ᠤᠨ ᠳᠠᠭᠠᠳᠬᠠᠯ ᠤᠨ ᠲᠤᠷᠰᠢᠯᠲᠠ ᠶᠢ ᠰᠦᠪᠡᠭᠴᠢᠯᠡᠨ | ᠥᠷᠨᠢᠭᠦᠯᠦᠨ᠎ᠡ᠃ ᠳᠠᠭᠠᠳᠬᠠᠯ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠠᠬᠢᠭᠤᠯᠵᠤ᠂ ︽ᠳᠠᠭᠠᠳᠬᠠᠯ + | ᠬᠤᠭᠤᠴᠠᠭᠠᠲᠤ ᠪᠠᠷᠠᠭ᠎ᠠ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ | ᠬᠤᠭᠤᠴᠠᠭᠠᠲᠤ ᠪᠠᠷᠠᠭ᠎ᠠ ᠪᠠ ᠲᠠᠷᠢᠶᠠᠯᠠᠩ ᠤᠨ ᠳᠠᠭᠠᠳᠬᠠᠯ ᠤᠨ ᠬᠠᠮᠲᠤᠷᠠᠨ ᠬᠥᠳᠡᠯᠦᠯᠴᠡᠬᠦ ᠲᠤᠬᠠᠶᠢᠯᠠᠭᠰᠠᠨ ᠠᠵᠢᠯ ᠢ | ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠲᠦᠭᠰᠢᠭᠦᠷᠢ ᠶᠢᠨ ᠳᠠᠭᠠᠳᠬᠠᠯ ᠤᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ | ᠦᠷᠡᠵᠢᠭᠦᠯᠬᠦ ᠳᠠᠭᠠᠳᠬᠠᠯ ᠢ ᠰᠦᠪᠡᠭᠴᠢᠯᠡᠨ ᠲᠥᠯᠬᠢᠨ ᠠᠬᠢᠭᠤᠯᠤᠨ᠎ᠠ᠃ ᠲᠠᠷᠢᠶᠠᠯᠠᠩ ᠤᠨ ᠳᠠᠭᠠᠳᠬᠠᠯ ᠤᠨ | ᠺᠣᠮᠫᠠᠨᠢ ᠶᠢ ᠪᠤᠶᠢᠵᠢᠭᠤᠯᠬᠤ ᠶᠢ ᠲᠦᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ | ᠲᠠᠷᠢᠶᠠᠴᠢᠨ ᠮᠠᠯᠴᠢᠳ ᠤᠨ ᠲᠠᠷᠢᠶᠠᠯᠠᠩ ᠤᠨ ᠳᠠᠭᠠᠳᠬᠠᠯ ᠤᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ︵ᠲᠠᠪᠤ︶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ | ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠯᠤᠰ ᠤᠨ | ᠥᠮᠴᠢᠯᠡᠯᠲᠦ ᠳᠠᠭᠠᠭᠠᠯᠲᠠ ᠶᠢᠨ ᠳᠠᠩᠰᠠᠯᠠᠭᠤᠯᠤᠭᠰᠠᠨ ᠬᠥᠷᠥᠩᠭᠡ ᠮᠥᠩᠭᠦ ᠶᠢ ᠨᠡᠮᠡᠭᠳᠡᠭᠦᠯᠵᠦ᠂ ᠤᠯᠤᠰ ᠤᠨ | ᠥᠮᠴᠢᠯᠡᠯᠲᠦ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢᠨ ᠪᠣᠳᠠᠲᠤ ᠬᠦᠴᠦᠨ ᠢ ᠪᠤᠵᠠᠭᠠᠶᠢᠷᠠᠭᠤᠯᠤᠨ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠯᠤᠰ ᠤᠨ ᠥᠮᠴᠢᠯᠡᠯᠲᠦ ᠳᠠᠭᠠᠭᠠᠯᠲᠠ ᠶᠢᠨ ᠺᠣᠮᠫᠠᠨᠢ ᠶᠢᠨ ᠮᠠᠨ ᠤ | ᠠᠶᠢᠮᠠᠭ ᠲᠤ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠢᠳᠡᠪᠬᠢᠲᠡᠶ ᠲᠡᠮᠡᠴᠡᠨ ᠤᠯᠬᠤ ᠪᠤᠶᠤ ᠮᠠᠨ ᠤ | ᠠᠶᠢᠮᠠᠭ ᠤᠨ ᠳᠠᠭᠠᠭᠠᠯᠲᠠ ᠶᠢᠨ ᠪᠠᠶᠢᠭᠤᠯᠤᠮᠵᠢ ᠯᠤᠭ᠎ᠠ ᠬᠠᠮᠲᠤᠷᠠᠯᠴᠠᠬᠤ ᠲᠣᠭᠲᠠᠴᠠ ᠪᠠᠶᠢᠭᠤᠯᠵᠤ᠂ | ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠠᠬᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ᠂ | ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠤ ᠦᠢᠯᠡᠰ ᠤᠨ | ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠶᠢᠮᠠᠭ ᠤᠨ ᠲᠠᠷᠢᠶᠠᠯᠠᠩ ᠮᠠᠯ ᠠᠵᠤ | ᠠᠬᠤᠶ ᠶᠢᠨ ᠳᠠᠭᠠᠭᠠᠯᠲᠠ ᠶᠢᠨ ᠺᠣᠮᠫᠠᠨᠢ᠂ ᠷᠦᠩ ᠰᠢᠨ ᠳᠠᠭᠠᠭᠠᠯᠲᠠ ᠶᠢᠨ ᠺᠣᠮᠫᠠᠨᠢ ᠶᠢᠨ ᠳᠠᠩᠰᠠᠯᠠᠭᠤᠯᠤᠭᠰᠠᠨ | ᠬᠥᠷᠥᠩᠭᠡ ᠮᠥᠩᠭᠦ ᠶᠢ ᠨᠡᠮᠡᠭᠳᠡᠭᠦᠯᠬᠦ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠦᠷᠢᠶᠡᠨ ᠳᠤ ᠭᠤᠤᠯᠳᠠᠯᠭ᠎ᠠ ᠲᠠᠢ ᠦᠢᠯᠡᠴᠢᠯᠡᠨ᠎ᠡ᠃ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ | ᠤᠯᠤᠰ ᠤᠨ ᠥᠮᠴᠢᠯᠡᠯᠲᠦ ᠳᠠᠭᠠᠭᠠᠯᠲᠠ ᠶᠢᠨ ᠺᠣᠮᠫᠠᠨᠢ ᠪᠠᠶᠢᠭᠤᠯᠬᠤ ᠶᠢ ᠵᠣᠷᠢᠭᠵᠢᠭᠤᠯᠵᠤ᠂ ᠰᠢᠶᠠᠨ ᠤ ᠬᠡᠪᠴᠢᠶᠡᠨ ᠤ | ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠂ ᠬᠠᠷᠢᠯᠴᠠᠨ | ᠬᠤᠪᠢ ᠡᠵᠡᠮᠰᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠭᠠᠭᠠᠯᠲᠠ ᠶᠢᠨ ᠪᠦᠯᠦᠭᠯᠡᠯ ᠢ ᠵᠣᠬᠢᠶᠠᠨ ᠪᠠᠶᠢᠭᠤᠯᠵᠤ | ᠂ ᠲᠣᠭᠤᠷᠢᠭ᠂ ᠠᠶᠢᠮᠠᠭ᠂ ᠬᠤᠰᠢᠭᠤ ︵ᠰᠢᠶᠠᠨ ᠬᠤᠲᠠ︶ ᠭᠤᠷᠪᠠᠨ ᠱᠠᠲᠤᠨ ᠤ ᠳᠠᠭᠠᠭᠠᠯᠲᠠ ᠶᠢᠨ ᠰᠢᠰᠲ᠋ᠧᠮᠵᠢ ᠶᠢ | ᠪᠦᠷᠢᠯᠳᠦᠭᠦᠯᠦᠨ᠎ᠡ᠃ | ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠠᠭᠤᠷᠢ ᠮᠥᠩᠭᠦ ᠶᠢᠨ ᠬᠥᠲᠥᠯᠦᠨ | ᠵᠢᠯᠣᠭᠤᠳᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠵᠠᠰᠠᠭ ᠤᠨ ᠣᠷᠳᠣᠨ ᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ | ᠵᠢᠯᠣᠭᠤᠳᠬᠤ ᠰᠠᠭᠤᠷᠢ ᠮᠥᠩᠭᠦ ᠶᠢ ᠪᠠᠶᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠪᠠ | ᠴᠢᠬᠤᠯᠠ ᠶᠡᠭᠡ ᠵᠦᠢᠯᠡᠰ ᠤᠨ ᠪᠦᠳᠦᠭᠡᠨ ᠬᠢᠩᠭᠠᠨ ᠠᠶᠢᠮᠠᠭ ᠤᠨ ᠠᠮᠤ ᠪᠤᠳᠠᠭᠠᠨ ᠤ ᠠᠵᠤ ᠦᠢᠯᠡᠰ᠂ ᠦᠬᠡᠷ ᠤᠨ | ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠬᠤ ᠶᠢ ᠠᠬᠢᠭᠤᠯᠵᠤ᠂ ᠰᠠᠭᠠᠯᠢ ᠶᠢᠨ ᠦᠨᠢᠶ᠎ᠡ᠂ | ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠨ᠎ᠡ᠃ | ᠨᠡᠶᠢᠭᠡᠮ ᠤᠨ ᠬᠥᠷᠥᠩᠭᠡ ᠶᠢ ᠲᠡᠳᠡᠨ ᠣᠷᠣᠯᠴᠠᠭᠤᠯᠵᠤ᠂ ᠰᠲ᠋ᠣᠺ ᠤᠨ ᠡᠷᠬᠡ ᠪᠠᠷ ᠪᠠᠯᠠ ᠣᠷᠣᠭᠤᠯᠬᠤ ᠵᠡᠷᠭᠡ ᠵᠠᠬ᠎ᠠ | ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠭᠵᠢᠯᠲᠡ ᠶᠢᠨ ᠳᠠᠯᠳᠠ ᠬᠦᠴᠦᠨ ᠲᠠᠢ᠂ ᠳᠠᠶᠢᠴᠢᠯᠠᠬᠤ | ᠴᠢᠳᠠᠪᠤᠷᠢ ᠲᠠᠢ ᠴᠢᠨᠠᠷ ᠰᠠᠶᠢᠲᠠᠶ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠢ ᠭᠤᠤᠯᠳᠠᠯᠭ᠎ᠠ ᠲᠠᠢ | ᠳᠡᠮᠵᠢᠨ᠎ᠡ᠃ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠠᠷᠠᠭᠠᠰᠤ ᠠᠴᠠ ᠮᠥᠩᠭᠦᠨ ᠭᠦᠢᠯᠭᠡᠭᠡᠨ ᠤ ᠦᠢᠯᠡᠴᠢᠯᠡᠭᠡ | ᠶᠢ ᠰᠦᠪᠡᠭᠴᠢᠯᠡᠵᠦ᠂ ᠠᠵᠤ ᠦᠢᠯᠡᠰ ᠤᠨ ᠰᠠᠭᠤᠷᠢ ᠮᠥᠩᠭᠦ ᠶᠢᠨ ᠮᠠᠨ ᠤ ᠠᠶᠢᠮᠠᠭ ᠤᠨ ᠠᠮᠤ ᠪᠤᠳᠠᠭᠠᠨ ᠤ ᠠᠵᠤ | ᠦᠢᠯᠡᠰ᠂ ᠦᠬᠡᠷ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠵᠢᠴᠢ ᠭᠤᠤᠯᠳᠠᠯᠭ᠎ᠠ ᠲᠠᠢ ᠠᠵᠤ | ᠦᠢᠯᠡᠰ ᠤᠨ ᠪᠤᠶᠢᠵᠢᠯᠲᠠ ᠳᠠᠬᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ︽ ᠡᠷᠳᠡᠨᠢ ᠰᠢᠰᠢ ᠤᠰᠤᠨ | ᠲᠤᠳᠤᠷᠭ᠎ᠠ ᠠᠯᠠᠰᠢᠨ ᠦᠬᠡᠷ ᠰᠠᠭᠠᠯᠢ ᠶᠢᠨ ᠦᠨᠢᠶ᠎ᠡ ︾ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠯᠠ | ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠳᠤᠮᠳᠠ ᠵᠢᠵᠢᠭ ᠠᠵᠤ ᠠᠬᠤᠶᠢᠯᠠᠯ ᠤᠨ | ᠰᠢᠯᠵᠢᠯᠲᠡ ᠶᠢᠨ ᠴᠢᠨᠠᠷᠲᠠᠶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠠᠵᠤ ᠠᠬᠤᠶᠢᠯᠠᠯ ᠤᠨ ᠵᠢᠭᠡᠯᠡᠯᠭᠡ | ᠪᠤᠴᠠᠭᠠᠬᠤ ᠡᠷᠭᠢᠯᠲᠡ ᠶᠢᠨ ᠬᠦᠴᠢᠷ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ᠠᠵᠤ ᠠᠬᠤᠶᠢᠯᠠᠯ ᠤᠨ | ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ | ︵ᠳᠣᠯᠤᠭ᠎ᠠ︶ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠠᠵᠤ ᠠᠬᠤᠶᠢᠯᠠᠯ ᠤᠨ ᠰᠢᠭᠤᠳ ᠪᠠᠯᠠ | ᠲᠣᠬᠢᠷᠠᠭᠤᠯᠭ᠎ᠠ ᠬᠢᠬᠦ ᠶᠢ ᠵᠣᠷᠢᠭᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ | ᠡᠵᠡᠩᠨᠡᠯᠲᠡ ᠶᠢᠨ ᠭᠤᠣᠯ ᠴᠣᠭᠴᠠ ᠶᠢᠨ ᠺᠣᠮᠫᠠᠨᠢ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ | ᠲᠡᠭᠦᠯᠳᠡᠷᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠲᠠᠢ ᠢᠳᠡᠪᠬᠢᠲᠡᠶ ᠪᠠᠷ ᠵᠣᠯᠭᠠᠭᠤᠯᠵᠤ᠂ ︽ᠬᠢᠩᠭᠠᠨ | ᠠᠶᠢᠮᠠᠭ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠠᠬᠢᠭᠤᠯᠬᠤ ᠠᠵᠢᠯ ᠤᠨ | ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ︽ᠬᠢᠩᠭᠠᠨ ᠠᠶᠢᠮᠠᠭ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠭᠠᠷᠴᠤ ᠫᠠᠶᠢᠰᠠ ᠡᠯᠭᠦᠬᠦ ᠶᠢ ᠱᠠᠩᠨᠠᠬᠤ ᠠᠷᠭ᠎ᠠ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠨᠥᠬᠦᠴᠡᠯ ᠳᠤ | ᠨᠡᠶᠢᠴᠡᠬᠦ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠠᠵᠤ ᠠᠬᠤᠶᠢᠯᠠᠯ ᠤᠨ ᠭᠤᠤᠯ ᠬᠠᠪᠳᠠᠰᠦ᠂ ᠳᠤᠮᠳᠠ | ᠵᠢᠵᠢᠭ ᠬᠠᠪᠳᠠᠰᠦ᠂ ᠠᠳᠠᠯ ᠦᠢᠯᠡᠰ ᠴᠣᠭᠴᠠᠯᠠᠬᠤ ᠬᠠᠪᠳᠠᠰᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠬᠠᠪᠳᠠᠰᠦ ᠵᠢᠴᠢ ᠰᠢᠨ᠎ᠡ ᠭᠤᠷᠪᠠᠳᠤᠭᠠᠷ ᠬᠠᠪᠳᠠᠰᠦ ᠵᠡᠷᠭᠡ ᠳᠤ ᠵᠠᠬ᠎ᠠ ᠳᠡᠯᠭᠡᠭᠦᠷ ᠲᠤ ᠭᠠᠷᠬᠤ ᠪᠠ ᠫᠠᠶᠢᠰᠠ | ᠡᠯᠭᠦᠨ ᠪᠠᠯᠠ ᠲᠣᠬᠢᠷᠠᠭᠤᠯᠬᠤ ᠶᠢ ᠵᠣᠷᠢᠭᠵᠢᠭᠤᠯᠤᠨ ᠳᠡᠮᠵᠢᠨ᠎ᠡ᠃ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ | ᠠᠵᠤ ᠠᠬᠤᠶᠢᠯᠠᠯ ᠤᠨ ᠺᠣᠮᠫᠠᠨᠢ ᠶᠢᠨ ᠵᠢᠭᠡᠯᠡᠯᠭᠡ᠂ ᠡᠳ᠋ ᠬᠥᠷᠥᠩᠭᠡ ᠶᠢᠨ ᠲᠡᠮᠳᠡᠭᠴᠢᠯᠡᠬᠦ᠂ ᠤᠷᠲᠤᠪᠲᠤᠷ | ᠬᠤᠭᠤᠴᠠᠭᠠᠨ ᠤ ᠫᠢᠶᠣᠣ ᠪᠠᠷᠢᠮᠲᠠ ᠵᠡᠷᠭᠡ ᠵᠢᠭᠡᠯᠡᠯᠭᠡ ᠶᠢᠨ ᠲᠡᠮᠳᠡᠭᠲᠦ ᠶᠢᠨ ᠪᠠᠯᠠ ᠲᠣᠬᠢᠷᠠᠭᠤᠯᠭ᠎ᠠ ᠶᠢᠨ ᠪᠠᠭᠠᠵᠢ ᠶᠢ | ᠠᠰᠢᠭᠯᠠᠨ ᠰᠢᠭᠤᠳ ᠪᠠᠯᠠ ᠲᠣᠬᠢᠷᠠᠭᠤᠯᠬᠤ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ | ︵ ᠨᠠᠢᠮᠠ︶ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠲᠠᠰ ᠤᠨ ᠲᠠᠰ ᠲᠣᠭᠲᠠᠭᠠᠨ ᠢᠲᠡᠭᠡᠮᠵᠢ | ᠣᠯᠭᠤᠬᠤ ᠠᠵᠢᠯ ᠢ ᠥᠷᠭᠡᠨ ᠳᠡᠯᠭᠡᠷ ᠥᠷᠨᠢᠭᠦᠯᠦᠨ᠂ ᠢᠲᠡᠭᠡᠮᠵᠢᠲᠦ ᠰᠢᠶᠠᠩ ︵ᠪᠠᠯᠭᠠᠰᠤ︶᠂ ᠢᠲᠡᠭᠡᠮᠵᠢᠲᠦ | ᠲᠣᠰᠬᠤᠨ᠂ ᠢᠲᠡᠭᠡᠮᠵᠢᠲᠦ ᠬᠡᠷᠡᠭᠯᠡᠭᠴᠢ ᠳᠤ ᠮᠥᠩᠭᠦᠨ ᠭᠦᠢᠯᠭᠡᠭᠡᠨ ᠤ ᠳᠡᠮᠵᠢᠯᠭᠡ ᠬᠦᠷᠲᠡᠭᠡᠬᠦ ᠲᠥᠷᠥ ᠶᠢᠨ | ᠪᠣᠳᠣᠯᠭ᠎ᠠ ᠶᠢ ᠰᠦᠪᠡᠭᠴᠢᠯᠡᠵᠦ᠂ ᠦᠨᠡᠨᠴᠢ ᠢᠲᠡᠭᠡᠮᠵᠢᠲᠡᠶ ᠪᠠᠷ ᠬᠥᠲᠥᠯᠦᠨ ᠵᠢᠯᠣᠭᠤᠳᠬᠤ ᠬᠥᠮᠦᠵᠢᠯ ᠢ | ᠴᠢᠩᠭᠠᠳᠬᠠᠨ᠂ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠮᠠᠯᠵᠢᠬᠤ | ᠲᠠᠷᠢᠶᠠᠯᠠᠬᠤ ᠣᠷᠣᠨ ᠳᠤ ᠦᠨᠡᠨᠴᠢ ᠢᠲᠡᠭᠡᠮᠵᠢᠲᠡᠶ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠶᠢᠰᠦ︶ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠲᠣᠤᠷ ᠴᠡᠭ ᠢᠶᠠᠷ ᠲᠤᠯᠭᠠᠭᠤᠷᠢᠯᠠᠯ ᠪᠣᠯᠭᠠᠵᠤ᠂ | ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠳᠦᠷᠢᠮ︾ ᠳᠤ ᠴᠢᠭᠯᠡᠭᠦᠯᠦᠨ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ | ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ | ᠥᠷᠨᠢᠭᠦᠯᠵᠦ᠂ ᠠᠶᠢᠯ ᠲᠣᠰᠬᠤᠨ᠂ ᠲᠠᠷᠢᠶᠠᠴᠢᠨ ᠡᠷᠦᠬᠡ ᠳᠤ ᠭᠦᠨᠵᠡᠭᠡᠶᠢᠷᠡᠨ᠂ ᠬᠥᠳᠡᠭᠡ ᠲᠣᠰᠬᠤᠨ ᠤ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠶᠤᠯ | ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠪᠠ ᠡᠰᠡᠷᠭᠦᠴᠡᠨ ᠬᠤᠷᠢᠭᠯᠠᠬᠤ ᠤᠬᠠᠮᠰᠠᠷ ᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠭᠠᠵᠠᠷ ᠣᠷᠣᠨ ᠤ ᠮᠥᠩᠭᠦᠨ ᠭᠦᠢᠯᠭᠡᠭᠡᠨ ᠤ ᠡᠮᠬᠢ ᠵᠢᠷᠤᠮ ᠪᠠ ᠨᠡᠶᠢᠭᠡᠮ ᠤᠨ ᠲᠣᠭᠲᠠᠭᠤᠨ | ᠪᠠᠶᠢᠳᠠᠯ ᠢ ᠦᠨᠡᠨ ᠬᠦ ᠬᠠᠮᠠᠭᠠᠯᠠᠨ᠎ᠠ᠃ ᠬᠥᠳᠡᠭᠡ ᠲᠣᠰᠬᠤᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠥᠪ | ᠴᠢᠭᠯᠡᠯ ᠢᠶᠠᠷ ᠤᠷᠮᠠᠰᠢᠭᠤᠯᠬᠤ ᠪᠠ ᠬᠥᠲᠥᠯᠦᠨ ᠵᠢᠯᠣᠭᠤᠳᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠤᠨ᠎ᠠ᠃ | ᠳᠥᠷᠪᠡ᠂ ᠪᠠᠲᠤᠯᠠᠭ᠎ᠠ ᠶᠢᠨ ᠲᠣᠭᠲᠠᠴᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠢᠩᠭᠠᠨ ᠠᠶᠢᠮᠠᠭ ᠤᠨ | ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠵᠦ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠶᠢᠮᠠᠭ ᠤᠨ ᠵᠠᠬᠢᠷᠭ᠎ᠠ ᠶᠢᠨ | ᠬᠤᠪᠢᠳᠠᠨ ᠬᠠᠮᠢᠶᠠᠷᠴᠤ ᠪᠠᠶᠢᠭ᠎ᠠ ᠠᠶᠢᠮᠠᠭ ᠤᠨ ᠳᠡᠳ᠋ ᠳᠠᠷᠤᠭ᠎ᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠵᠦ᠂ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠭᠡᠷ᠂ ᠠᠷᠠᠳ ᠤᠨ ᠪᠠᠩᠬᠢ ᠶᠢᠨ ᠬᠢᠩᠭᠠᠨ | ᠠᠶᠢᠮᠠᠭ ᠤᠨ ᠭᠤᠣᠯ ᠰᠠᠯᠪᠤᠷᠢ ᠪᠠᠩᠬᠢ ᠵᠢᠴᠢ ᠬᠢᠩᠭᠠᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠬᠤᠪᠢᠶᠠᠷᠢ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ | ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠪᠦᠷᠢᠯᠳᠦᠬᠦᠨ | ᠨᠢᠭᠡᠴᠢ ᠪᠣᠯᠭᠠᠵᠤ᠂ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ | ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠬᠡᠷ ᠲᠤ ᠳᠣᠭᠢᠷᠠᠭᠤᠯᠤᠨ᠂ ᠠᠵᠢᠯ ᠢ ᠠᠬᠢᠭᠤᠯᠤᠨ ᠵᠣᠬᠢᠴᠠᠭᠤᠯᠬᠤ | ᠲᠣᠭᠲᠠᠴᠠ ᠶᠢ ᠬᠠᠷᠢᠭᠤᠴᠠᠨ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ | ᠨᠡᠪᠲᠡᠷᠡᠯᠴᠡᠭᠡ ᠪᠠ ᠬᠠᠮᠲᠤᠪᠠᠷ ᠡᠳ᠋ᠯᠡᠬᠦ ᠶᠢ ᠴᠢᠩᠭᠠᠳᠬᠠᠨ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠰᠢᠮᠳᠠᠭᠤᠯᠤᠨ ᠵᠢᠯᠣᠭᠤᠳᠴᠤ ᠪᠠᠶᠢᠭᠠᠳ ᠲᠣᠰ ᠲᠥᠰᠦᠯ ᠲᠠᠢ ᠤᠶᠠᠯᠳᠤᠭᠤᠯᠤᠨ ᠪᠣᠳᠠᠲᠠᠶ ᠠᠵᠢᠯ ᠤᠨ ᠠᠷᠭ᠎ᠠ | ᠬᠡᠮᠵᠢᠶ᠎ᠡ ᠲᠣᠭᠲᠠᠭᠠᠵᠤ᠂ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠳᠡᠮᠵᠢᠬᠦ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠵᠠᠳᠠᠯᠵᠤ᠂ ᠠᠵᠢᠯ ᠤᠨ ᠡᠬᠡ ᠲᠠᠩᠰᠠ | ᠲᠣᠭᠲᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠨ᠎ᠠ᠃ | ︵ᠬᠤᠶᠠᠷ︶ ᠰᠢᠮᠳᠠᠭᠤᠯᠤᠨ ᠵᠢᠯᠣᠭᠤᠳᠴᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ | ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ | ᠪᠠᠶᠢᠩᠭᠤᠵᠢᠭᠤᠯᠤᠭᠰᠠᠨ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠲᠣᠭᠲᠠᠴᠠ ᠪᠠ ᠰᠢᠯᠭᠠᠨ | ᠬᠢᠨᠠᠬᠤ ᠲᠣᠭᠲᠠᠴᠠ ᠶᠢ ᠪᠠᠶᠢᠭᠤᠯᠵᠤ᠂ ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠳᠡᠮᠵᠢᠵᠦ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠤᠨ ᠬᠠᠮᠢᠶ᠎ᠠ | ᠪᠥᠬᠦᠶ ᠭᠦᠢᠴᠡᠳᠭᠡᠯ ᠲᠤᠭ᠎ᠠ ᠶᠢ ︽ᠬᠤᠰᠢᠭᠤ ᠰᠢᠶᠠᠨ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ | ᠰᠢᠯᠭᠠᠨ ᠬᠢᠨᠠᠬᠤ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠢᠯ ᠤᠨ ᠠᠮᠵᠢᠯᠲᠠ ᠶᠢ ᠦᠨᠡᠯᠡᠬᠦ ᠠᠷᠭ᠎ᠠ︾ | ᠶᠢᠨ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢᠶᠠᠨ | ᠪᠠᠶᠢᠴᠠᠭᠠᠬᠤ᠂ ᠰᠤᠭᠤᠴᠢᠨ ᠪᠠᠶᠢᠴᠠᠭᠠᠬᠤ᠂ ᠬᠠᠷᠢᠯᠴᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠬᠠᠮᠢᠶ᠎ᠠ ᠪᠥᠬᠦᠶ | ᠨᠢᠭᠡᠴᠢ ᠳᠤ ᠬᠢᠨᠠᠯᠲᠠ ᠲᠠᠯᠪᠢᠵᠤ ᠰᠢᠯᠭᠠᠨ ᠬᠢᠨᠠᠨ᠎ᠠ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠢᠶᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠵᠦ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠠᠵᠢᠯ ᠤᠨ ᠠᠷᠭ᠎ᠠ ᠬᠢᠳᠡᠯ ᠪᠠ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠨᠡᠶᠢᠭᠡᠮ ᠤᠨ | ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠡᠯ᠎ᠡ ᠲᠠᠯ᠎ᠠ ᠶᠢᠨ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠪᠠᠶᠢᠯᠳᠤᠬᠤ ᠪᠣᠳᠣᠯᠭ᠎ᠠ ᠶᠢᠨ ᠰᠠᠶᠢᠨ ᠰᠠᠶᠢᠬᠠᠨ ᠰᠢᠨ᠎ᠡ ᠶᠢ | ᠡᠭᠦᠳᠬᠦ ᠶᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠪᠠ ᠵᠢᠱᠢᠶ᠎ᠡ | ᠦᠵᠡᠭᠦᠯᠬᠦ ᠵᠠᠭᠪᠤᠷ ᠢ ᠴᠠᠭ ᠲᠤᠬᠠᠶ ᠳᠤᠨᠢ ᠳ᠋ᠦᠩᠨᠡᠵᠦ᠂ ᠨᠢᠭᠡ ᠪᠦᠯᠦᠭ ᠮᠥᠩᠭᠦᠨ ᠭᠦᠢᠯᠭᠡᠭᠡᠨ ᠢᠶᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ ᠲᠠᠢ | ᠢᠨᠵᠧᠨᠧᠷᠢᠩ᠂ ᠴᠢᠬᠤᠯᠠ ᠶᠡᠭᠡ ᠲᠥᠷᠥᠯ ᠵᠦᠶ᠋ᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠠᠨᠢᠯᠴᠠᠭᠤᠯᠵᠤ᠂ | ᠪᠥᠬᠦ ᠠᠶᠢᠮᠠᠭ ᠲᠤ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠬᠠᠩᠭᠠᠨ᠎ᠠ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ | ᠰᠠᠯᠠᠭ᠎ᠠ | 2021 ᠣᠨ ᠤ 9 ᠰᠠᠷ᠎ᠠ ᠶᠢᠨ 29 ᠤ ᠡᠳᠦᠷ |