ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ | ᠡᠯᠧᠺᠲᠷᠤᠨ ᠬᠤᠳᠠᠯᠳᠤᠭᠠᠨ ᠤ ᠲᠠᠯᠠᠪᠤᠷ ︵ᠳᠣᠷᠣᠭᠰᠢ ︽ ᠡᠯᠧᠺᠲᠷᠤᠨ ᠬᠤᠳᠠᠯᠳᠤᠭᠠᠨ ᠤ ᠲᠠᠯᠠᠪᠤᠷ︾ ᠭᠡᠵᠦ | ᠲᠣᠪᠴᠢᠯᠠᠨ᠎ᠠ︶ ᠠᠴᠠ ᠬᠤᠳᠠᠯᠳᠤᠨ ᠠᠪᠠᠨ᠋ᠥ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ ᠤᠨ ᠣᠷᠳᠣᠨ ᠤ ᠬᠤᠳᠠᠯᠳᠤᠨ | ᠠᠪᠠᠨ᠋ᠥ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠨ ᠠᠪᠠᠨ᠋ᠥ ᠥᠪᠡᠷ ᠤᠨ ᠥᠷᠲᠡᠭ ᠢ ᠪᠠᠭᠤᠷᠠᠭᠤᠯᠤᠨ᠂ | ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠡᠯ᠎ᠡ ᠲᠠᠯ᠎ᠠ ᠶᠢᠨ ᠬᠤᠯᠪᠤᠭᠳᠠᠬᠤ | ᠬᠦᠮᠦᠰ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠡᠯᠧᠺᠲᠷᠣᠨ ᠬᠤᠳᠠᠯᠳᠤᠭᠠᠨ ᠤ ᠲᠠᠯᠠᠪᠤᠷ ᠢ ᠡᠷᠡᠭᠦᠯ | ᠂ ᠲᠥᠪ ᠭᠤᠤᠯᠴᠢ᠂ ᠡᠮᠬᠢ ᠵᠢᠷᠤᠮ ᠲᠠᠢ ᠡᠵᠡᠩᠨᠡᠬᠦ ᠶᠢ ᠨᠠᠩ ᠰᠠᠶᠢᠲᠤᠷ ᠠᠬᠢᠭᠤᠯᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠲᠥᠪ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠬᠠᠮᠢᠶᠠᠷᠤᠯᠲᠠ ᠶᠢᠨ | ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠂ ᠡᠳᠦᠭᠡ ᠳᠣᠤᠷᠠᠬᠢ ᠮᠡᠲᠦ | ᠲᠠᠶᠢᠯᠤᠮᠵᠢ ᠬᠢᠶ᠎ᠡ᠄ | ᠨᠢᠭᠡ᠂ ︽ᠠᠷᠭ᠎ᠠ︾ ᠶᠢ ᠶᠠᠮᠠᠷ ᠠᠬᠤᠶ ᠪᠠᠶᠢᠳᠠᠯ ᠳᠤ ᠨᠡᠶᠢᠲᠡᠯᠡᠭᠰᠡᠨ ᠪᠣᠶ︖ | ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ | ︾ ᠵᠢᠴᠢ ᠲᠤᠰ ᠬᠠᠤᠯᠢ ᠶᠢ ᠬᠡᠷᠡᠭᠵᠢᠭᠦᠯᠬᠦ ᠳᠦᠷᠢᠮ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠪᠠᠲᠤᠯᠠᠭᠰᠠᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾᠂ ᠡᠳ᠋ ᠤᠨ ᠵᠠᠰᠠᠭ ᠤᠨ ᠶᠠᠮᠤᠨ ᠤ ᠬᠡᠷᠡᠭᠵᠢᠭᠦᠯᠬᠦ ᠰᠠᠨᠠᠯ ᠪᠠ | ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠪᠦᠬᠦ ᠣᠷᠣᠨ ᠢ ᠬᠠᠮᠤᠷᠤᠭᠰᠠᠨ ᠡᠯᠧᠺᠲᠷᠤᠨ | ᠬᠤᠳᠠᠯᠳᠤᠭᠠᠨ ᠤ ᠲᠠᠯᠠᠪᠤᠷ ᠶᠢ ᠪᠠᠶᠢᠭᠤᠯᠤᠭᠠᠳ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ | ᠬᠢᠯᠪᠡᠷᠴᠢᠯᠠᠬᠤ᠂ ᠳᠥᠭᠦᠮᠴᠢᠯᠡᠬᠦ ᠶᠢ ᠶᠡᠬᠡᠪᠡᠷ ᠠᠭᠢᠭᠤᠯᠤᠭᠰᠠᠨ ᠪᠠᠶᠢᠨ᠎ᠠ᠂ ᠭᠡᠬᠦ ᠳᠡᠭᠡᠨ ᠵᠠᠰᠠᠭ ᠤᠨ ᠣᠷᠳᠣᠨ ᠤ | ᠬᠤᠳᠠᠯᠳᠤᠨ ᠠᠪᠬᠤ ᠳᠦᠷᠢᠮ ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ | ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ | ᠪᠦᠷᠢᠨᠰᠢᠭᠦᠯᠬᠦ ᠠᠵᠢᠯ ᠲᠤᠯᠭᠠᠮ ᠱᠠᠭᠠᠷᠳᠠᠭᠳᠠᠵᠤ ᠪᠠᠶᠢᠨ᠎ᠠ᠂ ᠡᠶᠢᠨ ᠬᠦ ᠭᠦᠢᠴᠡᠳ ᠪᠠᠶᠢᠴᠠᠭᠠᠨ ᠰᠣᠳᠤᠯᠤᠯᠲᠠ | ᠬᠢᠭᠰᠡᠨ ᠰᠠᠭᠤᠷᠢᠨ ᠳᠡᠭᠡᠷ᠎ᠡ ᠮᠠᠨ ᠤ ᠣᠷᠣᠨ ᠤ ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠠᠵᠢᠯᠯᠠᠭᠠᠨ ᠤ | ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠠᠷᠭ᠎ᠠ ᠶᠢ ᠲᠣᠭᠲᠠᠭᠠᠨ ᠨᠡᠶᠢᠲᠡᠯᠡᠪᠡ᠃ | ᠬᠤᠶᠠᠷ᠂ ᠲᠤᠰ ︽ᠠᠷᠭ᠎ᠠ︾ ᠶᠢ ᠲᠣᠭᠲᠠᠭᠠᠭᠰᠠᠨ ᠭᠤᠤᠯ ᠦᠨᠳᠦᠰᠦᠯᠡᠯ ᠨᠢ ᠶᠠᠭᠤ ᠪᠣᠶ︖ | ᠲᠤᠰ ︽ᠠᠷᠭ᠎ᠠ︾ ᠨᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠲᠤᠰ ᠬᠠᠤᠯᠢ ᠶᠢ ᠬᠡᠷᠡᠭᠵᠢᠭᠦᠯᠬᠦ ᠳᠦᠷᠢᠮ᠂ ︽ᠵᠠᠰᠠᠭ ᠤᠨ | ᠣᠷᠳᠣᠨ ᠤ ᠬᠤᠳᠠᠯᠳᠤᠨ ᠠᠪᠬᠤ ᠪᠠᠷᠠᠭ᠎ᠠ ᠪᠠ ᠦᠶ᠋ᠯᠡᠴᠢᠯᠡᠭᠡᠨ ᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ 87 ᠳ᠋ᠤᠭᠠᠷ ᠲᠣᠭᠠᠲᠤ ᠵᠠᠷᠯᠢᠭ︶᠂ ︽ | ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠪᠤᠰᠤ | ᠠᠷᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ 74 ᠳ᠋ᠦ᠋ᠭᠡᠷ ᠲᠣᠭᠠᠲᠤ ᠵᠠᠷᠯᠢᠭ︶᠂ ︽ | ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠬᠦ ᠳᠦᠷᠢᠮ︾᠂ ︽ᠵᠠᠰᠠᠭ ᠤᠨ ᠣᠷᠳᠣᠨ ᠤ | ᠬᠤᠳᠠᠯᠳᠤᠨ ᠠᠪᠬᠤ ᠶᠢ ᠰᠡᠵᠢᠭᠯᠡᠬᠦ ᠪᠠ ᠵᠠᠭᠠᠯᠳᠤᠬᠤ ᠠᠷᠭ᠎ᠠ︾ ︵ᠡᠳ᠋ ᠤᠨ ᠵᠠᠰᠠᠭ ᠤᠨ ᠶᠠᠮᠤᠨ 94 ᠳ᠋ᠦ᠋ᠭᠡᠷ | ᠲᠣᠭᠠᠲᠤ ᠵᠠᠷᠯᠢᠭ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠠᠢ᠃ | | ᠭᠤᠷᠪᠠ᠂ ︽ᠠᠷᠭ᠎ᠠ︾ ᠳᠤ ᠲᠣᠭᠲᠠᠭᠠᠭᠰᠠᠨ ᠭᠤᠤᠯ ᠵᠠᠷᠴᠢᠮ ᠶᠠᠭᠤ ᠪᠣᠶ︖ | ᠨᠢᠭᠡ ᠳᠤ᠂ ᠬᠠᠤᠯᠢ ᠲᠣᠭᠲᠠᠭᠠᠯ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠰᠠᠯᠠᠭ᠎ᠠ | ᠮᠥᠴᠢᠷ ᠤᠨ ᠲᠦᠷᠢᠮ ᠲᠣᠭᠲᠠᠭᠠᠯ ᠢ ᠦᠨᠳᠦᠰᠦᠯᠡᠨ ᠲᠦᠷᠢᠮ ᠤᠨ ᠵᠢᠷᠤᠭ ᠲᠥᠯᠥᠪᠯᠡᠭᠡ ᠬᠢᠪᠡ᠃ | ᠬᠤᠶᠠᠷ ᠲᠤ ︽ᠲᠠᠯᠪᠢᠬᠤ ᠬᠠᠮᠢᠶᠠᠷᠬᠤ ᠦᠢᠯᠡᠴᠢᠯᠡᠬᠦ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠥᠪᠰᠢᠶᠡᠷᠡᠨ | ᠣᠷᠣᠭᠤᠯᠬᠤ ᠪᠠᠷᠢᠮᠵᠢᠶ᠎ᠠ ᠶᠢ ᠳᠣᠷᠣᠭᠰᠢᠯᠠᠭᠤᠯᠤᠨ᠂ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠵᠤ᠂ ᠳᠥᠭᠦᠮ | ᠳᠥᠲᠡ ᠣᠷᠴᠢᠨ ᠨᠥᠬᠦᠴᠡᠯ ᠢ ᠪᠣᠶ ᠪᠣᠯᠭᠠᠵᠠᠢ᠃ | ᠭᠤᠷᠪᠠ ᠳᠤ ︽ᠬᠡᠨ ᠡᠯᠰᠡᠨ ᠴᠤᠭᠯᠠᠭᠤᠯᠤᠭᠰᠠᠨ ᠪᠣᠯ ᠲᠡᠷᠡ ᠬᠢᠨᠠᠨ ᠬᠠᠷᠭᠤᠭᠤᠯᠵᠤ᠂ ᠬᠠᠷᠢᠭᠤᠴᠠᠵᠤ᠂ ᠬᠢᠨᠠᠨ | ᠬᠠᠮᠢᠶᠠᠷᠬᠤ︾ ᠵᠠᠷᠴᠢᠮ ᠢ ᠵᠢᠷᠤᠮᠯᠠᠨ᠂ ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠡᠵᠡᠩᠨᠡᠯᠲᠡ ᠪᠠ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠪᠠ᠃ | ᠲᠦᠷᠪᠡ ᠳᠤ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠬᠤᠯᠪᠤᠭᠳᠠᠬᠤ ᠬᠥᠮᠦᠨ ᠤ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠬᠤᠶᠠᠷ ᠲᠠᠯ᠎ᠠ ᠶᠢᠨ ᠬᠤᠯᠪᠤᠭᠳᠠᠬᠤ ᠬᠥᠮᠦᠨ ᠡᠯᠧᠺᠲᠷᠤᠨ ᠬᠤᠳᠠᠯᠳᠤᠭᠠᠨ ᠤ ᠲᠠᠯᠠᠪᠤᠷ ᠲᠤ | ᠠᠷᠠᠯᠵᠢᠶ᠎ᠠ ᠬᠢᠬᠦ ᠦᠶᠡᠰ ᠲᠤ ᠭᠦᠢᠴᠡᠳᠬᠡᠬᠦ ᠶᠣᠰᠣᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢ | ᠲᠣᠳᠤᠷᠬᠠᠶᠢᠯᠠᠪᠠ᠃ | ᠲᠠᠪᠤ ᠳᠤ᠂ ᠱᠠᠲᠤ ᠬᠤᠪᠢᠶᠠᠨ ᠬᠠᠮᠢᠶᠠᠷᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ | ᠪᠠᠷᠢᠮᠲᠠᠯᠠᠵᠤ᠂ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠦᠢᠯᠡ | ᠪᠠᠶᠢᠳᠠᠯ ᠪᠠ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠵᠡᠷᠭᠡ ᠶᠢ ᠶᠡᠷᠦᠩᠬᠡᠶᠢᠯᠡᠨ | ᠪᠣᠳᠣᠯᠬᠢᠯᠠᠵᠤ᠂ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠬᠡᠮᠵᠢᠶ᠎ᠡ ᠯᠦᠭᠡ ᠵᠣᠬᠢᠴᠠᠯᠳᠤᠭᠰᠠᠨ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠬᠢᠷᠠᠭᠤᠯᠵᠠᠢ᠃ | ᠳᠥᠷᠪᠡ᠂ ︽ᠠᠷᠭ᠎ᠠ︾ ᠶᠢ ᠶᠠᠮᠠᠷ ᠬᠡᠪᠴᠢᠶᠡᠨ ᠳᠤ ᠬᠡᠷᠡᠭᠯᠡᠬᠦ ᠪᠣᠶ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠵᠢᠯ | ᠦᠢᠯᠡᠰ ᠤᠨ ᠨᠢᠭᠡᠴᠢ ᠪᠠ ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ ᠨᠤᠭᠤᠳ ︵ᠳᠣᠷᠣᠭᠰᠢ ︽ | ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠢᠶᠠᠷ ᠡᠯᠧᠺᠲᠷᠤᠨ | ᠬᠤᠳᠠᠯᠳᠤᠭᠠᠨ ᠤ ᠲᠠᠯᠠᠪᠤᠷ ᠢᠶᠠᠷ ᠳᠠᠮᠵᠢᠭᠤᠯᠤᠨ ᠲᠠᠸᠠᠷ ᠬᠠᠩᠭᠠᠬᠤ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ | ᠪᠠᠶᠢᠭᠤᠯᠤᠯᠲᠠ ᠪᠤᠶᠤ ᠪᠠᠶᠢᠭᠠᠯᠢ ᠬᠥᠮᠦᠨ ︵ᠳᠣᠷᠣᠭᠰᠢ ︽ᠬᠠᠩᠭᠠᠭᠴᠢ ᠬᠤᠳᠠᠯᠳᠤᠭᠠᠴᠢᠨ︾ ᠭᠡᠵᠦ ᠲᠣᠪᠴᠢᠯᠠᠨ᠎ᠠ︶ | ᠠᠴᠠ ᠬᠠᠤᠯᠢ ᠶᠣᠰᠣᠭᠠᠷ ᠲᠣᠭᠲᠠᠭᠠᠭᠰᠠᠨ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ | ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠪᠤᠶᠤ ᠲᠥᠪᠯᠡᠷᠡᠭᠦᠯᠦᠨ | ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ᠂ ᠲᠠᠷᠠᠬᠠᠶ ᠪᠤᠲᠠᠷᠬᠠᠶ ᠬᠤᠳᠠᠯᠳᠤᠨ ᠠᠪᠬᠤ ᠬᠢᠵᠠᠭᠠᠷ ᠲᠤᠭ᠎ᠠ ᠶᠢᠨ | ᠪᠠᠷᠢᠮᠵᠢᠶ᠎ᠠ ᠠᠴᠠ ᠳᠣᠷᠣᠭᠰᠢᠬᠢ ᠪᠠᠷᠠᠭ᠎ᠠ ᠪᠠ ᠦᠢᠯᠡᠴᠢᠯᠡᠭᠡᠨ ᠢ ᠬᠤᠳᠠᠯᠳᠤᠨ ᠠᠪᠬᠤ ᠳᠤ ᠲᠤᠰ ᠠᠷᠭ᠎ᠠ ᠶᠢ | ᠬᠡᠷᠡᠭᠯᠡᠨ᠎ᠡ᠃ | ᠲᠠᠪᠤ᠂ ︽ᠠᠷᠭ᠎ᠠ︾ ᠶᠢᠨ ᠳᠣᠲᠣᠷᠠᠬᠢ ᠪᠠᠷᠠᠭᠠᠨ ᠤ ᠨᠡᠷᠡᠰ ᠤᠨ ᠭᠠᠷᠴᠠᠭ ᠲᠤ ᠶᠠᠭᠤ ᠶᠠᠭᠤ ᠪᠠᠶᠢᠬᠤ ᠪᠣᠶ︖ | ᠬᠤᠳᠠᠯᠳᠤᠨ ᠠᠪᠬᠤ ᠦᠶᠡᠰ ᠲᠤ ᠬᠡᠷᠬᠢᠨ ᠠᠰᠢᠭᠯᠠᠬᠤ ᠪᠣᠢ︖ | ᠬᠠᠨ ᠳᠤ᠂ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠪᠠᠷᠠᠭᠠᠨ ᠤ ᠨᠡᠷᠡᠰ ᠤᠨ ᠭᠠᠷᠴᠠᠭ ᠲᠤ ᠲᠥᠪᠯᠡᠷᠡᠭᠦᠯᠦᠨ | ᠬᠤᠳᠠᠯᠳᠤᠨ ᠠᠪᠬᠤ ᠭᠠᠷᠴᠠᠭ ᠤᠨ ᠳᠣᠲᠣᠷᠠᠬᠢ ᠬᠤᠳᠠᠯᠳᠤᠨ ᠠᠪᠬᠤ ᠪᠠᠷᠠᠭᠠᠨ ᠤ ᠨᠡᠷᠡᠰ ᠪᠠ ᠲᠥᠪᠯᠡᠷᠡᠭᠦᠯᠦᠨ | ᠬᠤᠳᠠᠯᠳᠤᠨ ᠠᠪᠬᠤ ᠭᠠᠷᠴᠠᠭ ᠤᠨ ᠭᠠᠳᠠᠨᠠᠬᠢ ᠬᠤᠳᠠᠯᠳᠤᠨ ᠠᠪᠬᠤ ᠪᠠᠷᠠᠭᠠᠨ ᠤ ᠨᠡᠷᠡᠰ ᠢ ᠪᠠᠭᠲᠠᠭᠠᠵᠤ ᠪᠤᠢ᠃ ︽ | ᠪᠥᠬᠦ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠤᠯᠪᠣᠭᠳᠠᠯ ᠪᠥᠬᠦᠶ ᠲᠥᠷᠥ ᠶᠢᠨ | ᠪᠣᠳᠣᠯᠭ᠎ᠠ ︵2020 ᠣᠨ ᠤ ᠬᠡᠪᠯᠡᠯ︶︾ ᠶᠢᠨ ᠲᠣᠭᠲᠠᠭᠠᠯ ᠢ ᠦᠨᠳᠦᠰᠦᠯᠡᠪᠡᠯ᠂ ᠬᠤᠳᠠᠯᠳᠤᠨ ᠠᠪᠤᠭᠴᠢ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠲᠣᠳᠤᠷᠠᠬᠢ ᠵᠢᠴᠢ᠂ ᠢᠯᠡ ᠪᠠᠷ ᠳᠠᠭᠠᠭᠠᠴᠢᠯᠠᠯᠲᠠ ᠵᠠᠷᠯᠠᠬᠤ | ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ᠂ ᠬᠤᠳᠠᠯᠳᠤᠨ ᠠᠪᠬᠤ ᠲᠦᠷᠢᠮ ᠳᠤ ᠡᠯᠧᠺᠲᠷᠤᠨ | ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠪᠠᠷᠠᠭ᠎ᠠ ᠪᠤᠶᠤ ᠦᠢᠯᠡᠴᠢᠯᠡᠭᠡᠨ ᠤ ᠲᠥᠷᠥᠯ ᠵᠦᠢᠯᠡᠰ ᠢ | ᠨᠢᠭᠡᠨᠲᠡ ᠲᠣᠳᠣᠷᠬᠠᠶᠢᠯᠠᠭᠰᠠᠨ ᠪᠠᠶᠢᠪᠠᠯ᠂ ᠡᠯᠧᠺᠲᠷᠤᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ | ᠬᠡᠷᠡᠭᠲᠡᠢ︔ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ ᠵᠢᠴᠢ᠂ ᠬᠡᠰᠡᠭᠯᠡᠨ ᠬᠤᠳᠠᠯᠳᠤᠨ | ᠠᠪᠬᠤ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠳᠤ ᠥᠯᠥ ᠬᠦᠷᠦᠭᠰᠡᠨ ᠪᠠᠷᠠᠭ᠎ᠠ ᠪᠤᠶᠤ ᠦᠢᠯᠡᠴᠢᠯᠡᠭᠡᠨ ᠤ | ᠲᠥᠷᠥᠯ ᠵᠦᠢᠯᠡᠰ ᠢ ᠬᠤᠳᠠᠯᠳᠤᠨ ᠠᠪᠬᠤ ᠦᠶᠡᠰ᠂ ᠡᠯᠧᠺᠲᠷᠤᠨ ᠬᠤᠳᠠᠯᠳᠤᠭᠠᠨ ᠤ ᠲᠠᠯᠠᠪᠤᠷ ᠪᠤᠶᠤ ᠨᠢᠭᠡᠴᠢ ᠶᠢᠨ | ᠳᠣᠲᠣᠭᠠᠳᠤ ᠶᠢᠨ ᠡᠵᠡᠮᠳᠡᠬᠦ ᠳᠦᠷᠢᠮ ᠶᠣᠰᠣᠭᠠᠷ ᠬᠤᠳᠠᠯᠳᠤᠨ ᠠᠪᠴᠤ ᠪᠣᠯᠤᠨ᠎ᠠ᠃ | ᠵᠢᠷᠭᠤᠭ᠎ᠠ᠂ ︽ᠠᠷᠭ᠎ᠠ︾ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠵᠤ ᠪᠠᠶᠢᠬᠤ ᠪᠣᠶ︖ | ︽ᠠᠷᠭ᠎ᠠ︾ ᠨᠢ ᠶᠢᠰᠦᠳᠦᠭᠡᠷ ᠶᠡᠭᠡ ᠬᠡᠰᠡᠭ ᠢᠶᠠᠷ ᠪᠦᠷᠢᠯᠳᠦᠵᠦ ᠪᠤᠢ᠃ ᠨᠢᠭᠡᠳᠦᠭᠡᠷ ᠬᠡᠰᠡᠭ ᠶᠡᠷᠦᠩᠬᠡᠢ | ᠳᠦᠷᠢᠮ ᠳᠤ ᠭᠤᠣᠯᠳᠠᠭᠤ ᠡᠯᠧᠺᠲᠷᠤᠨ ᠬᠤᠳᠠᠯᠳᠤᠭᠠᠨ ᠤ ᠲᠠᠯᠠᠪᠤᠷ ᠢ ᠪᠦᠲᠦᠭᠡᠨ ᠪᠠᠶᠢᠭᠤᠯᠬᠤ ᠦᠨᠳᠦᠰᠦᠯᠡᠯ᠂ | ᠬᠡᠷᠡᠭᠯᠡᠬᠦ ᠬᠡᠪᠴᠢᠶ᠎ᠡ᠂ ᠠᠵᠢᠯᠯᠠᠭᠠᠨ ᠤ ᠦᠨᠳᠦᠰᠦᠨ ᠵᠠᠷᠴᠢᠮ ᠵᠡᠷᠭᠡ ᠠᠭᠤᠯᠭ᠎ᠠ ᠶᠢ ᠪᠠᠭᠲᠠᠭᠠᠨ᠎ᠠ︔ ᠬᠤᠶᠠᠳᠤᠭᠠᠷ | ᠬᠡᠰᠡᠭ ᠬᠤᠳᠠᠯᠳᠤᠨ ᠠᠪᠤᠭᠴᠢ ᠶᠢᠨ ᠬᠠᠮᠢᠶᠠᠷᠤᠯᠲᠠ ᠳᠤ ᠭᠤᠣᠯᠳᠠᠭᠤ ᠬᠤᠳᠠᠯᠳᠤᠨ ᠠᠪᠤᠭᠴᠢ ᠡᠯᠧᠺᠲᠷᠤᠨ | ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠭᠦᠢᠴᠡᠳᠬᠡᠬᠦ ᠶᠣᠰᠣᠲᠠᠢ ᠡᠭᠦᠷᠭᠡ ᠬᠠᠷᠢᠭᠤᠴᠠᠯᠭ᠎ᠠ ᠶᠢ | ᠲᠣᠳᠤᠷᠬᠠᠶᠢᠯᠠᠪᠠ︔ ᠭᠤᠷᠪᠠᠳᠤᠭᠠᠷ ᠬᠡᠰᠡᠭ ᠬᠤᠳᠠᠯᠳᠤᠭ᠎ᠠ ᠬᠠᠩᠭᠠᠭᠴᠢ ᠶᠢᠨ ᠬᠠᠮᠢᠶᠠᠷᠤᠯᠲᠠ ᠳᠤ ᠭᠤᠣᠯᠴᠠᠭᠤ | ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ ᠬᠠᠩᠭᠠᠭᠴᠢᠳ ᠤᠨ ᠡᠯᠧᠺᠲᠷᠤᠨ ᠬᠤᠳᠠᠯᠳᠤᠭᠠᠨ ᠤ | ᠲᠠᠯᠠᠪᠤᠷ ᠲᠤ ᠣᠷᠤᠬᠤ ᠨᠥᠬᠦᠴᠡᠯ ᠪᠠ ᠠᠷᠭ᠎ᠠ ᠮᠠᠶ᠋ᠢᠭ ᠢ ᠪᠠᠭᠲᠠᠭᠠᠨ᠎ᠠ︔ ᠳᠥᠷᠪᠡᠳᠦᠭᠡᠷ ᠬᠡᠰᠡᠭ ᠲᠠᠸᠠᠷ ᠤᠨ | ᠬᠠᠮᠢᠶᠠᠷᠤᠯᠲᠠ ᠳᠤ ᠭᠤᠣᠯᠳᠠᠭᠤ ᠡᠯᠧᠺᠲᠷᠤᠨ ᠬᠤᠳᠠᠯᠳᠤᠭᠠᠨ ᠤ ᠲᠠᠯᠠᠪᠤᠷ ᠲᠤ ᠲᠠᠸᠠᠷ ᠭᠠᠷᠭᠠᠬᠤ ᠳᠤ ᠡᠷᠬᠡᠪᠰᠢ | ᠪᠦᠷᠢᠳᠦᠭᠦᠯᠬᠦ ᠨᠥᠬᠦᠴᠡᠯ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠲᠠᠪᠤᠳᠤᠭᠠᠷ ᠬᠡᠰᠡᠭ ᠠᠷᠠᠯᠵᠢᠶᠠᠨ ᠤ | ᠬᠠᠮᠢᠶᠠᠷᠤᠯᠲᠠ ᠳᠤ ᠭᠤᠤᠯᠳᠠᠭᠤ ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠠᠷᠠᠯᠵᠢᠶᠠᠨ ᠤ ᠠᠷᠭ᠎ᠠ ᠮᠠᠶ᠋ᠢᠭ᠂ | ᠬᠡᠷᠡᠭᠯᠡᠬᠦ ᠠᠶ᠂ ᠠᠷᠠᠯᠵᠢᠶᠠᠯᠠᠬᠤ ᠪᠠ ᠠᠷᠠᠯᠵᠢᠶ᠎ᠠ ᠪᠦᠲᠦᠬᠦ ᠵᠠᠷᠴᠢᠮ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ | ᠵᠢᠷᠭᠤᠳᠤᠭᠠᠷ ᠬᠡᠰᠡᠭ ᠭᠡᠷ᠎ᠡ ᠪᠠ ᠭᠡᠷ᠎ᠡ ᠶᠢ ᠭᠦᠶ᠋ᠴᠡᠳᠬᠡᠬᠦ ᠬᠠᠮᠢᠶᠠᠷᠤᠯᠲᠠ᠂ ᠭᠤᠤᠯᠳᠠᠭᠤ ᠡᠯᠧᠺᠲᠷᠤᠨ | ᠬᠤᠳᠠᠯᠳᠤᠭᠠᠨ ᠤ ᠭᠡᠷ᠎ᠡ ᠲᠣᠭᠲᠠᠬᠤ᠂ ᠵᠠᠷᠯᠠᠨ ᠨᠡᠶᠢᠲᠡᠯᠡᠬᠦ᠂ ᠳᠥᠯᠥᠬᠦ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ | ᠳᠣᠯᠣᠳᠤᠭᠠᠷ ᠬᠡᠰᠡᠭ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠳᠤ ᠭᠤᠣᠯᠳᠠᠭᠤ ᠬᠤᠳᠠᠯᠳᠤᠨ ᠠᠪᠤᠭᠴᠢ ᠪᠠ | ᠬᠤᠳᠠᠯᠳᠤᠭ᠎ᠠ ᠬᠠᠩᠭᠠᠭᠴᠢ ᠠᠴᠠ ᠢᠲᠡᠭᠡᠮᠵᠢ ᠠᠯᠳᠠᠭᠰᠠᠨ ᠢ ᠨᠢ ᠵᠠᠯᠬᠠᠭᠠᠨ ᠴᠡᠭᠡᠷᠯᠡᠭᠦᠯᠬᠦ ᠵᠡᠷᠭᠡ | ᠠᠭᠤᠯᠭ᠎ᠠ ᠨᠤᠭᠤᠳ ᠢ ᠪᠠᠭᠲᠠᠭᠠᠨ᠎ᠠ︔ ᠨᠠᠢᠮᠠᠳᠤᠭᠠᠷ ᠬᠡᠰᠡᠭ ᠬᠢᠨᠠᠯᠲᠠ ᠬᠠᠮᠢᠶᠠᠷᠤᠯᠲᠠ ᠳᠤ ᠭᠤᠣᠯᠳᠠᠭᠤ ᠡᠯᠧᠺᠲᠷᠤᠨ | ᠬᠤᠳᠠᠯᠳᠤᠭᠠᠨ ᠤ ᠲᠠᠯᠠᠪᠤᠷ ᠤᠨ ᠡᠯ᠎ᠡ ᠲᠠᠯ᠎ᠠ ᠶᠢᠨ ᠬᠤᠯᠪᠤᠭᠳᠠᠬᠤ ᠬᠦᠮᠦᠰ ᠤᠨ ᠡᠷᠬᠡ ᠠᠰᠢᠭ ᠢ ᠬᠠᠮᠠᠭᠠᠯᠠᠬᠤ ᠪᠠ | ᠬᠢᠨᠠᠵᠤ ᠬᠠᠮᠢᠶᠠᠷᠬᠤ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠶᠢᠰᠦᠳᠦᠭᠡᠷ ᠬᠡᠰᠡᠭ ᠳᠠᠭᠠᠯᠳᠤᠭᠤᠯᠤᠯ | ᠲᠦᠷᠢᠮ ᠳᠤ ᠭᠤᠣᠯᠴᠠᠭᠤ ᠲᠤᠰ ᠠᠷᠭ᠎ᠠ ᠶᠢ ᠲᠠᠶᠢᠯᠪᠤᠷᠢᠯᠠᠬᠤ ᠡᠷᠬᠡ᠂ ᠭᠡᠯᠳᠦᠷᠢᠬᠦᠯᠬᠦ ᠵᠦᠢᠯ ᠵᠣᠷᠪᠤᠰ ᠪᠠ | ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ ᠠᠭᠤᠯᠭ᠎ᠠ ᠨᠤᠭᠤᠳ ᠢ ᠪᠠᠭᠲᠠᠭᠠᠵᠠᠢ᠃ | ᠳᠣᠯᠤᠭ᠎ᠠ᠂ ︽ᠠᠷᠭ᠎ᠠ︾ ᠳᠤ ᠬᠤᠳᠠᠯᠳᠤᠨ ᠠᠪᠤᠭᠴᠢ ᠬᠤᠳᠠᠯᠳᠤᠨ ᠠᠪᠬᠤ ᠬᠠᠮᠢᠶᠠᠷᠤᠯᠲᠠ ᠪᠠᠨ ᠬᠡᠷᠬᠢᠨ | ᠰᠠᠶᠢᠲᠤᠷ ᠬᠢᠬᠦ ᠪᠣᠶ︖ | ᠬᠤᠳᠠᠯᠳᠤᠨ ᠠᠪᠤᠭᠴᠢ ᠪᠣᠯ ᠡᠯᠧᠺᠲᠷᠤᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠭᠤᠤᠯ | ᠴᠣᠭᠴᠠ ᠮᠥᠨ᠂ ᠡᠯᠧᠺᠲᠷᠤᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠪᠠᠨ ᠬᠠᠮᠢᠶ᠎ᠠ ᠪᠥᠬᠦᠶ | ᠡᠭᠦᠷᠭᠡ ᠬᠠᠷᠢᠭᠤᠴᠠᠯᠭ᠎ᠠ ᠶᠢ ᠭᠦᠶ᠋ᠴᠡᠳᠬᠡᠵᠦ᠂ ︽ᠬᠡᠨ ᠬᠤᠳᠠᠯᠳᠤᠨ ᠠᠪᠤᠭᠰᠠᠨ ᠪᠣᠯ ᠲᠡᠷᠡ ᠬᠠᠷᠢᠭᠤᠴᠠᠬᠤ︾ | ᠵᠠᠷᠴᠢᠮ ᠶᠣᠰᠣᠭᠠᠷ᠂ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠ ᠬᠤᠳᠠᠯᠳᠤᠨ ᠠᠪᠤᠭᠰᠠᠨ ᠦᠷ᠎ᠡ | ᠳ᠋ᠦᠩ ᠳᠤ ᠬᠠᠷᠢᠭᠤᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠪᠦᠬᠦᠯᠢ ᠶᠢ ᠬᠡᠰᠡᠭᠯᠡᠨ | ᠰᠠᠯᠭᠠᠬᠤ ᠢᠯᠡ ᠪᠠᠷ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠬᠤ ᠦᠢᠯᠡᠠᠵᠢᠯᠯᠠᠭ᠎ᠠ ᠶᠢ ᠡᠷᠡᠰ ᠬᠤᠷᠢᠭᠯᠠᠵᠤ᠂ | ᠬᠢᠵᠠᠭᠠᠷᠯᠠᠬᠤ ᠴᠢᠨᠠᠷᠲᠠᠶ ᠨᠥᠬᠦᠴᠡᠯ ᠲᠣᠬᠢᠷᠠᠭᠤᠯᠬᠤ ᠪᠤᠶᠤ ᠵᠦᠶ ᠵᠣᠬᠢᠰ ᠥᠬᠡᠶ ᠨᠥᠬᠦᠴᠡᠯ ᠳᠤᠷᠠᠳᠬᠤ ᠡᠰᠡᠭᠦᠯ᠎ᠡ | ᠬᠤᠳᠠᠯᠳᠤᠭ᠎ᠠ ᠬᠠᠩᠭᠠᠬᠤ ᠪᠤᠯᠤᠮᠵᠢ ᠪᠦᠬᠦᠢ ᠬᠤᠳᠠᠯᠳᠤᠭᠠᠴᠢᠨ ᠤ ᠡᠯᠧᠺᠲᠷᠤᠨ ᠬᠤᠳᠠᠯᠳᠤᠭᠠᠨ ᠤ ᠲᠠᠯᠠᠪᠤᠷ ᠤᠨ | ᠠᠷᠠᠯᠵᠢᠶ᠎ᠠ ᠳᠤ ᠣᠷᠣᠯᠴᠠᠬᠤ ᠶᠢ ᠭᠠᠳᠠᠭᠤᠷᠴᠢᠯᠠᠬᠤ ᠵᠡᠷᠭᠡ ᠶᠢ ᠴᠠᠭᠠᠵᠠᠯᠠᠨ᠎ᠠ᠂ ᠡᠰᠡ ᠲᠡᠶᠢᠮᠦ ᠪᠣᠯ ︽ᠠᠷᠭ᠎ᠠ︾ | ᠳᠠᠬᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠨ᠎ᠡ ᠃ | ᠨᠠᠢᠮᠠ᠂ ︽ᠠᠷᠭ᠎ᠠ︾ ᠳᠤ ᠬᠤᠳᠠᠯᠳᠤᠭ᠎ᠠ ᠬᠠᠩᠭᠠᠭᠴᠢ ᠶᠢᠨ ᠡᠯᠧᠺᠲᠷᠤᠨ ᠬᠤᠳᠠᠯᠳᠤᠭᠠᠨ ᠤ ᠲᠠᠯᠠᠪᠤᠷ ᠲᠤ | ᠣᠷᠤᠵᠤ ᠬᠤᠳᠠᠯᠳᠤᠭ᠎ᠠ ᠡᠷᠬᠢᠯᠡᠬᠦ ᠶᠢ ᠬᠡᠷᠬᠢᠨ ᠬᠠᠮᠢᠶᠠᠷᠬᠤ ᠪᠣᠶ︖ | ᠬᠤᠳᠠᠯᠳᠤᠭ᠎ᠠ ᠬᠠᠩᠭᠠᠭᠴᠢ ᠶᠢᠨ ᠡᠯᠧᠺᠲᠷᠤᠨ ᠬᠤᠳᠠᠯᠳᠤᠭᠠᠨ ᠤ ᠲᠠᠯᠠᠪᠤᠷ ᠲᠤ ᠣᠷᠤᠵᠤ ᠬᠤᠳᠠᠯᠳᠤᠭ᠎ᠠ | ᠡᠷᠬᠢᠯᠡᠬᠦ ᠳᠤ ᠨᠢ ᠠᠮᠠᠯᠠᠯᠲᠠ ᠶᠢᠨ ᠲᠦᠷᠢᠮ ᠪᠠ ︽ᠨᠢᠭᠡ ᠭᠠᠵᠠᠷ ᠠᠴᠠ ᠡᠯᠰᠡᠵᠦ᠂ ᠪᠦᠬᠦ ᠣᠷᠤᠨ ᠳᠤ ᠬᠦᠷᠲᠡᠭᠡᠬᠦ︾ | ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠨ᠎ᠡ᠃ ᠡᠯᠧᠺᠲᠷᠤᠨ ᠬᠤᠳᠠᠯᠳᠤᠭᠠᠨ ᠤ ᠲᠠᠯᠠᠪᠤᠷ ᠲᠤ ᠡᠵᠡᠩᠨᠡᠯᠲᠡ ᠬᠢᠬᠦ | ᠬᠤᠳᠠᠯᠳᠤᠭ᠎ᠠ ᠬᠠᠩᠭᠠᠭᠴᠢ ᠥᠪᠡᠷ ᠤᠨ ᠦᠢᠯᠡᠴᠢᠯᠡᠭᠡᠨ ᠤ ᠴᠢᠳᠠᠪᠤᠷᠢ ᠪᠠᠨ ᠦᠨᠳᠦᠰᠦᠯᠡᠨ᠂ ᠲᠣᠭᠲᠠᠭᠠᠯ ᠶᠣᠰᠣᠭᠠᠷ | ᠡᠯᠧᠺᠲᠷᠤᠨ ᠬᠤᠳᠠᠯᠳᠤᠭᠠᠨ ᠤ ᠲᠠᠯᠠᠪᠤᠷ ᠲᠤ ᠭᠠᠷᠴᠤ᠂ ᠦᠨᠡᠨ ᠪᠣᠳᠠᠲᠠᠶ ᠬᠠᠤᠯᠢ ᠶᠢᠨ ᠬᠦᠴᠦᠨ ᠲᠠᠢ ᠬᠠᠮᠢᠶ᠎ᠠ | ᠪᠥᠬᠦᠶ ᠮᠠᠲ᠋ᠧᠷᠢᠶᠠᠯ ᠢᠶᠠᠨ ᠬᠠᠩᠭᠠᠨ᠎ᠠ᠂ ᠢᠲᠡᠭᠡᠮᠵᠢ ᠰᠠᠶᠢᠲᠠᠢ ᠠᠵᠤ ᠠᠬᠤᠶᠢᠯᠠᠯ ᠨᠢ ᠠᠳᠠᠯᠢ ᠨᠥᠬᠦᠴᠡᠯ ᠤᠨ ᠳᠣᠤᠷ᠎ᠠ | ᠤᠷᠢᠳᠠᠪᠠᠷ ᠡᠯᠧᠺᠲᠷᠤᠨ ᠬᠤᠳᠠᠯᠳᠤᠭᠠᠨ ᠤ ᠲᠠᠯᠠᠪᠤᠷ ᠲᠤ ᠡᠵᠡᠩᠨᠡᠯᠲᠡ ᠬᠢᠵᠦ ᠪᠣᠯᠤᠨ᠎ᠠ᠃ ᠨᠢᠭᠡᠨᠲᠡ ᠡᠯᠧᠺᠲᠷᠤᠨ | ᠬᠤᠳᠠᠯᠳᠤᠭᠠᠨ ᠤ ᠲᠠᠯᠠᠪᠤᠷ ᠲᠤ ᠠᠷᠠᠯᠵᠢᠶ᠎ᠠ ᠡᠷᠬᠢᠯᠡᠭᠰᠡᠨ ᠬᠤᠳᠠᠯᠳᠤᠭ᠎ᠠ ᠬᠠᠩᠭᠠᠭᠴᠢ ᠦᠨᠡᠨᠴᠢ ᠢᠲᠡᠭᠡᠮᠵᠢᠲᠡᠶ ᠪᠠᠷ | ᠠᠷᠠᠯᠵᠢᠶᠠᠯᠠᠬᠤ ᠪᠠ ᠬᠢᠨᠠᠯᠲᠠ ᠬᠠᠮᠢᠶᠠᠷᠤᠯᠲᠠ ᠶᠢ ᠳᠠᠭᠠᠬᠤ ᠪᠠᠨ ᠠᠮᠠᠯᠠᠬᠤ ᠶᠢᠨ ᠬᠠᠮᠲᠤ᠂ ᠬᠤᠳᠠᠯᠳᠤᠭ᠎ᠠ | ᠬᠠᠩᠭᠠᠭᠴᠢ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠶ᠋ᠴᠡᠳᠬᠡᠬᠦ ᠬᠡᠷᠡᠭᠲᠡᠶ᠃ ᠬᠦᠨᠳᠦ | ᠨᠣᠴᠢᠲᠠᠶ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠳᠤ ︽ᠨᠢᠭᠡ ᠭᠠᠵᠠᠷ ᠲᠤ ᠬᠦᠴᠦᠨ ᠦᠭᠡᠶ ᠪᠣᠯᠭᠠᠵᠤ᠂ | ᠪᠦᠬᠦ ᠣᠷᠣᠨ ᠠᠴᠠ ᠪᠤᠴᠠᠭᠠᠨ ᠭᠠᠷᠭᠠᠯᠭᠠᠬᠤ︾ ᠲᠣᠭᠲᠠᠴᠠ ᠶᠢ ᠬᠡᠷᠡᠭᠵᠢᠭᠦᠯᠵᠦ᠂ ᠢᠲᠡᠭᠡᠯ ᠠᠯᠳᠠᠭᠰᠠᠨ ᠠᠵᠤ | ᠠᠬᠤᠶᠢᠯᠠᠯ ᠤᠨ ᠮᠡᠳᠡᠭᠡ ᠵᠠᠩᠭᠢ ᠶᠢ ᠣᠯᠠᠨ᠎ᠠ ᠨᠡᠪᠲᠡᠷᠡᠭᠦᠯᠵᠦ᠂ ᠡᠯᠧᠺᠲᠷᠤᠨ ᠬᠤᠳᠠᠯᠳᠤᠭᠠᠨ ᠤ ᠲᠠᠯᠠᠪᠤᠷ ᠲᠤ | ᠠᠷᠠᠯᠵᠢᠶ᠎ᠠ ᠡᠷᠬᠢᠯᠡᠬᠦ ᠬᠢᠷᠢ ᠬᠡᠮ ᠢ ᠨᠢ ᠬᠠᠰᠤᠨ᠎ᠠ᠃ | ᠶᠢᠰᠦ᠂ ︽ᠠᠷᠭ᠎ᠠ︾ ᠳᠤ ᠲᠠᠸᠠᠷ ᠤᠳ ᠢ ᠬᠡᠷᠬᠢᠨ ᠬᠠᠮᠢᠶᠠᠷᠬᠤ ᠪᠣᠶ︖ | ᠡᠯᠧᠺᠲᠷᠣᠨ ᠬᠤᠳᠠᠯᠳᠤᠭᠠᠨ ᠤ ᠲᠠᠯᠠᠪᠤᠷ ᠲᠤ ᠠᠷᠠᠯᠵᠢᠶ᠎ᠠ ᠡᠷᠬᠢᠯᠡᠭᠰᠡᠨ ᠬᠤᠳᠠᠯᠳᠤᠭ᠎ᠠ ᠬᠠᠩᠭᠠᠭᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠤᠨ | ᠬᠤᠳᠠᠯᠳᠤᠭᠠᠨ ᠤ ᠲᠠᠯᠠᠪᠤᠷ ᠤᠨ ᠲᠠᠸᠠᠷ ᠤᠳ ᠤᠨ ᠨᠡᠶᠢᠲᠡᠯᠡᠯᠲᠡ ᠵᠢᠴᠢ ᠬᠠᠮᠢᠶᠠᠷᠤᠯᠲᠠ ᠶᠢᠨ ᠵᠢᠷᠤᠮᠵᠢᠯ︾ ᠤᠨ | ᠱᠠᠭᠠᠷᠳᠠᠯᠭ᠎ᠠ ᠶᠣᠰᠣᠭᠠᠷ ᠡᠯᠧᠺᠲᠷᠤᠨ ᠬᠤᠳᠠᠯᠳᠤᠭᠠᠨ ᠤ ᠲᠠᠯᠠᠪᠤᠷ ᠲᠤ ᠲᠠᠸᠠᠷ ᠢᠶᠠᠨ ᠨᠡᠶᠢᠲᠡᠯᠡᠵᠦ᠂ ᠥᠪᠡᠷᠲᠡᠭᠡᠨ | ᠵᠠᠰᠠᠬᠤ ᠣᠷᠣᠨ ᠤ ᠡᠯ᠎ᠡ ᠱᠠᠲᠤᠨ ᠤ ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠡᠵᠡᠩᠨᠡᠨ ᠬᠠᠮᠢᠶᠠᠷᠬᠤ | ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠤ ᠳᠠᠷᠠᠭ᠎ᠠ ᠰᠠᠶ᠋ᠢ ᠡᠯᠧᠺᠲᠷᠤᠨ ᠬᠤᠳᠠᠯᠳᠤᠭᠠᠨ ᠤ | ᠲᠠᠯᠠᠪᠤᠷ ᠲᠤ ᠪᠣᠷᠤᠯᠠᠭᠤᠯᠵᠤ ᠪᠣᠯᠬᠤ ᠶᠢ ᠱᠠᠭᠠᠷᠳᠠᠨ᠎ᠠ᠃ ᠲᠠᠸᠠᠷ ᠤᠨ ᠭᠠᠷᠴᠠᠭ᠂ ᠨᠡᠷᠡᠶᠢᠳᠦᠯ᠂ ᠪᠣᠯᠵᠣᠯᠲᠤ ᠲᠤᠭ᠎ᠠ᠂ | ᠦᠨ᠎ᠡ ᠬᠠᠩᠰᠢ ᠵᠡᠷᠭᠡ ᠬᠠᠮᠢᠶ᠎ᠠ ᠪᠥᠬᠦᠶ ᠵᠢᠷᠤᠮᠵᠢᠯ ᠪᠤᠶᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠵᠥᠷᠢᠴᠡᠭᠰᠡᠨ ᠲᠠᠸᠠᠷ ᠢ ᠬᠤᠷᠢᠶᠠᠨ ᠰᠢᠢᠳᠪᠦᠷᠢᠯᠡᠬᠦ ᠶᠢᠨ ᠬᠠᠮᠲᠤ ︽ᠠᠷᠭ᠎ᠠ︾ ᠶᠢᠨ ᠭᠤᠴᠢᠨ | ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠶ᠋ᠳᠪᠦᠷᠢᠯᠡᠨ᠎ᠡ᠃ | ᠠᠷᠪᠠ᠂ ︽ᠠᠷᠭ᠎ᠠ︾ ᠶᠢᠨ ᠠᠷᠠᠯᠵᠢᠶᠠᠨ ᠤ ᠬᠠᠮᠢᠶᠠᠷᠤᠯᠲᠠ ᠳᠤ ᠬᠤᠳᠠᠯᠳᠤᠨ ᠠᠪᠤᠭᠴᠢ ᠨᠢ ᠬᠤᠳᠠᠯᠳᠤᠨ | ᠠᠪᠬᠤ ᠲᠥᠰᠦᠪ ᠤᠨ ᠵᠣᠭᠤᠰ ᠤᠨ ᠲᠤᠭ᠎ᠠ ᠪᠠ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ | ᠠᠷᠠᠯᠵᠢᠶᠠᠯᠠᠬᠤ ᠠᠷᠭ᠎ᠠ ᠮᠠᠶ᠋ᠢᠭ ᠢ ᠥᠪᠡᠰᠦᠪᠡᠨ ᠰᠣᠩᠭᠤᠵᠤ ᠪᠣᠯᠬᠤ ᠶᠢ ᠲᠣᠳᠤᠷᠬᠠᠶᠢᠯᠠᠪᠠ᠂ ᠲᠡᠭᠡᠪᠡᠯ ᠪᠣᠳᠠᠲᠠᠶ | ᠬᠡᠷᠬᠢᠨ ᠰᠣᠩᠭᠤᠬᠤ ᠪᠤᠢ︖ | ︵ᠨᠢᠭᠡ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠤᠨ ᠬᠤᠳᠠᠯᠳᠤᠭᠠᠨ ᠤ | ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ | ᠪᠥᠭᠡᠮ ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ ᠪᠠᠷᠠᠭ᠎ᠠ ᠶᠢᠨ ᠲᠥᠷᠥᠯ ᠤᠨ ᠲᠥᠷᠥᠯ | ᠵᠦᠢᠯ ᠢ ᠡᠯᠧᠺᠲᠷᠤᠨ ᠬᠤᠳᠠᠯᠳᠤᠭᠠᠨ ᠤ ᠲᠠᠯᠠᠪᠤᠷ ᠠᠴᠠ ᠰᠢᠭᠤᠳ ᠬᠤᠳᠠᠯᠳᠤᠨ ᠠᠪᠬᠤ ᠪᠤᠶᠤ ᠰᠦᠯᠵᠢᠶᠡᠨ | ᠳᠡᠭᠡᠷ᠎ᠡ ᠦᠨ᠎ᠡ ᠦᠷᠢᠰᠦᠯᠳᠦᠬᠦ᠂ ᠦᠨ᠎ᠡ ᠯᠠᠪᠯᠠᠬᠤ ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠠᠵᠢᠯᠯᠠᠭ᠎ᠠ ᠶᠢ | ᠬᠡᠷᠡᠭᠵᠢᠭᠦᠯᠵᠦ ᠪᠣᠯᠤᠨ᠎ᠠ᠃ ᠡᠭᠦᠨ ᠳᠤ ᠭᠤᠣᠯᠳᠠᠭᠤ᠄ ᠦᠢᠯᠡᠴᠢᠯᠡᠭᠦᠷ ᠮᠠᠰᠢᠨ᠂ ᠲᠠᠯᠪᠢᠭᠤᠷ ᠺᠣᠮᠫᠢᠦ᠋ᠲ᠋ᠧᠷ᠂ ᠠᠪᠴᠤ | ᠶᠠᠪᠤᠬᠤ ᠳᠤ ᠲᠦᠬᠦᠮ ᠺᠣᠮᠫᠢᠦ᠋ᠲ᠋ᠧᠷ᠂ ᠪᠤᠳᠤᠬ ᠰᠦᠷᠴᠢᠨ ᠳᠠᠷᠤᠮᠠᠯᠯᠠᠬᠤ ᠮᠠᠰᠢᠨ᠂ ᠯᠠᠶᠢᠰᠧᠷ ᠳᠠᠷᠤᠮᠠᠯᠯᠠᠬᠤ ᠮᠠᠰᠢᠨ᠂ | ᠵᠡᠭᠦᠦ ᠬᠡᠯᠪᠡᠷᠢᠲᠦ ᠳᠠᠷᠤᠮᠠᠯᠯᠠᠬᠤ ᠮᠠᠰᠢᠨ᠂ ᠰᠢᠩᠭᠡᠨ ᠲᠠᠯᠠᠰᠲᠤ ᠦᠵᠡᠭᠦᠯᠦᠭᠦᠷ᠂ ᠰᠢᠷᠪᠢᠭᠦᠷ ᠮᠠᠰᠢᠨ᠂ ᠳᠠᠷᠤᠮᠠᠯᠯᠠᠭᠤᠷ | ᠮᠠᠰᠢᠨ᠂ ᠲᠤᠰᠬᠠᠯᠳᠠ ᠶᠢᠨ ᠮᠠᠰᠢᠨ᠂ ᠤᠯᠡᠠ ᠴᠢᠳᠠᠪᠤᠷᠢᠲᠤ ᠨᠢᠭᠡ ᠴᠣᠭᠴᠠ ᠮᠠᠰᠢᠨ᠂ LED - ᠦᠵᠡᠭᠦᠯᠬᠦ | ᠳᠡᠯᠭᠡᠴᠡ᠂ ᠬᠦᠷᠦᠯᠴᠡᠯ ᠡᠵᠡᠮᠰᠢᠯᠳᠦ ᠨᠢᠭᠡ ᠴᠣᠭᠴᠠ ᠮᠠᠰᠢᠨ᠂ ᠴᠠᠭᠠᠰᠤ ᠤᠷᠠᠬᠤ ᠮᠠᠰᠢᠨ᠂ ᠲᠡᠰᠦᠷᠡᠯᠳᠠ ᠤᠢᠭᠡᠢ | ᠴᠠᠬᠢᠯᠭᠠᠨ ᠡᠭᠦᠰᠭᠡᠭᠴᠢ ︵UPS︶᠂ ᠠᠭᠠᠷ ᠲᠤᠬᠢᠷᠡᠭᠤᠯᠦᠷ᠂ ᠪᠠᠭᠤᠯᠭᠠᠪᠤᠷᠢ ᠴᠠᠭᠠᠰᠤ ᠵᠡᠷᠭᠡ ᠲᠦᠷᠦᠯ | ᠵᠦᠢᠯᠡᠰ ᠢ ᠪᠠᠭᠲᠠᠭᠠᠨ᠎ᠠ᠃ | ︵ᠬᠤᠶᠠᠷ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠤᠨ ᠬᠤᠳᠠᠯᠳᠤᠭᠠᠨ ᠤ | ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ | ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ | ᠨᠣᠷᠮ᠎ᠠ ᠶᠢᠨ ᠪᠠᠷᠢᠮᠵᠢᠶ᠎ᠠ ᠳᠤ ᠡᠰᠡ ᠬᠦᠷᠦᠭᠰᠡᠨ ᠪᠠᠷᠠᠭ᠎ᠠ ᠶᠢᠨ ᠲᠥᠷᠥᠯ ᠤᠨ ᠲᠥᠷᠥᠯ ᠵᠦᠢᠯ ᠢ ᠬᠡᠷᠬᠢᠨ ᠬᠤᠳᠠᠯᠳᠤᠨ | ᠠᠪᠬᠤ ᠪᠤᠶ︖ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠤᠨ ᠬᠤᠳᠠᠯᠳᠤᠭᠠᠨ ᠤ | ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ | ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ | ᠨᠣᠷᠮ᠎ᠠ ᠶᠢᠨ ᠪᠠᠷᠢᠮᠵᠢᠶ᠎ᠠ ᠳᠤ ᠡᠰᠡ ᠬᠦᠷᠦᠭᠰᠡᠨ ᠪᠠᠷᠠᠭ᠎ᠠ ᠶᠢᠨ ᠲᠥᠷᠥᠯ ᠵᠦᠢᠯ ᠳᠤ᠂ ᠡᠯᠧᠺᠲᠷᠤᠨ | ᠬᠤᠳᠠᠯᠳᠤᠭᠠᠨ ᠤ ᠲᠠᠯᠠᠪᠤᠷ ᠲᠤ ᠰᠦᠯᠵᠢᠶᠡᠨ ᠳᠡᠭᠡᠷ᠎ᠡ ᠦᠨ᠎ᠡ ᠦᠷᠢᠰᠦᠯᠳᠦᠬᠦ᠂ ᠰᠦᠯᠵᠢᠶᠡᠨ ᠳᠡᠭᠡᠷ᠎ᠡ ᠦᠨ᠎ᠡ | ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠬᠤᠳᠠᠯᠳᠤᠨ ᠠᠪᠴᠤ ᠪᠣᠯᠤᠨ᠎ᠠ᠃ | ︵ᠭᠤᠷᠪᠠ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠤᠨ ᠬᠤᠳᠠᠯᠳᠤᠭᠠᠨ ᠤ | ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ | ᠪᠥᠭᠡᠮ ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ ᠦᠢᠯᠡᠴᠢᠯᠡᠭᠡᠨ ᠤ ᠲᠥᠷᠥᠯ ᠤᠨ | ᠲᠥᠷᠥᠯ ᠵᠦᠢᠯ ᠢ ᠬᠡᠷᠬᠢᠨ ᠬᠤᠳᠠᠯᠳᠤᠨ ᠠᠪᠬᠤ ᠪᠤᠶ︖ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ | ᠳᠣᠲᠣᠷ᠎ᠠ᠂ ᠡᠯᠧᠺᠲᠷᠤᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ | ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡᠨ | ᠲᠥᠭᠦᠷᠢᠭ ᠲᠤ ᠦᠯᠦ ᠬᠦᠷᠬᠦ ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ ᠡᠯᠧᠺᠲᠷᠤᠨ | ᠬᠤᠳᠠᠯᠳᠤᠭᠠᠨ ᠤ ᠲᠠᠯᠠᠪᠤᠷ ᠠᠴᠠ ᠰᠢᠭᠤᠳ ᠬᠤᠳᠠᠯᠳᠤᠨ ᠠᠪᠬᠤ ᠪᠤᠶᠤ ᠭᠤᠷᠪᠠ ᠠᠴᠠ ᠳᠡᠭᠡᠭᠰᠢ ᠬᠤᠳᠠᠯᠳᠤᠭ᠎ᠠ | ᠬᠠᠩᠭᠠᠭᠴᠢᠳ ᠢ ᠤᠷᠢᠵᠤ ᠬᠢᠵᠠᠭᠠᠷᠲᠠᠶ ᠦᠨ᠎ᠡ ᠦᠷᠢᠰᠦᠯᠳᠦᠬᠦ ᠪᠤᠶᠤ ᠪᠥᠬᠦ ᠰᠦᠯᠵᠢᠶ᠎ᠡ ᠪᠠᠷ ᠢᠯᠡ ᠪᠠᠷ ᠦᠨ᠎ᠡ | ᠦᠷᠢᠰᠦᠯᠳᠦᠨ ᠬᠤᠳᠠᠯᠳᠤᠨ ᠠᠪᠴᠤ ᠪᠣᠯᠤᠨ᠎ᠠ᠃ ᠡᠭᠦᠨ ᠳᠤ ᠭᠤᠣᠯᠴᠠᠭᠤ᠄ ᠲᠡᠷᠭᠡ ᠬᠥᠰᠬᠡ ᠶᠢ ᠰᠡᠯᠪᠢᠨ ᠵᠠᠰᠠᠬᠤ | ᠪᠠ ᠠᠷᠠᠴᠢᠯᠠᠨ ᠬᠠᠮᠠᠭᠠᠯᠠᠬᠤ ᠦᠶ᠋ᠯᠡᠴᠢᠯᠡᠭᠡ᠂ ᠬᠡᠪᠯᠡᠭᠦ ᠦᠶ᠋ᠯᠡᠴᠢᠯᠡᠭᠡ᠂ ᠠᠳᠠᠯ ᠠᠬᠤᠶ ᠶᠢᠨ ᠬᠠᠮᠢᠶᠠᠷᠤᠯᠲᠠ ᠶᠢᠨ | ᠦᠶ᠋ᠯᠡᠴᠢᠯᠡᠭᠡ ᠵᠡᠷᠭᠡ ᠦᠶ᠋ᠯᠡᠳᠬᠦᠨ ᠤ ᠭᠠᠷᠴᠠᠭ ᠢ ᠪᠠᠭᠲᠠᠭᠠᠨ᠎ᠠ᠃ | ︵ᠳᠥᠷᠪᠡ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠤᠨ | ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ | ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ | ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ | ᠬᠡᠷᠬᠢᠨ ᠬᠤᠳᠠᠯᠳᠤᠨ ᠠᠪᠬᠤ ᠪᠤᠶ︖ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲ᠊ ᠦᠢᠯᠡᠳᠭᠦᠨ ᠬᠤᠳᠠᠯᠳᠤᠭᠠᠨ ᠤ | ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ | ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ | ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ ᠬᠤᠳᠠᠯᠳᠤᠨ | ᠠᠪᠬᠤ ᠳᠤ᠂ ᠡᠯᠧᠺᠲᠷᠤᠨ ᠬᠤᠳᠠᠯᠳᠤᠭᠠᠨ ᠤ ᠲᠠᠯᠠᠪᠤᠷ ᠲᠤ ᠭᠤᠷᠪᠠ ᠠᠴᠠ ᠳᠡᠭᠡᠭᠰᠢᠬᠢ ᠬᠤᠳᠠᠯᠳᠤᠭ᠎ᠠ | ᠬᠠᠩᠭᠠᠭᠴᠢᠳ ᠢ ᠤᠷᠢᠵᠤ ᠬᠢᠵᠠᠭᠠᠷᠲᠠᠶ ᠦᠨ᠎ᠡ ᠥᠷᠢᠰᠦᠯᠳᠦᠬᠦ ᠪᠤᠶᠤ ᠪᠥᠬᠦ ᠰᠦᠯᠵᠢᠶ᠎ᠡ ᠪᠠᠷ ᠢᠯᠡ ᠪᠠᠷ ᠦᠨ᠎ᠡ | ᠬᠠᠶᠠᠯᠴᠠᠨ ᠬᠤᠳᠠᠯᠳᠤᠨ ᠠᠪᠴᠤ ᠪᠣᠯᠤᠨ᠎ᠠ᠃ | ︵ᠲᠠᠪᠤ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨ᠎ᠠ᠂ ᠡᠯᠧᠺᠲᠷᠤᠨ ᠬᠤᠳᠠᠯᠳᠤᠭᠠᠨ ᠤ | ᠲᠠᠯᠠᠪᠤᠷ ᠠᠴᠠ ᠬᠤᠳᠠᠯᠳᠤᠨ ᠠᠪᠴᠤ ᠪᠣᠯᠬᠤ᠂ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ | ᠬᠡᠰᠡᠭᠯᠡᠨ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠪᠠᠷᠠᠭ᠎ᠠ ᠪᠠ | ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ ᠬᠡᠷᠬᠢᠨ ᠬᠤᠳᠠᠯᠳᠤᠨ ᠠᠪᠬᠤ ᠪᠣᠶ︖ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ᠂ ᠬᠡᠰᠡᠭᠯᠡᠨ ᠬᠤᠳᠠᠯᠳᠤᠨ ᠠᠪᠬᠤ ᠬᠢᠵᠠᠭᠠᠷ | ᠲᠤᠭ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠬᠤᠳᠠᠯᠳᠤᠨ ᠠᠪᠬᠤ ᠲᠥᠷᠥᠯ ᠵᠦᠢᠯ ᠢ ᠬᠤᠳᠠᠯᠳᠤᠨ ᠠᠪᠤᠭᠴᠢ ᠨᠢ | ᠡᠯᠧᠺᠲᠷᠤᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠤᠨ᠎ᠠ ︵ ᠦᠢᠯᠡᠳᠭᠦᠨ ᠤ ᠭᠠᠷᠴᠠᠭ ᠲᠤ᠄ | ᠵᠠᠮᠨᠠᠭᠤᠷ᠂ ᠰᠣᠯᠢᠯᠴᠠᠭᠤᠷ᠂ ᠨᠢᠭᠲᠠᠯᠠᠨ ᠪᠤᠳᠤᠬᠤ ᠦᠢᠯᠡᠴᠢᠯᠡᠭᠡ ᠳ᠋ᠤᠬᠤ ᠦᠶ᠋ᠯᠡᠴᠢᠯᠡᠭᠡ᠂ ᠬᠠᠤᠯᠢ ᠴᠠᠭᠠᠵᠠ ᠶᠢᠨ | ᠦᠢᠯᠡᠴᠢᠯᠡᠭᠡ ᠵᠡᠷᠭᠡ ᠪᠠᠭᠲᠠᠨ᠎ᠠ︶᠂ ᠪᠠᠰᠠ ᠨᠢᠭᠡᠴᠢ ᠶᠢᠨ ᠳᠣᠲᠣᠭᠠᠳᠤ ᠡᠵᠡᠮᠳᠡᠯ ᠤᠨ ᠳᠦᠷᠢᠮ ᠶᠣᠰᠣᠭᠠᠷ | ᠥᠪᠡᠰᠦᠪᠡᠨ ᠬᠤᠳᠠᠯᠳᠤᠨ ᠪᠣᠯᠤᠨ᠎ᠠ᠃ | ᠠᠷᠪᠠᠨ ᠨᠢᠭᠡ᠂ ᠬᠤᠳᠠᠯᠳᠤᠨ ᠠᠪᠤᠭᠴᠢ ᠨᠢ ᠠᠷᠠᠯᠵᠢᠶ᠎ᠠ ᠪᠦᠲᠦᠭᠰᠡᠨ ᠦᠷ᠎ᠡ ᠳ᠋ᠦᠩ ᠢᠶᠠᠨ ᠴᠠᠭ ᠲᠤᠬᠠᠶ ᠳᠤ ᠨᠢ | ᠨᠤᠲᠠᠯᠠᠭᠰᠠᠨ ᠥᠬᠡᠶ ᠪᠠᠶᠢᠪᠠᠯ᠂ ︽ᠠᠷᠭ᠎ᠠ︾ ᠬᠡᠷᠬᠢᠨ ᠬᠠᠮᠢᠶᠠᠷᠬᠤ ᠪᠣᠶ︖ | ᠬᠤᠳᠠᠯᠳᠤᠨ ᠠᠪᠤᠭᠴᠢ ᠦᠨ᠎ᠡ ᠦᠷᠢᠰᠦᠯᠳᠦᠬᠦ᠂ ᠦᠨ᠎ᠡ ᠯᠠᠪᠯᠠᠬᠤ ᠴᠠᠭ ᠬᠤᠭᠤᠴᠠᠭ᠎ᠠ ᠳᠠᠭᠤᠰᠤᠭᠰᠠᠨ ᠤ | ᠳᠠᠷᠠᠭ᠎ᠠ ᠦᠷ᠎ᠡ ᠳ᠋ᠦᠩ ᠢ ᠴᠠᠭ ᠲᠤᠬᠠᠶ ᠳᠤ ᠨᠢ ᠨᠤᠲᠠᠯᠠᠬᠤ ᠬᠡᠷᠡᠭᠲᠡᠶ᠂ ᠦᠷ᠎ᠡ ᠳ᠋ᠦᠩ ᠢ ᠴᠠᠭ ᠲᠤᠬᠠᠶ ᠳᠤ ᠨᠢ | ᠨᠤᠲᠠᠯᠠᠭᠰᠠᠨ ᠥᠬᠡᠶ ᠪᠠᠶᠢᠪᠠᠯ᠂ ᠡᠯᠧᠺᠲᠷᠤᠨ ᠬᠤᠳᠠᠯᠳᠤᠭᠠᠨ ᠤ ᠲᠠᠯᠠᠪᠤᠷ 5 ᠠᠵᠢᠯᠯᠠᠬᠤ ᠡᠳᠦᠷ ᠤᠨ ᠳᠠᠷᠠᠭ᠎ᠠ᠂ | ᠰᠢᠰᠲ᠋ᠧᠮ ᠠᠴᠠ ᠦᠷ᠎ᠡ ᠳ᠋ᠦᠩ ᠢ ᠠᠶᠠᠨᠳᠠᠭᠠᠨ ᠨᠤᠲᠠᠯᠠᠵᠤ᠂ ᠠᠷᠠᠯᠵᠢᠶ᠎ᠠ ᠪᠦᠲᠦᠭᠰᠡᠨ ᠬᠤᠳᠠᠯᠳᠤᠭ᠎ᠠ ᠬᠠᠩᠭᠠᠭᠴᠢ ᠶᠢ | ᠲᠠᠨᠢᠯᠴᠠᠭᠤᠯᠤᠨ᠎ᠠ᠃ | ᠠᠷᠪᠠᠨ ᠬᠤᠶᠠᠷ᠂ ᠬᠤᠳᠠᠯᠳᠤᠭ᠎ᠠ ᠬᠠᠩᠭᠠᠭᠴᠢ 5 ᠠᠵᠢᠯᠯᠠᠬᠤ ᠡᠳᠦᠷ ᠬᠡᠲᠦᠷᠡᠭᠰᠡᠨ ᠪᠠᠶᠢᠲᠠᠯ᠎ᠠ ᠮᠥᠨ ᠦᠷ᠎ᠡ | ᠳ᠋ᠦᠩ ᠢ ᠨᠤᠲᠠᠯᠠᠭᠰᠠᠨ ᠥᠬᠡᠶ ᠪᠠᠶᠢᠪᠠᠯ᠂ ︽ᠠᠷᠭ᠎ᠠ︾ ᠬᠡᠷᠬᠢᠨ ᠬᠠᠮᠢᠶᠠᠷᠬᠤ ᠪᠣᠶ︖ | ᠬᠤᠳᠠᠯᠳᠤᠭ᠎ᠠ ᠬᠠᠩᠭᠠᠭᠴᠢ 5 ᠠᠵᠢᠯᠯᠠᠬᠤ ᠡᠳᠦᠷ ᠤᠨ ᠳᠣᠲᠣᠷ᠎ᠠ ᠵᠠᠬᠢᠶᠠᠯᠠᠭ᠎ᠠ ᠶᠢᠨ ᠬᠠᠭᠤᠳᠠᠰᠤ ᠪᠤᠶᠤ | ᠠᠷᠠᠯᠵᠢᠶ᠎ᠠ ᠪᠦᠲᠦᠭᠰᠡᠨ ᠦᠷ᠎ᠡ ᠳ᠋ᠦᠩ ᠢ ᠨᠣᠲᠠᠯᠠᠬᠤ ᠬᠡᠷᠡᠭᠲᠡᠢ᠂ 5 ᠠᠵᠢᠯᠯᠠᠬᠤ ᠡᠳᠦᠷ ᠬᠡᠲᠦᠷᠡᠭᠰᠡᠨ ᠪᠠᠶᠢᠲᠠᠯ᠎ᠠ | ᠮᠥᠨ ᠵᠠᠬᠢᠶᠠᠯᠠᠭ᠎ᠠ ᠶᠢᠨ ᠬᠠᠭᠤᠳᠠᠰᠤ ᠪᠤᠶᠤ ᠦᠷ᠎ᠡ ᠳ᠋ᠦᠩ ᠢ ᠨᠤᠲᠠᠯᠠᠭᠰᠠᠨ ᠥᠬᠡᠶ ᠪᠣᠯ᠂ ᠡᠯᠧᠺᠲᠷᠤᠨ | ᠬᠤᠳᠠᠯᠳᠤᠭᠠᠨ ᠤ ᠲᠠᠯᠠᠪᠤᠷ ᠰᠢᠭᠤᠳ ᠵᠠᠬᠢᠶᠠᠯᠠᠭᠰᠠᠨ ᠬᠤᠳᠠᠯᠳᠤᠨ ᠠᠪᠬᠤ ᠲᠥᠷᠦᠯ ᠵᠦᠢᠯ ᠤᠨ ᠵᠠᠬᠢᠶᠠᠯᠠᠭ᠎ᠠ ᠶᠢ | ᠠᠶᠠᠨᠳᠠᠭᠠᠨ ᠬᠦᠴᠦᠨ ᠥᠬᠡᠶ ᠪᠣᠯᠭᠠᠨ᠎ᠠ︔ ᠰᠦᠯᠵᠢᠶᠡᠨ ᠳᠡᠭᠡᠷ᠎ᠡ ᠦᠨ᠎ᠡ ᠦᠷᠢᠰᠦᠯᠳᠡᠬᠦ᠂ ᠰᠦᠯᠵᠢᠶᠡᠨ ᠳᠡᠭᠡᠷ᠎ᠡ | ᠦᠨ᠎ᠡ ᠯᠠᠪᠯᠠᠬᠤ ᠵᠡᠷᠭᠡ ᠲᠥᠷᠥᠯ ᠵᠦᠢᠯ ᠢ᠂ ᠡᠯᠧᠺᠲᠷᠤᠨ ᠬᠤᠳᠠᠯᠳᠤᠭᠠᠨ ᠤ ᠲᠠᠯᠠᠪᠤᠷ ᠨᠢ ᠠᠶᠠᠨᠳᠠᠭᠠᠨ | ᠳᠠᠷᠠᠭᠠᠬᠢ ᠶᠢᠨ ᠨᠢᠭᠡ ᠶᠢ ᠠᠷᠠᠯᠵᠢᠶ᠎ᠠ ᠪᠦᠲᠦᠭᠰᠡᠨ ᠬᠤᠳᠠᠯᠳᠤᠭ᠎ᠠ ᠬᠠᠩᠭᠠᠭᠴᠢ ᠪᠣᠯᠭᠠᠭᠠᠳ᠂ ᠲᠠᠷᠠᠭᠠᠴᠢ ᠶᠢᠨ ᠨᠢᠭᠡ | ᠬᠤᠳᠠᠯᠳᠤᠭ᠎ᠠ ᠬᠠᠩᠭᠠᠭᠴᠢ ᠠᠷᠠᠯᠵᠢᠶ᠎ᠠ ᠪᠦᠲᠦᠭᠰᠡᠨ ᠦᠷ᠎ᠡ ᠳ᠋ᠦᠩ ᠢ ᠨᠣᠲᠠᠯᠠᠬᠤ ᠬᠦᠷᠲᠡᠯ᠎ᠡ ᠤᠷᠲᠤᠳᠬᠠᠨ᠎ᠠ᠃ | ᠡᠭᠦᠨ ᠤ ᠬᠠᠮᠲᠤ᠂ 5 ᠠᠵᠢᠯᠯᠠᠬᠤ ᠡᠳᠦᠷ ᠠᠴᠠ ᠬᠡᠲᠦᠷᠡᠭᠰᠡᠨ ᠪᠠᠶᠢᠲᠠᠯ᠎ᠠ ᠵᠦᠶ ᠶᠣᠰᠣᠨ ᠤ ᠰᠢᠯᠲᠠᠭᠠᠨ ᠥᠬᠡᠶ ᠪᠠᠷ | ᠦᠷ᠎ᠡ ᠳ᠋ᠦᠩ ᠢᠶᠠᠨ ᠡᠰᠡ ᠨᠣᠲᠠᠯᠠᠭᠰᠠᠨ ᠬᠤᠳᠠᠯᠳᠤᠭ᠎ᠠ ᠬᠠᠩᠭᠠᠭᠴᠢ ᠢ ︽ᠠᠷᠭ᠎ᠠ︾ ᠶᠢᠨ ᠭᠤᠴᠢᠨ ᠲᠠᠪᠤᠳᠤᠭᠠᠷ | ᠵᠦᠢᠯ ᠤᠨ ᠲᠣᠭᠲᠠᠭᠠᠯ ᠶᠣᠰᠣᠭᠠᠷ ᠲᠡᠭᠦᠨ ᠤ ᠡᠯᠧᠺᠲᠷᠤᠨ ᠬᠤᠳᠠᠯᠳᠤᠭᠠᠨ ᠤ ᠲᠠᠯᠠᠪᠤᠷ ᠲᠠᠬᠢ ᠠᠷᠠᠯᠵᠢᠶᠠᠯᠠᠬᠤ | ᠡᠷᠬᠡ ᠶᠢ 3 ᠰᠠᠷ᠎ᠠ ᠲᠦᠷ ᠵᠣᠭᠰᠣᠭᠠᠬᠤ ᠶᠢᠨ ᠬᠠᠮᠲᠤ ᠢᠯᠡ ᠨᠡᠶᠢᠲᠡᠯᠡᠨ᠎ᠡ᠃ | ᠠᠷᠪᠠᠨ ᠭᠤᠷᠪᠠ᠂ ᠬᠤᠳᠠᠯᠳᠤᠨ ᠠᠪᠤᠭᠴᠢ ᠵᠦᠶ ᠶᠣᠰᠣᠨ ᠤ ᠰᠢᠯᠲᠠᠭᠠᠨ ᠥᠬᠡᠶ ᠪᠠᠷ ᠶᠠᠭ ᠶᠠᠪᠤᠭᠳᠠᠵᠤ ᠪᠠᠶᠢᠭ᠎ᠠ | ᠬᠤᠳᠠᠯᠳᠤᠨ ᠠᠪᠬᠤ ᠲᠥᠷᠥᠯ ᠵᠦᠢᠯ ᠢ ᠬᠦᠴᠦᠨ ᠥᠬᠡᠶ ᠪᠣᠯᠭᠠᠭᠰᠠᠨ ᠪᠣᠯ᠂ ︽ᠠᠷᠭ᠎ᠠ︾ ᠬᠡᠷᠬᠢᠨ ᠬᠠᠮᠢᠶᠠᠷᠬᠤ ᠪᠣᠶ | ︖ | ︽ᠠᠷᠭ᠎ᠠ︾ ᠶᠢᠨ ᠭᠤᠴᠢᠨ ᠳᠥᠷᠪᠡᠳᠦᠭᠡᠷ ᠵᠦᠢᠯ ᠤᠨ ᠲᠠᠪᠤᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ | ᠂ ᠬᠤᠳᠠᠯᠳᠤᠨ ᠠᠪᠤᠭᠴᠢ ᠨᠢ ᠵᠦᠶ ᠶᠣᠰᠣᠨ ᠤ ᠰᠢᠯᠲᠠᠭᠠᠨ ᠥᠬᠡᠶ ᠪᠠᠷ ᠬᠤᠳᠠᠯᠳᠤᠨ ᠠᠪᠬᠤ ᠲᠥᠷᠥᠯ ᠵᠦᠢᠯ ᠪᠤᠶᠤ | ᠵᠠᠬᠢᠶᠠᠯᠠᠭ᠎ᠠ ᠶᠢ ᠬᠦᠴᠦᠨ ᠥᠬᠡᠶ ᠪᠣᠯᠭᠠᠭᠰᠠᠨ ᠪᠠᠶᠢᠪᠠᠯ᠂ ᠠᠳᠠᠯᠢ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ | ᠠᠪᠬᠤ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ | ᠴᠢᠬᠤᠯᠠᠲᠠᠶ ᠦᠶ᠎ᠡ ᠳᠤ ᠪᠣᠯᠵᠣᠨ ᠶᠠᠷᠢᠯᠴᠠᠨ᠎ᠠ᠃ ᠪᠠᠶᠢᠳᠠᠯ ᠬᠦᠨᠳᠦ ᠨᠣᠴᠢᠲᠠᠶ ᠪᠣᠯ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠡᠷᠭᠡ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠳᠥᠷᠪᠡ᠂ ᠬᠤᠳᠠᠯᠳᠤᠭ᠎ᠠ ᠬᠠᠩᠭᠠᠭᠴᠢ ᠬᠤᠳᠠᠯᠳᠤᠨ ᠠᠪᠬᠤ ᠭᠡᠷ᠎ᠡ ᠶᠢᠨ ᠶᠣᠰᠣᠭᠠᠷ ᠪᠠᠷᠠᠭ᠎ᠠ ᠬᠠᠩᠭᠠᠬᠤ | ᠠᠷᠭ᠎ᠠ ᠥᠬᠡᠶ ᠪᠣᠯᠤᠭᠰᠠᠨ ᠪᠠᠶᠢᠪᠠᠯ ︽ᠠᠷᠭ᠎ᠠ︾ ᠬᠡᠷᠬᠢᠨ ᠬᠠᠮᠢᠶᠠᠷᠬᠤ ᠪᠣᠶ︖ | ᠬᠤᠳᠠᠯᠳᠤᠭ᠎ᠠ ᠬᠠᠩᠭᠠᠭᠴᠢ ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠦᠨ᠎ᠡ ᠦᠷᠢᠰᠦᠯᠳᠡᠬᠦ ᠪᠤᠶᠤ ᠦᠨ᠎ᠡ | ᠯᠠᠪᠯᠠᠬᠤ ᠳᠤ ᠣᠷᠣᠯᠴᠠᠬᠤ ᠠᠴᠠ ᠪᠠᠨ ᠡᠮᠦᠨ᠎ᠡ᠂ ᠪᠠᠷᠠᠭ᠎ᠠ ᠭᠦᠢᠴᠡᠳ ᠪᠠᠶᠢᠬᠤ ᠶᠢ ᠪᠠᠲᠤᠯᠠᠬᠤ ᠶᠢᠨ ᠬᠠᠮᠲᠤ ᠴᠠᠭ | ᠲᠤᠬᠠᠢ ᠳᠤ ᠨᠢ ᠪᠠᠷᠠᠭ᠎ᠠ ᠬᠠᠩᠭᠠᠬᠤ ᠶᠢ ᠦᠨᠡᠨ ᠬᠦ ᠪᠠᠲᠤᠯᠠᠵᠤ᠂ ᠠᠷᠠᠯᠵᠢᠶ᠎ᠠ ᠪᠦᠲᠦᠭᠰᠡᠨ ᠦᠷ᠎ᠡ ᠳ᠋ᠦᠩ ᠢ | ᠨᠡᠶᠢᠲᠡᠯᠡᠭᠰᠡᠨ ᠤ ᠲᠠᠷᠠᠭ᠎ᠠ ᠬᠤᠳᠠᠯᠳᠤᠭ᠎ᠠ ᠬᠠᠩᠭᠠᠭᠴᠢ ᠬᠤᠳᠠᠯᠳᠤᠨ ᠠᠪᠤᠭᠴᠢ ᠲᠠᠢ ᠴᠠᠭ ᠲᠤᠬᠠᠢ ᠳᠤ ᠨᠢ ᠭᠡᠷ᠎ᠡ | ᠲᠣᠭᠲᠠᠬᠤ ᠶᠢᠨ ᠬᠠᠮᠲᠤ ᠭᠡᠷ᠎ᠡ ᠶᠢ ᠭᠦᠢᠴᠡᠳᠬᠡᠬᠦ ᠬᠡᠷᠡᠭᠲᠡᠢ᠃ ᠬᠤᠳᠠᠯᠳᠤᠭ᠎ᠠ ᠬᠠᠩᠭᠠᠭᠴᠢ ᠤ ᠲᠣᠰ ᠪᠡᠶ᠎ᠡ ᠶᠢᠨ | ᠰᠢᠯᠲᠠᠭᠠᠨ ᠠᠴᠠ ᠪᠣᠯᠵᠣ᠂ ᠬᠤᠳᠠᠯᠳᠤᠨ ᠠᠪᠬᠤ ᠨᠢᠭᠡᠴᠢ ᠶᠢᠨ ᠬᠤᠳᠠᠯᠳᠤᠨ ᠠᠪᠬᠤ ᠠᠵᠢᠯ ᠤᠨ ᠬᠡᠪ ᠢᠶᠠᠷ | ᠶᠠᠪᠤᠭᠳᠠᠬᠤ ᠶᠢ ᠨᠥᠯᠥᠭᠡᠯᠡᠭᠰᠡᠨ ᠪᠠᠶᠢᠪᠠᠯ᠂ ︽ᠠᠷᠭ᠎ᠠ︾ ᠶᠢᠨ ᠭᠤᠴᠢᠨ ᠵᠢᠷᠭᠤᠳᠤᠭᠠᠷ ᠵᠦᠢᠯ ᠤᠨ ᠲᠣᠭᠲᠠᠭᠠᠯ | ᠶᠣᠰᠣᠭᠠᠷ᠂ ᠡᠯ᠎ᠡ ᠱᠠᠲᠤᠨ ᠤ ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠡᠵᠡᠩᠨᠡᠵᠦ ᠬᠠᠮᠢᠶᠠᠷᠬᠤ ᠪᠠᠶᠢᠭᠤᠯᠤᠮᠵᠢ | ᠲᠣᠭᠲᠠᠭᠠᠯ ᠠᠴᠠ ᠵᠥᠷᠢᠴᠡᠭᠰᠡᠨ ᠬᠤᠳᠠᠯᠳᠤᠭ᠎ᠠ ᠬᠠᠩᠭᠠᠭᠴᠢ ᠶᠢᠨ ᠡᠯᠧᠺᠲᠷᠤᠨ ᠬᠤᠳᠠᠯᠳᠤᠭᠠᠨ ᠤ ᠲᠠᠯᠠᠪᠤᠷ ᠲᠤ | ᠠᠷᠠᠯᠵᠢᠶᠠᠯᠠᠬᠤ ᠡᠷᠬᠡ ᠶᠢ 6 ᠰᠠᠷ᠎ᠠ ᠲᠦᠷ ᠵᠣᠭᠰᠣᠭᠠᠬᠤ ᠶᠢᠨ ᠬᠠᠮᠲᠤ ᠢᠯᠡ ᠨᠡᠶᠢᠲᠡᠯᠡᠨ᠎ᠡ᠃ | ᠠᠷᠪᠠᠨ ᠲᠠᠪᠤ᠂ ︽ᠠᠷᠭ᠎ᠠ︾ ᠳᠠᠬᠢ ᠭᠡᠷ᠎ᠡ ᠪᠠ ᠭᠡᠷ᠎ᠡ ᠶᠢ ᠭᠦᠢᠴᠡᠳᠭᠡᠬᠦ ᠳᠠᠬᠢ ᠵᠣᠭᠤᠰ ᠲᠤᠰᠢᠶᠠᠬᠤ | ᠬᠤᠭᠤᠴᠠᠭᠠᠨ ᠤ ᠱᠠᠭᠠᠷᠳᠠᠯᠭ᠎ᠠ ᠶᠢ ᠬᠡᠷᠬᠢᠨ ᠵᠥᠪ ᠣᠶᠢᠯᠠᠭᠠᠬᠤ ᠪᠣᠶ︖ | ᠡᠯᠧᠺᠲᠷᠤᠨ ᠬᠤᠳᠠᠯᠳᠤᠭᠠᠨ ᠤ ᠲᠠᠯᠠᠪᠤᠷ ᠣᠯᠠᠨ ᠤᠳᠠᠭ᠎ᠠ᠂ ᠨᠡᠶᠢᠳᠡᠮ ᠬᠡᠷᠡᠭᠯᠡᠬᠦ ᠲᠥᠷᠥᠯ ᠤᠨ ᠡᠳ᠋ | ᠪᠠᠷᠠᠭ᠎ᠠ ᠶᠢᠨ ᠦᠢᠯᠡᠴᠢᠯᠡᠭᠡᠨ ᠤ ᠠᠷᠠᠯᠵᠢᠶ᠎ᠠ ᠬᠢᠳᠡᠭ᠂ ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ | ᠬᠠᠩᠭᠠᠭᠴᠢᠳ ᠤᠨ ᠣᠯᠠᠩᠬᠢ ᠨᠢ ᠴᠥᠮ ᠳᠤᠮᠳᠠ ᠵᠢᠵᠢᠭ ᠠᠵᠤ ᠠᠬᠤᠶᠢᠯᠠᠯ ᠪᠠᠶᠢᠵᠤ᠂ ᠳᠤᠮᠳᠠ ᠵᠢᠵᠢᠭ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢᠨ ᠲᠥᠯᠥᠭᠡ᠂ ︽ᠠᠷᠭ᠎ᠠ︾ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ | ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠲᠥᠯᠦᠬᠦ ᠶᠢ ᠪᠠᠲᠤᠯᠠᠬᠤ ᠲᠦᠷᠢᠮ︾ ᠤᠨ ᠲᠣᠭᠲᠠᠭᠠᠯ ᠶᠣᠰᠣᠭᠠᠷ᠂ | ᠬᠤᠳᠠᠯᠳᠤᠨ ᠠᠪᠤᠭᠴᠢ ᠪᠠᠷᠠᠭ᠎ᠠ᠂ ᠦᠢᠯᠡᠴᠢᠯᠡᠭᠡ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ | ᠮᠥᠩᠭᠦ ᠪᠠᠨ ᠲᠥᠯᠦᠬᠦ ᠬᠡᠷᠡᠭᠲᠡᠶ᠃ ᠭᠡᠷ᠎ᠡ ᠳᠤ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ ᠮᠥᠩᠭᠦ ᠲᠦᠯᠦᠬᠦ | ᠬᠤᠭᠤᠴᠠᠭ᠎ᠠ ᠶᠢ ᠬᠠᠮᠤᠭ ᠤᠨ ᠤᠷᠳᠦ ᠳᠤ ᠪᠠᠨ 60 ᠡᠳᠦᠷ ᠠᠴᠠ ᠬᠡᠲᠦᠷᠡᠭᠦᠯᠵᠦ ᠪᠣᠯᠬᠤ ᠤᠢᠭᠡᠢ ᠭᠡᠵᠦ ᠱᠠᠭᠠᠷᠳᠠᠪᠠ | ᠃ | ᠠᠷᠪᠠᠨ ᠵᠢᠷᠭᠤᠭ᠎ᠠ᠂ ︽ᠠᠷᠭ᠎ᠠ︾ ᠳᠠᠬᠢ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠳᠤ ᠢᠲᠡᠭᠡᠮᠵᠢ | ᠵᠢᠷᠤᠮᠯᠠᠭᠰᠠᠳ ᠢ ᠬᠠᠮᠲᠤᠷᠠᠨ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ | ᠬᠠᠮᠢᠶᠠᠷᠤᠯᠲᠠ ᠶᠢᠨ ᠠᠷᠭ᠎ᠠ ᠶᠢ ᠬᠡᠷᠬᠢᠨ ᠵᠥᠪ ᠣᠶᠢᠯᠠᠭᠠᠬᠤ ᠪᠣᠶ︖ | ︽ᠠᠷᠭ᠎ᠠ︾ ᠶᠢᠨ ᠭᠤᠴᠢᠨ ᠭᠤᠷᠪᠠᠳᠤᠭᠠᠷ ᠵᠦᠢᠯ ᠳᠤ᠂ ᠡᠯ᠎ᠡ ᠱᠠᠲᠤᠨ ᠤ ᠡᠯᠧᠺᠲᠷᠤᠨ ᠬᠤᠳᠠᠯᠳᠤᠭᠠᠨ ᠤ | ᠲᠠᠯᠠᠪᠤᠷ ᠢ ᠡᠵᠡᠩᠨᠡᠵᠦ ᠬᠠᠮᠢᠶᠠᠷᠬᠤ ᠪᠠᠶᠢᠭᠤᠯᠤᠮᠵᠢ ᠣᠯᠠᠨ ᠨᠡᠶᠢᠲᠡ ᠶᠢᠨ ᠢᠲᠡᠭᠡᠮᠵᠢ ᠶᠢᠨ ᠬᠠᠮᠢᠶᠠᠷᠤᠯᠲᠠ ᠪᠠ | ᠦᠨᠡᠨᠴᠢ ᠢᠲᠡᠭᠡᠮᠵᠢ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠢᠲᠡᠭᠡᠮᠵᠢ ᠵᠢᠷᠤᠮᠯᠠᠭᠰᠠᠳ ᠢ ᠬᠤᠯᠪᠣᠭᠠᠯᠠᠨ | ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | ᠦᠨᠡᠨᠴᠢ ᠢᠲᠡᠭᠡᠮᠵᠢᠲᠡᠶ ᠬᠤᠳᠠᠯᠳᠤᠭ᠎ᠠ ᠬᠠᠩᠭᠠᠭᠴᠢ ᠳᠤ ᠤᠷᠢᠳᠠᠪᠠᠷ ᠰᠣᠩᠭᠤᠬᠤ᠂ ︽ᠰᠠᠭᠠᠳ ᠥᠬᠡᠶ ᠨᠡᠪᠲᠡᠷᠡᠬᠦ | ᠵᠠᠮ︾ ᠤᠨ ᠲᠣᠭᠲᠠᠴᠠ ᠶᠢ ᠬᠡᠷᠡᠭᠵᠢᠭᠦᠯᠦᠨ᠎ᠡ︔ ᠢᠲᠡᠭᠡᠯ ᠠᠯᠳᠠᠭᠰᠠᠨ ᠬᠤᠳᠠᠯᠳᠤᠭ᠎ᠠ ᠬᠠᠩᠭᠠᠭᠴᠢ ᠳᠤ ᠲᠠᠰ | ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠠᠳᠠᠯᠢ ᠪᠤᠰᠤ ᠪᠠᠶᠢᠳᠠᠯ ᠢ ᠦᠨᠳᠦᠰᠦᠯᠡᠨ᠂ ︽ᠠᠷᠭ᠎ᠠ︾ ᠶᠢᠨ | ᠭᠤᠴᠢᠨ ᠲᠠᠪᠤᠳᠤᠭᠠᠷ ᠵᠦᠢᠯ ᠠᠴᠠ ᠭᠤᠴᠢᠨ ᠨᠠᠢᠮᠠᠳᠤᠭᠠᠷ ᠵᠦᠢᠯ ᠤᠨ ᠲᠣᠭᠲᠠᠭᠠᠯ ᠶᠣᠰᠤᠭᠠᠷ᠂ ᠬᠠᠤᠯᠢ | ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠪᠠᠶᠢᠳᠠᠯ ᠪᠠ ᠨᠡᠶᠢᠭᠡᠮ ᠳᠤ | ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠶᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠤ᠂ | ᠬᠤᠳᠠᠯᠳᠤᠭ᠎ᠠ ᠬᠠᠩᠭᠠᠭᠴᠢ ᠶᠢᠨ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ ᠳᠤ ᠠᠷᠠᠯᠵᠢᠶᠠᠯᠠᠬᠤ | ᠡᠷᠬᠡ ᠶᠢ ᠨᠢ ᠭᠤᠷᠪᠠᠨ ᠰᠠᠷ᠎ᠠ ᠲᠦᠷ ᠵᠣᠭᠰᠣᠭᠠᠬᠤ᠂ ᠠᠷᠠᠯᠵᠢᠶᠠᠯᠠᠬᠤ ᠡᠷᠬᠡ ᠶᠢ ᠨᠢ ᠵᠢᠷᠭᠤᠭᠠᠨ ᠰᠠᠷ᠎ᠠ ᠲᠦᠷ | ᠵᠣᠭᠰᠣᠭᠠᠬᠤ᠂ ᠡᠯᠰᠡᠭᠳᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠠᠪᠤᠨ᠎ᠠ ᠭᠡᠵᠦ ᠲᠣᠭᠲᠠᠭᠠᠵᠠᠢ᠃ | ᠠᠷᠪᠠᠨ ᠳᠤᠯᠤᠭ᠎ᠠ᠂ ᠬᠤᠳᠠᠯᠳᠤᠨ ᠠᠪᠤᠭᠴᠢ ᠡᠯᠧᠺᠲᠷᠤᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ | ᠠᠪᠬᠤ ᠳᠤ ᠶᠠᠮᠠᠷ ᠶᠠᠮᠠᠷ ᠦᠢᠯᠡ ᠠᠵᠢᠯᠯᠠᠭ᠎ᠠ ︽ᠪᠤᠰᠤᠳ ᠵᠦᠢ ᠪᠣᠰᠤ ᠨᠥᠬᠦᠴᠡᠯ ᠢᠶᠠᠷ ᠬᠤᠳᠠᠯᠳᠤᠭ᠎ᠠ | ᠬᠠᠩᠭᠠᠭᠴᠢ ᠶᠢ ᠬᠢᠵᠠᠭᠠᠷᠯᠠᠭᠰᠠᠨ ᠪᠤᠶᠤ ᠭᠠᠳᠠᠭᠤᠷᠴᠢᠯᠠᠭᠰᠠᠨ︾ ᠳᠤ ᠲᠣᠭᠠᠴᠠᠭᠳᠠᠬᠤ ᠪᠤᠢ︖ ᠡᠭᠦᠨ ᠳᠤ ᠶᠠᠮᠠᠷ | ᠶᠠᠮᠠᠷ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠶᠢᠬᠤ ᠪᠣᠶ︖ | ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠡᠷᠡᠭᠵᠢᠭᠦᠯᠬᠦ ᠳᠦᠷᠢᠮ︾ ᠤᠨ ᠬᠤᠷᠢᠳᠤᠭᠠᠷ | ᠵᠦᠢᠯ ᠤᠨ ᠲᠣᠭᠲᠠᠭᠠᠯ ᠢ ᠦᠨᠳᠦᠰᠦᠯᠡᠪᠡᠯ᠂ ᠬᠤᠳᠠᠯᠳᠤᠨ ᠠᠪᠤᠭᠴᠢ ᠬᠤᠳᠠᠯᠳᠤᠨ ᠠᠪᠬᠤ ᠵᠦᠢᠯᠡᠰ ᠤᠨ ᠢᠶᠠᠨ | ᠣᠨᠴᠠᠭᠠᠢ ᠱᠠᠭᠠᠷᠳᠠᠯᠭ᠎ᠠ ᠶᠢ ᠦᠨᠳᠦᠰᠦᠯᠡᠨ ᠬᠤᠳᠠᠯᠳᠤᠭ᠎ᠠ ᠬᠠᠩᠭᠠᠭᠴᠢ ᠳᠤ ᠣᠨᠴᠠᠭᠠᠢ ᠨᠥᠬᠦᠴᠡᠯ ᠲᠣᠭᠲᠠᠭᠠᠵᠤ | ᠪᠣᠯᠤᠨ᠎ᠠ᠂ ᠭᠡᠬᠦ ᠳᠤ ᠪᠠᠨ ᠵᠦᠢ ᠪᠤᠰᠤ ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠲᠡᠭᠰᠢ ᠪᠤᠰᠤ ᠬᠠᠷᠠᠭᠠᠯᠵᠠᠬᠤ | ᠪᠤᠶᠤ ᠭᠠᠳᠠᠭᠤᠷᠴᠢᠯᠠᠵᠤ ᠪᠣᠯᠬᠤ ᠦᠭᠡᠢ᠃ ᠳᠠᠷᠠᠭᠠᠬᠢ ᠪᠠᠶᠢᠳᠠᠯ ᠢ ᠪᠠᠭᠲᠠᠭᠠᠬᠤ ᠪᠥᠭᠡᠳ ᠵᠥᠪᠬᠡᠨ ᠳᠠᠷᠠᠭᠠᠬᠢ | ᠪᠠᠶᠢᠳᠠᠯ ᠳᠤ ᠬᠢᠵᠠᠭᠠᠷᠯᠠᠭᠳᠠᠬᠤ ᠦᠭᠡᠢ᠄ | ︵ᠨᠢᠭᠡ︶ ᠬᠤᠳᠠᠯᠳᠤᠭ᠎ᠠ ᠬᠠᠩᠭᠠᠭᠴᠢ ᠳᠤ ᠦᠢᠯᠡᠳᠪᠦᠷᠢ ᠠᠴᠠ ᠣᠯᠭᠤᠭᠰᠠᠨ ᠡᠷᠬᠡ ᠪᠤᠶᠤ ᠠᠮᠠᠯᠠᠯᠲᠠ᠂ | ᠦᠢᠯᠡᠳᠪᠦᠷᠢ ᠶᠢᠨ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠠᠮᠠᠯᠠᠯᠲᠠ ᠶᠢᠨ ᠵᠠᠬᠢᠳᠠᠯ ᠪᠤᠶᠤ ᠲᠠᠸᠠᠷ ᠤᠨ | ᠪᠤᠯᠵᠤᠯᠳᠤ ᠲᠤᠭ᠎ᠠ ᠶᠢ ᠨᠤᠲᠠᠯᠠᠬᠤ ᠵᠠᠬᠢᠳᠠᠯ ᠬᠠᠩᠭᠠᠯᠭᠠᠬᠤ ᠪᠠᠷ ᠱᠠᠭᠠᠷᠳᠠᠬᠤ ᠪᠠᠶᠢᠳᠠᠯ᠃ | ︵ᠬᠤᠶᠠᠷ︶ ᠦᠢᠯᠡᠳᠪᠦᠷᠢ ᠠᠴᠠ ᠪᠠᠷᠠᠭ᠎ᠠ ᠶᠢ ᠰᠢᠭᠤᠳ ᠶᠠᠪᠤᠭᠤᠯᠬᠤ᠂ ᠲᠤᠰ ᠭᠠᠵᠠᠷ ᠤᠨ ᠦᠢᠯᠡᠳᠪᠦᠷᠢ | ᠬᠤᠳᠠᠯᠳᠤᠭ᠎ᠠ ᠶᠢᠨ ᠵᠣᠴᠢᠳ ᠤᠨ ᠳᠠᠭᠠᠭᠠᠮᠠᠯ ᠢᠶᠠᠷ ᠬᠠᠪᠰᠤᠷᠤᠭᠤᠯᠤᠨ ᠰᠢᠯᠭᠠᠨ ᠠᠪᠤᠭᠤᠯᠬᠤ᠂ ᠦᠢᠯᠡᠳᠪᠦᠷᠢ ᠶᠢᠨ | ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠢᠨᠵᠧᠨᠧᠷ ᠢ ᠣᠴᠢᠭᠤᠯᠵᠤ ᠪᠠᠷᠠᠭ᠎ᠠ ᠰᠢᠯᠭᠠᠨ ᠪᠠᠶᠢᠴᠠᠭᠠᠯᠭᠠᠬᠤ | ᠪᠤᠶᠤ ᠵᠢᠭᠠᠨ ᠲᠣᠭᠲᠠᠭᠠᠵᠤ ᠰᠢᠯᠭᠠᠨ ᠠᠪᠤᠭᠤᠯᠬᠤ ᠳᠤ ᠦᠢᠯᠡᠳᠪᠦᠷᠢ ᠶᠢ ᠵᠢᠭᠠᠨ ᠲᠣᠭᠲᠠᠭᠠᠬᠤ ᠪᠠᠷ ᠱᠠᠭᠠᠷᠳᠠᠬᠤ | ᠪᠠᠶᠢᠳᠠᠯ᠃ | ︵ᠭᠤᠷᠪᠠ︶ ᠲᠦᠷᠦᠯ ᠲᠡᠮᠳᠡᠭ᠂ ᠬᠡᠯᠪᠡᠷᠢ ᠮᠠᠶ᠋ᠢᠭ ᠢ ᠬᠢᠵᠠᠭᠠᠷᠯᠠᠬᠤ ᠪᠤᠶᠤ ᠣᠨᠴᠠ ᠵᠢᠭᠠᠨ ᠲᠣᠭᠲᠠᠭᠠᠬᠤ᠃ | ᠳᠡᠭᠡᠷᠡᠬᠢ ᠪᠠᠶᠢᠳᠠᠯ ᠨᠢ ᠵᠦᠢ ᠪᠤᠰᠤ ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠬᠢᠵᠠᠭᠠᠷᠯᠠᠭᠰᠠᠨ ᠪᠤᠶᠤ | ᠭᠠᠳᠠᠭᠤᠷᠴᠢᠯᠠᠭᠰᠠᠨ ᠳᠤ ᠬᠠᠷᠢᠶᠠᠯᠠᠭᠳᠠᠨ᠎ᠠ᠂ ︽ᠠᠷᠭ᠎ᠠ︾ ᠶᠢᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ | ᠶᠣᠰᠣᠭᠠᠷ᠂ ᠠᠳᠠᠯᠢ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠬᠢᠨᠠᠨ ᠬᠠᠮᠢᠶᠠᠷᠬᠤ ᠰᠠᠯᠠᠭ᠎ᠠ | ᠮᠥᠴᠢᠷ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ ᠴᠢᠬᠤᠯᠠᠲᠠᠶ ᠦᠶ᠎ᠡ ᠳᠤ ᠪᠣᠯᠵᠣᠨ ᠶᠠᠷᠢᠯᠴᠠᠨ᠎ᠠ | ᠃ ᠪᠠᠶᠢᠳᠠᠯ ᠨᠢ ᠬᠦᠨᠳᠦ ᠨᠣᠴᠢᠲᠠᠶ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠬᠤᠳᠠᠯᠳᠤᠨ ᠠᠪᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠨᠠᠢᠮᠠ᠂ ᠬᠤᠳᠠᠯᠳᠤᠭ᠎ᠠ ᠬᠠᠩᠭᠠᠭᠴᠢ ᠡᠯᠧᠺᠲᠷᠤᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ | ᠠᠪᠬᠤ ᠳᠤ ᠶᠠᠮᠠᠷ ᠶᠠᠮᠠᠷ ᠦᠢᠯᠡ ᠠᠵᠢᠯᠯᠠᠭ᠎ᠠ ᠨᠢ ᠬᠤᠤᠪᠢᠯᠳᠤᠨ ᠰᠦᠯᠪᠡᠭᠡᠯᠳᠡᠭᠰᠡᠨ ᠳᠤ ᠲᠣᠭᠠᠴᠠᠭᠳᠠᠬᠤ ᠪᠤᠢ︖ | ︽ᠠᠷᠭ᠎ᠠ︾ ᠳᠤ ᠡᠭᠦᠨ ᠤ ᠲᠤᠬᠠᠢ ᠶᠠᠮᠠᠷ ᠶᠠᠮᠠᠷ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠶᠢᠬᠤ ᠪᠣᠶ︖ | ᠡᠯᠧᠺᠲᠷᠤᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠳᠠᠷᠠᠭᠠᠬᠢ ᠪᠠᠶᠢᠳᠠᠯ ᠤᠨ ᠨᠢᠭᠡ ᠨᠢ ᠪᠠᠶᠢᠪᠠᠯ | ᠬᠤᠤᠪᠢᠯᠳᠤᠨ ᠰᠦᠯᠪᠡᠭᠡᠯᠳᠡᠭᠰᠡᠨ ᠳᠤ ᠲᠣᠭᠠᠴᠠᠭᠳᠠᠨ᠎ᠠ᠄ | ︵ᠨᠢᠭᠡ︶ ᠬᠤᠳᠠᠯᠳᠤᠭ᠎ᠠ ᠬᠠᠩᠭᠠᠭᠴᠢ ᠬᠤᠭᠤᠷᠣᠨᠳᠣ ᠪᠠᠨ ᠮᠡᠳᠡᠭᠦᠯᠦᠭᠰᠡᠨ ᠦᠨ᠎ᠡ᠂ ᠮᠡᠷᠭᠡᠵᠢᠯ ᠤᠨ ᠲᠥᠰᠦᠯ | ᠪᠤᠶᠤ ᠳᠠᠭᠠᠬᠤ ᠪᠢᠴᠢᠭ ᠮᠠᠲ᠋ᠧᠷᠢᠶᠠᠯ ᠤᠨ ᠮᠥᠨ ᠴᠢᠨᠠᠷ ᠤᠨ ᠠᠭᠤᠯᠭ᠎ᠠ ᠶᠢ ᠵᠥᠪᠳᠡᠯᠴᠡᠭᠰᠡᠨ ᠪᠠᠶᠢᠳᠠᠯ᠃ | ︵ᠬᠤᠶᠠᠷ︶ ᠬᠤᠳᠠᠯᠳᠤᠭ᠎ᠠ ᠬᠠᠩᠭᠠᠭᠴᠢ ᠬᠤᠭᠤᠷᠣᠨᠳᠣ ᠪᠠᠨ ᠶᠠᠮᠠᠷ ᠨᠢᠭᠡᠨ ᠣᠨᠴᠠ ᠲᠣᠭᠲᠠᠭᠰᠠᠨ ᠬᠤᠳᠠᠯᠳᠤᠭ᠎ᠠ | ᠬᠠᠩᠭᠠᠭᠴᠢ ᠶᠢ ᠳᠠᠭᠠᠭᠠᠴᠢᠯᠠᠯᠲᠠ ᠣᠯᠤᠭᠰᠠᠨ ᠢᠶᠠᠷ᠂ ᠮᠠᠶᠢᠮᠠᠢ ᠪᠦᠲᠦᠭᠰᠡᠨ ᠢᠶᠠᠷ ᠤᠷᠢᠳᠠᠪᠠᠷ ᠪᠣᠯᠵᠣᠨ ᠲᠣᠭᠲᠠᠭᠰᠠᠨ | ᠪᠠᠶᠢᠳᠠᠯ᠃ | ︵ᠭᠤᠷᠪᠠ︶ ᠬᠤᠳᠠᠯᠳᠤᠭ᠎ᠠ ᠬᠠᠩᠭᠠᠭᠴᠢ ᠬᠤᠭᠤᠷᠣᠨᠳᠣ ᠪᠠᠨ ᠵᠥᠪᠳᠡᠯᠴᠡᠨ ᠵᠠᠷᠢᠮ ᠬᠤᠳᠠᠯᠳᠤᠭ᠎ᠠ | ᠬᠠᠩᠭᠠᠭᠴᠢ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠪᠤᠶᠤ ᠳᠠᠭᠠᠭᠠᠴᠢᠯᠠᠯᠲᠠ | ᠣᠯᠬᠤ᠂ ᠠᠷᠠᠯᠵᠢᠶ᠎ᠠ ᠪᠦᠲᠦᠬᠦ ᠡᠷᠬᠡ ᠶᠢ ᠬᠠᠶᠠᠭᠤᠯᠬᠤ ᠪᠠᠷ ᠲᠣᠭᠲᠠᠭᠠᠭᠰᠠᠨ ᠪᠠᠶᠢᠳᠠᠯ᠃ | ︵ᠲᠦᠷᠪᠡ︶ ᠬᠤᠳᠠᠯᠳᠤᠭ᠎ᠠ ᠬᠠᠩᠭᠠᠭᠴᠢ ᠪᠠ ᠬᠤᠳᠠᠯᠳᠤᠨ ᠠᠪᠤᠭᠴᠢ ᠪᠤᠶᠤ ᠬᠤᠳᠠᠯᠳᠤᠭ᠎ᠠ | ᠬᠠᠩᠭᠠᠭᠴᠢ ᠯᠤᠭ᠎ᠠ ᠬᠤᠭᠤᠷᠣᠨᠳᠣ ᠪᠠᠨ ᠣᠨᠴᠠ ᠲᠣᠭᠲᠠᠭᠰᠠᠨ ᠬᠤᠳᠠᠯᠳᠤᠭ᠎ᠠ ᠬᠠᠩᠭᠠᠭᠴᠢ ᠳᠤ ᠳᠠᠭᠠᠭᠠᠴᠢᠯᠠᠯᠲᠠ | ᠣᠯᠭᠤᠬᠤ᠂ ᠠᠷᠠᠯᠵᠢᠶ᠎ᠠ ᠪᠦᠲᠦᠬᠦ ᠶᠢᠨ ᠬᠢᠨᠢ ᠲᠥᠯᠥᠭᠡ ᠬᠥᠭᠡᠭᠡᠴᠡᠯᠳᠦᠭᠰᠡᠨ ᠪᠤᠶᠤ ᠪᠤᠰᠤᠳ ᠬᠤᠳᠠᠯᠳᠤᠭ᠎ᠠ | ᠬᠠᠩᠭᠠᠭᠴᠢ ᠢ ᠭᠠᠳᠠᠭᠤᠷᠴᠢᠯᠠᠭᠰᠠᠨ ᠪᠠᠶᠢᠳᠠᠯ᠃ | ︵ᠲᠠᠪᠤ︶ ᠪᠤᠰᠤᠳ ᠪᠠᠶᠢᠳᠠᠯ | ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ ᠬᠠᠩᠭᠠᠭᠴᠢ ᠳᠤ ᠳᠡᠭᠡᠷᠡᠬᠢ ᠪᠠᠶᠢᠳᠠᠯ ᠭᠠᠷᠪᠠᠯ᠂ ︽ | ᠠᠷᠭ᠎ᠠ︾ ᠶᠢᠨ ᠭᠤᠴᠢᠨ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ᠂ ᠡᠯ᠎ᠡ ᠱᠠᠲᠤᠨ ᠤ ᠡᠯᠧᠺᠲᠷᠤᠨ | ᠬᠤᠳᠠᠯᠳᠤᠭᠠᠨ ᠤ ᠲᠠᠯᠠᠪᠤᠷ ᠤᠨ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠯᠧᠺᠲᠷᠤᠨ | ᠬᠤᠳᠠᠯᠳᠤᠭᠠᠨ ᠤ ᠲᠠᠯᠠᠪᠤᠷ ᠲᠠᠬᠢ ᠡᠵᠡᠩᠨᠡᠯᠲᠡ ᠶᠢᠨ ᠵᠥᠪᠯᠡᠯᠴᠡᠭᠡᠷ ᠢ ᠬᠡᠷᠡᠭᠵᠢᠭᠦᠯᠬᠦ ᠶᠢ ᠵᠣᠭᠰᠣᠭᠠᠬᠤ ᠶᠢᠨ ᠬᠠᠮᠲᠤ | ᠵᠠᠷᠯᠠᠨ ᠨᠡᠶᠢᠲᠡᠯᠡᠵᠦ᠂ 1 ᠠᠴᠠ 3 ᠵᠢᠯ ᠤᠨ ᠳᠣᠲᠣᠷ᠎ᠠ ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠨ | ᠠᠪᠬᠤ ᠠᠵᠢᠯᠯᠠᠭ᠎ᠠ ᠳᠤ ᠣᠷᠣᠯᠴᠠᠬᠤ ᠶᠢ ᠴᠠᠭᠠᠵᠠᠯᠠᠨ᠎ᠠ᠃ | ᠲᠣᠰ ︽ᠲᠠᠶᠢᠯᠤᠮᠵᠢ︾ ᠶᠢ ᠬᠡᠷᠡᠭᠵᠢᠭᠦᠯᠬᠦ ᠶᠠᠪᠤᠴᠠ ᠳᠤ ᠮᠠᠳᠠᠭ ᠲᠠᠢ ᠠᠰᠠᠭᠤᠳᠠᠯ ᠣᠷᠣᠰᠢᠵᠤ ᠪᠠᠶᠢᠪᠠᠯ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠠᠴᠠ ᠠᠰᠠᠭᠤᠨ | ᠯᠠᠪᠯᠠᠵᠤ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠄ ᠸᠠᠩ ᠶᠦᠨ ᠫᠧᠩ 0471 - | 4192321 | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠄ ᠴᠧᠨ ᠢ | ᠸᠧᠨ 0471 - 5617263 | |