ᠮᠠᠨᠵᠦᠲ᠋ᠦ᠋ᠨ ᠤ ᠮᠠᠨᠵᠦ ᠦᠨᠳᠦᠰᠦᠳᠡᠨ ᠤ ᠰᠢᠶᠠᠩ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠪᠣᠯᠪᠠᠰᠤᠷᠠᠯ ᠤᠨ ᠠᠩᠭᠢ ᠡᠷᠭᠢᠯᠡᠵᠠᠢ
ᠨᠡᠶᠢᠲᠡᠯᠡᠭᠰᠡᠨ ᠴᠠᠭ᠄
2021/11/2
    ᠤᠢᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠮᠠᠨᠵᠤᠲ᠋ᠦ᠋ᠨ ᠤ ᠮᠠᠨᠵᠦ ᠦᠨᠳᠦᠰᠦᠲᠡᠨ ᠤ ᠰᠢᠶᠠᠩ ᠤᠨ ᠬᠢᠨ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠪᠣᠯᠪᠠᠰᠤᠷᠠᠯ ᠤᠨ ᠠᠩᠭᠢ ᠥᠷᠨᠢᠭᠦᠯᠵᠦ᠂ ᠪᠥᠬᠦ ᠰᠢᠶᠠᠩ ᠤᠨ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠮᠠᠯᠴᠢᠨ ᠳᠠᠷᠢᠶᠠᠴᠢᠳ ᠲᠤ ᠠᠮᠤᠷ ᠲᠦᠪᠰᠢᠨ ᠢᠶᠠᠷ ᠳᠠᠷᠢᠶᠠᠯᠠᠩ ᠤᠨ ᠮᠠᠰᠢᠨ ᠵᠢᠯᠤᠭᠤᠳᠬᠤ ᠮᠡᠷᠭᠡᠵᠢᠯ ᠤᠯᠠᠮᠵᠢᠯᠠᠬᠰᠠᠨ ᠪᠠᠶᠢᠨ᠎ᠠ᠃     ᠪᠤᠯᠪᠠᠰᠤᠷᠠᠯ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠵᠢᠯᠳᠡᠨ ᠠᠴᠠ ᠲᠠᠷᠢᠶᠠᠯᠠᠩ ᠤᠨ ᠮᠠᠰᠢᠨ ᠵᠢᠯᠣᠭᠤᠳᠬᠤ ᠠᠮᠤᠷ ᠲᠦᠪᠰᠢᠨ ᠤ ᠳᠤᠬᠠᠢ ᠮᠡᠳᠡᠯᠭᠡ ᠂ ᠲᠠᠷᠢᠶᠠᠯᠠᠩ ᠤᠨ ᠮᠠᠰᠢᠨ ᠤ ᠡᠳᠦᠷ ᠲᠤᠲᠤᠮ ᠤᠨ ᠠᠩᠬᠠᠷᠬᠤ ᠴᠢᠬᠤᠯᠠᠲᠠᠶ ᠵᠠᠮ ᠬᠠᠷᠢᠯᠴᠠᠭᠠᠨ ᠤ ᠠᠮᠤᠷ ᠲᠦᠪᠰᠢᠨ ᠤ ᠵᠦᠶ᠋ᠯᠡᠰ ᠵᠢᠴᠢ ᠬᠠᠬᠢᠷ ᠬᠦᠢᠳᠡᠨ ᠳᠤ ᠬᠦᠯᠳᠡᠵᠦ ᠬᠠᠯᠲᠤᠷᠢᠬᠤ ᠠᠴᠠ ᠰᠡᠷᠭᠡᠶᠢᠯᠡᠬᠦ ᠠᠵᠢᠯ ᠢ ᠭᠤᠤᠯᠳᠠᠯᠭ᠎ᠠ ᠲᠠᠢ ᠲᠠᠶᠢᠯᠪᠤᠷᠢᠯᠠᠪᠠ᠃ ᠡᠬᠦᠨ ᠤ ᠵᠡᠷᠭᠡ ᠪᠠᠷ ᠥᠷᠭᠡᠨ ᠤᠯᠠᠨ ᠲᠠᠷᠢᠶᠠᠯᠠᠩ ᠤᠨ ᠮᠠᠰᠢᠨ ᠤ ᠵᠢᠯᠣᠭᠤᠴᠢ ᠶᠢ ᠡᠷᠬᠡᠪᠰᠢ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ ᠬᠠᠤᠯᠢ ᠴᠠᠭᠠᠵᠠ ᠶᠢ ᠰᠠᠬᠢᠵᠦ᠂ ᠪᠤᠯᠪᠠᠰᠤᠨ ᠢᠶᠠᠷ ᠮᠠᠰᠢᠨ ᠵᠢᠯᠤᠭᠤᠳᠴᠦ ᠂ ᠠᠮᠤᠷ ᠲᠦᠪᠰᠢᠨ ᠢᠶᠠᠷ ᠳᠠᠷᠢᠶᠠᠯᠠᠩ ᠤᠨ ᠮᠠᠰᠢᠨ ᠭᠡᠷᠡᠭᠯᠡᠬᠦ ᠶᠢ ᠰᠠᠨᠠᠭᠤᠯᠤᠬᠰᠠᠨ ᠪᠠᠶᠢᠨ᠎ᠠ᠃    ᠲᠣᠰ ᠤᠳᠠᠭᠠᠨ ᠤ ᠪᠤᠯᠪᠠᠰᠤᠷᠠᠯ ᠢᠶᠠᠷ ᠳᠠᠮᠵᠢᠨ᠂ ᠪᠦᠬᠦ ᠰᠢᠶᠠᠩ ᠤᠨ ᠮᠠᠯᠴᠢᠨ ᠳᠠᠷᠢᠶᠠᠴᠢᠳ ᠤᠨ ᠵᠢᠯᠣᠭᠤᠴᠢ ᠶᠢᠨ ᠦᠨᠡᠮᠯᠡᠯ ᠲᠠᠢ ᠪᠠᠶᠢᠬᠤ ᠨᠣᠷᠮ᠎ᠠ ᠪᠠ ᠵᠢᠯᠣᠭᠤᠴᠢ ᠶᠢᠨ ᠠᠵᠢᠯᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠠᠵᠢᠯᠯᠠᠬᠤ ᠬᠢᠷᠢ ᠲᠦᠪᠰᠢᠨ ᠪᠠ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ᠂ ᠲᠠᠷᠢᠶᠠᠯᠠᠩ ᠤᠨ ᠮᠠᠰᠢᠨ ᠤ ᠡ᠊ᠨᠳᠡᠯ ᠢ ᠪᠦᠲᠦᠮᠵᠢᠲᠡᠶ ᠰᠡᠷᠭᠡᠶᠢᠯᠡᠨ ᠪᠠᠭᠠᠰᠬᠠᠵᠦ᠂ ᠪᠦᠬᠦ ᠰᠢᠶᠠᠩ ᠤᠨ ᠨᠠᠮᠤᠷ ᠤᠨ ᠬᠤᠷᠢᠶᠠᠯᠲᠠ ᠶᠢᠨ ᠲᠠᠷᠢᠶᠠᠯᠠᠩ ᠤᠨ ᠮᠠᠰᠢᠨ ᠤ ᠠᠶᠤᠯᠭᠦᠶ ᠦᠶ᠋ᠯᠡᠳᠪᠦᠷᠢᠯᠡᠯ ᠢ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ︵ᠪᠠᠢ ᠯᠢᠶᠠᠨ ᠱᠸᠠᠩ︶
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号