ᠳᠦᠷᠦᠯᠵᠢ ᠪᠠᠯᠭᠠᠰᠤ ᠳᠠᠷᠢᠶᠠᠯᠠᠩ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠴᠦᠷᠬᠡᠭ ᠪᠠᠯᠭᠠᠰᠤ ᠶᠢ ᠪᠠᠶᠢᠭᠤᠯᠤᠨ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2021/11/23
  ᠤᠢᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠦᠷᠦᠯᠵᠢ ᠪᠠᠯᠭᠠᠰᠤᠨ ᠤ ᠱᠤᠸᠠᠩ ᠶᠢᠨ ᠭᠠᠴᠠᠭᠠᠨ ᠤ ᠱᠤᠸᠠᠩ ᠰᠢᠨ ᠳᠠᠷᠢᠵᠤ ᠳᠡᠵᠢᠭᠡᠬᠦ ᠳᠤᠰᠬᠠᠢ ᠬᠤᠷᠰᠢᠶᠠᠵᠢᠯ ᠤᠨ ᠳᠤᠳᠤᠷᠭ᠎ᠠ ᠦᠢᠯᠡᠳᠪᠦᠷᠢᠯᠡᠬᠦ ᠳᠠᠰᠤᠭ ᠲᠤ ᠮᠠᠰᠢᠨ ᠪᠠᠭᠠᠵᠢ ᠨᠢ ᠬᠦᠷᠴᠢᠬᠢᠨᠡᠨ᠂ ᠬᠤᠷᠰᠢᠶᠠᠵᠢᠯ ᠤᠨ ᠭᠡᠰᠢᠭᠦᠳ ᠦᠢᠯᠡᠳᠪᠦᠷᠢᠯᠡᠯ ᠤᠨ ᠠᠯᠬᠤᠮ ᠶᠠᠪᠤᠴᠠ ᠪᠠᠷ ᠰᠠᠶ᠋ᠢᠬᠠᠨ ᠦᠢᠯᠡᠳᠪᠦᠷᠢᠯᠡᠵᠤ ᠭᠠᠷᠭᠠᠭᠰᠠᠨ ᠤᠭᠤᠳᠠ ᠤᠭᠤᠳᠠ ᠳᠤᠳᠤᠷᠭ᠎ᠠ ᠪᠠᠨ ᠠᠴᠢᠶᠠᠨ ᠤ ᠮᠠᠰᠢᠨ ᠳᠡᠷᠭᠡᠨ ᠳᠤ ᠳᠡᠭᠡᠭᠡᠪᠦᠷᠢᠯᠡᠵᠤ ᠶᠠᠭᠠᠷᠠᠯᠳᠠᠢ ᠠᠵᠢᠯᠯᠠᠨ᠎ᠠ᠃ ᠤᠢᠢᠷ᠎ᠠ ᠶᠢᠨ ᠵᠢᠯ ᠠᠴᠠ ᠨᠠᠭᠠᠰᠢ᠂ ᠳᠦᠷᠦᠯᠵᠢ ᠪᠠᠯᠭᠠᠰᠤ ︽ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠤᠬᠢᠷᠳᠤᠯ ᠦᠭᠡᠢ ᠬᠦᠭᠵᠢᠭᠦᠯᠬᠦ︾ ᠪᠠᠶᠢᠯᠳᠤᠬᠤ ᠪᠤᠳᠤᠯᠭ᠎ᠠ ᠶᠢ ᠦᠢᠯᠡᠳᠦᠯᠭᠡᠵᠢᠭᠦᠯᠵᠤ᠂ ᠠᠵᠤ ᠦᠢᠯᠡᠰ ᠢ ᠳᠦᠪᠯᠡᠷᠡᠭᠦᠯᠦᠨ ᠬᠡᠯᠪᠡᠷᠢ ᠶᠢ ᠬᠤᠪᠢᠷᠠᠭᠤᠯᠤᠨ ᠬᠦᠭᠵᠢᠭᠦᠯᠵᠤ᠂ ᠤᠰᠤᠨ ᠳᠤᠳᠤᠷᠭ᠎ᠠ ᠶᠢᠨ ᠤᠳᠤᠷᠢᠳᠤᠬᠤ ᠠᠵᠤ ᠦᠢᠯᠡᠰ ᠤᠨ ᠳᠠᠪᠠᠭᠤᠯᠢᠭ ᠢᠶᠠᠨ ᠪᠠᠳᠠᠷᠠᠭᠤᠯᠤᠨ᠂ ᠳᠠᠷᠢᠶᠠᠯᠠᠩ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠴᠦᠷᠬᠡᠭ ᠪᠠᠯᠭᠠᠰᠤ ᠶᠢ ᠪᠠᠶᠢᠭᠤᠯᠵᠤ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠤᠢ᠃   ᠳ᠋ᠠᠢ ᠹᠦ᠋ ᠭᠦᠢ ᠪᠤᠯ ᠱᠤᠸᠠᠩ ᠶᠢᠨ ᠭᠠᠴᠠᠭᠠᠨ ᠤ ᠳᠤᠳᠤᠷᠭ᠎ᠠ ᠶᠢᠨ ᠳᠠᠷᠢᠮᠠᠯ ᠤᠨ ᠳᠤᠮᠤ ᠡᠷᠦᠬᠡ ᠪᠤᠯᠤᠨ᠎ᠠ᠃ ᠡᠨᠡ ᠵᠢᠯ ᠳᠡᠷᠡ 300 ᠮᠦ ᠤᠰᠤᠨ ᠳᠤᠳᠤᠷᠭ᠎ᠠ ᠳᠠᠷᠢᠵᠤ᠂ ᠤᠨᠠᠯᠳᠠ ᠨᠢ 40 ᠲᠦᠮᠡᠨ ᠵᠢᠩ ᠳᠤ ᠳᠤᠯᠪᠠ᠃ ᠱᠤᠸᠡᠩ ᠶᠢᠨ ᠭᠠᠴᠠᠭᠠᠨ ᠳᠤ ᠳᠡᠭᠦᠨ ᠲᠠᠢ ᠠᠳᠠᠯᠢ ᠳᠠᠷᠢᠮᠠᠯ ᠤᠨ ᠳᠤᠮᠤ ᠡᠷᠦᠬᠡ ᠬᠡᠳᠦᠨ ᠠᠷᠪᠠ ᠪᠠᠶᠢᠵᠤ᠂ 2020 ᠤᠨ ᠳᠤ ᠬᠤᠷᠰᠢᠶᠠᠵᠢᠯ ᠳᠤ ᠬᠤᠪᠢ ᠤᠷᠤᠭᠤᠯᠬᠤ ᠪᠠᠷ ᠳᠠᠮᠵᠢᠨ ᠰᠢᠯᠢᠳᠡᠭ ᠳᠦᠷᠦᠯ ᠵᠦᠢᠯ ᠤᠨ ᠳᠤᠳᠤᠷᠭ᠎ᠠ ᠶᠢ ᠳᠠᠷᠢᠵᠤ᠂ ᠳᠠᠷᠢᠶᠠᠯᠠᠩ ᠦᠢᠯᠡᠳᠪᠦᠷᠢᠯᠡᠯ ᠤᠨ ᠠᠯᠬᠤᠮ ᠶᠠᠪᠤᠴᠠ ᠶᠢ ᠮᠠᠰᠢᠨ ᠮᠧᠬᠠᠨᠢᠭᠴᠢᠯᠠᠭᠠᠳ᠂ ᠭᠠᠴᠠᠭᠠᠨ ᠤ ᠳᠠᠷᠢᠶᠠᠴᠢᠳ ᠭᠡᠷ ᠤᠨ ᠡᠭᠦᠳᠡᠨ ᠳᠤ ᠪᠠᠨ ᠳᠤᠳᠤᠷᠭ᠎ᠠ ᠪᠠᠨ ᠪᠤᠯᠪᠠᠰᠤᠷᠠᠭᠤᠯᠤᠨ ᠦᠢᠯᠡᠳᠪᠦᠷᠢᠯᠡᠵᠤ᠂ ᠤᠷᠤᠯᠭ᠎ᠠ ᠨᠢ ᠬᠤᠳᠠᠯᠳᠤᠭᠠᠴᠢᠨ ᠳᠤ ᠬᠤᠳᠠᠯᠳᠤᠨ ᠦᠭᠭᠦᠭᠰᠡᠨ ᠠᠴᠠ ᠬᠤᠯᠠ ᠢᠯᠡᠭᠦᠦ ᠨᠡᠮᠡᠭᠳᠡᠭᠰᠡᠨ ᠪᠠᠶᠢᠨ᠎ᠠ᠃   ᠱᠤᠸᠡᠩ ᠰᠢᠨ ᠳᠠᠷᠢᠵᠤ ᠳᠡᠵᠢᠭᠡᠬᠦ ᠳᠤᠰᠬᠠᠢ ᠬᠤᠷᠰᠢᠶᠠᠵᠢᠯ ᠤᠨ ᠬᠡᠰᠢᠭᠦᠨ ᠳ᠋ᠠᠢ ᠹᠦ᠋ ᠭᠦᠢ᠄ ︽ᠮᠠᠨ ᠤ ᠭᠠᠴᠠᠭ᠎ᠠ ᠳᠤ ᠳᠤᠰᠬᠠᠢ ᠬᠤᠷᠰᠢᠶᠠᠵᠢᠯ ᠪᠠᠶᠢᠭᠤᠯᠤᠭᠳᠠᠵᠤ ᠦᠢᠯᠡᠳᠪᠦᠷᠢᠯᠡᠯ ᠤᠨ ᠳᠠᠰᠤᠭ ᠲᠠᠢ ᠪᠤᠯᠤᠭᠰᠠᠨ ᠠᠴᠠ ᠨᠠᠭᠠᠰᠢ᠂ ᠳᠤᠳᠤᠷᠭ᠎ᠠ ᠶᠢᠨ ᠳᠦᠷᠦᠯ ᠵᠦᠢᠯ ᠰᠢᠯᠢᠳᠡᠭᠵᠢᠵᠤ᠂ ᠶᠠᠰᠤ ᠴᠢᠨᠠᠷ ᠨᠢ ᠰᠠᠶᠢᠵᠢᠷᠠᠭᠠᠳ᠂ ᠵᠢᠩ ᠪᠦᠷᠢ ᠳᠤ ᠤᠤᠯ ᠤᠨ ᠬᠢ ᠠᠴᠠ ᠢᠯᠡᠭᠦᠦ 20 — 30 ᠮᠦᠩᠭᠦ ᠬᠤᠳᠠᠯᠳᠤᠵᠤ᠂ ᠤᠷᠤᠯᠭ᠎ᠠ ᠨᠡᠮᠡᠭᠳᠡᠯ᠎ᠡ︾ ᠭᠡᠵᠤ ᠪᠠᠶᠠᠷᠯᠠᠨ᠎ᠠ᠃   ᠳᠦᠷᠦᠯᠵᠢ ᠪᠠᠯᠭᠠᠰᠤ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠠᠵᠤ ᠦᠢᠯᠡᠰ ᠤᠨ ᠬᠦᠭᠵᠢᠯᠳᠡ ᠶᠢ ᠳᠠᠶᠢᠴᠢᠯᠠᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠱᠤᠸᠠᠩ ᠰᠢᠨ ᠳᠠᠷᠢᠵᠤ ᠳᠡᠵᠢᠭᠡᠬᠦ ᠳᠤᠰᠬᠠᠢ ᠬᠤᠷᠰᠢᠶᠠᠵᠢᠯ ᠢᠶᠠᠷ ᠬᠦᠳᠦᠯᠦᠨ ᠳᠠᠭᠠᠭᠤᠯᠤᠭᠴᠢ ᠪᠤᠯᠭᠠᠨ᠂ ᠦᠢᠯᠡᠳᠪᠦᠷᠢᠯᠡᠯ ᠤᠨ ᠭᠤᠭᠴᠤᠭᠠᠨ ᠳᠤ ᠪᠤᠬᠢᠷᠳᠤᠯ ᠦᠭᠡᠢ ᠳᠦᠷᠦᠯ ᠳᠡᠮᠳᠡᠭᠳᠤ ᠶᠢ ᠡᠭᠦᠳᠬᠦ᠂ ᠤᠶᠤᠨ ᠴᠢᠳᠠᠪᠬᠢ ᠪᠠᠷ ᠴᠢᠬᠢ ᠪᠤᠶᠢᠵᠢᠭᠤᠯᠬᠤ᠂ ᠮᠠᠰᠢᠨ ᠮᠧᠬᠠᠨᠢᠭ ᠢᠶᠠᠷ ᠴᠢᠬᠢ ᠰᠠᠭᠤᠯᠭᠠᠬᠤ ᠵᠡᠷᠭᠡ ᠰᠢᠨᠵᠢᠯᠡᠬᠦ ᠤᠬᠠᠭᠠᠨᠴᠢ ᠪᠠᠷ ᠳᠠᠷᠢᠵᠤ ᠤᠷᠭᠤᠭᠤᠯᠬᠤ ᠠᠷᠭ᠎ᠠ ᠬᠡᠯᠪᠡᠷᠢ ᠶᠢ ᠬᠡᠷᠡᠭᠵᠢᠭᠦᠯᠵᠤ᠂ ᠳᠠᠷᠢᠬᠤ ᠠᠴᠠ ᠬᠤᠷᠢᠶᠠᠬᠤ ᠬᠦᠷᠳᠡᠯᠡᠬᠢ ᠪᠦᠬᠦ ᠶᠠᠪᠤᠴᠠ ᠶᠢ ᠮᠠᠰᠢᠨᠴᠢᠯᠠᠬᠤ ᠶᠢ ᠦᠨᠳᠦᠰᠦᠨ ᠳᠤ ᠪᠠᠨ ᠪᠠᠶᠡᠯᠡᠭᠦᠯᠦᠭᠰᠡᠨ ᠪᠠᠶᠢᠨ᠎ᠠ᠃ ᠱᠤᠸᠠᠩ ᠶᠢᠨ ᠭᠠᠴᠠᠭᠠᠨ ᠤ ᠨᠠᠮ ᠤᠨ ᠡᠭᠦᠷ ᠤᠨ ᠱᠦᠵᠢ ᠬᠠᠨ ᠢᠤᠢ ᠲᠢᠩ᠄ ︽ᠤᠳᠤ ᠮᠠᠨ ᠤ ᠬᠤᠷᠰᠢᠶᠠᠵᠢᠯ ᠦᠪᠡᠷ ᠤᠨ ᠳᠦᠷᠦᠯ ᠳᠡᠮᠳᠡᠭ ᠲᠠᠢ ᠪᠤᠯᠵᠤ ᠂ ᠦᠪᠡᠰᠦᠪᠡᠨ ᠦᠢᠯᠡᠳᠪᠦᠷᠢᠯᠡᠨ ᠪᠤᠭᠤᠳᠠᠯᠯᠠᠵᠤ ᠪᠤᠢ᠃ ᠮᠠᠨ ᠤ ︿ᠳᠠᠯ᠎ᠠ ᠶᠢᠨ ᠠᠮᠤ﹀᠂ ︿ᠱᠤᠸᠠᠩ ᠰᠢᠨ ᠳᠤᠳᠤᠷᠭ᠎ᠠ﹀ ᠵᠡᠷᠭᠡ ᠳᠦᠷᠦᠯ ᠳᠡᠮᠳᠡᠭ ᠬᠢᠩᠭᠠᠨ ᠠᠶᠢᠮᠠᠭ ᠤᠨ ᠳᠤᠳᠤᠷᠭ᠎ᠠ ᠶᠢᠨ ᠳᠦᠷᠦᠯ ᠳᠡᠮᠳᠡᠭ ᠲᠤ ᠲᠦᠰᠢᠭᠯᠡᠨ ᠨᠡᠷ᠎ᠡ ᠠᠯᠳᠠᠷ ᠢᠶᠠᠨ ᠮᠠᠨᠳᠤᠭᠤᠯᠬᠤ ᠶᠤᠮ︾ ᠭᠡᠵᠤ ᠢᠳᠡᠭᠡᠯ ᠲᠠᠢ ᠶᠠᠷᠢᠨ᠎ᠠ᠃ᠳᠠᠷᠠᠭ᠎ᠠ ᠠᠯᠬᠤᠮ ᠳᠤ᠂ ᠳᠦᠷᠦᠯᠵᠢ ᠪᠠᠯᠭᠠᠰᠤ ᠤᠳᠤᠷᠢᠳᠬᠤ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ︽ᠳᠠᠷᠢᠶᠠᠯᠠᠩ + ᠶᠠᠳᠠᠭᠤ ᠶᠢ ᠳᠡᠳᠬᠦᠬᠦ + ᠵᠤᠭᠠᠴᠠᠯ︾ ᠤᠨ ᠳᠠᠷᠢᠶᠠᠯᠠᠩ ᠵᠤᠭᠠᠴᠠᠯ ᠠᠭᠤᠰᠤᠯᠴᠠᠭᠰᠠᠨ ᠠᠵᠤ ᠦᠢᠯᠡᠰ ᠤᠨ ᠬᠦᠭᠵᠢᠯᠳᠡ ᠶᠢᠨ ᠬᠡᠪ ᠵᠠᠬᠪᠤᠷ ᠢ ᠡᠭᠦᠳᠴᠤ᠂ ᠳᠠᠷᠢᠶᠠᠯᠠᠩ ᠤᠨ ᠠᠵᠤ ᠦᠢᠯᠡᠰ ᠤᠨ ᠬᠡᠯᠬᠢᠶᠡᠰᠤ᠂ ᠬᠦᠳᠡᠭᠡ ᠳᠤᠰᠬᠤᠨ ᠤ ᠵᠤᠭᠠᠴᠠᠯ᠂ ᠠᠰᠢᠭ ᠳᠤᠰᠠ ᠶᠢᠨ ᠬᠤᠯᠪᠤᠯᠴᠠᠯ ᠤᠨ ᠰᠢᠨ᠎ᠡ ᠪᠠᠶᠢᠷᠢᠯᠠᠭᠤᠯᠤᠯᠳᠠ ᠶᠢ ᠲᠦᠷᠭᠡᠳᠭᠡᠨ᠂ ᠳᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠤ᠂ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠠᠮᠡᠷᠢᠯᠡᠬᠦ ᠪᠠᠷ ᠴᠢᠷᠮᠠᠶᠢᠵᠤ ᠪᠤᠢ᠃   ᠵᠢᠷᠤᠭ ᠲᠤ᠂ ᠦᠢᠯᠡᠳᠪᠦᠷᠢᠯᠡᠭᠰᠡᠨ ᠳᠤᠳᠤᠷᠭ᠎ᠠ ᠪᠠᠨ ᠤᠭᠤᠳᠠᠯᠯᠠᠵᠤ ᠪᠠᠶᠢᠨ᠎ᠠ᠃ ᠰᠠᠷᠠᠭᠤᠯ ᠯᠢ ᠨᠠ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号