ᠬᠢᠩᠭᠠᠨ ᠠᠶᠢᠮᠠᠭ ᠤᠨ ᠠᠯᠪᠠᠨ ᠵᠠᠷᠯᠠᠯ᠄ ᠲᠦᠷᠭᠡᠨ ᠭᠤᠪᠢᠭᠤᠯᠭ᠎ᠠ ᠶᠢᠨ ᠪᠤᠭᠤᠳᠠᠯ ᠢ ᠲᠤᠰᠴᠦ ᠠᠪᠬᠤ ᠳᠤ ᠠᠩᠬᠠᠷᠬᠤ ᠬᠡᠷᠡᠭᠳᠡᠢ
ᠨᠡᠶᠢᠲᠡᠯᠡᠭᠰᠡᠨ ᠴᠠᠭ᠄
2021/11/24
ᠥᠷᠭᠡᠨ ᠤᠯᠠᠨ ᠰᠠᠭᠤᠭᠠᠯᠢ ᠠᠷᠠᠳ ᠨᠠᠶᠢᠵᠠ ᠨᠠᠷ ᠡ᠄      ᠵᠢᠯ ᠤᠨ ᠡᠴᠦᠰ ᠪᠣᠯ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠬᠥᠭᠵᠢᠶᠡᠡᠲᠡᠶ ᠤᠯᠠᠷᠢᠯ ᠮᠥᠨ᠂ ᠥᠷᠭᠡᠨ ᠣᠯᠠᠨ ᠰᠠᠭᠤᠭᠠᠯᠢ ᠠᠷᠠᠳ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠲᠠᠸᠠᠷ ᠤᠨ ᠲᠤᠭ᠎ᠠ ᠬᠡᠮᠵᠢᠶ᠎ᠡ ᠨᠡᠮᠡᠭᠳᠡᠵᠦ ᠪᠠᠶᠢᠭ᠎ᠠ ᠪᠤᠯᠬᠤᠷ ᠥᠷᠭᠡᠨ ᠣᠯᠠᠨ ᠬᠡᠷᠡᠭᠯᠡᠭᠴᠢ ᠶᠢᠨ ᠰᠢᠤᠳᠠᠨ ᠤ ᠲᠦᠷᠭᠡᠨ ᠭᠤᠪᠢᠭᠤᠯᠭ᠎ᠠ ᠶᠢᠨ ᠲᠤᠬᠠᠶᠢᠯᠠᠭᠰᠠᠨ ᠠᠵᠢᠯ ᠢ ᠠᠮᠤᠷ ᠲᠦᠪᠰᠢᠨ ᠢᠶᠠᠷ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠡᠳᠦᠭᠡ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠰᠠᠨᠠᠭᠤᠯᠤᠶ᠎ᠠ᠄     ᠨᠢᠭᠡ᠂ ᠥᠷᠭᠡᠨ ᠣᠯᠠᠨ ᠬᠡᠷᠡᠭᠯᠡᠭᠴᠢ ᠢᠷᠡᠯᠲᠡ ᠨᠢ ᠲᠣᠳᠣᠷᠬᠠᠶ ᠥᠬᠡᠶ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠥᠬᠡᠶ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠴᠤ ᠪᠣᠯᠬᠤ ᠥᠬᠡᠶ᠃ ᠤᠯᠤᠰ ᠤᠨ ᠳᠣᠲᠣᠭᠠᠳᠤ ᠶᠢᠨ ᠳᠤᠮᠳᠠ᠂ ᠥᠨᠳᠦᠷ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠲᠠᠸᠠᠷ ᠬᠤᠳᠠᠯᠳᠤᠨ ᠠᠪᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃     ᠬᠤᠶᠠᠷ᠂ ᠳᠠᠷᠦ᠋ᠢᠬᠠᠨ ᠬᠡᠷᠡᠭᠯᠡᠬᠦ ᠥᠬᠡᠶ ᠪᠤᠶᠤ ᠬᠦᠢᠲᠡᠨ ᠢᠶᠠᠷ ᠬᠠᠳᠠᠭᠠᠯᠠᠬᠤ ᠴᠢᠬᠤᠯᠠ ᠥᠬᠡᠶ ᠲᠦᠷᠭᠡᠨ ᠭᠤᠪᠢᠭᠤᠯᠭ᠎ᠠ ᠶᠢᠨ ᠪᠤᠭᠤᠳᠠᠯ ᠢ ᠬᠡᠷ ᠤᠨ ᠭᠠᠳᠠᠨᠠᠬᠢ ᠬᠠᠭᠤᠷᠠᠶ᠂ ᠰᠠᠯᠬᠢ ᠨᠡᠪᠲᠡᠷᠡᠬᠦ ᠭᠠᠵᠠᠷ ᠲᠤ ᠬᠡᠰᠡᠭ ᠬᠤᠭᠤᠴᠠᠭ᠎ᠠ ᠲᠠᠯᠪᠢᠬᠤ ᠬᠡᠷᠡᠭᠳᠡᠢ᠃ ᠲᠦᠷᠭᠡᠨ ᠭᠤᠪᠢᠭᠤᠯᠭ᠎ᠠ ᠶᠢᠨ ᠭᠠᠳᠠᠷ ᠪᠣᠭᠤᠳᠠᠯ ᠲᠠᠢ ᠭᠠᠷ ᠢᠶᠠᠷ ᠢᠶᠠᠨ ᠰᠢᠭᠤᠳ ᠬᠦᠷᠦᠯᠴᠡᠬᠦ ᠠᠴᠠ ᠵᠠᠶᠢᠯᠠᠰᠬᠢᠵᠦ᠂ ᠠᠮᠠᠪᠴᠢ ᠪᠠ ᠪᠡᠭᠡᠯᠡᠶ ᠵᠡᠭᠦᠵᠦ᠂ ᠭᠠᠳᠠᠷ ᠪᠣᠭᠤᠳᠠᠯ ᠤᠨ ᠠᠷᠢᠭᠤᠳᠬᠠᠯ ᠢ ᠰᠠᠶᠢᠲᠤᠷ ᠬᠢᠪᠡᠯ ᠰᠠᠶ᠋ᠢ ᠪᠤᠭᠤᠳᠠᠯ ᠢ ᠨᠡᠭᠡᠭᠡᠵᠦ ᠵᠠᠳᠠᠯᠬᠤ ᠶᠢ ᠰᠠᠨᠠᠭᠤᠯᠵᠤ ᠪᠠᠶᠢᠨ᠎ᠠ᠃ ᠲᠦᠷᠭᠡᠨ ᠭᠤᠪᠢᠭᠤᠯᠭ᠎ᠠ ᠶᠢᠨ ᠪᠤᠭᠤᠳᠠᠯ ᠢ ᠨᠡᠭᠡᠭᠡᠵᠦ ᠵᠠᠳᠠᠯᠤᠭᠰᠠᠨ ᠤ ᠳᠠᠷᠠᠭ᠎ᠠ᠂ ᠭᠠᠳᠠᠷ ᠪᠣᠭᠤᠳᠠᠯ ᠪᠠᠭᠯᠠᠭ᠎ᠠ ᠶᠢ ᠳᠠᠬᠢᠨ ᠨᠢᠭᠡ ᠤᠳᠠᠭ᠎ᠠ ᠠᠷᠢᠭᠤᠳᠬᠠᠬᠤ ᠬᠡᠷᠡᠭᠳᠡᠢ᠃     ᠭᠤᠷᠪᠠ᠂ ᠰᠢᠨᠵᠢᠯᠡᠬᠦ ᠤᠬᠠᠭᠠᠨᠴᠢ ᠪᠠᠷ ᠠᠷᠢᠭᠤᠳᠬᠠᠬᠤ ᠠᠷᠭ᠎ᠠ ᠶᠢ ᠡᠵᠡᠮᠰᠢᠵᠦ᠂ 75% ᠶᠢᠨ ᠠᠭᠤᠯᠤᠭᠳᠠᠴᠠ ᠲᠠᠢ ᠡᠲ᠋ᠢᠯ ᠠᠯᠺᠣᠣᠯ ᠤᠨ ᠠᠷᠢᠭᠤᠳᠬᠠᠭᠴᠢ ᠡᠳ᠋ ᠢ ᠬᠡᠷᠡᠭᠯᠡᠨ᠂ ᠲᠦᠷᠭᠡᠨ ᠭᠤᠪᠢᠭᠤᠯᠭ᠎ᠠ ᠶᠢᠨ ᠭᠠᠳᠠᠷ ᠪᠣᠭᠤᠳᠠᠯ ᠵᠡᠷᠭᠡ ᠪᠣᠳᠠᠰ ᠤᠨ ᠭᠠᠳᠠᠷᠭᠤ ᠶᠢ 2 ᠤᠳᠠᠭ᠎ᠠ ᠵᠦᠯᠬᠦᠬᠦ ᠪᠦᠭᠡᠳ ᠤᠳᠠᠭ᠎ᠠ ᠪᠦᠷᠢ 3 ᠮᠢᠨᠦ᠋ᠲ ᠵᠦᠯᠬᠦᠬᠦ ᠬᠡᠷᠡᠭᠳᠡᠢ᠃     ᠳᠥᠷᠪᠡ᠂ ᠠᠶᠢᠮᠠᠭ ᠤᠨ ᠳᠣᠲᠣᠭᠠᠳᠤ ᠳᠠᠬᠢ ᠡᠯ᠎ᠡ ᠭᠤᠪᠢᠭᠤᠯᠭ᠎ᠠ ᠶᠢᠨ ᠠᠵᠤ ᠠᠬᠤᠶᠢᠯᠠᠯ ᠤᠳ ᠤᠯᠤᠰ ᠤᠨ ᠬᠤᠭᠤᠷᠣᠨᠳᠣᠬᠢ ᠰᠢᠤᠳᠠᠨ ᠤ ᠵᠦᠢᠯ ᠤᠨ ᠲᠦᠷᠭᠡᠨ ᠭᠤᠪᠢᠭᠤᠯᠭ᠎ᠠ ᠶᠢᠨ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃ ᠤᠯᠤᠰ ᠤᠨ ᠳᠣᠲᠣᠭᠠᠳᠤ ᠶᠢᠨ ᠳᠤᠮᠳᠠ ᠥᠨᠳᠦᠷ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠭᠰᠡᠨ ᠰᠢᠤᠳᠠᠨ ᠤ ᠲᠦᠷᠭᠡᠨ ᠭᠤᠪᠢᠭᠤᠯᠭ᠎ᠠ ᠶᠢ ᠨᠠᠭᠠᠳᠤ ᠵᠠᠬ᠎ᠠ ᠳᠠᠭᠠᠨ ᠨᠢᠭᠡ ᠡᠳᠦᠷ ᠤᠨ ᠡᠮᠦᠨ᠎ᠡ ᠰᠢᠤᠳᠠᠨ ᠤ ᠲᠦᠷᠭᠡᠨ ᠭᠤᠪᠢᠭᠤᠯᠭ᠎ᠠ ᠶᠢᠨ ᠵᠦᠢᠯ ᠤᠨ ᠬᠦᠷᠭᠡᠬᠦ ᠬᠠᠭᠤᠳᠠᠰᠤ ᠶᠢᠨ ᠳ᠋ᠤᠭᠠᠷ᠂ ᠭᠥᠯᠢᠶᠡᠨ ᠠᠪᠤᠭᠴᠢ ᠶᠢᠨ ᠣᠪᠣᠭ ᠨᠡᠷ᠎ᠡ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ᠂ ᠵᠢᠯᠣᠭᠤᠴᠢ ᠪᠠ ᠥᠩᠭᠡᠷᠡᠬᠦ ᠭᠠᠵᠠᠷ ᠣᠷᠣᠨ ᠤ ᠮᠡᠳᠡᠭᠡ ᠵᠠᠩᠭᠢ ᠶᠢ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃     ᠲᠠᠪᠤ᠂ ᠡᠯ᠎ᠡ ᠬᠤᠰᠢᠭᠤ ᠰᠢᠶᠠᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠰᠢᠤᠳᠠᠨ ᠤ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠢᠤᠳᠠᠨ ᠤ ᠲᠦᠷᠭᠡᠨ ᠭᠤᠪᠢᠭᠤᠯᠭ᠎ᠠ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠰᠬᠠᠶ ᠱᠠᠯᠠᠪᠳᠠᠭᠤᠯᠤᠨ ᠪᠠᠶᠢᠴᠠᠭᠠᠬᠤ ᠪᠠ ᠵᠢᠭᠠᠨ ᠵᠢᠯᠣᠭᠤᠳᠤᠯᠭ᠎ᠠ ᠶᠢᠨ ᠠᠵᠢᠯ ᠢ ᠲᠥᠪᠯᠡᠷᠡᠭᠦᠯᠦᠨ ᠦᠷᠨᠢᠬᠦᠯᠬᠦ ᠶᠢᠨ ᠲᠠᠠᠭᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠭᠤᠪᠢᠭᠤᠯᠭ᠎ᠠ ᠶᠢᠨ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃     ᠬᠢᠩᠭᠠᠨ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ           2021 ᠣᠨ ᠤ 11 ᠰᠠᠷ᠎ᠠ ᠶᠢᠨ 17  
 
ᠢᠷᠡᠯᠲᠡ᠄ ᠡᠷᠡᠭᠦᠯ ᠡᠩᠬᠡ ᠬᠢᠩᠭᠠᠨ ᠠᠶᠢᠮᠠᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号