| ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠵᠤ᠂ ᠠᠷᠠᠳ ᠤᠯᠠᠨ ᠤ ᠡᠷᠡᠭᠦᠯ ᠴᠢᠬᠢᠷᠠᠭ | ᠪᠠ ᠠᠮᠤᠷ ᠳᠦᠪᠰᠢᠨ ᠢ ᠦᠨᠡᠨ ᠬᠦ ᠬᠠᠮᠠᠭᠠᠯᠠᠬᠤ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠪᠠᠶᠠᠨᠮᠠᠩᠬ᠎ᠠ ᠰᠤᠮᠤ ᠳᠡᠭᠡᠳᠤ ᠱᠠᠳᠤᠨ ᠤ ᠱᠠᠭᠠᠷᠳᠠᠯᠭ᠎ᠠ ᠶᠤᠰᠤ ᠪᠠᠷ ᠨᠠᠷᠢᠨ ᠨᠢᠭᠳᠠ ᠪᠠᠶᠢᠷᠢᠯᠠᠭᠤᠯᠤᠯᠳᠠ ᠬᠢᠵᠤ᠂ | ᠠᠷᠭ᠎ᠠ ᠪᠤᠳᠤᠯᠭ᠎ᠠ ᠪᠠᠨ ᠴᠢᠩᠭᠠᠳᠬᠠᠨ ᠬᠢᠵᠢᠭ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ ᠪᠤᠢ᠃ | | — ᠪᠠᠶᠠᠨᠮᠠᠩᠬ᠎ᠠ ᠰᠤᠮᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠤᠨ ᠠᠬᠢᠭᠤᠯᠬᠤ | ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠤᠳᠤᠬᠠᠨ ᠤ ᠦᠪᠦᠷ ᠮᠤᠩᠭᠤᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠬᠦᠨᠳᠤ ᠨᠤᠴᠢᠳᠠᠢ ᠪᠠᠶᠢᠳᠠᠯ ᠳᠤ ᠴᠢᠭᠯᠡᠭᠦᠯᠦᠨ᠂ ᠬᠠᠷᠢᠶ᠎ᠠ ᠤᠷᠤᠨ ᠤ ᠨᠠᠮ ᠤᠨ | ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠳᠠᠨᠢᠯᠳᠠ ᠶᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠷᠢᠭᠤᠴᠠᠯᠭ᠎ᠠ ᠶᠢ ᠪᠠᠳᠤᠳᠬᠠᠵᠤ᠂ ︽ᠳᠤᠤᠷᠵᠢᠭᠰᠠᠨ︾ ᠬᠠᠮᠢᠶᠠᠷᠤᠯᠳᠠ ᠶᠢᠨ ᠳᠦᠷᠢᠮ ᠢ ᠠᠰᠢᠭᠯᠠᠨ | ᠨᠤᠳᠤᠭ ᠲᠤ ᠪᠠᠨ ᠪᠤᠴᠠᠭᠰᠠᠨ ᠬᠦᠮᠦᠰ ᠲᠤ ᠰᠢᠭᠰᠢᠨ ᠪᠠᠶᠢᠴᠠᠭᠠᠯᠳᠠ ᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠯᠬᠠᠪᠴᠢ ᠶᠢ ᠪᠠᠬᠢᠵᠢᠭᠦᠯᠵᠡᠢ᠃ | — ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦ ᠶᠢᠨ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ | ᠳᠦᠭᠡᠮᠡᠯᠵᠢᠭᠦᠯᠵᠤ᠂ ᠠᠷᠠᠳ ᠤᠯᠠᠨ ᠢ ᠬᠦᠲᠦᠯᠦᠨ ᠠᠮᠠᠪᠴᠢ ᠵᠡᠭᠦᠭᠦ᠂ ᠦᠷᠭᠦᠯᠵᠢ ᠭᠠᠷ ᠢᠶᠠᠨ ᠤᠬᠢᠶᠠᠬᠤ᠂ ᠬᠤᠷᠠᠵᠤ | ᠴᠤᠬᠯᠠᠷᠠᠬᠤ ᠠᠴᠠ ᠵᠠᠶᠢᠯᠠᠰᠬᠢᠬᠤ ᠰᠢᠯᠢᠳᠡᠭ ᠰᠠᠶᠢᠨ ᠳᠠᠳᠬᠠᠯ ᠢ ᠬᠦᠮᠦᠵᠢᠭᠦᠯᠵᠡᠢ᠃ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨ᠎ᠠ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠶᠡᠷᠦ ᠶᠢᠨ ᠮᠡᠳᠡᠯᠭᠡ ᠶᠢ ᠤᠬᠠᠭᠤᠯᠵᠤ᠂ ᠬᠠᠷᠢᠶ᠎ᠠ ᠤᠷᠤᠨ ᠤ ᠠᠷᠠᠳ ᠤᠯᠠᠨ ᠤ 10 ᠰᠠᠷ᠎ᠠ ᠶᠢᠨ 16 ᠤ ᠡᠳᠦᠷ ᠠᠴᠠ | ᠨᠠᠭᠠᠰᠢᠬᠢ ᠨᠠᠭᠠᠰᠢ ᠴᠠᠭᠠᠰᠢ ᠶᠠᠪᠤᠭᠰᠠᠨ ᠤᠯᠠ ᠮᠦᠷ ᠤᠨ ᠪᠠᠶᠢᠳᠠᠯ ᠢ ᠪᠦᠬᠦ ᠳᠠᠯ᠎ᠠ ᠪᠠᠷ ᠪᠠᠶᠢᠴᠠᠭᠠᠨ ᠳᠡᠮᠳᠡᠭᠯᠡᠵᠤ᠂ | ᠤᠨᠴᠠᠭᠠᠢ ᠴᠢᠬᠤᠯᠠ ᠦᠭᠡᠢ ᠪᠤᠯ ᠭᠠᠳᠠᠭᠰᠢ ᠭᠠᠷᠬᠤ ᠦᠭᠡᠢ᠂ ᠶᠠᠷᠰᠢᠭ ᠳᠠᠳᠠᠬᠤ ᠦᠭᠡᠢ᠂ ᠴᠤᠤᠷᠬᠠᠯ ᠳᠠᠯᠪᠢᠬᠤ | ᠦᠭᠡᠢ᠂ ᠴᠤᠤᠷᠬᠠᠯ ᠳᠠᠷᠬᠠᠭᠠᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠮᠦᠨ | ᠪᠦᠬᠦᠨ ᠬᠠᠷᠢᠭᠤᠴᠠᠯᠭ᠎ᠠ ᠲᠠᠢ ᠪᠠᠶᠢᠬᠤ ᠤᠬᠠᠮᠰᠠᠷ ᠢ ᠪᠠᠳᠤ ᠪᠤᠢ ᠪᠤᠯᠭᠠᠵᠠᠢ᠃ | — ᠪᠦᠬᠦ ᠰᠤᠮᠤᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠳᠠᠯ᠎ᠠ ᠪᠠᠷ ᠳᠡᠰ | ᠳᠡᠪᠰᠢᠭᠦᠯᠵᠤ᠂ ᠭᠡᠭᠡᠨ ᠤᠷᠳᠤ ᠭᠠᠴᠠᠭ᠎ᠠ᠂ ᠬᠠᠳᠠᠪᠴᠢ ᠭᠠᠴᠠᠭ᠎ᠠ ᠳᠤ 2 ᠤᠳᠠᠭ᠎ᠠ ᠪᠦᠬᠦ ᠬᠡᠰᠢᠭᠦᠨ ᠳᠤ ᠪᠦᠬᠡᠮ | ᠬᠦᠴᠢᠯ ᠤᠨ ᠪᠠᠶᠢᠴᠠᠭᠠᠯᠳᠠ ᠬᠢᠬᠦ ᠰᠤᠷᠢᠯᠳᠠ ᠶᠠᠪᠤᠭᠳᠠᠭᠤᠯᠤᠨ᠂ ᠦᠯᠢᠭᠡᠷ ᠠᠪᠬᠤ᠂ ᠡᠮᠴᠢ ᠰᠤᠪᠢᠯᠠᠬᠴᠢ ᠠᠴᠠ | ᠦᠯᠢᠭᠡᠷ ᠶᠠᠩᠵᠤ ᠶᠢᠨ ᠰᠤᠷᠠᠭ ᠵᠠᠩᠬᠢ ᠪᠠ ᠳᠤᠭ᠎ᠠ ᠬᠡᠮᠵᠢᠶ᠎ᠡ ᠶᠢ ᠬᠢᠨᠠᠨ ᠬᠠᠷᠭᠤᠭᠤᠯᠬᠤ᠂ ᠡᠮ ᠡᠮᠨᠡᠯᠭᠡ ᠶᠢᠨ ᠬᠤᠭ | ᠨᠤᠪᠰᠢ ᠶᠢ ᠠᠷᠢᠯᠭᠠᠨ ᠰᠢᠢᠳᠪᠦᠷᠢᠯᠡᠬᠦ᠂ ᠦᠯᠢᠭᠡᠷ ᠠᠪᠬᠤ ᠴᠡᠭ ᠤᠨ ᠳᠤᠬᠠᠢ ᠶᠢᠨ ᠳᠠᠯᠠᠪᠠᠢ ᠳᠤ ᠳᠦᠢᠯᠪᠦᠷᠢᠳᠡᠢ | ᠠᠷᠢᠭᠤᠳᠬᠠᠯ ᠬᠢᠬᠦ ᠵᠡᠷᠭᠡ ᠶᠢ ᠡᠮᠬᠢ ᠴᠡᠭᠴᠡ ᠲᠠᠢ ᠶᠠᠪᠤᠭᠳᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠪᠠᠳᠤ ᠰᠠᠭᠤᠷᠢ ᠪᠠ ᠪᠠᠳᠤᠯᠠᠭ᠎ᠠ ᠬᠠᠩᠭᠠᠭᠰᠠᠨ ᠪᠠᠶᠢᠨ᠎ᠠ᠃ | — ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠵᠤ᠂ ᠤᠷᠳᠤ ᠬᠤᠭᠤᠴᠠᠭᠠᠨ᠎ᠠ | ᠪᠦᠳᠦᠮᠵᠢᠳᠡᠢ ᠰᠡᠷᠭᠡᠶᠢᠯᠡᠨ ᠬᠠᠮᠠᠭᠠᠯᠠᠬᠤ ᠳᠤᠭᠳᠠᠴᠠ ᠶᠢ ᠳᠡᠭᠦᠯᠳᠡᠷᠵᠢᠭᠦᠯᠬᠦ ᠪᠠᠷ ᠪᠠᠶᠠᠨᠮᠠᠩᠬ᠎ᠠ ᠰᠤᠮᠤᠨ ᠤ ᠵᠠᠰᠠᠭ ᠤᠨ | ᠤᠷᠳᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳᠦᠷ ᠪᠦᠷᠢ ᠶᠢᠨ ᠵᠢᠵᠢᠭᠦᠷᠯᠡᠬᠦ ᠳᠦᠷᠢᠮ ᠢ ᠬᠡᠷᠡᠭᠵᠢᠭᠦᠯᠵᠤ | ᠂ ᠪᠦᠬᠦ ᠺᠠᠳ᠋ᠷ ᠠᠵᠢᠯᠳᠠᠨ ᠵᠢᠵᠢᠭᠦᠷ ᠤᠨ ᠡᠭᠡᠯᠵᠢ ᠶᠢᠨ ᠬᠦᠰᠦᠨᠦᠭᠳᠤ ᠶᠤᠰᠤ ᠪᠠᠷ ᠨᠠᠮ ᠤᠯᠠᠨ ᠳᠦᠮᠡᠨ ᠤ | ᠦᠢᠯᠡᠴᠢᠯᠡᠭᠡᠨ ᠤ ᠳᠦᠪ ᠤᠨ ᠨᠢᠭᠡᠳᠦᠭᠡᠷ ᠠᠰᠠᠷ ᠲᠤ ᠵᠢᠵᠢᠭᠦᠷᠯᠡᠵᠤ᠂ ᠭᠠᠳᠠᠨ᠎ᠠ ᠠᠴᠠ ᠢᠷᠡᠭᠰᠡᠳ ᠢ ᠳᠠᠩᠰᠠᠯᠠᠨ | ᠳᠡᠮᠳᠡᠭᠯᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤ ᠬᠠᠯᠬᠠᠪᠴᠢ ᠶᠢ ᠪᠤᠢ ᠪᠤᠯᠭᠠᠵᠠᠢ᠃ | ᠬᠠᠮᠳᠤ ᠳᠤ ᠨᠢ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠳᠤᠬᠢᠷᠠᠭᠤᠯᠤᠨ ᠰᠤᠮᠤ᠂ ᠭᠠᠴᠠᠭᠠᠨ ᠤ ᠨᠠᠮ ᠤᠯᠠᠨ | ᠳᠦᠮᠡᠨ ᠤ ᠦᠢᠯᠡᠴᠢᠯᠡᠭᠡᠨ ᠤ ᠳᠦᠪ ᠵᠢᠴᠢ ᠬᠤᠳᠠᠯᠳᠤᠭ᠎ᠠ ᠳᠡᠯᠭᠡᠭᠦᠷ᠂ ᠬᠤᠭᠤᠯᠠᠨ ᠭᠡᠷ ᠵᠡᠷᠭᠡ ᠤᠯᠠᠨ ᠨᠡᠶᠢᠳᠡ ᠶᠢᠨ | ᠳᠠᠯᠠᠪᠤᠷ ᠲᠤ ᠱᠠᠯᠠᠪᠳᠠᠭᠤᠯᠤᠨ ᠪᠠᠶᠢᠴᠠᠭᠠᠯᠳᠠ ᠬᠢᠵᠤ᠂ ᠭᠠᠷᠴᠤ ᠤᠷᠤᠬᠤ ᠬᠦᠮᠦᠰ ᠺᠤᠳ᠋ ᠰᠢᠷᠪᠢᠨ ᠳᠡᠮᠳᠡᠭᠯᠡᠵᠤ᠂ | ᠪᠡᠶ᠎ᠡ ᠶᠢᠨ ᠬᠠᠯᠠᠭᠤᠨ ᠢ ᠨᠢ ᠬᠡᠮᠵᠢᠨ᠂ ᠡᠬᠢ ᠰᠤᠷᠪᠤᠯᠵᠢ ᠠᠴᠠ ᠨᠢ ᠡᠵᠡᠮᠳᠡᠵᠤ᠂ ᠭᠠᠳᠠᠨ᠎ᠠ ᠠᠴᠠ ᠬᠠᠯᠳᠠᠪᠤᠷᠢᠯᠠᠬᠤ ᠶᠢ | ᠴᠢᠩᠭ᠎ᠠ ᠰᠡᠷᠭᠡᠶᠢᠯᠡᠵᠡᠢ᠃ | — ᠪᠠᠶᠠᠨᠮᠠᠩᠬ᠎ᠠ ᠰᠤᠮᠤ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠠᠵᠢᠯ ᠢ ᠴᠢᠬᠤᠯᠠᠴᠢᠯᠠᠵᠤ᠂ ᠤᠷᠴᠢᠨ | ᠳᠤᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠪᠠ ᠠᠷᠢᠯᠭᠠᠨ ᠴᠡᠪᠡᠷᠯᠡᠬᠦ ᠳᠡᠷᠭᠡ ᠶᠢ ᠨᠡᠮᠡᠭᠳᠡᠭᠦᠯᠦᠨ᠂ ᠵᠡᠭᠡᠯᠢ | ᠭᠤᠳᠤᠮᠵᠢ ᠶᠢᠨ ᠠᠷᠢᠭᠤᠨ ᠴᠡᠪᠡᠷ ᠢ ᠠᠷᠢᠯᠭᠠᠵᠤ᠂ ᠠᠮᠢᠳᠤᠷᠠᠯ ᠤᠨ ᠬᠤᠭ ᠨᠤᠪᠰᠢ ᠶᠢ ᠵᠦᠭᠡᠭᠡᠪᠦᠷᠢᠯᠡᠨ | ᠰᠢᠢᠳᠪᠦᠷᠢᠯᠡᠵᠤ᠂ ᠡᠳᠦᠷ ᠤᠨ ᠬᠤᠭ ᠨᠤᠪᠰᠢ ᠶᠢ ᠡᠳᠦᠷ ᠲᠤ ᠨᠢ ᠴᠡᠪᠡᠷᠯᠡᠬᠦ ᠶᠢ ᠪᠠᠳᠤᠯᠠᠵᠠᠢ᠃ ᠬᠠᠮᠳᠤ ᠳᠤ ᠨᠢ | ᠭᠠᠴᠠᠭ᠎ᠠ ᠳᠤᠰᠬᠤᠨ ᠤ ᠠᠷᠠᠳ ᠦᠪᠡᠷ ᠤᠨ ᠭᠡᠷ ᠤᠨ ᠡᠭᠦᠳᠡᠨ ᠳᠠᠬᠢ ᠠᠷᠢᠭᠤᠨ ᠴᠡᠪᠡᠷ ᠢᠶᠠᠨ ᠬᠠᠮᠠᠭᠠᠯᠠᠨ᠂ ᠬᠢᠵᠢᠭ ᠢ | ᠰᠡᠷᠭᠡᠶᠢᠯᠡᠬᠦ ᠴᠡᠪᠡᠷ ᠳᠡᠭᠰᠢ ᠤᠷᠴᠢᠨ ᠳᠤᠭᠤᠷᠢᠨ ᠢ ᠪᠤᠢ ᠪᠤᠯᠭᠠᠵᠠᠢ᠃ | ᠵᠢᠷᠤᠭ ᠲᠤ ᠬᠢᠵᠢᠭ ᠢ ᠰᠡᠷᠭᠡᠶᠢᠯᠡᠬᠦ ᠰᠤᠷᠢᠯᠳᠠ ᠬᠢᠨ᠎ᠡ᠃ ᠴᠢᠤ ᠰᠢᠶᠠᠩ ᠤᠷᠭᠤᠭ᠎ᠠ ᠰᠡᠭᠦᠳᠡᠷᠯᠡᠨ ᠮᠡᠳᠡᠭᠡᠯᠡᠪᠡ |