ᠲᠦᠷᠥᠯᠵᠢ ᠪᠠᠯᠭᠠᠰᠥ ᠤᠷᠴᠢᠨ ᠳᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2021/11/3
    ᠦᠷᠭᠡᠨ ᠤᠯᠠᠨ ᠲᠦᠮᠡᠨ ᠤ ᠤᠷᠴᠢᠨ ᠳᠤᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠬᠦᠯᠥᠨ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠰᠠᠶᠢᠳᠥᠷ ᠬᠡᠷᠡᠭᠵᠢᠬᠦᠯᠬᠦ ᠶᠢᠨ ᠲᠦᠯᠥᠭᠡ᠂ ᠤᠢᠢᠷ᠎ᠠ ᠳᠤ ᠬᠤᠷᠴᠢᠨ ᠪᠠᠷᠠᠭᠤᠨ ᠭᠠᠷᠥᠨ ᠳᠤᠮᠳᠠᠳᠥ ᠬᠤᠰᠢᠭᠤᠨ ᠤ ᠲᠦᠷᠥᠯᠵᠢ ᠪᠠᠯᠭᠠᠰᠥ ᠤᠷᠴᠢᠨ ᠳᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ᠃     ᠲᠦᠷᠥᠯᠵᠢ ᠪᠠᠯᠭᠠᠰᠥ ᠨᠠᠮ ᠤᠨ ᠪᠠᠶᠢᠭᠤᠯᠤᠯᠳᠠ ᠪᠠᠷ ᠬᠦᠳᠥᠯᠪᠤᠷᠢ ᠪᠤᠯᠭᠠᠬᠤ ᠶᠢ ᠪᠠᠷᠢᠮᠳᠠᠯᠠᠵᠤ᠂ ᠨᠠᠮ ᠤᠨ ᠳᠡᠥᠭᠡ ᠶᠢᠨ ᠰᠤᠷᠤᠯᠴᠠᠯᠭ᠎ᠠ ᠬᠦᠮᠥᠵᠢᠯ ᠤᠨ ᠠᠵᠢᠯᠯᠠᠭ᠎ᠠ ᠶᠢᠨ ᠳᠤᠭᠤᠷᠢᠨ ᠳᠤ ︽ᠪᠢ ᠳᠠᠨ ᠢ ᠬᠠᠪᠰᠤᠷᠤᠨ ᠪᠤᠳᠠᠳᠥ ᠶᠠᠪᠤᠳᠠᠯ ᠬᠢᠵᠤ ᠦᠭᠬᠦ︾ ᠰᠠᠶᠢᠨ ᠳᠤᠷᠠᠴᠤᠤᠯ ᠤᠨ ᠥᠢᠯᠡᠴᠢᠯᠡᠭᠡᠨ ᠤ ᠠᠵᠢᠯᠯᠠᠭ᠎ᠠ ᠲᠠᠢ ᠤᠶᠠᠯᠳᠤᠭᠤᠯᠥᠨ᠂ ᠪᠦᠬᠦ ᠪᠠᠯᠭᠠᠰᠥᠨ ᠤ ᠬᠡᠪᠴᠢᠶᠡᠨ ᠳᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠠᠢ᠃ ᠡᠬᠦ ᠢᠶᠠᠷ ᠳᠠᠮᠵᠢᠨ ᠠᠷᠠᠳ ᠤᠯᠠᠨ ᠤ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠭᠤᠶᠤᠵᠢᠭᠤᠯᠥᠨ᠂ ᠤᠯᠠᠨ ᠲᠦᠮᠡᠨ ᠤ ᠶᠠᠪᠤᠵᠤ ᠰᠠᠭᠤᠬᠤ ᠳᠤ ᠰᠢᠯᠢᠳᠡᠭ ᠤᠷᠴᠢᠨ ᠢ ᠪᠦᠷᠢᠯᠳᠥᠬᠦᠯᠥᠨ ᠦᠭᠴᠡᠢ᠃     ᠡᠯ᠎ᠡ ᠭᠠᠴᠠᠭ᠎ᠠ᠂ ᠨᠡᠶᠢᠭᠡᠮ ᠳᠤᠭᠤᠷᠢᠭ ᠤᠨ ᠤᠳᠤᠷᠢᠳᠬᠤ ᠪᠠᠭ ᠤᠨ ᠬᠡᠰᠢᠬᠦᠳ᠂ ᠨᠠᠮ ᠤᠨ ᠬᠡᠰᠢᠬᠦᠨ ᠺᠠᠳ᠋ᠷᠴᠤᠳ ᠪᠤᠯᠤᠨ ᠵᠠᠯᠠᠭᠤ ᠰᠠᠶᠢᠨ ᠳᠤᠷᠠᠴᠤᠤᠯ ᠬᠦᠷᠵᠡ ᠱᠦᠬᠦᠷ ᠵᠡᠷᠭᠡ ᠶᠢ ᠠᠪᠴᠥ ᠵᠡᠭᠡᠯᠢ ᠭᠤᠳᠤᠮᠵᠢ᠂ ᠵᠠᠮ ᠤᠨ ᠬᠠᠵᠠᠭᠤ ᠵᠡᠷᠭᠡ ᠶᠢ ᠴᠡᠪᠡᠷᠯᠡᠬᠦ ᠶᠢᠨ ᠬᠠᠮᠳᠥ ᠡᠷᠥᠭᠡ ᠪᠠᠷ ᠬᠦᠨᠵᠡᠬᠡᠶᠢᠷᠡᠨ ᠤᠯᠠᠨ ᠲᠦᠮᠡᠨ ᠳᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠶᠢᠨ ᠴᠢᠬᠤᠯᠠ ᠴᠢᠨᠠᠷ ᠢ ᠮᠡᠳᠡᠬᠦᠯᠵᠤ᠂ ᠬᠦᠮᠥᠨ ᠪᠦᠬᠦᠨ ᠤᠷᠴᠢᠨ ᠳᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠤᠷᠤᠯᠴᠠᠨ᠂ ᠬᠦᠮᠥᠨ ᠪᠦᠬᠦᠨ ᠤᠷᠴᠢᠨ ᠳᠤᠭᠤᠷᠢᠨ ᠢ ᠬᠠᠮᠠᠭᠠᠯᠠᠬᠤ ᠶᠢ ᠤᠷᠢᠶᠠᠯᠠᠭᠰᠠᠨ ᠪᠠᠶᠢᠨ᠎ᠠ᠃ ︵ᠴᠢᠮᠡᠭᠡᠯᠡᠭᠴᠢ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号