| ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠠᠯᠢ ᠤᠯᠠᠨ | ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ | ᠨᠠᠮ ᠤᠨ ᠦᠨᠳᠦᠰᠦᠲᠡᠨ ᠤ ᠠᠵᠢᠯ ᠤᠨ ᠤᠨᠤᠯ ᠪᠠ ᠦᠢᠯᠡᠳᠦᠯᠭᠡ ᠶᠢᠨ ᠤᠬᠢ ᠪᠦᠲᠦᠭᠡᠯ ᠮᠥᠨ᠂ ᠮᠠᠷᠺᠰ ᠤᠨ | ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ ᠮᠥᠨ᠃ ᠬᠢᠩᠭᠠᠨ | ᠠᠶᠢᠮᠠᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠮᠡᠨᠳᠦᠯᠡᠭᠰᠡᠨ ᠭᠠᠵᠠᠷ ᠪᠣᠯᠤᠭᠰᠠᠨ ᠤ | ᠬᠤᠪᠢ ᠳᠤ᠂ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠬᠠᠮᠤᠭ ᠡᠷᠲᠡ | ᠦᠶ᠋ᠯᠡᠳᠦᠯᠭᠡᠵᠢᠭᠦᠯᠦᠭᠰᠡᠨ ᠭᠠᠵᠠᠷ᠂ ᠪᠢᠳᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠂ | ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠦ᠂ ︽ | ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠦ᠂ ︽ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ︾ ᠢ ᠰᠡᠷᠭᠦᠭᠡᠨ | ᠡᠭᠦᠳᠬᠦ ᠪᠠᠷ ᠭᠠᠷᠳᠠᠴᠠ ᠪᠣᠯᠭᠠᠨ᠂ ︽ᠲᠠᠪᠤᠨ ᠰᠠᠭᠤᠷᠢ︾ ᠶᠢ ᠦᠷᠭᠦᠯᠵᠢᠯᠡᠨ ᠪᠠᠬᠢᠵᠢᠭᠦᠯᠦᠨ᠂ ᠰᠢᠨ᠎ᠡ ᠴᠠᠭ | ᠦᠶ᠎ᠡ ᠶᠢᠨ ᠦᠨᠳᠦᠰᠦᠲᠡᠨ ᠤ ᠠᠵᠢᠯ ᠤᠨ ᠲᠡᠷᠢᠬᠦᠨ ᠳᠤ ᠶᠠᠪᠤᠵᠦ᠂ ᠦᠯᠢᠭᠡᠷ ᠳᠠᠭᠤᠷᠢᠶᠠᠯ ᠪᠣᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠭᠡᠷᠡᠭᠳᠠᠢ᠃ | ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠦᠨᠳᠦᠰᠦᠲᠡᠨ ᠤ | ᠠᠵᠢᠯ ᠤᠨ ᠤᠯᠤᠰ ᠲᠦᠷᠦ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠳᠠᠢ᠃ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠭᠦᠯᠬᠦ ᠪᠣᠯ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ | ᠰᠠᠶᠢᠲᠤᠷ ᠬᠢᠬᠦ ᠶᠢᠨ ᠤᠯᠤᠰ ᠲᠦᠷᠦ ᠶᠢᠨ ᠦᠨᠳᠦᠰᠦᠨ ᠪᠠᠲᠤᠯᠠᠭ᠎ᠠ ᠮᠥᠨ᠃ ᠪᠢᠳᠠ ᠦᠨᠳᠦᠰᠦᠲᠡᠨ ᠤ ᠠᠵᠢᠯ ᠢ | ᠰᠠᠶᠢᠲᠤᠷ ᠬᠢᠬᠦ ᠶᠢ ᠤᠯᠤᠰ ᠲᠦᠷᠦ ᠶᠢᠨ ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠵᠤ᠂ ᠨᠠᠮ ᠤᠨ | ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠶᠢ ᠪᠦᠷᠢᠨ ᠪᠦᠲᠦᠨ ᠵᠥᠪ ᠣᠨᠣᠴᠠᠲᠠᠢ ᠪᠦᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠵᠤ᠂ ᠨᠠᠮ ᠤᠨ | ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠤ | ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠢᠮᠠᠭᠲᠠ ᠤᠯᠤᠰ ᠲᠦᠷᠦ ᠶᠢᠨ ᠵᠥᠪ | ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠠᠵᠢᠯ ᠤᠨ ᠤᠳᠤᠷᠢᠳᠬᠤ ᠳᠤᠭᠤᠶᠢᠯᠠᠩ ᠲᠦ᠋ᠷᠦᠭᠦᠯᠡᠨ ᠶᠡᠷᠦᠩᠬᠡᠶᠢᠯᠡᠨ ᠠᠳᠬᠤᠬᠤ ᠦᠶ᠋ᠯᠡᠳᠦᠯ ᠢ ᠭᠦᠶ᠋ᠴᠡᠳ | ᠪᠠᠳᠠᠷᠠᠭᠤᠯᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠪᠠ | ᠦᠨᠳᠦᠰᠦᠲᠡᠨ ᠤ ᠠᠵᠢᠯ ᠤᠨ ᠬᠦᠴᠦᠨ ᠢ ᠪᠥᠬᠦ ᠲᠠᠯ᠎ᠠ ᠪᠠᠷ ᠴᠢᠩᠭᠠᠳᠬᠠᠵᠤ᠂ ︽ᠳᠥᠷᠪᠡᠨ ᠣᠨᠴᠠᠭᠠᠶ︾ | ᠱᠠᠭᠠᠷᠳᠠᠯᠭ᠎ᠠ ᠶᠢ ᠳᠣᠪᠤᠶᠢᠯᠭᠠᠨ᠂ ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂ ᠨᠥᠭᠡᠴᠡᠯᠡᠬᠦ᠂ ᠰᠣᠩᠭᠤᠨ ᠬᠡᠷᠡᠭᠯᠡᠬᠦ | ᠠᠵᠢᠯ ᠢ ᠰᠠᠶᠢᠲᠤᠷ ᠠᠳᠬᠤᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠡᠷᠡᠭᠲᠡᠶ᠃ | ᠬᠤᠶᠠᠷ ᠲᠤ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠬᠦ ᠲᠠᠯ᠎ᠠ ᠪᠠᠷ ᠪᠠᠶᠢᠭᠤᠯᠵᠤ᠂ | ᠦᠨᠳᠦᠰᠦᠲᠡᠨ ᠤ ᠠᠵᠢᠯ ᠤᠨ ᠦᠵᠡᠯ ᠰᠠᠨᠠᠭᠠᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠮᠥᠨ᠃ ᠪᠢᠳᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠤᠯᠤᠰ ᠤᠨ ᠦᠵᠡᠯᠲᠡ᠂ | ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ | ᠦᠵᠡᠯᠲᠡ ᠶᠢᠨ ᠤᠬᠠᠭᠤᠯᠭ᠎ᠠ ᠬᠥᠮᠦᠵᠢᠯ ᠢ ᠶᠡᠭᠡ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠰᠡᠳᠬᠢᠯ ᠢ ᠨᠢᠭᠲᠠᠷᠠᠭᠤᠯᠤᠨ᠂ ᠤᠶᠤᠨ ᠰᠠᠨᠠᠭᠠᠨ ᠤ ᠲᠠᠯ᠎ᠠ ᠪᠠᠷ ᠬᠠᠷᠢᠯᠴᠠᠨ ᠲᠦᠰᠢᠯᠴᠡᠭᠦᠯᠵᠦ᠂ | ᠬᠥᠮᠦᠰ ᠤᠨ ᠰᠡᠳᠬᠢᠯ ᠢ ᠨᠢᠭᠲᠠᠷᠠᠭᠤᠯᠤᠨ᠂ ᠪᠦᠯᠬᠦᠮᠳᠡᠨ ᠤᠷᠤᠭᠰᠢᠯᠠᠬᠤ ᠬᠦᠴᠦᠷᠬᠡᠭ ᠶᠡᠭᠡ ᠤᠶᠤᠨ ᠰᠠᠨᠠᠭᠠᠨ ᠤ | ᠬᠤᠯᠪᠣᠭᠠᠰᠤ ᠶᠢ ᠪᠦᠷᠢᠯᠳᠦᠭᠦᠯᠬᠦ ᠬᠡᠷᠡᠭᠲᠡᠢ᠃ ︽ᠨᠢᠭᠡ ᠣᠷᠳᠣᠨ ᠠᠷᠪᠠᠨ ᠰᠠᠭᠤᠷᠢᠨ︾ ᠵᠡᠷᠭᠡ ᠬᠤᠪᠢᠰᠬᠠᠯ ᠤᠨ | ᠡᠬᠢ ᠪᠠᠶᠠᠯᠢᠭ ᠲᠤ ᠠᠭᠤᠯᠤᠭᠳᠠᠵᠤ ᠪᠠᠶᠢᠭ᠎ᠠ ᠣᠶᠤᠨ ᠰᠠᠨᠠᠭᠠᠨ ᠤ ᠦᠨ᠎ᠡ ᠥᠷᠲᠡᠭ᠂ ᠰᠣᠶᠣᠯ ᠤᠨ | ᠠᠭᠤᠯᠤᠭᠳᠠᠬᠤᠨ ᠢ ᠭᠦᠨᠵᠡᠭᠡᠶ ᠠᠭᠤᠳᠠᠯᠯᠠᠵᠤ᠂ ᠠᠶᠢᠮᠠᠭ ᠤᠨ ᠲᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠤᠬᠠᠮᠰᠠᠷ ᠤᠨ ᠰᠤᠳᠤᠯᠭᠠᠨ ᠤ ᠲᠥᠪ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠠᠰᠢᠭᠯᠠᠵᠤ | ᠂ ᠦᠨᠳᠦᠰᠦᠲᠡᠨ ᠤ ᠣᠨᠣᠯ ᠤᠨ ᠲᠠᠶᠢᠯᠪᠤᠷᠢᠯᠠᠯᠲᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠥᠯᠢᠭᠡᠷ ᠢ | ᠤᠬᠠᠭᠤᠯᠤᠨ ᠲᠠᠶᠢᠯᠪᠤᠷᠢᠯᠠᠬᠤ ᠠᠵᠢᠯ ᠢ ᠦᠨᠡᠨ ᠪᠣᠳᠠᠲᠠᠶ ᠪᠥᠭᠡᠳ ᠣᠶᠢᠯᠠᠭᠠᠮᠵᠢᠲᠠᠶ ᠥᠷᠨᠢᠭᠦᠯᠵᠦ᠂ ︽ᠲᠠᠪᠤ ᠶᠢ | ᠮᠡᠳᠡᠷᠡᠬᠦ︾ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠬᠦ ᠬᠡᠷᠡᠭᠲᠡᠶ᠃ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠦᠨ᠂ | ᠦᠨᠳᠦᠰᠦᠲᠡᠨ ᠨᠦᠭᠦᠳ ᠤᠨ ᠰᠤᠷᠤᠭᠴᠢᠳ ᠤᠨ ᠤᠳᠤ ᠦᠶ᠎ᠡ ᠶᠢᠨ ᠨᠡᠶᠢᠭᠡᠮ ᠳᠤ ᠨᠡᠩ ᠰᠠᠶᠢᠲᠤᠷ ᠠᠭᠤᠰᠤᠯᠴᠠᠬᠤ᠂ | ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ | ᠭᠤᠷᠪᠠ ᠳᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠦᠨᠳᠦᠰᠦᠲᠡᠨ ᠤ ᠠᠵᠢᠯ ᠤᠨ ᠪᠣᠳᠠᠰ ᠤᠨ | ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠳᠠᠢ᠃ ᠬᠥᠭᠵᠢᠭᠦᠯᠬᠦ ᠪᠣᠯ ᠦᠨᠳᠦᠰᠦᠲᠡᠨ ᠤ ᠭᠠᠵᠠᠷ ᠣᠷᠣᠨ ᠤ | ᠠᠯᠢᠪᠠ ᠠᠰᠠᠭᠤᠳᠠᠯ ᠢ ᠰᠢᠶ᠋ᠳᠪᠦᠷᠢᠯᠡᠬᠦ ᠶᠢᠨ ᠵᠠᠩᠭᠢᠯᠠᠭ᠎ᠠ ᠮᠥᠨ᠂ ᠪᠠᠰᠠ ᠴᠤ ᠪᠦᠬᠦ ᠠᠶᠢᠮᠠᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠤᠢᠢᠷ᠎ᠠ ᠶᠢᠨ ᠵᠢᠯ ᠠᠴᠠ | ᠬᠢᠩᠭᠠᠨ ᠠᠶᠢᠮᠠᠭ ᠤᠨ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ | ᠶᠡᠭᠡ ᠰᠠᠶᠢᠨ ᠪᠠᠶᠢᠳᠠᠯ ᠢ ᠪᠠᠲᠤᠯᠠᠵᠤ ᠴᠢᠳᠠᠭᠰᠠᠨ ᠤ ᠴᠢᠬᠤᠯᠠ ᠨᠢᠭᠡᠨ ᠪᠦᠳᠦᠮᠵᠢ ᠲᠠᠢ ᠲᠠᠯ᠎ᠠ ᠪᠣᠯ ᠳᠠᠷᠤᠢ ᠴᠢᠨᠠᠷ | ᠰᠠᠶᠢᠲᠠᠢ ᠬᠥᠭᠵᠢᠯᠲᠡ ᠶᠢ ᠢᠮᠠᠭᠲᠠ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠪᠣᠳᠠᠰ ᠤᠨ ᠰᠠᠭᠤᠷᠢ ᠶᠢ ᠲᠠᠰᠤᠷᠠᠯᠳᠠ | ᠦᠭᠡᠢ ᠪᠠᠬᠢᠵᠢᠭᠦᠯᠦᠭᠰᠡᠨ ᠳᠤ ᠪᠠᠶᠢᠨ᠎ᠠ᠃ ᠪᠢᠳᠡ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ | ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠨᠠᠶᠢᠳᠠᠪᠤᠷᠢᠵᠢᠭᠤᠯᠬᠤ | ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠮᠠᠨ ᠤ ᠠᠶᠢᠮᠠᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ | ᠶᠣᠰᠣ ᠪᠠᠷ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠶ ᠰᠦᠪᠡᠭᠴᠢᠯᠡᠵᠦ᠂ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠨᠤᠯ ᠤᠨ ᠦᠢᠯᠡᠳᠦᠯᠭᠡ ᠶᠢᠨ | ᠰᠢᠨ᠎ᠡ ᠶᠢ ᠡᠭᠦᠳᠬᠦ ᠵᠢᠱᠢ᠊ ᠡᠶ᠎ᠡ ᠦᠵᠡᠭᠦᠯᠬᠦ ᠣᠷᠣᠨ ᠂ ᠴᠢᠨᠠᠷ ᠰᠠᠶᠢᠲᠠᠶ ᠪᠣᠬᠢᠷᠲᠤᠯ ᠦᠭᠡᠶ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠦᠢᠯᠡᠳᠪᠦᠷᠢᠯᠡᠵᠦ ᠡᠳ᠋ᠰᠢᠭᠦᠯᠬᠦ ᠭᠠᠷᠭᠠᠬᠤ ᠰᠠᠭᠤᠷᠢᠨ ᠭᠠᠵᠠᠷ ᠪᠣᠯᠤᠨ | ᠤᠯᠤᠰ ᠤᠨ ᠳᠣᠲᠣᠭᠠᠳᠤ ᠶᠢᠨ ᠴᠢᠬᠤᠯᠠ ᠵᠤᠭᠠᠴᠠᠯ ᠤᠨ ᠵᠣᠷᠢᠭᠰᠠᠨ ᠭᠠᠵᠠᠷ ᠢ ᠪᠦᠬᠦ ᠬᠦᠴᠦᠨ ᠢᠶᠠᠷ ᠢᠶᠠᠨ | ᠴᠣᠭᠴᠠᠯᠠᠨ ᠪᠠᠶᠢᠭᠤᠯᠵᠦ᠂ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠦ᠂ ᠰᠠᠭᠤᠷᠢ ᠲᠥᠬᠦᠭᠡᠷᠦᠮᠵᠢ ᠂ ᠨᠡᠶᠢᠭᠡᠮ ᠤᠨ ᠦᠶ᠋ᠯᠡᠰ ᠵᠡᠷᠭᠡ | ᠳᠤᠲᠠᠭᠤᠳᠠᠯ ᠪᠠᠭᠤᠷᠠᠶ ᠲᠠᠯ᠎ᠠ ᠶᠢ ᠲᠦᠷᠭᠡᠪᠴᠢᠯᠡᠨ ᠨᠥᠬᠦᠪᠥᠷᠢᠯᠡᠨ᠂ ᠦᠨᠳᠦᠰᠦᠲᠡᠨ ᠨᠦᠭᠦᠳ ᠤᠨ ᠨᠡᠶᠢᠭᠡᠮ | ᠵᠢᠷᠤᠮ ᠤᠨ ᠣᠳᠣᠬᠢᠴᠢᠯᠠᠯᠲᠠ ᠲᠡᠰᠢ ᠬᠠᠮᠲᠤ ᠪᠠᠷ ᠤᠷᠤᠭᠰᠢᠯᠠᠬᠤ ᠶᠢ ᠲᠦᠯᠬᠢᠨ ᠠᠬᠢᠭᠤᠯᠬᠤ ᠬᠡᠷᠡᠭᠳᠠᠢ᠃ | ᠳᠥᠷᠪᠡ ᠳᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠦᠨᠳᠦᠰᠦᠲᠡᠨ ᠤ | ᠠᠵᠢᠯ ᠤᠨ ᠨᠡᠶᠢᠭᠡᠮ ᠤᠨ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠳᠠᠢ᠃ ᠬᠢᠩᠭᠠᠨ ᠠᠶᠢᠮᠠᠭ ᠪᠤᠯ | ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠲᠠᠢ ᠮᠦᠷᠳᠡᠭᠡᠨ ᠦᠨᠳᠦᠰᠦᠲᠡᠨ ᠨᠦᠭᠦᠳ ᠤᠨ | ᠠᠷᠠᠳ ᠲᠦᠮᠡᠨ ᠡᠶ᠎ᠡ ᠨᠠᠶᠢᠷᠲᠠᠶ ᠪᠦᠯᠬᠦᠮᠳᠡᠭᠰᠡᠨ ᠲᠡᠦᠬᠡ ᠶᠢᠨ ᠡᠬᠢ ᠰᠤᠷᠪᠤᠯᠵᠢ ᠲᠠᠢ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠬᠥᠪᠡᠭᠦᠳ ᠥᠬᠢᠳ ᠨᠠᠮ ᠢᠶᠠᠨ ᠳᠠᠭᠠᠬᠤ᠂ ᠦᠨᠳᠦᠰᠦᠲᠡᠨ ᠨᠦᠭᠦᠳ ᠪᠦᠯᠬᠦᠮᠳᠡᠨ | ᠨᠢᠭᠡ ᠬᠡᠷ ᠪᠦᠯᠢ ᠮᠡᠲᠦ ᠳᠣᠲᠣᠨᠣ ᠪᠠᠶᠢᠬᠤ ᠠᠮᠢᠳᠤᠯᠢᠭ ᠪᠠᠶᠢᠳᠠᠯ ᠢ ᠪᠦᠷᠢᠯᠳᠦᠭᠦᠯᠪᠠ᠃ ᠪᠢᠳᠠ ︽ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ︾ ᠤᠨ ᠢᠷᠠᠭᠤ ᠠᠯᠳᠠᠷᠳᠤ | ᠴᠣᠯᠠ ᠪᠠᠨ ᠳᠠᠬᠢᠨ ᠢᠶᠠᠷ ᠨᠠᠨᠳᠢᠩᠨᠠᠵᠦ᠂ ᠨᠢᠮᠪᠠᠶ ᠬᠠᠮᠠᠭᠠᠯᠠᠵᠦ᠂ ᠡᠩ ᠤᠨ ᠦᠶ᠎ᠠ ᠳᠤ ᠪᠠᠷᠢᠮᠲᠠᠯᠠᠬᠤ ᠂ ᠰᠡᠳᠬᠢᠯ ᠢᠶᠠᠨ | ᠰᠣᠯᠢᠯᠴᠠᠬᠤ᠂ ᠠᠵᠢᠯᠯᠠᠭ᠎ᠠ ᠶᠢ ᠴᠢᠬᠤᠯᠠᠴᠢᠯᠠᠬᠤ ᠶᠢ ᠪᠠᠷᠢᠮᠳᠠᠯᠠᠨ᠂ ᠭᠤᠣᠯᠳᠠᠯᠭ᠎ᠠ ᠪᠠᠨ ᠦᠨᠳᠦᠰᠦᠨ ᠱᠠᠲᠤᠨ ᠳᠤ | ᠲᠠᠯᠪᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠤᠨ ᠬᠥᠮᠦᠵᠢᠯ ᠤᠨ ︽ᠨᠠᠶ᠋ᠮᠠ ᠶᠢ | ᠠᠬᠢᠭᠤᠯᠬᠤ︾ ᠶᠢ ᠦᠷᠭᠦᠯᠵᠢᠯᠡᠨ ᠠᠬᠢᠭᠤᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠠᠵᠢᠯ ᠢ ᠯᠠᠪᠳᠠᠭᠤᠨ ᠪᠠᠲᠤᠲᠠᠶ | ᠠᠬᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠠᠬᠢᠭᠤᠯᠬᠤ ᠬᠤᠷᠠᠯ ᠪᠠ ᠬᠤᠰᠢᠭᠤ ᠰᠢᠶᠠᠨ ᠬᠤᠲᠠ ᠶᠢᠨ ᠨᠢᠭᠡᠳᠦᠮᠡᠯ ᠹᠷᠣᠨᠲ ᠤᠨ ᠬᠤᠯᠪᠣᠭ᠎ᠠ ᠠᠪᠬᠤ | ᠦᠶ᠋ᠯᠡᠴᠢᠯᠡᠭᠡᠨ ᠤ ᠲᠥᠪ ᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠬᠦ ᠬᠡᠷᠡᠭᠳᠠᠢ᠂ ᠦᠨᠳᠦᠰᠦᠲᠡᠨ ᠨᠦᠭᠦᠳ ᠤᠨ | ᠨᠥᠬᠦᠷᠯᠡᠯ ᠤᠨ ᠰᠣᠯᠢᠯᠴᠠᠭᠠᠨ ᠤ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠵᠦ᠂ ᠦᠨᠳᠦᠰᠦᠲᠡᠨ ᠨᠦᠭᠦᠳ ᠤᠨ | ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ | ᠨᠥᠬᠦᠴᠡᠯ ᠢ ᠪᠤᠢ ᠪᠣᠯᠭᠠᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠦᠨᠳᠦᠰᠦᠲᠡᠨ ᠤ | ᠪᠦᠯᠬᠦᠮᠳᠡᠯ ᠢ ᠨᠢᠳᠦᠨ ᠴᠡᠴᠡᠭᠡᠶ ᠪᠠᠨ ᠰᠢᠭ ᠬᠠᠶᠢᠷᠠᠯᠠᠨ ᠬᠠᠮᠠᠭᠠᠯᠠᠭᠤᠯᠵᠦ᠂ ᠥᠪᠡᠷ ᠤᠨ ᠠᠮᠢ ᠨᠠᠰᠤ ᠪᠠᠨ ᠨᠠᠨᠳᠢᠩᠨᠠᠬᠤ | ᠰᠢᠭ᠋ ᠦᠨᠳᠦᠰᠦᠲᠡᠨ ᠤ ᠪᠦᠯᠬᠦᠮᠳᠡᠯ ᠢ ᠨᠠᠨᠳᠢᠩᠨᠠᠬᠤ ᠬᠡᠷᠡᠭᠳᠠᠢ᠃ | ᠲᠠᠪᠤ ᠳᠤ᠂ ᠦᠨᠳᠦᠰᠦᠲᠡᠨ ᠤ ᠠᠵᠢᠯ ᠢ ᠬᠠᠤᠯᠢ ᠪᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠢ | ᠬᠠᠤᠯᠢ ᠪᠠᠷ ᠵᠠᠰᠠᠬᠤ ᠰᠠᠭᠤᠷᠢ ᠶᠢ ᠦᠷᠭᠦᠯᠵᠢᠯᠡᠨ ᠪᠠᠲᠤᠳᠬᠠᠬᠤ ᠬᠡᠷᠡᠭᠳᠠᠢ᠃ ᠦᠨᠳᠦᠰᠦᠲᠡᠨ ᠤ ᠠᠵᠢᠯ ᠢ ᠬᠠᠤᠯᠢ ᠪᠠᠷ | ᠵᠠᠰᠠᠬᠤ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠴᠢᠬᠤᠯᠠ ᠠᠭᠤᠯᠭ᠎ᠠ ᠮᠥᠨ᠂ ᠪᠠᠰᠠ ᠴᠤ | ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ | ᠪᠠᠷᠢᠮᠲᠠᠯᠠᠬᠤ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ ᠪᠢᠳᠡ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠤᠨ ᠲᠤᠬᠠᠢ ᠬᠠᠤᠯᠢ ᠴᠠᠭᠠᠵᠠ | ᠬᠠᠤᠯᠢ ᠲᠣᠭᠲᠠᠭᠠᠯ ᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠲᠦᠷᠢᠮ ᠢ ᠠᠬᠢᠭᠤᠯᠬᠤ ᠤᠬᠠᠭᠤᠯᠭ᠎ᠠ ᠰᠤᠷᠤᠯᠴᠠᠯᠭ᠎ᠠ ᠶᠢ ᠥᠷᠭᠡᠨ ᠢᠶᠠᠷ ᠥᠷᠨᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠠᠨᠠᠯ ᠵᠡᠷᠭᠡ ᠪᠢᠴᠢᠭ | ᠮᠠᠲ᠋ᠧᠷᠢᠶᠠᠯ ᠢ ᠲᠣᠭᠲᠠᠭᠠᠨ ᠨᠡᠶᠢᠲᠡᠯᠡᠵᠦ᠂ ᠦᠨᠳᠦᠰᠦᠲᠡᠨ ᠨᠦᠭᠦᠳ ᠤᠨ ᠺᠠᠳ᠋ᠷ ᠤᠨ ᠦᠨᠳᠦᠰᠦᠲᠡᠨ ᠤ ᠬᠡᠷᠡᠭ | ᠶᠠᠪᠤᠳᠠᠯ ᠢ ᠬᠠᠤᠯᠢ ᠪᠠᠷ ᠵᠠᠰᠠᠬᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ | ᠬᠡᠷᠡᠭ ᠶᠠᠪᠤᠳᠠᠯ ᠤᠨ ᠵᠠᠰᠠᠯᠲᠠ ᠶᠢ ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠶᠢ ᠦᠨᠡᠨ ᠬᠦ ᠪᠠᠷᠢᠮᠳᠠᠯᠠᠬᠤ ᠬᠡᠷᠡᠭᠲᠡᠢ᠃ | ᠬᠠᠤᠯᠢᠵᠢᠬᠰᠠᠨ ᠬᠢᠩᠭᠠᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠤ ᠬᠦᠷᠢᠶᠡᠨ ᠳᠠᠬᠢ ᠡᠯ᠎ᠡ | ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠵᠦ᠂ ᠦᠨᠳᠦᠰᠦᠲᠡᠨ ᠤ ᠬᠦᠷᠢᠶᠡᠨ ᠳᠠᠬᠢ | ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠵᠦ᠂ ᠡᠷᠡᠰ | ᠰᠢᠭᠤᠷᠬᠠᠢ ᠰᠢᠢᠳᠪᠦᠷᠢᠯᠡᠵᠦ᠂ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ ᠶᠢ ᠪᠦᠲᠦᠮᠵᠢᠲᠡᠢ ᠬᠤᠷᠢᠭᠯᠠᠵᠤ | ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠤᠯᠤᠰ ᠤᠨ ᠨᠢᠭᠡᠳᠦᠯ ᠤᠨ ᠪᠤᠯᠤᠳ ᠬᠡᠷᠡᠮ ᠢ ᠪᠠᠲᠤ | ᠴᠣᠭᠴᠠᠯᠠᠬᠤ ᠬᠡᠷᠡᠭᠲᠡᠢ᠃ | ︵︽ᠥᠪᠥᠷ ᠮᠣᠩᠭᠤᠯ ᠤᠨ ᠡᠳᠦᠷ ᠤᠨ ᠰᠣᠨᠢᠨ ︾ ᠠᠴᠠ ᠰᠢᠯᠵᠢᠬᠦᠯᠪᠡ︶ | | | | | |