ᠠᠵᠤ ᠦᠢᠯᠡᠰ ᠢᠶᠠᠷ ᠳᠠᠶᠢᠴᠢᠯᠠᠵᠤ ᠠᠮᠢᠵᠢᠷᠠᠯ ᠤᠨ ᠬᠦᠴᠦᠨ ᠨᠠᠮᠡᠷᠢᠯᠡᠨ᠎ᠡ
ᠨᠡᠶᠢᠲᠡᠯᠡᠭᠰᠡᠨ ᠴᠠᠭ᠄
2021/11/8
    ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠪᠤᠯ ᠰᠠᠭᠤᠷᠢ ᠪᠤᠯᠤᠨ᠎ᠠ᠃ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ ᠪᠤᠯ ᠬᠦᠳᠡᠭᠡ ᠳᠤᠰᠬᠤᠨ ᠤ ᠬᠦᠭᠵᠢᠨ ᠮᠠᠨᠳᠤᠯᠳᠠ ᠶᠢ ᠪᠠᠶᠡᠯᠡᠭᠦᠯᠬᠦ ᠶᠢᠨ ︽ᠳᠤᠯᠤᠭᠠᠢᠢᠯᠠᠭᠴᠢ︾ ᠪᠤᠯᠤᠨ᠎ᠠ᠃ ᠤᠢᠢᠷ᠎ᠠ ᠶᠢᠨ ᠵᠢᠯ ᠠᠴᠠ ᠨᠠᠭᠠᠰᠢ᠂ ᠲᠦᠴᠢᠤᠸᠠᠨ ᠰᠢᠶᠠᠨ ᠤ ᠵᠢᠤ ᠯᠦᠩ ᠰᠢᠶᠠᠩ ᠠᠵᠤ ᠦᠢᠯᠡᠰ ᠢ ᠭᠦᠭᠵᠢᠭᠦᠯᠦᠨ ᠪᠤᠵᠠᠭᠠᠢᠢᠷᠠᠭᠤᠯᠬᠤ ᠪᠠᠷ ᠬᠦᠳᠡᠭᠡ ᠳᠤᠰᠬᠤᠨ ᠤ ᠬᠦᠭᠵᠢᠨ ᠮᠠᠨᠳᠤᠯᠳᠠ ᠶᠢ ᠠᠬᠢᠭᠤᠯᠬᠤ ᠶᠢᠨ ᠬᠦᠴᠦᠯᠡᠴᠡ ᠶᠢᠨ ᠴᠡᠭ ᠪᠤᠯᠭᠠᠵᠤ᠂ ᠶᠠᠰᠤ ᠴᠢᠨᠠᠷ ᠢᠶᠠᠷ ᠳᠠᠷᠢᠶᠠᠯᠠᠩ ᠢ ᠬᠦᠭᠵᠢᠭᠦᠯᠬᠦ ᠪᠠ ᠦᠷ᠎ᠡ ᠠᠰᠢᠭ ᠢᠶᠠᠷ ᠳᠠᠷᠢᠶᠠᠯᠠᠩ ᠢ ᠬᠦᠴᠦᠷᠬᠡᠭᠵᠢᠭᠦᠯᠬᠦ ᠶᠢ ᠵᠡᠷᠬᠡ ᠪᠠᠷ ᠴᠢᠬᠤᠯᠠᠴᠢᠯᠠᠵᠤ᠂ ᠠᠷᠠᠳ ᠤᠯᠠᠨ ᠤ ᠦᠭᠡᠳᠡᠯᠡᠨ ᠴᠢᠨᠡᠬᠡᠯᠢᠭᠵᠢᠬᠦ ᠳᠤ ᠠᠮᠢᠵᠢᠷᠠᠯ ᠤᠨ ᠬᠦᠴᠤᠨ ᠨᠡᠮᠡᠷᠢᠯᠡᠨ᠎ᠡ ᠪᠢᠯᠡ᠃ᠤᠨᠴᠠᠯᠢᠭᠳᠤ ᠳᠠᠷᠢᠵᠤ ᠳᠡᠵᠢᠭᠡᠬᠦ ᠦᠢᠯᠡᠰ ᠢ ᠬᠦᠭᠵᠢᠭᠦᠯᠵᠤ ᠬᠦᠷᠢᠶ᠎ᠡ ᠬᠠᠰᠢᠶᠠᠨ ᠤ ᠠᠵᠤ ᠠᠬᠤᠢ ᠶᠢ ᠳᠠᠶᠢᠴᠢᠯᠠᠪᠠ   ︽ᠮᠠᠨ ᠤ ᠬᠢᠨ ᠤᠳᠤ ᠳᠡᠵᠢᠭᠡᠵᠤ ᠪᠠᠶᠢᠭ᠎ᠠ 40 ᠭᠠᠷᠤᠢ ᠭᠠᠭ᠋ᠠᠢ ᠶᠢᠨ ᠳᠤᠷᠤᠢ ᠪᠠᠨ ᠬᠤᠳᠠᠯᠳᠤᠪᠠᠯ ᠪᠠᠰᠠ ᠵᠤᠬᠢᠬᠤ ᠤᠷᠤᠯᠭ᠎ᠠ ᠪᠠᠨ ᠤᠯᠴᠢᠬᠠᠨ᠎ᠠ᠂ ᠡᠨᠡ ᠨᠢ ᠠᠮᠢᠳᠤᠷᠠᠯ ᠳᠤ ᠶᠡᠬᠡᠬᠡᠨ ᠳᠤᠰᠠᠯᠠᠮᠵᠢ ᠪᠤᠯᠤᠨ᠎ᠠ ᠰᠢᠤ︾ ᠭᠡᠵᠤ ᠵᠢᠤ ᠯᠦᠩ ᠰᠢᠶᠠᠩ ᠤᠨ ᠳ᠋ᠦᠩ ᠰᠢᠩ ᠳᠤᠰᠬᠤᠨ ᠤ ᠠᠷᠠᠳ ᠵᠠᠩ ᠵᠢᠩ ᠳ᠋ᠧ ᠤᠳᠠᠯ ᠦᠭᠡᠢ ᠭᠠᠭ᠋ᠠᠢ ᠶᠢᠨ ᠳᠤᠷᠤᠢ ᠪᠠᠨ ᠬᠤᠳᠠᠯᠳᠤᠵᠤ ᠤᠷᠤᠯᠭ᠎ᠠ ᠡᠭᠦᠳᠬᠦ ᠪᠤᠯᠤᠭᠰᠠᠨ ᠳᠤ ᠪᠠᠨ ᠪᠠᠶᠠᠷᠯᠠᠨ᠎ᠠ᠃ ᠵᠠᠩ ᠵᠢᠩ ᠳ᠋ᠧ 2018 ᠤᠨ ᠳᠤ ᠰᠤᠯᠠ ᠪᠠᠶᠢᠭᠰᠠᠨ ᠬᠠᠭᠤᠴᠢᠨ ᠤᠷᠤᠨ ᠰᠠᠭᠤᠴᠠ ᠪᠠᠨ ᠦᠭᠡᠷᠡᠴᠢᠯᠡᠨ ᠭᠠᠭ᠋ᠠᠢ ᠶᠢᠨ ᠡᠭᠦᠷ ᠪᠠᠷᠢᠵᠤ᠂ ᠳᠡᠵᠢᠭᠡᠪᠦᠷᠢ ᠶᠢᠨ ᠦᠢᠯᠡᠰ ᠢ ᠡᠷᠭᠢᠯᠡᠭᠡᠳ ᠠᠩᠬ᠎ᠠ ᠡᠬᠢᠯᠡᠬᠦ ᠦᠶᠡᠰ ᠤᠨ 8 ᠮᠡᠭᠡᠵᠢ ᠠᠴᠠ ᠪᠠᠨ 100 ᠭᠠᠷᠤᠢ ᠭᠠᠭ᠋ᠠᠢ ᠪᠤᠯᠵᠤ ᠦᠷᠡᠵᠢᠭᠡᠳ ᠠᠵᠤ ᠠᠬᠤᠢ ᠶᠢᠨ ᠤᠷᠤᠯᠭ᠎ᠠ ᠪᠠᠨ ᠶᠡᠭᠡ ᠪᠠᠷ ᠨᠡᠮᠡᠭᠳᠡᠭᠦᠯᠪᠡ᠃ ᠬᠠᠮᠳᠤ ᠳᠤ ᠨᠢ ᠳᠡᠷᠡ ᠬᠡᠷᠭᠡᠢ ᠬᠤᠸᠠᠩ ᠹᠧᠩ ᡁᠢ ᠲᠠᠢ ᠪᠠᠨ ᠭᠠᠭ᠋ᠠᠢ ᠶᠢᠨ ᠪᠠᠭᠠᠰᠤ ᠬᠤᠮᠤᠯ ᠢᠶᠠᠷ ᠢᠶᠠᠨ ᠪᠤᠷᠳᠤᠭᠤᠷ ᠪᠤᠯᠭᠠᠵᠤ᠂ ᠬᠦᠷᠢᠶ᠎ᠠ ᠬᠠᠰᠢᠶᠠᠨ ᠳᠤ ᠪᠠᠨ ᠢᠳᠡᠰᠢᠨ ᠨᠤᠭᠤᠭ᠎ᠠ ᠳᠠᠷᠢᠵᠤ ᠤᠷᠭᠤᠭᠤᠯᠤᠭᠠᠳ ᠠᠮᠢ ᠠᠬᠤᠢ ᠶᠢᠨ ᠳᠡᠵᠢᠭᠡᠵᠤ ᠦᠷᠡᠵᠢᠭᠦᠯᠬᠦ ᠬᠡᠪ ᠵᠠᠬᠪᠤᠷ ᠢ ᠪᠦᠷᠢᠯᠳᠦᠭᠦᠯᠦᠨ ᠦᠷ᠎ᠡ ᠠᠰᠢᠭ ᠢᠶᠠᠨ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠤᠷᠴᠢᠨ ᠳᠤᠭᠤᠷᠢᠨ ᠢᠶᠠᠨ ᠬᠠᠮᠠᠭᠠᠯᠠᠭᠰᠠᠨ ᠪᠠᠶᠢᠨ᠎ᠠ᠃ ᠵᠠᠩ ᠵᠢᠩ ᠳ᠋ᠧ ᠶᠢᠨ ᠭᠡᠷᠭᠡᠢ ᠬᠤᠸᠠᠩ ᠹᠧᠩ ᡁᠢ᠄ ︽ᠪᠢᠳᠡ 1.5 ᠮᠦ ᠬᠦᠷᠢᠶ᠎ᠡ ᠬᠠᠰᠢᠶᠠᠨ ᠳᠤ ᠪᠠᠨ ᠢᠳᠡᠰᠢᠨ ᠨᠤᠭᠤᠭ᠎ᠠ ᠳᠠᠷᠢᠵᠤ᠂ ᠦᠪᠡᠷ ᠤᠨ ᠢᠳᠡᠬᠦ ᠨᠤᠭᠤᠭ᠎ᠠ ᠪᠠᠨ ᠬᠠᠩᠭᠠᠬᠤ ᠶᠢᠨ ᠳᠠᠭᠠᠤ ᠵᠢᠯ ᠳᠤ 5000 ᠭᠠᠷᠤᠢ ᠳᠦᠭᠦᠷᠢᠭ ᠤᠨ ᠤᠷᠤᠯᠭ᠎ᠠ ᠤᠯᠳᠠᠭ︾ ᠭᠡᠵᠤ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠭᠦᠯᠦᠭᠰᠡᠨ ᠳᠤᠬᠠᠢ ᠪᠠᠨ ᠳᠠᠨᠢᠯᠴᠠᠭᠤᠯᠤᠨ᠎ᠠ᠃   ᠵᠢᠤ ᠯᠦᠩ ᠰᠢᠶᠠᠩ ᠳᠦᠷᠦᠯ ᠳᠡᠮᠳᠡᠭᠳᠤ ᠠᠵᠤ ᠦᠢᠯᠡᠰ ᠢ ᠬᠦᠭᠵᠢᠭᠦᠯᠵᠤ᠂ ︽ᠬᠦᠳᠡᠭᠡ ᠳᠤᠰᠬᠤᠨ ᠢ ᠨᠤᠭᠤᠭᠠᠷᠠᠭᠤᠯᠵᠤ᠂ ᠳᠠᠷᠢᠶᠠᠯᠠᠩ ᠤᠨ ᠶᠡᠰᠤ ᠴᠢᠨᠠᠷ ᠢ ᠳᠡᠭᠡᠭᠰᠢᠯᠡᠭᠦᠯᠦᠨ᠂ ᠳᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ︾ ᠬᠠᠷᠠᠯᠳᠠ ᠶᠢ ᠪᠠᠶᠠᠯᠡᠭᠦᠯᠬᠦ ᠪᠠᠷ ᠦᠵᠡᠰᠭᠦᠯᠡᠩᠳᠤ ᠬᠦᠳᠡᠭᠡ ᠳᠤᠰᠬᠤᠨ ᠤ ᠪᠠᠶᠢᠭᠤᠯᠤᠯᠳᠠ ᠪᠤᠯᠤᠨ ᠬᠦᠷᠢᠶ᠎ᠡ ᠬᠠᠰᠢᠶᠠᠨ ᠤ ᠠᠵᠤ ᠠᠬᠤᠢ ᠶᠢ ᠤᠶᠠᠯᠳᠤᠭᠤᠯᠤᠨ ᠬᠦᠭᠵᠢᠭᠦᠯᠦᠭᠡᠳ ᠬᠦᠷᠢᠶ᠎ᠡ ᠬᠠᠰᠢᠶᠠᠨ ᠤ ᠢᠮᠠᠬᠤ ᠭᠠᠵᠠᠷ ᠠᠴᠠ ᠪᠠᠨ ᠤᠷᠤᠯᠭ᠎ᠠ ᠡᠭᠦᠳᠴᠤ᠂ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠠᠪᠰᠤᠷᠤᠮᠵᠢ ᠬᠦᠴᠦᠨ ᠨᠡᠮᠡᠷᠢᠯᠡᠨ᠎ᠡ ᠪᠢᠯᠡ᠃ᠬᠡᠪᠴᠢᠶᠡᠵᠢᠭᠦᠯᠦᠨ ᠳᠡᠵᠢᠭᠡᠵᠤ ᠦᠷᠡᠵᠢᠭᠦᠯᠬᠦ ᠦᠢᠯᠡᠰ ᠢ ᠬᠦᠭᠵᠢᠭᠦᠯᠵᠤ ᠠᠷᠠᠳ ᠤᠨ ᠠᠮᠢᠳᠤᠷᠠᠯ ᠢ ᠦᠭᠡᠳᠡᠯᠡᠭᠦᠯᠪᠡ   ᠵᠢᠤ ᠯᠦᠩ ᠰᠢᠶᠠᠩ ᠤᠨ ᠵᠢᠤ ᠯᠦᠩ ᠳᠤᠰᠬᠤᠨ ᠤ ᠸᠠᠩ ᠰᠢᠤᠸᠠᠢ ᠵᠢᠶᠤᠤ ᠶᠢᠨ ᠮᠠᠯ ᠤᠨ ᠬᠠᠰᠢᠶᠠᠨ ᠳᠤ ᠳᠠᠷᠭᠤ ᠰᠠᠶᠢᠳᠠᠢ ᠠᠯᠠᠰᠢᠨ ᠦᠬᠡᠷ ᠤᠳ ᠨᠢ ᠰᠢᠮ᠎ᠡ ᠳᠡᠵᠢᠭᠡᠯᠳᠤ ᠡᠪᠡᠰᠤ ᠪᠤᠷᠳᠤᠭ᠎ᠠ ᠪᠠᠨ ᠳᠠᠪᠠᠳᠠᠶᠢᠬᠠᠨ ᠢᠳᠡᠰᠢᠯᠠᠨ᠎ᠠ᠃ ᠸᠠᠩ ᠰᠢᠤᠸᠠᠢ ᠵᠢᠶᠤᠤ 2020 ᠤᠨ ᠤ ᠰᠡᠭᠦᠯᠴᠢ ᠪᠠᠷ 20 ᠮᠠᠯ ᠬᠤᠳᠠᠯᠳᠤᠨ ᠠᠪᠴᠢᠷᠠᠵᠤ ᠦᠬᠡᠷ ᠳᠡᠵᠢᠭᠡᠬᠦ ᠪᠠᠶᠠᠵᠢᠯ ᠤᠨ ᠵᠠᠮ ᠢᠶᠠᠨ ᠡᠯᠭᠦᠪᠡ᠃   ᠵᠢᠤ ᠯᠦᠩ ᠰᠢᠶᠠᠩ ᠦᠬᠡᠷ ᠤᠨ ᠠᠵᠤ ᠦᠢᠯᠡᠰ ᠢ ᠪᠦᠬᠦ ᠰᠢᠶᠠᠩ ᠤᠨ ᠡᠯ᠎ᠡ ᠳᠤᠰᠬᠤᠨ ᠤ ᠤᠳᠤᠷᠢᠳᠬᠤ ᠠᠵᠤ ᠦᠢᠯᠡᠰ ᠪᠤᠯᠭᠠᠵᠤ᠂ ᠵᠠᠰᠠᠭ ᠤᠨ ᠤᠷᠳᠤᠨ ᠠᠴᠠ ᠬᠦᠳᠦᠯᠦᠨ ᠵᠢᠯᠤᠭᠤᠳᠴᠤ᠂ ᠢᠳᠡᠪᠬᠢᠳᠡᠢ ᠪᠠᠷ ᠵᠢᠭᠡᠯᠡᠯᠭᠡ ᠴᠢᠷᠮᠠᠶᠢᠨ ᠤᠯᠵᠤ᠂ ᠭᠠᠳᠠᠨ᠎ᠠ ᠠᠴᠠ ᠬᠤᠳᠠᠯᠳᠤᠨ ᠤᠷᠤᠭᠤᠯᠬᠤ ᠵᠡᠷᠭᠡ ᠠᠷᠭ᠎ᠠ ᠬᠡᠯᠪᠡᠷᠢ ᠪᠠᠷ ᠰᠢᠯᠢᠳᠡᠭ ᠡᠭᠦᠯᠳᠡᠷ ᠤᠨ ᠮᠠᠯ ᠢ ᠬᠤᠳᠠᠯᠳᠤᠨ ᠤᠷᠤᠭᠤᠯᠵᠤ᠂ ᠠᠯᠠᠰᠢᠨ ᠦᠬᠡᠷ ᠤᠨ ᠳᠤᠭ᠎ᠠ ᠬᠡᠮᠵᠢᠶ᠎ᠡ ᠪᠠ ᠶᠠᠰᠤ ᠴᠢᠨᠠᠷ ᠢ ᠪᠠᠳᠤᠯᠠᠪᠡ᠃ ᠵᠢᠤ ᠯᠦᠩ ᠰᠢᠶᠠᠩ ᠤᠨ ᠡᠯ᠎ᠡ ᠳᠤᠰᠬᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ︽ᠳᠤᠰᠬᠤᠨ ᠤ ᠦᠬᠡᠷ ᠢ ᠡᠷᠦᠬᠡ ᠳᠤ ᠳᠡᠵᠢᠭᠡᠯᠭᠡᠬᠦ︾᠂ ︽ᠦᠬᠡᠷ ᠢᠶᠠᠨ ᠨᠠᠶᠢᠳᠠᠨ ᠳᠡᠵᠢᠭᠡᠯᠭᠡᠵᠤ ᠠᠰᠢᠭ ᠤᠷᠤᠯᠭ᠎ᠠ ᠬᠤᠪᠢᠶᠠᠷᠢᠯᠠᠬᠤ︾᠂ ︽ᠠᠷᠠᠳ ᠤᠯᠠᠨ ᠦᠪᠡᠰᠤᠪᠠᠨ ᠬᠤᠳᠠᠯᠳᠤᠨ ᠠᠪᠴᠤ ᠦᠪᠡᠰᠦᠪᠡᠨ ᠳᠡᠵᠢᠭᠡᠵᠤ ᠦᠷᠡᠵᠢᠭᠦᠯᠬᠦ ︾ ᠭᠤᠷᠪᠠᠨ ᠵᠦᠢᠯ ᠤᠨ ︽ᠳᠤᠪᠶᠤᠭ ᠮᠡᠶ᠋ᠢᠭ︾ ᠤᠨ ᠳᠡᠵᠢᠭᠡᠵᠤ ᠦᠷᠡᠵᠢᠭᠦᠯᠬᠦ ᠬᠡᠪ ᠵᠠᠬᠪᠤᠷ ᠢ ᠬᠡᠷᠡᠭᠵᠢᠭᠦᠯᠦᠨ ᠮᠠᠯ ᠳᠡᠵᠢᠭᠡᠪᠦᠷᠢ ᠦᠭᠡᠢ ᠡᠷᠦᠬᠡ ᠶᠢᠨ ᠳᠡᠵᠢᠭᠡᠪᠦᠷᠢ ᠶᠢᠨ ᠦᠢᠯᠡᠰ ᠢ ᠬᠦᠭᠵᠢᠭᠦᠯᠬᠦ ᠶᠢ ᠵᠤᠷᠢᠭᠵᠢᠭᠤᠯᠤᠭᠰᠠᠨ ᠪᠠᠶᠢᠨ᠎ᠠ᠃ ᠤᠳᠤᠬᠠᠨ ᠳᠤ᠂ ᠵᠢᠤ ᠯᠦᠩ ᠰᠢᠶᠠᠩ 9000 ᠭᠠᠷᠤᠢ ᠠᠯᠠᠰᠢᠨ ᠦᠬᠡᠷ ᠳᠡᠵᠢᠭᠡᠵᠤ᠂ 13 ᠨᠡᠷᠡᠰ ᠠᠵᠤ ᠦᠢᠯᠡᠰ ᠤᠨ ᠵᠢᠯᠤᠭᠤᠳᠤᠭᠴᠢ ᠡᠷᠦᠬᠡ ᠪᠠᠷ ᠬᠦᠷᠴᠤ ᠪᠠᠶᠢᠩᠭᠤᠴᠢᠯᠠᠯᠳᠠ ᠲᠠᠢ ᠪᠠᠷ ᠵᠢᠯᠤᠭᠤᠳᠤᠯᠭ᠎ᠠ ᠬᠢᠵᠤ᠂ ᠳᠠᠷᠢᠶᠠᠴᠢᠳ ᠤᠨ ᠳᠡᠵᠢᠭᠡᠵᠤ ᠦᠷᠡᠵᠢᠭᠦᠯᠬᠦ ᠬᠢᠷᠢ ᠳᠦᠪᠰᠢᠨ ᠢ ᠪᠦᠳᠦᠮᠵᠢᠳᠡᠢ ᠳᠡᠰ ᠳᠡᠪᠰᠢᠭᠦᠯᠦᠭᠰᠡᠨ ᠪᠠᠶᠢᠨ᠎ᠠ᠃ᠤᠢ ᠶᠢᠨ ᠠᠵᠤ ᠦᠢᠯᠡᠰ ᠢ ᠬᠦᠭᠵᠢᠭᠦᠯᠵᠤ ᠠᠮᠢ ᠠᠬᠤᠢ ᠶᠢᠨ ᠤᠷᠴᠢᠨ ᠳᠤᠭᠤᠷᠢᠨ ᠢ ᠭᠤᠶᠤᠯᠢᠭᠵᠢᠭᠤᠯᠪᠠ   ᠵᠸᠤ ᠬᠤᠩ ᠹᠠ ᠪᠤᠯ ᠵᠢᠤ ᠯᠦᠩ ᠰᠢᠶᠠᠩ ᠤᠨ ᠶᠦᠩ ᠹᠧᠩ ᠳᠤᠰᠬᠤᠨ ᠤ ᠠᠷᠠᠳ᠂ ᠮᠦᠨ ᠴᠤ ᠤᠢᠢᠷ᠎ᠠ ᠤᠷᠴᠢᠮ ᠳᠤ ᠪᠠᠨ ᠨᠡᠷᠡᠳᠡᠢ ︽ᠭᠠᠯᠠᠭᠤ ᠳᠡᠵᠢᠭᠡᠭᠦ ᠴᠢᠳᠠᠪᠤᠷᠢᠳᠠᠨ︾ ᠪᠤᠯᠤᠨ᠎ᠠ᠃ ᠳᠡᠷᠡ 200 ᠭᠠᠷᠤᠢ ᠮᠦ ᠤᠢ ᠶᠢᠨ ᠳᠤᠳᠤᠷ᠎ᠠ ᠪᠠᠨ ᠪᠤᠷᠤ ᠴᠠᠷᠭᠠᠰᠤ ᠡᠪᠡᠰᠤ ᠳᠠᠷᠢᠵᠤ᠂ ᠭᠠᠯᠠᠭᠤ ᠳᠡᠵᠢᠭᠡᠭᠡᠳ ᠠᠮᠢᠳᠤᠷᠠᠯ ᠢᠶᠠᠨ ᠦᠭᠡᠳᠡᠯᠡᠭᠦᠯᠪᠡ᠃ ᠳᠡᠷᠡ᠄ ︽ᠤᠢ ᠶᠢᠨ ᠳᠤᠳᠤᠷᠠᠬᠢ ᠡᠪᠡᠰᠤ ᠪᠠ ᠮᠢᠨᠤ ᠳᠠᠷᠢᠭᠰᠠᠨ ᠴᠠᠷᠭᠠᠰᠤ ᠡᠪᠡᠰᠤ ᠶᠢ ᠭᠠᠯᠠᠭᠤ ᠢᠳᠡᠵᠤ᠂ ᠭᠠᠯᠠᠭᠤ ᠨᠢ ᠤᠢ ᠰᠢᠭᠤᠢ ᠶᠢᠨ ᠡᠪᠡᠰᠤ ᠶᠢ ᠳᠡᠭᠦᠵᠤ ᠢᠳᠡᠭᠡᠳ ᠤᠷᠭᠤᠯᠳᠠ ᠶᠢ ᠳᠦᠷᠭᠡᠳᠭᠡᠨ᠎ᠡ᠂ ᠡᠨᠡ ᠬᠦ ᠪᠤᠬᠢᠷᠳᠤᠯ ᠦᠭᠡᠢ ᠡᠷᠭᠢᠯᠳᠡ ᠶᠢᠨ ᠬᠡᠪ ᠵᠠᠬᠪᠤᠷ ᠨᠢ ᠳᠡᠵᠢᠭᠡᠯ ᠪᠤᠷᠳᠤᠭ᠎ᠠ ᠶᠢ ᠶᠡᠭᠡ ᠪᠠᠷ ᠠᠷᠪᠢᠯᠠᠭᠰᠠᠨ ᠢᠶᠠᠷ ᠪᠠᠷᠠᠬᠤ ᠦᠭᠡᠢ ᠪᠤᠬᠢᠷᠳᠤᠯ ᠢ ᠭᠠᠳᠠᠭᠰᠢᠯᠠᠭᠤᠯᠬᠤ ᠦᠭᠡᠢ ᠪᠤᠯᠵᠠᠢ︾ ᠭᠡᠵᠤ ᠪᠠᠶᠠᠷᠯᠠᠨ ᠬᠡᠯᠡᠨ᠎ᠡ᠃  ᠤᠢ ᠶᠢᠨ ᠠᠵᠤ ᠦᠢᠯᠡᠰ ᠪᠤᠯ ᠨᠢᠭᠡ ᠵᠦᠢᠯ ᠤᠨ ᠪᠡᠶᠡᠳᠤ ᠴᠤᠭᠴᠠᠴᠢᠯᠠᠭᠰᠠᠨ᠂ ᠤᠯᠠᠨ ᠬᠠᠷᠠᠯᠳᠠ ᠲᠠᠢ ᠤᠢ ᠪᠠ ᠳᠠᠷᠢᠶᠠᠯᠠᠩ ᠤᠨ ᠨᠡᠶᠢᠯᠡᠮᠡᠯ ᠡᠵᠡᠩᠨᠡᠯᠳᠡ ᠶᠢᠨ ᠬᠡᠪ ᠵᠠᠬᠪᠤᠷ ᠪᠤᠯᠤᠨ᠎ᠠ᠃ ᠤᠢᠢᠷ᠎ᠠ ᠶᠢᠨ ᠵᠢᠯ ᠠᠴᠠ ᠨᠠᠭᠠᠰᠢ᠂ ᠵᠢᠤ ᠯᠦᠩ ᠰᠢᠶᠠᠩ ᠤᠢ ᠶᠢᠨ ᠠᠵᠤ ᠦᠢᠯᠡᠰ ᠢ ᠬᠦᠭᠵᠢᠭᠦᠯᠬᠦ ᠶᠢᠨ ᠳᠤᠭᠤᠷᠢᠨ ᠳᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠦᠢᠯᠡᠰ ᠤᠨ ᠳᠠᠪᠠᠭᠤᠯᠢᠭ ᠪᠤᠯᠭᠠᠨ ᠬᠤᠪᠢᠷᠠᠭᠤᠯᠵᠤ᠂ ᠳᠤᠰᠬᠤᠨ ᠤ ᠳᠡᠰ ᠤᠨ ᠬᠠᠮᠳᠤ ᠨᠡᠶᠢᠳᠡ ᠶᠢᠨ ᠠᠵᠤ ᠠᠬᠤᠢ ᠪᠠᠨ ᠳᠠᠰᠤᠷᠠᠯᠳᠠ ᠦᠭᠡᠢ ᠪᠤᠵᠠᠭᠠᠢᠢᠷᠠᠭᠤᠯᠤᠨ᠂ ᠳᠠᠷᠢᠶᠠᠴᠢᠳ ᠤᠨ ᠤᠷᠤᠯᠭ᠎ᠠ ᠪᠠᠨ ᠨᠡᠮᠡᠭᠳᠡᠭᠦᠯᠵᠤ ᠪᠠᠶᠠᠵᠢᠨ ᠴᠢᠨᠡᠬᠡᠯᠢᠭᠵᠢᠬᠦ ᠶᠢ ᠬᠦᠳᠦᠯᠦᠨ ᠳᠠᠭᠠᠭᠤᠯᠪᠠ᠃ ᠤᠳᠤᠬᠠᠨ ᠳᠤ᠂ ᠵᠢᠤ ᠯᠦᠩ ᠰᠢᠶᠠᠩ ᠨᠡᠶᠢᠳᠡ 10.8 ᠳᠦᠮᠡᠨ ᠮᠦ ᠤᠢ ᠶᠢᠨ ᠭᠠᠵᠠᠷ ᠲᠠᠢ ᠪᠠᠶᠢᠵᠤ᠂ 200 ᠭᠠᠷᠤᠢ ᠡᠷᠦᠬᠡ ᠤᠢ ᠶᠢᠨ ᠠᠵᠤ ᠦᠢᠯᠡᠰ ᠢ ᠬᠦᠭᠵᠢᠭᠦᠯᠦᠨ᠂ ᠬᠢᠳᠠᠳ ᠡᠪᠡᠰᠤᠨ ᠡᠮ᠂ ᠪᠤᠷᠤ ᠴᠠᠷᠭᠠᠰᠤ ᠡᠪᠡᠰᠤ ᠳᠠᠷᠢᠬᠤ ᠶᠢᠨ ᠬᠠᠮᠳᠤ ᠬᠡᠷ ᠤᠨ ᠳᠡᠵᠢᠭᠡᠪᠦᠷᠢ ᠳᠡᠵᠢᠭᠡᠵᠤ᠂ ᠬᠦᠳᠡᠭᠡ ᠳᠤᠰᠬᠤᠨ ᠤ ᠠᠵᠤ ᠦᠢᠯᠡᠰ ᠤᠨ ᠬᠦᠭᠵᠢᠨ ᠪᠤᠵᠠᠭᠠᠢᠢᠷᠠᠯᠳᠠ ᠶᠢ ᠪᠦᠬᠦ ᠳᠠᠯ᠎ᠠ ᠪᠠᠷ ᠠᠬᠢᠭᠤᠯᠤᠨ᠂ ᠠᠵᠤ ᠦᠢᠯᠡᠰ ᠦᠷᠨᠢᠨ ᠬᠦᠭᠵᠢᠭᠰᠡᠨ᠂ ᠬᠦᠳᠡᠭᠡ ᠳᠤᠰᠬᠤᠨ ᠭᠤᠶᠤᠯᠢᠭᠵᠢᠭᠰᠠᠨ᠂ ᠳᠠᠷᠢᠶᠠᠴᠢᠳ ᠤᠨ ᠠᠮᠢᠳᠤᠷᠠᠯ ᠴᠢᠨᠡᠬᠡᠯᠢᠭᠵᠢᠭᠰᠡᠨ ᠰᠢᠨ᠎ᠡ ᠵᠢᠷᠤᠭᠯᠠᠯ ᠢ ᠪᠢᠴᠢᠭᠯᠡᠨ᠎ᠡ ᠪᠢᠯᠡ︕ · ᠽᠧᠩ ᠯᠢᠩ ᠭᠠᠩ ·
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号