ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠳᠠ ᠶᠢ ᠠᠬᠢᠭᠤᠯᠵᠦ ᠪᠡᠯᠡ ᠤᠷᠤᠭᠤᠯᠤᠯᠳᠠ ᠶᠢᠨ ᠲᠠᠯᠳᠠ ᠬᠦᠴᠦᠨ ᠢ ᠤᠯᠠᠮ ᠢᠶᠠᠷ ᠬᠦᠭᠵᠢᠭᠡᠬᠦ ᠪᠠᠷ ᠮᠠᠨ ᠤ ᠠᠶᠢᠮᠠᠭ ᠤᠨᠤᠴᠠᠳᠠᠢ ᠪᠠᠷ ᠪᠡᠯᠡ ᠤᠷᠤᠭᠤᠯᠤᠯᠳᠠ ᠶᠢ ᠲᠤᠭᠳᠠᠪᠤᠷᠢᠵᠢᠭᠤᠯᠤᠨ ᠨᠡᠮᠡᠭᠳᠡᠯ ᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2021/12/1
    ᠠᠶᠢᠮᠠᠭ ᠤᠨ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ ᠤᠢᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠠᠶᠢᠮᠠᠭ ᠲᠠᠶᠠᠭᠠᠷ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠦᠭᠵᠢᠯᠳᠡ ᠶᠢᠨ ᠤᠢᠢᠯᠠᠭᠠᠭᠳᠠᠬᠤᠨ ᠢ ᠢᠳᠡᠪᠬᠢᠳᠡᠢ ᠤᠢᠢᠯᠡᠳᠦᠯᠭᠡᠵᠢᠬᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠳᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠢᠬᠤᠯᠠ ᠶᠡᠭᠡ ᠲᠥᠷᠥᠯ  ᠵᠦᠢᠯ ᠢ ᠲᠥᠯᠥᠪᠵᠢᠭᠦᠯᠬᠦ᠂ ᠡᠮᠦᠨᠡᠬᠢ ᠬᠤᠭᠤᠴᠠᠭᠠᠨ ᠤ ᠭᠠᠷ ᠬᠦᠢᠴᠡᠳᠭᠡᠯ ᠢ ᠬᠦᠢᠴᠡᠳᠭᠡᠬᠦ᠂ ᠲᠥᠷᠥᠯ  ᠵᠦᠢᠯ ᠢ ᠨᠤᠳᠤᠭᠰᠢᠭᠤᠯᠤᠨ ᠪᠠᠶᠢᠭᠤᠯᠤᠯᠳᠠ ᠬᠢᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠴᠢᠬᠤᠯᠠ ᠶᠡᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠪᠥᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠪᠥᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠵᠦ᠂ ᠪᠥᠬᠦ ᠤᠯᠤᠰ ᠤᠨ ︵7.3%︶ ᠳᠤᠮᠳᠠᠴᠢ ᠬᠢᠷᠢ ᠲᠦᠪᠰᠢᠨ ᠠᠴᠠ 0.7 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠴᠢᠬᠤᠯᠠ ᠶᠡᠭᠡ ᠲᠦᠷᠦᠯ ᠵᠦᠢᠯ ᠤᠨ ᠲᠤᠮᠳᠠᠬᠢ 176 ᠲᠦᠷᠦᠯ ᠵᠦᠢᠯ ᠨᠢ ᠠᠵᠢᠯ ᠢᠶᠠᠨ ᠰᠡᠷᠬᠦᠭᠡᠵᠦ᠂ ᠠᠵᠢᠯ ᠰᠡᠷᠬᠦᠭᠡᠭᠰᠡᠨ ᠬᠡᠮᠵᠢᠶ᠎ᠡ ᠨᠢ 95.7% ᠬᠦᠷᠴᠦ᠂ 150.04 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠪᠦᠬᠦ ᠵᠢᠯ ᠤᠨ ᠪᠡᠯᠡ ᠤᠷᠤᠭᠤᠯᠤᠯᠳᠠ ᠶᠢᠨ ᠲᠦᠯᠦᠪᠯᠡᠭᠡ ᠶᠢᠨ 58.8% ᠶᠢ ᠪᠡᠶᠡᠯᠡᠬᠦᠯᠵᠡᠢ᠃ ᠡᠭᠦᠨ ᠳᠤ᠂ ᠦᠷᠭᠦᠯᠵᠢᠯᠡᠨ ᠪᠠᠶᠢᠭᠤᠯᠬᠤ ᠲᠥᠷᠥᠯ  ᠵᠦᠢᠯ 119 ᠪᠠᠶᠢᠵᠤ᠂ 113.89 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠰᠢᠨ᠎ᠡ ᠪᠠᠷ ᠪᠠᠶᠢᠭᠤᠯᠤᠯᠳᠠ ᠬᠢᠬᠦ 57 ᠲᠥᠷᠥᠯ ᠵᠦᠢᠯ ᠠᠵᠢᠯ ᠢᠶᠠᠨ ᠡᠬᠢᠯᠡᠭᠦᠯᠵᠦ᠂ 36.15 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠴᠤᠤᠯ ᠭᠤᠤᠯ ᠤᠨ ᠤᠰᠤ ᠶᠢ ᠲᠠᠲᠠᠵᠤ ᠲᠦᠩᠯᠢᠶᠤᠤ ᠶᠢ ᠲᠤᠰᠠᠯᠠᠬᠤ᠂ ᠲᠤᠮᠳᠠᠳᠦ ᠤᠯᠤᠰ ᠤᠨ ᠭᠤᠸᠠᠩ ᠾᠧ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂ G5511 ᠰᠤᠭᠤᠳᠦ ᠠᠴᠠ ᠤᠯᠠᠭᠠᠨᠬᠤᠳᠠ ᠬᠦᠷᠬᠦ ᠵᠠᠰᠠᠮᠠᠯ ᠵᠠᠮ ᠵᠡᠷᠭᠡ ᠢᠨᠵᠧᠨᠧᠷᠢᠩ ᠢ ᠡᠮᠬᠢ ᠵᠢᠷᠤᠮ ᠲᠠᠢ ᠪᠠᠷ ᠠᠬᠢᠭᠤᠯᠵᠦ᠂ ᠴᠢᠬᠤᠯᠠ ᠶᠡᠭᠡ ᠲᠦᠷᠦᠯ ᠵᠦᠢᠯ ᠤᠨ ᠲᠤᠯᠭᠠᠭᠤᠷᠢᠯᠠᠬᠤ ᠦᠢᠯᠡᠳᠦᠯ ᠲᠠᠰᠤᠷᠠᠯᠲᠠ ᠥᠬᠡᠶ ᠴᠢᠩᠭᠠᠷᠠᠪᠠ᠃   ᠠᠶᠢᠮᠠᠭ ᠤᠨ ᠲᠡᠰ ᠤᠨ 184 ᠴᠢᠬᠤᠯᠠ ᠶᠡᠭᠡ ᠲᠦᠷᠦᠯ ᠵᠦᠢᠯ ᠢ ᠬᠡᠷᠡᠭᠵᠢᠬᠦᠯᠪᠡ᠃  ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠢᠬᠤᠯᠠ ᠲᠥᠷᠥᠯ ᠵᠦᠢᠯ ᠤᠨ 52 ᠨᠢ ᠠᠵᠢᠯ ᠢᠶᠠᠨ ᠰᠡᠷᠬᠦᠭᠡᠵᠦ᠂ ᠡᠬᠦᠨ ᠳᠤ ᠰᠢᠨ᠎ᠡ ᠪᠠᠷ ᠶᠠᠪᠤᠭᠳᠠᠭᠤᠯᠬᠤ 22 ᠲᠦᠷᠦᠯ ᠵᠦᠢᠯ᠂ ᠠᠵᠢᠯ ᠢᠶᠠᠨ ᠰᠡᠷᠬᠦᠭᠡᠭᠰᠡᠨ 30 ᠲᠦᠷᠦᠯ ᠵᠦᠢᠯ ᠪᠠᠶᠢᠵᠦ᠂ ᠲᠦᠷᠦᠯ ᠵᠦᠢᠯ ᠤᠨ ᠪᠠᠶᠢᠭᠤᠯᠤᠯᠳᠠ ᠶᠢ ᠲᠤᠭᠳᠠᠭᠤᠨ ᠢᠶᠠᠷ ᠠᠬᠢᠭᠤᠯᠪᠠ᠃   ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠳᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠨᠢ ᠭᠤᠣᠯ ᠪᠠᠶᠢᠷᠢ ᠶᠢ ᠡᠵᠡᠯᠡᠵᠦ᠂ ᠠᠵᠤ ᠠᠬᠤᠢ ᠶᠢᠨ ᠨᠡᠮᠡᠭᠳᠡᠯ ᠤᠨ ᠶᠠᠰᠤ ᠴᠢᠨᠠᠷ ᠪᠠ ᠦᠷ᠎ᠡ ᠠᠰᠢᠭ ᠲᠠᠢ ᠰᠢᠭᠤᠳ ᠬᠤᠯᠪᠣᠭᠳᠠᠵᠤ ᠪᠠᠶᠢᠳᠠᠭ᠃    ᠵᠢᠩ ᠶᠧ ᠪᠦᠯᠦᠭᠯᠡᠯ ᠤᠨ ᠤᠯᠠᠭᠠᠨᠬᠤᠲᠠ ᠪᠤᠯᠤᠳ ᠲᠡᠮᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠬᠦ ᠳᠤ᠂ ᠰᠢᠨ᠎ᠡ ᠪᠠᠷ ᠪᠠᠶᠢᠭᠤᠯᠤᠭᠰᠠᠨ 120 ᠲᠤᠨ ᠤ ᠡᠷᠬᠢᠯᠳᠦᠭᠡ ᠵᠤᠤᠬ᠎ᠠ ᠶᠢᠨ ᠦᠢᠯᠡᠳᠪᠦᠷᠢᠯᠡᠯ ᠤᠨ ᠲᠤᠬᠠᠢ ᠶᠢᠨ ᠲᠠᠯᠠᠪᠠᠢ ᠳᠤ ᠮᠠᠰᠢᠨ ᠲᠤᠨᠤᠭ ᠬᠦᠷᠴᠢᠬᠢᠨᠡᠵᠦ᠂ ᠤᠳᠤᠬᠢᠴᠢᠯᠠᠭᠰᠠᠨ ᠪᠤᠯᠤᠳ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠳᠡᠭᠡᠷ᠎ᠡ ᠠᠵᠢᠯᠲᠠᠳ ᠨᠠᠷᠢᠨ ᠨᠢᠮᠪᠠᠢ ᠠᠵᠢᠯᠯᠠᠨ᠎ᠠ᠃ ᠪᠤᠯᠤᠳ ᠬᠡᠪᠰᠢᠬᠦᠯᠬᠦ ᠦᠢᠯᠡᠳᠪᠦᠷᠢ ᠳᠤ᠂ ︽ᠭᠠᠯ ᠯᠤᠤ︾ ᠰᠦᠯᠵᠢᠯᠳᠦᠵᠦ᠂ ᠬᠠᠯᠠᠭᠤᠨ ᠠᠭᠤᠷ ᠪᠠᠭᠠᠬᠢᠵᠦ᠂ ᠬᠦᠮᠦᠨ ᠤ ᠨᠢᠳᠤᠨ ᠬᠤᠷᠤᠬᠠᠢ ᠶᠢ ᠬᠤᠵᠢᠷᠯᠠᠨ᠎ᠠ᠃   ᠤᠯᠠᠭᠠᠨᠬᠤᠳᠠ ᠪᠣᠯᠣᠳ ᠲᠡᠮᠦᠷ ᠤᠨ ᠦᠢᠯᠡᠳᠪᠦᠷᠢ᠂ ᠡᠨᠡ ᠬᠦ 63 ᠵᠢᠯ ᠤᠨ ᠲᠡᠦᠬᠡ ᠲᠠᠢ ᠬᠠᠭᠤᠴᠢᠨ ᠪᠣᠯᠣᠳ ᠲᠡᠮᠦᠷ ᠤᠨ ᠠᠵᠤ ᠠᠬᠤᠶᠢᠯᠠᠯ ᠤᠨ ᠵᠢᠯ ᠤᠨ ᠭᠠᠷᠤᠯᠳᠠ ᠨᠢ 2014 ᠤᠨ ᠤ 50 ᠲᠦᠮᠡᠨ ᠲᠤᠨ ᠪᠠᠶᠢᠭᠰᠠᠨ ᠠᠴᠠ ᠤᠳᠤᠬᠢ 150 ᠲᠦᠮᠡᠨ ᠲᠤᠨ ᠬᠦᠷᠴᠦ᠂ ᠵᠢᠯ ᠤᠨ ᠪᠤᠷᠤᠯᠠᠭᠤᠯᠤᠯᠳᠠ ᠶᠢᠨ ᠤᠷᠤᠯᠭ᠎ᠠ ᠨᠢ 60 ᠳ᠋ᠦᠩᠰᠢᠭᠤᠷ ᠲᠦᠭᠦᠷᠢᠭ ᠲᠤ ᠬᠦᠷᠴᠦ᠂ ᠭᠠᠶᠢᠯᠢ ᠶᠢᠨ ᠤᠷᠤᠯᠭ᠎ᠠ ᠨᠢ ᠳ᠋ᠦᠩᠰᠢᠭᠤᠷ ᠲᠦᠭᠦᠷᠢᠭ ᠢ ᠲᠡᠪᠠᠪᠠ᠃ ᠡᠳᠡᠭᠡᠷ ᠲᠤᠭ᠎ᠠ ᠪᠠᠷᠢᠮᠳᠠ ᠶᠢᠨ ᠠᠷᠦ ᠳᠤ ᠨᠢ ᠠᠵᠤ ᠠᠬᠤᠶᠢᠯᠠᠯ ᠤᠨ ᠣᠶᠢᠷ᠎ᠠ ᠶᠢᠨ ᠵᠢᠯ ᠳᠤ ᠪᠡᠯᠡ ᠤᠷᠤᠭᠤᠯᠤᠯᠳᠠ ᠶᠢᠨ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠮᠡᠷᠭᠡᠵᠢᠯ ᠤᠨ ᠦᠭᠡᠷᠡᠴᠢᠯᠡᠯᠳᠡ ᠨᠢ ᠪᠠᠷᠢᠮᠵᠢᠶ᠎ᠡ ᠳᠤ ᠬᠦᠷᠦᠭᠰᠡᠨ ᠦᠷ᠎ᠠ ᠪᠦᠳᠦᠭᠡᠯ ᠪᠤᠯᠤᠨ᠎ᠠ᠃ 7 ᠵᠢᠯ ᠤᠨ ᠲᠤᠷᠰᠢ᠂ ᠤᠯᠠᠭᠠᠨᠬᠤᠳᠠ ᠪᠣᠯᠣᠳ ᠲᠡᠮᠦᠷ ᠤᠨ ᠪᠦᠯᠦᠭᠯᠡᠯ ᠺᠣᠮᠫᠠᠨᠢ ᠨᠡᠶᠢᠲᠡ 30 ᠭᠠᠷᠤᠶ ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠲᠤᠨᠤᠭ ᠲᠥᠬᠦᠭᠡᠷᠦᠮᠵᠢ ᠪᠠ ᠤᠷᠴᠢᠨ ᠲᠤᠭᠤᠷᠢᠨ ᠤ ᠬᠠᠮᠠᠭᠠᠯᠠᠯᠲᠠ ᠳᠤ ᠪᠥᠬᠦ ᠲᠠᠯ᠎ᠠ ᠶᠢᠨ ᠲᠠᠰ ᠳᠡᠪᠰᠢᠭᠦᠯᠬᠦ ᠥᠭᠡᠷᠡᠴᠢᠯᠡᠯᠲᠡ ᠬᠢᠪᠠ᠃ ᠡᠨᠡ ᠵᠢᠯ ᠪᠠᠰᠠ 3 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠵᠤ᠂ ᠤᠷᠢᠳ ᠬᠤᠵᠢᠳ ᠲᠡᠮᠦᠷ ᠵᠠᠮ ᠤᠨ ᠲᠤᠰᠬᠠᠢ ᠱᠤᠭᠤᠮ ᠤᠨ ᠪᠠᠷᠢᠮᠵᠢᠶ᠎ᠡ ᠶᠢ ᠲᠡᠭᠡᠭᠰᠢᠯᠡᠬᠦᠯᠦᠨ ᠴᠢᠳᠠᠪᠤᠷᠢ ᠶᠢ ᠦᠷᠭᠡᠳᠭᠡᠬᠦ ᠦᠭᠡᠷᠡᠴᠢᠯᠡᠯᠳᠡ᠂ ᠰᠢᠳᠠᠭᠠᠨ ᠪᠠᠷᠢᠯᠳᠤᠭᠤᠯᠬᠤ ᠦᠢᠯᠡᠳᠪᠦᠷᠢ ᠶᠢᠨ ᠤᠳᠤᠭ᠎ᠠ ᠬᠡᠢ ᠶᠢᠨ ᠬᠦᠬᠦᠷ ᠦᠭᠡᠶᠢᠳᠡᠭᠦᠯᠬᠦ ᠭᠠᠳᠠᠭᠰᠢᠯᠠᠭᠤᠯᠤᠯᠲᠠ ᠶᠢ ᠬᠡᠳᠦ ᠳᠣᠣᠷ᠎ᠠ ᠪᠣᠯᠭᠠᠬᠤ ᠥᠭᠡᠷᠡᠴᠢᠯᠡᠯᠲᠡ ᠪᠠ ᠲᠡᠮᠦᠷ ᠪᠣᠯᠪᠠᠰᠤᠷᠠᠭᠤᠯᠬᠤ ᠦᠢᠯᠡᠳᠪᠦᠷᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠥᠭᠡᠷᠡᠴᠢᠯᠡᠯᠲᠡ ᠶᠢ ᠪᠡᠶᠡᠯᠡᠭᠦᠯᠪᠡ᠃ ᠡᠨᠡ ᠵᠢᠯ ᠤᠨ 1 ᠰᠠᠷ᠎ᠠ — 8 ᠰᠠᠷ᠎ᠠ ᠪᠣᠯᠲᠠᠯ᠎ᠠ᠂ ᠤᠯᠠᠭᠠᠨᠬᠤᠳᠠ ᠪᠣᠯᠣᠳ ᠲᠡᠮᠦᠷ ᠤᠨ  ᠦᠢᠯᠡᠳᠭᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 47.4% ᠪᠠᠷ ᠨᠡᠮᠡᠭᠳᠡᠪᠡ᠃ ᠵᠢᠱᠢᠯᠲᠡ ᠪᠠᠷ᠂ ᠡᠨᠡ ᠵᠢᠯ ᠺᠣᠮᠫᠠᠨᠢ ᠶᠢᠨ ᠦᠢᠯᠡᠳᠬᠦᠨ ᠤ ᠥᠷᠲᠡᠭ ᠨᠢ 15 ᠳ᠋ᠦᠩᠰᠢᠭᠤᠷ ᠲᠥᠭᠦᠷᠢᠭ ᠨᠡᠮᠡᠭᠳᠡᠨ᠂ 65 ᠳ᠋ᠦᠩᠰᠢᠭᠤᠷ ᠲᠥᠭᠦᠷᠢᠭ ᠲᠤ ᠬᠦᠷᠬᠦ ᠪᠤᠯᠵᠦ᠂ ᠬᠢᠩᠭᠠᠨ ᠠᠶᠢᠮᠠᠭ ᠤᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠤᠨ ᠲᠡᠷᠢᠭᠦᠨ ᠪᠠᠶᠢᠷᠢ ᠶᠢ ᠪᠠᠲᠤ ᠡᠵᠡᠯᠡᠬᠦ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠤᠯᠠᠭᠠᠨᠬᠤᠳᠠ ᠪᠣᠯᠣᠳ ᠲᠡᠮᠦᠷ ᠤᠨ ᠪᠦᠯᠦᠭᠯᠡᠯ ᠤᠨ ᠬᠢᠨ ᠪᠠᠰᠠ 25 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ︽ᠬᠤᠤᠰ ᠨᠡᠭᠦᠷᠡᠰᠦᠲᠥ᠋ᠷᠥᠭᠴᠢ︾ ᠶᠢᠨ ᠮᠡᠷᠭᠡᠵᠢᠯ ᠤᠨ ᠦᠭᠡᠷᠡᠴᠢᠯᠡᠯᠳᠡ ᠶᠢᠨ ᠭᠤᠤᠯᠳᠠᠯᠭ᠎ᠠ ᠲᠠᠢ ᠲᠦᠷᠦᠯ ᠵᠦᠢᠯ ᠢ ᠪᠡᠶᠡᠯᠡᠬᠦᠯᠵᠦ᠂ ᠪᠤᠬᠢᠷᠳᠤᠯ ᠦᠭᠡᠢ᠂ ᠦᠵᠡᠰᠬᠦᠯᠡᠩᠳᠦ ᠰᠠᠶᠢᠬᠠᠨ ᠬᠤᠳᠠ ᠶᠢᠨ ᠴᠡᠴᠡᠷᠯᠢᠭᠳᠦ ᠪᠤᠯᠤᠳ ᠲᠡᠮᠦᠷ ᠤᠨ ᠦᠢᠯᠡᠳᠪᠦᠷᠢ ᠶᠢ ᠪᠠᠶᠢᠭᠤᠯᠬᠤ ᠪᠠᠷ ᠪᠠᠶᠢᠨ᠎ᠠ᠃   ᠲᠦᠷᠦᠭᠦᠦ ᠭᠤᠷᠪᠠᠨ ᠤᠯᠠᠷᠢᠯ ᠤᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ 104 ᠠᠵᠤ  ᠦᠢᠯᠡᠳᠪᠦᠷᠢ ᠶᠢᠨ ᠠᠵᠤ ᠠᠬᠤᠶᠢᠯᠠᠯ 214.9 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28.1% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠰᠢᠭ ᠤᠷᠤᠯᠭ᠎ᠠ ᠶᠢᠨ ᠶᠡᠷᠦᠩᠭᠡᠢ ᠬᠡᠮᠵᠢᠶ᠎ᠡ 13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 84.8% ᠪᠠᠷ ᠨᠡᠮᠡᠭᠳᠡᠪᠡ᠃ ᠪᠥᠬᠦ ᠠᠶᠢᠮᠠᠭ ᠤᠨ ᠠᠵᠤ  ᠦᠢᠯᠡᠳᠪᠦᠷᠢ  ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.9 % ᠪᠠᠷ ᠨᠡᠮᠡᠭᠳᠡᠵᠦ᠂ 1 — 8 ᠳ᠋ᠤᠭᠠᠷ ᠰᠠᠷ᠎ᠠ ᠶᠢᠨ ᠠᠵᠤ  ᠦᠢᠯᠡᠳᠪᠦᠷᠢ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 25.3 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠠᠵᠤ  ᠦᠢᠯᠡᠳᠪᠦᠷᠢ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠵᠢᠷᠭᠤᠳᠤᠭᠠᠷ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠤᠶᠠᠳᠤᠭᠠᠷ ᠲᠤ ᠣᠷᠣᠪᠠ᠃   ᠪᠦᠬᠦ ᠠᠶᠢᠮᠠᠭ ᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 180 ᠲᠥᠷᠥᠯ ᠵᠦᠢᠯ ᠢ ᠲᠠᠳᠠᠨ ᠤᠷᠤᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠤᠯᠠᠨ᠂ ᠳ᠋ᠦᠩᠰᠢᠭᠤᠷ ᠲᠦᠭᠦᠷᠢᠭ ᠠᠴᠠ ᠲᠡᠭᠡᠭᠰᠢ ᠴᠢᠬᠤᠯᠠ ᠲᠦᠷᠦᠯ ᠵᠦᠢᠯ ᠤᠯᠠᠨ᠂ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠶᠠᠰᠦ ᠴᠢᠨᠠᠷ ᠵᠡᠷᠭᠡ ᠪᠠᠷ ᠨᠡᠮᠡᠭᠳᠡᠵᠡᠢᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2021 ᠣᠨ ᠳᠤ᠂ ᠮᠠᠨ ᠤ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠲᠣᠭᠲᠠᠭᠤᠨ ᠤ ᠳᠤᠮᠳᠠ ᠠᠬᠢᠯᠲᠠ ᠲᠠᠢ ᠪᠣᠯᠵᠣ᠂ ᠪᠦᠬᠦ ᠴᠣᠭᠴᠠ ᠳᠤ ᠨᠢ ︽ᠬᠤᠶᠠᠷ ᠣᠯᠠᠨ︾ ᠢᠯᠡᠷᠡᠪᠡ᠂ ᠲᠠᠷᠤᠢ ᠠᠷᠠᠳ ᠠᠴᠠ ᠡᠵᠡᠩᠨᠡᠭᠰᠡᠨ ᠠᠵᠦ ᠠᠬᠤᠢᠢᠯᠠᠯ ᠤᠨ ᠪᠡᠯᠡ ᠤᠷᠤᠭᠤᠯᠤᠯᠳᠠ ᠤᠯᠠᠨ᠂ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠴᠢᠬᠤᠯᠠ ᠲᠦᠷᠦᠯ ᠵᠦᠢᠯ ᠤᠯᠠᠨ ᠪᠠᠶᠢᠵᠦ᠂ ᠡᠬᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠨᠢ ᠪᠥᠬᠦ ᠠᠶᠢᠮᠠᠭ ᠤᠨ ᠪᠣᠳᠠᠲᠠᠶ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠶᠢᠨ ᠶᠡᠷᠦᠩᠬᠡᠶ ᠲᠣᠭᠠᠨ ᠤ 62.4% ᠶᠢ ᠡᠵᠡᠯᠡᠵᠦ᠂ ᠢᠯᠡᠳᠲᠡ ᠳᠡᠭᠡᠭᠰᠢᠯᠡᠬᠦ ᠬᠠᠨᠳᠤᠰᠢ ᠲᠠᠢ ᠪᠣᠯᠵᠣ᠂ ᠪᠥᠬᠦ ᠠᠶᠢᠮᠠᠭ ᠤᠨ 5000 ᠲᠦᠮᠡᠨ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ  ᠵᠦᠢᠯ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠬᠢᠭᠡᠳ ᠨᠡᠶᠢᠭᠡᠮ ᠤᠨ ᠬᠥᠷᠥᠩᠭᠡ ᠶᠢᠨ ᠬᠠᠷᠢᠴᠠᠯ ᠬᠡᠮᠵᠢᠭᠳᠡᠯ ᠨᠢ ᠪᠠᠷᠤᠭ 1᠄ 1.5 ᠪᠠᠶᠢᠵᠤ᠂ ᠪᠠᠯᠠ ᠣᠷᠣᠭᠤᠯᠤᠯᠲᠠ ᠶᠢᠨ ᠲᠤᠭ᠎ᠠ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ  ᠵᠦᠢᠯ ᠨᠢ ᠪᠥᠬᠦ ᠠᠶᠢᠮᠠᠭ ᠤᠨ ᠪᠣᠳᠠᠲᠠᠶ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠶᠢᠨ ᠶᠡᠷᠦᠩᠬᠡᠶ ᠲᠣᠭᠠᠨ ᠤ 88.1% ᠶᠢ ᠡᠵᠡᠯᠡᠪᠡ᠃  ᠭᠤᠷᠪᠠᠳᠤᠭᠠᠷ ᠤᠯᠠᠷᠢᠯ ᠤᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠦᠷᠦᠯ ᠵᠦᠢᠯ ᠢ 180 ᠲᠠᠳᠠᠨ ᠤᠷᠤᠭᠤᠯᠵᠦ᠂ ᠡᠬᠦᠨ ᠳᠤ 65 ᠲᠦᠷᠦᠯ ᠵᠦᠢᠯ ᠢ ᠰᠢᠨ᠎ᠡ ᠪᠠᠷ ᠪᠠᠶᠢᠭᠤᠯᠵᠦ᠂ 115 ᠲᠦᠷᠦᠯ ᠵᠦᠢᠯ ᠢ ᠦᠷᠬᠦᠯᠵᠢᠯᠡᠨ ᠪᠠᠶᠢᠭᠤᠯᠵᠦ᠂ ᠶᠡᠷᠦᠩᠬᠡᠶ ᠪᠠᠯᠠ ᠣᠷᠣᠭᠤᠯᠤᠯᠲᠠ ᠨᠢ 923.18 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡᠨᠳᠡ ᠨᠠᠶᠢᠳᠠᠪᠤᠷᠢᠵᠢᠭᠤᠯᠤᠭᠰᠠᠨ ᠪᠡᠯᠡ ᠮᠦᠩᠬᠦ ᠨᠢ 189.55 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠵᠢᠯ ᠤᠨ ᠬᠠᠷᠠᠯᠲᠠ ᠡᠭᠦᠷᠭᠡ ᠶᠢᠨ 87.8% ᠶᠢ ᠪᠡᠶᠡᠯᠡᠭᠦᠯᠪᠡ᠃   ᠪᠦᠬᠦ ᠠᠶᠢᠮᠠᠭ ᠤᠨ ︽ᠨᠢᠭᠡ ᠯᠡ ᠤᠳᠠᠭ᠎ᠠ ᠳᠤ ᠬᠦᠢᠴᠡᠳᠭᠡᠬᠦ︾ ᠤᠴᠢᠷ ᠶᠠᠪᠤᠳᠠᠯ ᠤᠨ ᠬᠡᠮᠵᠢᠶ᠎ᠡ ᠢᠯᠡᠳᠳᠡ ᠳᠡᠭᠡᠭᠰᠢᠯᠡᠵᠤ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠦᠷᠬᠦᠯᠵᠢᠯᠡᠨ ᠰᠢᠯᠢᠳᠡᠭᠵᠢᠪᠡ   ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠳᠤ ᠬᠠᠮᠤᠭ ᠤᠨ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ  ᠦᠢᠯᠡᠴᠢᠯᠡᠭᠡ ᠬᠠᠩᠭᠠᠬᠤ ᠨᠢ ᠠᠶᠢᠮᠠᠭ ᠤᠨ ᠳᠣᠲᠣᠭᠠᠳᠤ ᠶᠢᠨ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠲᠤ ᠶᠢᠨ ᠲᠠᠨᠢᠯᠲᠠ ᠪᠤᠯᠪᠠ᠃ ︽ᠮᠠᠨ ᠤ ᠠᠶᠢᠮᠠᠭ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ  ᠦᠢᠯᠡᠴᠢᠯᠡᠭᠡᠨ ᠤ ᠲᠣᠭᠲᠠᠴᠠ ᠶᠢ ᠲᠠᠰᠤᠷᠠᠯᠲᠠ ᠥᠬᠡᠶ ᠰᠢᠨᠡᠴᠢᠯᠡᠵᠦ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ  ᠭᠦᠢᠴᠡᠳᠭᠡᠵᠦ᠂ ᠬᠢᠨᠠᠨ ᠵᠥᠪᠰᠢᠶᠡᠷᠡᠯ ᠢᠶᠠᠷ ᠬᠠᠮᠤᠭ ᠤᠨ ᠪᠠᠭ᠎ᠠ᠂ ᠴᠠᠭ ᠬᠤᠭᠤᠴᠠᠭ᠎ᠠ ᠪᠠᠷ ᠬᠠᠮᠤᠭ ᠲᠦᠷᠭᠡᠨ᠂ ᠦᠷ᠎ᠡ ᠪᠦᠲᠦᠮᠵᠢ ᠪᠠᠷ ᠬᠠᠮᠤᠭ ᠤᠨ ᠰᠠᠶᠢᠨ᠂  ᠦᠢᠯᠡᠴᠢᠯᠡᠭᠡ ᠪᠠᠷ ᠬᠠᠮᠤᠭ ᠤᠨ ᠰᠠᠶᠢᠨ ᠴᠢᠨᠠᠷ ᠰᠠᠶᠢᠲᠠᠶ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠣᠷᠣᠭᠤᠯᠵᠤ ᠠᠪᠴᠢᠷᠠᠭᠰᠠᠨ ᠲᠥᠷᠥᠯ ᠵᠦᠢᠯ ᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠭᠠᠷᠭᠠᠵᠤ ᠪᠠᠶᠢᠨ᠎ᠠ︾ ᠭᠡᠵᠦ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ ᠸᠠᠩ ᠰᠢᠶᠤᠤ ᠮᠢᠩ ᠢᠯᠡᠷᠭᠡᠶᠢᠯᠡᠨ᠎ᠠ᠃  ᠭᠤᠷᠪᠠᠳᠤᠭᠠᠷ ᠤᠯᠠᠷᠢᠯ ᠤᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ ︽ᠨᠢᠭᠡ ᠯᠡ ᠤᠳᠠᠭ᠎ᠠ ᠳᠤ ᠬᠦᠢᠴᠡᠳᠭᠡᠬᠦ︾ ᠤᠴᠢᠷ ᠶᠠᠪᠤᠳᠠᠯ ᠤᠨ ᠲᠤᠭ᠎ᠠ 4.2 ᠲᠦᠮᠡᠨ ᠬᠤᠪᠢ ᠬᠦᠷᠴᠦ᠂ ︽ᠲᠠᠨ ᠢ ᠬᠠᠪᠰᠤᠷᠤᠨ ᠬᠦᠢᠴᠡᠳᠭᠡᠬᠦ︾ ᠵᠦᠢᠯᠡᠰ ᠤᠨ ᠲᠤᠭ᠎ᠠ 176 ᠬᠦᠷᠪᠡ᠃ ᠪᠥᠬᠦ ᠠᠶᠢᠮᠠᠭ ᠤᠨ ᠡᠯᠧᠺᠲᠷᠣᠨ ᠭᠡᠷᠡᠴᠢ ᠦᠨᠡᠮᠯᠡᠯ ᠤᠨ ᠴᠤᠭᠯᠠᠷᠠᠯ᠂ ᠡᠯᠧᠺᠲᠷᠣᠨ ᠲᠠᠮᠠᠭ᠎ᠠ ᠶᠢᠨ ᠲᠤᠭ᠎ᠠ ᠬᠡᠮᠵᠢᠶ᠎ᠡ ᠨᠢ ᠲᠣᠰ ᠪᠦᠷᠢ 38.1 ᠲᠦᠮᠡᠨ ᠵᠤᠷᠪᠤᠰ ᠪᠠ 49.2 ᠲᠦᠮᠡᠨ ᠵᠤᠷᠪᠤᠰ ᠬᠦᠷᠪᠡ︔ ︽ᠮᠦᠩᠬᠡ ᠰᠤᠪᠠᠭ︾ APP ᠢᠶᠠᠷ 183 ᠵᠦᠢᠯ ᠢ ᠵᠤᠯᠭᠠᠭᠤᠯᠵᠦ᠂ ᠡᠬᠦᠨ ᠳᠤ 33 ᠵᠦᠢᠯ ᠢ ᠬᠡᠷᠡᠭᠯᠡᠭᠡᠨ ᠳᠤ ᠤᠷᠤᠭᠤᠯᠪᠠ︔ ︽ᠮᠦᠩᠬᠡ ᠰᠤᠪᠠᠭ︾ APP ᠲᠠᠩᠰᠠᠯᠠᠭᠰᠠᠨ ᠬᠦᠮᠦᠨ ᠤ ᠲᠤᠭ᠎ᠠ 45.7 ᠲᠦᠮᠡ ᠳᠤ ᠬᠦᠷᠴᠦ᠂ ᠪᠦᠬᠦ ᠠᠶᠢᠮᠠᠭ ᠤᠨ ᠪᠠᠶᠢᠩᠭᠤ ᠰᠠᠭᠤᠭ᠎ᠠ ᠬᠦᠮᠦᠨ ᠠᠮᠠ ᠶᠢᠨ 32.29% ᠶᠢ ᠡᠵᠡᠯᠡᠪᠡ᠃  ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠮᠥᠩᠭᠦᠨ ᠭᠦᠢᠯᠭᠡᠭᠡᠨ ᠤ ᠦᠢᠯᠡᠰ ᠤᠨ ᠳᠡᠮᠵᠢᠯᠭᠡ ᠳᠤᠲᠠᠭᠳᠠᠵᠤ ᠪᠣᠯᠬᠤ ᠦᠭᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠮᠠᠨ ᠤ ᠠᠶᠢᠮᠠᠭ ᠪᠠᠯᠠ ᠮᠥᠩᠭᠦ ᠶᠢᠨ ᠪᠠᠲᠤᠯᠠᠭ᠎ᠠ ᠪᠠ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠲᠠᠪᠤᠨ ᠨᠢᠭᠡ︾ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠡᠯ᠎ᠡ ᠮᠥᠩᠭᠦᠨ  ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠷᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠵᠠᠰᠠᠭ ᠤᠨ ᠤᠷᠳᠤᠨ ᠂ ᠪᠠᠩᠬᠢ᠂ ᠠᠵᠤ ᠠᠬᠤᠶᠢᠯᠠᠯ ᠤᠨ ᠦᠶ᠋ᠯᠡᠴᠢᠯᠡᠭᠡ ᠶᠢ ᠵᠣᠯᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ ᠳᠤ ᠨᠠᠩ ᠣᠯᠠᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠳᠡᠮᠵᠢᠯᠭᠡ ᠬᠠᠩᠭᠠᠪᠠ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 719.56 ᠳ᠋ᠦᠩᠰᠢᠭᠤᠷ ᠲᠥᠭᠦᠷᠢᠭ ᠲᠤ ᠬᠦᠷᠴᠡᠶ᠃ ᠪᠥᠬᠦ ᠠᠶᠢᠮᠠᠭ ᠤᠨ ᠪᠠᠩᠬᠢ ᠶᠢᠨ  ᠦᠢᠯᠡᠰ ᠤᠨ ᠮᠥᠩᠭᠦᠨ  ᠭᠦᠢᠯᠭᠡᠭᠡᠨ ᠤ ᠪᠠᠶᠢᠭᠤᠯᠤᠮᠵᠢ ᠨᠡᠶᠢᠲᠡ 286.14 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠰᠢᠨ᠎ᠡ ᠪᠠᠷ ᠲᠠᠯᠪᠢᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号