1 — 10 ᠰᠠᠷ᠎ᠠ ᠶᠢᠨ ᠬᠢᠩᠭᠠᠨ ᠠᠶᠢᠮᠠᠭ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠵᠠᠳᠠᠯᠤᠯᠲᠠ
ᠨᠡᠶᠢᠲᠡᠯᠡᠭᠰᠡᠨ ᠴᠠᠭ᠄
2021/12/1
   ᠡᠨᠡ ᠵᠢᠯ ᠠᠴᠠ ᠨᠠᠰᠢ᠂ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠬᠦᠨᠳᠦ ᠬᠡᠴᠡᠭᠦᠤ ᠰᠢᠯᠭᠠᠯᠲᠠ ᠶᠢᠨ ᠡᠮᠦᠨ᠎ᠡ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤ ᠪᠠᠷ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠠᠶᠢᠮᠠᠭ ᠤᠨ ᠠᠵᠤ ᠠᠬᠤᠶ ᠶᠢᠨ ᠰᠡᠷᠭᠦᠯᠲᠡ ᠶᠢᠨ ᠳᠤᠮᠳᠠ ︽ᠳᠡᠭᠡᠳᠦ ᠱᠠᠲᠤ ᠪᠠᠷ ᠨᠡᠭᠡᠭᠡᠨ ᠳᠣᠤᠷ᠎ᠠ ᠱᠠᠲᠤ ᠪᠠᠷ ᠤᠷᠤᠭᠰᠢᠯᠠᠬᠤ︾ ᠪᠠᠶᠢᠷᠢᠰᠢᠯ ᠢᠯᠡᠷᠡᠭᠰᠡᠨ ᠪᠠᠶᠢᠨ᠎ᠠ᠃    ᠨᠢᠭᠡ᠂ ᠦᠢᠯᠡᠳᠬᠦ ᠦᠢᠯᠡᠰ ᠲᠣᠭᠲᠠᠭᠤᠨ ᠢᠶᠠᠷ ᠨᠡᠮᠡᠭᠳᠡᠵᠦ᠂ ᠠᠵᠤ ᠠᠬᠤᠶᠢᠯᠠᠯ ᠤᠨ ᠦᠷ᠎ᠡ ᠠᠰᠢᠭ ᠪᠦᠲᠦᠮᠵᠢᠲᠡᠶ ᠪᠠᠷ ᠰᠠᠶᠢᠵᠢᠷᠠᠪᠠ 1-10 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠲᠣᠭᠲᠠᠭᠠᠭᠰᠠᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ  ᠦᠢᠯᠡᠰ ᠤᠨ ᠨᠡᠮᠡᠭᠳᠡᠯ ᠥᠷᠲᠡᠭ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 2.5%᠂ 44.7% ᠪᠠᠷ ᠪᠠᠭᠤᠷᠠᠪᠠ᠃ ᠲᠤᠯᠭᠠᠭᠤᠷᠢ ᠠᠵᠢᠯ ᠲᠦᠷᠦᠯ ᠤᠨ ᠨᠡᠮᠡᠭᠳᠡᠯ ᠢ ᠪᠡᠶᠡᠯᠡᠭᠦᠯᠪᠡ᠃ ᠪᠥᠬᠦ ᠠᠶᠢᠮᠠᠭ ᠤᠨ ᠲᠤᠯᠤᠭᠠᠨ ᠬᠤᠪᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ ᠨᠡᠮᠡᠭᠳᠡᠪᠡ᠂ ᠡᠭᠦᠨ ᠳᠤ᠂ ᠪᠥᠬᠦ  ᠬᠡᠪᠴᠢᠶᠡᠵᠢᠯ  ᠠᠴᠠ ᠲᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ 56.3% ᠶᠢ ᠡᠵᠡᠯᠡᠬᠦ ᠨᠠᠪᠴᠢᠨ ᠲᠠᠮᠠᠬᠢᠨ ᠤ ᠪᠦᠲᠦᠭᠡᠭᠳᠡᠬᠦᠨ ᠤ  ᠦᠢᠯᠡᠰ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠠᠵᠤ  ᠦᠢᠯᠡᠳᠪᠦᠷᠢ ᠶᠢᠨ ᠬᠤᠶᠠᠷ ᠶᠡᠭᠡ ᠲᠤᠯᠭᠠᠭᠤᠷᠢ ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 8.3%᠂ 7.5% ᠪᠠᠷ ᠨᠡᠮᠡᠭᠳᠡᠵᠦ᠂ ᠪᠥᠬᠦ ᠬᠡᠪᠴᠢᠶᠡᠵᠢᠯ ᠠᠴᠠ ᠲᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ 4.4 ᠵᠠᠭᠤᠨ ᠤ ᠨᠢᠭᠡᠴᠢ ᠨᠡᠮᠡᠭᠳᠡᠬᠦ ᠶᠢ ᠬᠠᠮᠲᠤ ᠪᠠᠷ ᠳᠠᠶᠢᠴᠢᠯᠠᠪᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃ ᠪᠥᠬᠦ ᠠᠶᠢᠮᠠᠭ ᠤᠨ ᠳᠡᠭᠡᠳᠦ ᠮᠡᠷᠭᠡᠵᠢᠯ ᠤᠨ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 50.5%᠂ 18.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ 52.8᠂ 20.4 ᠵᠠᠭᠤᠨ ᠤ ᠨᠢᠭᠡᠴᠢ ᠲᠦᠷᠭᠡᠨ ᠪᠣᠯᠵᠠᠶ᠃ ᠠᠵᠤ ᠠᠬᠤᠶᠢᠯᠠᠯ ᠤᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠪᠠ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 44.7%᠂ 84.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠬᠠᠭᠠᠰ ᠵᠢᠯ ᠤᠨ ᠬᠢ ᠠᠴᠠ ᠲᠣᠰ ᠲᠣᠰ 4.7᠂ 27.0 ᠵᠠᠭᠤᠨ ᠤ ᠨᠢᠭᠡᠴᠢ ᠳᠡᠭᠡᠭᠰᠢᠯᠡᠵᠡᠶ᠃ ᠲᠦᠷᠦᠭᠦᠤ ᠠᠷᠪᠠᠨ ᠰᠠᠷ᠎ᠠ ᠳᠤ᠂ ᠠᠭᠤᠷᠬᠠᠶ ᠮᠠᠯᠲᠠᠬᠤ  ᠦᠢᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ  ᠦᠢᠯᠡᠰ ᠤᠨ ᠨᠥᠯᠥᠭᠡᠯᠡᠯ ᠢᠶᠠᠷ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.3% ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ 4.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠭᠤᠷᠪᠠᠨ ᠤᠯᠠᠷᠢᠯ ᠤᠨ ᠬᠢ ᠠᠴᠠ 3.0 ᠵᠠᠭᠤᠨ ᠤ ᠨᠢᠭᠡᠴᠢ ᠪᠠᠭᠤᠷᠠᠪᠠ᠃
   ᠬᠤᠶᠠᠷ᠂ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠢᠮᠠᠭᠲᠠ ᠨᠡᠮᠡᠭᠳᠡᠵᠦ᠂ ᠭᠡᠷ ᠪᠠᠶᠢᠰᠢᠩ ᠭᠠᠵᠠᠷ ᠬᠦ᠋ᠷᠦᠩᠭᠡ ᠶᠢᠨ ᠪᠡᠯᠡ ᠣᠷᠣᠭᠤᠯᠤᠯᠲᠠ ᠨᠡᠯᠢᠶᠡᠳ ᠬᠥᠭᠵᠢᠶᠡᠨᠲᠡᠶ ᠪᠣᠯᠪᠠ 1 — 10 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 3.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠭᠤᠷᠪᠠᠨ ᠤᠯᠠᠷᠢᠯ ᠤᠨ ᠬᠢ ᠠᠴᠠ 6.3 ᠵᠠᠭᠤᠨ ᠤ ᠨᠢᠭᠡᠴᠢ ᠪᠠᠭᠤᠷᠠᠪᠠ᠂ ᠡᠭᠦᠨ ᠳᠤ᠄ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ 17.2% ᠢᠶᠠᠷ ᠨᠡᠮᠡᠭᠳᠡᠵᠦ᠂ ᠲᠥᠷᠥᠯ  ᠵᠦᠢᠯ ᠤᠨ ᠪᠠᠯᠠ ᠣᠷᠣᠭᠤᠯᠤᠯᠲᠠ 2.5% ᠪᠠᠷ ᠪᠠᠭᠤᠷᠠᠪᠠ᠃ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ ᠪᠠᠲᠤᠯᠠᠪᠠ᠃ ᠪᠥᠬᠦ ᠠᠶᠢᠮᠠᠭ ᠤᠨ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.8% ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 5.3 ᠵᠠᠭᠤᠨ ᠤ ᠨᠢᠭᠡᠴᠢ ᠳᠠᠶᠢᠴᠢᠯᠠᠪᠠ︔ ᠨᠢᠭᠡᠳᠦᠭᠡᠷ ᠠᠵᠤ ᠦᠢᠡᠯᠰ᠂ ᠬᠤᠶᠠᠳᠤᠭᠠᠷ ᠠᠵᠤ  ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 37.4%᠂ 2.3% ᠪᠠᠭᠤᠷᠠᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 3.6 ᠵᠠᠭᠤᠨ ᠤ ᠨᠢᠭᠡᠴᠢ ᠪᠠᠭᠤᠷᠠᠭᠤᠯᠬᠤ ᠶᠢ ᠬᠠᠮᠲᠤ ᠪᠠᠷ ᠳᠠᠶᠢᠴᠢᠯᠠᠪᠠ᠃ ᠰᠠᠭᠤᠷᠢ ᠲᠥᠬᠦᠭᠡᠷᠦᠮᠵᠢ ᠶᠢᠨ ᠬᠦᠷᠢᠶᠡᠨ ᠳᠠᠬᠢ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠪᠡ᠃ ᠪᠥᠬᠦ ᠠᠶᠢᠮᠠᠭ ᠤᠨ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ᠂ ᠡᠭᠦᠨ ᠳᠤ᠂ ᠵᠠᠮ ᠲᠡᠭᠡᠭᠡᠪᠦᠷᠢ ᠶᠢᠨ ᠬᠥᠮᠥᠷᠭᠡᠯᠡᠯᠲᠡ ᠪᠠ ᠰᠢᠤᠳᠠᠨ ᠤ  ᠦᠢᠯᠡᠰ ᠤᠨ ᠪᠠᠯᠠ ᠣᠷᠣᠭᠤᠯᠤᠯᠲᠠ᠂ ᠴᠠᠬᠢᠯᠭᠠᠨ ᠬᠦᠴᠦᠨ ᠤ ᠢᠯᠴᠢ ᠶᠢᠨ ᠬᠦᠴᠦᠨ ᠰᠢᠲᠠᠮᠠᠬᠠᠶ ᠬᠡᠶ ᠵᠢᠴᠢ ᠤᠰᠤᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ  ᠦᠢᠯᠡᠰ ᠤᠨ ᠪᠠᠯᠠ ᠣᠷᠣᠭᠤᠯᠤᠯᠲᠠ ᠲᠣᠰ ᠲᠣᠰ 63.0%᠂ 6.5% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠰᠠᠶᠢᠨ ᠪᠠᠶᠢᠨ᠎ᠠ᠃ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 15.6% ᠪᠠᠷ  ᠲᠡᠭᠡᠭᠰᠢᠯᠡᠵᠡᠢ᠃
   ᠭᠤᠷᠪᠠ᠂ ᠬᠤᠷᠰᠢᠶᠠᠨ ᠤ ᠲᠡᠭ ᠲᠤᠭ᠎ᠠ ᠨᠡᠮᠡᠭᠳᠡᠬᠦ ᠬᠠᠨᠳᠤᠰᠢ ᠨᠡᠯᠢᠶᠡᠳ ᠲᠣᠭᠲᠠᠭᠤᠨ ᠪᠠᠶᠢᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ 1 — 10 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 0.8% ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠭᠤᠷᠪᠠᠨ ᠤᠯᠠᠷᠢᠯ ᠤᠨ ᠬᠢ ᠠᠴᠠ 0.8 ᠵᠠᠭᠤᠨ ᠤ ᠨᠢᠭᠡᠴᠢ ᠪᠠᠭᠤᠷᠠᠵᠤ᠂ ᠠᠶᠢᠮᠠᠭ ᠬᠤᠲᠠ ᠶᠢᠨ 8 ᠳ᠋ᠤᠭᠠᠷ ᠲᠤ ᠣᠷᠣᠪᠠ᠂ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠪᠡ᠃ ᠠᠷᠠᠳ ᠤᠨ ᠡᠵᠡᠩᠨᠡᠭᠰᠡᠨ ᠬᠤᠷᠰᠢᠶ᠎ᠠ ᠶᠢᠨ ᠲᠡᠭ ᠲᠤᠭ᠎ᠠ ᠳᠣᠣᠷ᠎ᠠ ᠬᠤᠷᠳᠤᠴᠠ ᠪᠠᠷ ᠨᠡᠮᠡᠭᠳᠡᠪᠡ᠃ ᠪᠥᠬᠦ ᠠᠶᠢᠮᠠᠭ ᠤᠨ ᠠᠷᠠᠳ ᠤᠨ ᠡᠵᠡᠩᠨᠡᠭᠰᠡᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠵᠦ᠂ ᠪᠥᠬᠦ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ 4.6 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ ᠬᠥᠳᠡᠭᠡ ᠲᠣᠰᠬᠤᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠡᠮᠵᠢᠶ᠎ᠡ ᠨᠢ ᠬᠤᠲᠠ ᠪᠥᠬᠦ ᠠᠶᠢᠮᠠᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠥᠳᠡᠭᠡ ᠲᠣᠰᠬᠤᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 58.7% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤ ᠠᠴᠠ 47.2 ᠵᠠᠭᠤᠨ ᠤ ᠨᠢᠭᠡᠴᠢ ᠥᠨᠳᠥᠷ ᠪᠣᠯᠵᠠᠶ᠃ ᠭᠤᠣᠯᠳᠠᠯᠭ᠎ᠠ ᠲᠠᠢ ᠠᠵᠢᠯ ᠲᠥᠷᠥᠯ ᠤᠨ ᠪᠣᠷᠣᠯᠠᠭᠤᠯᠭ᠎ᠠ ᠨᠡᠯᠢᠶᠡᠳ ᠰᠠᠶᠢᠨ᠃ ᠪᠥᠬᠦ ᠠᠶᠢᠮᠠᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ  ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 16.0% ᠨᠡᠮᠡᠭᠳᠡᠵᠦ᠂ ᠪᠥᠬᠦ ᠠᠶᠢᠮᠠᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠷᠰᠢᠶ᠎ᠠ ᠶᠢᠨ ᠲᠡᠭ ᠲᠤᠭ᠎ᠠ ᠶᠢ 7.7 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12.6% ᠨᠡᠮᠡᠭᠳᠡᠵᠦ᠂ ᠪᠥᠬᠦ ᠠᠶᠢᠮᠠᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠷᠰᠢᠶ᠎ᠠ ᠶᠢᠨ ᠵᠢᠵᠢᠭᠯᠡᠨ ᠬᠤᠳᠠᠯᠳᠤᠭᠰᠠᠨ ᠲᠤᠭ᠎ᠠ 3.9 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ
   ᠳᠥᠷᠪᠡ᠂  ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ  ᠦᠢᠯᠡᠰ ᠤᠨ ᠨᠡᠮᠡᠭᠳᠡᠯ ᠤᠨ ᠬᠠᠨᠳᠤᠰᠢ ᠨᠡᠯᠢᠶᠡᠳ ᠲᠣᠭᠲᠠᠭᠤᠨ ᠪᠠᠶᠢᠵᠤ᠂ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠪᠠᠶᠢᠳᠠᠯ ᠦᠷᠭᠦᠯᠵᠢᠯᠡᠨ ᠰᠠᠶᠢᠵᠢᠷᠠᠪᠠ    ᠲᠦᠷᠦᠭᠦᠤ ᠭᠤᠷᠪᠠᠨ ᠤᠯᠠᠷᠢᠯ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ  ᠦᠢᠯᠡᠴᠢᠯᠡᠭᠡᠨ ᠤ  ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ 2019 ᠣᠨ ᠤ ᠬᠢ ᠲᠠᠢ ᠦᠨᠳᠦᠰᠦᠨ ᠳᠡᠭᠡᠨ ᠠᠳᠠᠯᠢ ᠪᠠᠶᠢᠵᠤ᠂ ᠵᠢᠯ ᠤᠨ ᠡᠬᠢᠨ ᠠᠴᠠ ᠨᠠᠰᠢᠬᠢ ᠨᠡᠮᠡᠭᠳᠡᠯ ᠤᠨ ᠬᠤᠷᠳᠤᠴᠠ ᠶᠢᠨ ᠨᠡᠮᠡᠭᠳᠡᠯ ᠬᠠᠰᠤᠭᠳᠠᠯ ᠤᠨ ᠨᠡᠶᠢᠲᠡ ᠬᠡᠮᠵᠢᠶ᠎ᠡ ᠨᠢ 1.7 ᠵᠠᠭᠤᠨ ᠤ ᠨᠢᠭᠡᠴᠢ ᠶᠢᠨ ᠬᠤᠭᠤᠴᠠᠭᠠᠨ ᠳᠤ ᠪᠠᠶᠢᠪᠠ᠃ ᠠᠷᠪᠠᠨ ᠤ ᠲᠤᠯᠤᠭᠠᠨ ᠬᠤᠪᠢ ᠠᠴᠠ ᠳᠡᠭᠡᠭᠰᠢᠬᠢ ᠠᠵᠢᠯ ᠲᠦᠷᠦᠯ ᠤᠨ ᠨᠡᠮᠡᠭᠳᠡᠯ ᠢ ᠪᠡᠶᠡᠯᠡᠭᠦᠯᠪᠡ᠃ ᠪᠥᠬᠦ ᠠᠶᠢᠮᠠᠭ ᠤᠨ 72.7% ᠶᠢᠨ ᠲᠣᠭᠲᠠᠭᠠᠭᠰᠠᠨ  ᠦᠢᠯᠡᠴᠢᠯᠡᠭᠡᠨ ᠤ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠡᠮᠡᠭᠳᠡᠪᠡ᠂ ᠡᠭᠦᠨ ᠳᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠺᠢᠨᠣ᠋ ᠪᠠ ᠲᠠᠭᠤ ᠰᠢᠩᠭᠡᠭᠡᠯᠲᠡ  ᠦᠢᠯᠡᠳᠬᠦ  ᠦᠢᠯᠡᠰ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ  ᠦᠢᠯᠡᠰ᠂ ᠰᠢᠤᠳᠠᠨ ᠤ  ᠦᠢᠯᠡᠰ ᠲᠣᠰ ᠲᠣᠰ 352.9%᠂ 16.2%᠂ 6.9% ᠨᠡᠮᠡᠭᠳᠡᠪᠡ᠃ ᠠᠰᠢᠭ ᠣᠯᠵᠠᠪᠤᠷᠢ ᠲᠠᠢ ᠠᠵᠤ ᠠᠬᠤᠶᠢᠯᠠᠯ ᠤᠨ ᠬᠠᠭᠠᠰ ᠢᠯᠡᠭᠦᠦ ᠶᠢ ᠪᠡᠶᠡᠯᠡᠭᠦᠯᠦᠨ᠎ᠡ᠃ ᠪᠥᠬᠦ ᠠᠶᠢᠮᠠᠭ ᠤᠨ 51.6% ᠶᠢᠨ ᠲᠣᠭᠲᠠᠭᠠᠭᠰᠠᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠠᠰᠢᠭ ᠣᠯᠵᠠᠪᠤᠷᠢ ᠪᠠᠨ ᠪᠡᠶᠡᠯᠡᠭᠦᠯᠵᠦ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 68.8% ᠪᠠᠷ ᠨᠡᠮᠡᠭᠳᠡᠪᠡ᠃
   ᠲᠠᠪᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠦᠷᠭᠦᠯᠵᠢᠯᠡᠨ ᠪᠠᠭᠤᠷᠠᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠯᠲᠠ ᠦᠷᠭᠦᠯᠵᠢᠯᠡᠨ ᠳᠡᠭᠡᠭᠰᠢᠯᠡᠪᠡ 1 — 10 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5.4% ᠪᠠᠭᠤᠷᠠᠪᠠ᠂ ᠡᠭᠦᠨ ᠳᠤ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ  ᠦᠢᠯᠡᠰ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ  ᠦᠢᠯᠡᠰ ᠤᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠲᠣᠰ ᠲᠣᠰ 92.1%᠂ 10.3%᠂ 7.7% ᠪᠠᠭᠤᠷᠠᠪᠠ᠃ ᠴᠠᠬᠢᠯᠭᠠᠨ ᠬᠦᠴᠦᠨ ᠤ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠪᠡ᠃ ᠪᠥᠬᠦ ᠠᠶᠢᠮᠠᠭ ᠤᠨ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 41.07 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.0% ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠭᠤᠷᠪᠠᠨ ᠤᠯᠠᠷᠢᠯ ᠤᠨ ᠬᠢ ᠠᠴᠠ 0.2 ᠵᠠᠭᠤᠨ ᠤ ᠨᠢᠭᠡᠴᠢ ᠲᠦᠷᠭᠡᠳᠪᠡ᠂ ᠡᠭᠦᠨ ᠳᠤ᠂ ᠠᠵᠤ  ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 22.34 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 20.6% ᠪᠠᠷ ᠨᠡᠮᠡᠭᠳᠡᠪᠡ᠃ ᠰᠢᠨ᠎ᠡ ᠡᠨᠧᠷᠭᠢ ᠶᠢᠨ ᠰᠤᠷᠪᠤᠯᠵᠢ ᠪᠠᠷ ᠴᠠᠬᠢᠯᠭᠠᠨ ᠭᠠᠷᠭᠠᠬᠤ ᠶᠢᠨ ᠡᠵᠡᠯᠡᠬᠦ ᠬᠠᠷᠢᠴᠠᠯ ᠲᠣᠭᠲᠠᠭᠤᠨ ᠢᠶᠠᠷ ᠳᠡᠭᠡᠭᠰᠢᠯᠡᠪᠡ᠃ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ᠂ ᠡᠭᠦᠨ ᠳᠤ ᠰᠠᠯᠬᠢᠨ ᠤ ᠬᠦᠴᠦ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠲᠣᠰ ᠲᠣᠰ 27.8%᠂ 13.5% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 45.1% ᠶᠢ ᠡᠵᠡᠯᠡᠵᠦ᠂ ᠡᠵᠡᠯᠡᠬᠦ ᠬᠠᠷᠢᠴᠠᠯ ᠨᠢ ᠠᠳᠠᠯᠢ ᠬᠤᠭᠤᠴᠠᠭᠠᠨ ᠤ ᠬᠢ ᠠᠴᠠ 8.6 ᠵᠠᠭᠤᠨ ᠤ ᠨᠢᠭᠡᠴᠢ ᠳᠡᠭᠡᠭᠰᠢᠯᠡᠵᠡᠶ᠃
       ᠳᠠᠷᠠᠭᠠᠴᠢ ᠶᠢᠨ ᠠᠯᠬᠤᠮ ᠳᠤ᠂ ᠠᠵᠤ ᠠᠬᠤᠶ ᠶᠢᠨ ᠨᠡᠮᠡᠭᠳᠡᠯ ᠤᠨ ᠬᠦᠴᠦᠨ ᠮᠡᠬᠦᠰᠳᠡᠵᠦ ᠪᠠᠶᠢᠭ᠎ᠠ ᠬᠦᠴᠦᠨ ᠵᠦᠢᠯ ᠢ ᠪᠦᠬᠦ ᠲᠠᠯ᠎ᠠ ᠪᠠᠷ᠂ ᠣᠨᠣᠪᠴᠢᠲᠠᠶ ᠡᠵᠡᠮᠰᠢᠵᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠮᠥᠷᠳᠡᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠦᠢᠯᠡᠳᠪᠦᠷᠢᠯᠡᠯ ᠵᠣᠭᠰᠣᠭᠰᠠᠨ᠂ ᠪᠠᠭᠤᠷᠠᠭᠰᠠᠨ᠂ ᠪᠠᠭᠤᠷᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠭᠤᠣᠯᠳᠠᠯᠭ᠎ᠠ ᠲᠠᠢ ᠲᠤᠬᠢᠷᠠᠭᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠦᠢᠯᠡᠳᠪᠦᠷᠢ ᠶᠢᠨ ᠪᠦᠬᠦ ᠠᠶᠢᠮᠠᠭ ᠤᠨ ᠠᠵᠤ ᠠᠬᠤᠢ ᠶᠢ ᠲᠣᠭᠲᠠᠪᠤᠷᠢᠵᠢᠭᠤᠯᠬᠤ ᠦᠢᠯᠡᠳᠦᠯ ᠢ ᠦᠨᠡᠨᠬᠦ ᠪᠠᠳᠠᠷᠠᠭᠤᠯᠬᠤ ᠶᠢᠨ ᠬᠠᠮᠲᠤ᠂ ᠤᠯᠠᠮᠵᠢᠯᠠᠯᠲᠤ ᠠᠵᠤ ᠦᠢᠯᠡᠰ ᠤᠨ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠮᠡᠷᠭᠡᠵᠢᠯ ᠢ ᠥᠭᠡᠷᠡᠴᠢᠯᠡᠨ ᠲᠡᠰ ᠳᠡᠪᠰᠢᠭᠦᠯᠬᠦ ᠲᠠᠯ᠎ᠠ ᠪᠠᠷ ᠬᠦᠴᠦᠲᠡᠢ ᠠᠷᠭ᠎ᠠ  ᠬᠡᠮᠵᠢᠶ᠎ᠡ ᠶᠢ ᠰᠦᠪᠡᠭᠴᠢᠯᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠬᠦ ᠬᠡᠷᠡᠭᠲᠡᠢ︔ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭᠠᠬᠢ ᠪᠦᠬᠦ ᠶᠠᠪᠤᠴᠠ ᠶᠢ ᠮᠥᠷᠳᠡᠨ ᠬᠢᠨᠠᠨ ᠬᠠᠮᠢᠶᠠᠷᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠡᠯᠡ ᠣᠷᠣᠭᠤᠯᠤᠯᠲᠠ ᠶᠢᠨ ᠶᠡᠭᠡ ᠬᠡᠮᠵᠢᠶ᠎ᠡ ᠪᠠᠷ ᠳᠡᠭᠡᠭᠰᠢᠯᠡᠵᠦ ᠪᠠᠭᠤᠷᠠᠬᠤ ᠶᠢ ᠨᠥᠯᠥᠭᠡᠯᠡᠬᠦ ᠠᠰᠢᠭ ᠦᠭᠡᠶ ᠬᠦᠴᠦᠨ ᠵᠦᠢᠯ ᠢ ᠴᠢᠷᠮᠠᠶᠢᠨ ᠠᠷᠢᠯᠭᠠᠬᠤ ᠪᠠ ᠪᠠᠭᠠᠰᠬᠠᠵᠤ ᠂ ᠲᠥᠷᠥᠯ  ᠵᠦᠢᠯ ᠤᠨ ᠢᠨᠵᠧᠨᠧᠷᠢᠩ ᠵᠢᠴᠢ ᠡᠳ᠋ ᠤᠨ ᠶᠠᠪᠤᠳᠠᠯ ᠢ ᠴᠠᠭ ᠲᠤᠬᠠᠶ ᠳᠤᠨᠢ ᠳ᠋ᠦᠩᠨᠡᠨ ᠪᠤᠳᠤᠬᠤ ᠶᠢ ᠰᠢᠮᠳᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠬᠠᠮᠲᠤ᠂ ᠨᠢᠭᠡ ᠪᠦᠯᠦᠭ ᠰᠠᠭᠤᠷᠢ ᠪᠠᠷ ᠴᠢᠩᠭ᠎ᠠ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠯᠤᠰ ᠬᠡᠲᠦ ᠳᠤ ᠠᠰᠢᠭᠲᠠᠶ ᠲᠣᠮᠣ ᠲᠥᠷᠥᠯ  ᠵᠦᠢᠯ᠂ ᠰᠠᠶᠢᠨ ᠲᠥᠷᠥᠯ  ᠵᠦᠢᠯ ᠢ ᠱᠠᠯᠠᠪᠳᠠᠨ ᠲᠥᠯᠥᠪᠯᠡᠨ ᠨᠥᠭᠡᠴᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠬᠥᠭᠵᠢᠯᠲᠡ ᠶᠢᠨ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠬᠤᠯᠪᠣᠭᠳᠠᠯ ᠢᠶᠠᠷ ᠶᠡᠭᠡ ᠲᠥᠷᠥᠯ  ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠵᠤ ᠠᠬᠤᠶ ᠶᠢᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠥᠯᠭᠢᠨ ᠠᠬᠢᠭᠤᠯᠵᠤ᠂ ᠪᠥᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ ᠳᠤ ᠰᠠᠶᠢᠨ ᠰᠠᠭᠤᠷᠢ ᠲᠠᠯᠪᠢᠬᠤ ᠬᠡᠷᠡᠭᠲᠡᠶ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠦᠵᠡᠭᠦᠯᠬᠦ ᠲᠠᠭᠠᠷᠢᠯᠲᠠ ᠶᠢᠨ ᠨᠥᠯᠥᠭᠡ ᠶᠢ ᠴᠢᠷᠮᠠᠶᠢᠨ ᠪᠠᠭᠠᠰᠬᠠᠬᠤ ᠶᠢᠨ ᠬᠠᠮᠲᠤ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠲᠦᠷᠢᠮ ᠳᠤ ᠨᠡᠶᠢᠴᠡᠭᠰᠡᠨ ᠠᠵᠤ ᠠᠬᠤᠶᠢᠯᠠᠯ ᠢ ᠨᠢᠭᠡᠳᠦᠯᠲᠡᠶ ᠪᠣᠯᠭᠠᠬᠤ ᠶᠢ ᠠᠬᠢᠭᠤᠯᠵᠤ᠂ ᠵᠢᠯ ᠤᠨ ᠡᠴᠦᠰ ᠲᠤ ᠠᠵᠤ ᠠᠬᠤᠶᠢᠯᠠᠯ ᠤᠨ ᠬᠥᠮᠥᠷᠭᠡ ᠳᠤ ᠣᠷᠣᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号