ᠬᠢᠩᠭᠠᠨ ᠠᠶᠢᠮᠠᠭ ᠤᠨ ᠵᠠᠬᠢᠷᠭ᠎ᠠ ᠶᠢᠨ ︽ᠰᠠᠶᠢᠨ ᠮᠠᠭᠤ ᠶᠢᠨ ᠦᠨᠡᠯᠡᠯᠲᠡ︾ ᠰᠢᠰᠲ᠋ᠧᠮ ᠪᠠ  ᠮᠦᠩᠭᠡ ᠰᠤᠪᠠᠭ ᠰᠢᠯᠵᠢᠮᠡᠯ ᠦᠵᠦᠭᠦᠷ ᠤᠨ ᠬᠡᠷᠡᠭᠯᠡᠭᠡᠨ ᠤ  ᠵᠤᠯᠭᠠᠭᠤᠯᠬᠤ ᠠᠵᠢᠯ ᠢ ᠠᠬᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/12/10
         ᠬᠢᠩᠭᠠᠨ ᠵᠠᠬᠢᠷᠭ᠎ᠠ ᠠᠯᠪᠠᠨ  ᠦᠰᠦᠭᠳᠦ ﹇2021﹈ 57 ᠳ᠋ᠤᠭᠠᠷ ᠲᠣᠭᠠᠲᠤ    ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ︽ ᠲᠦᠷᠪᠡ ᠭᠦᠢᠴᠡᠳᠭᠡᠬᠦ︾ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠰᠠᠶᠢᠨ ᠮᠠᠭᠤ ᠶᠢᠨ ᠦᠨᠡᠯᠡᠯᠲᠡ︾ ᠶᠢᠨ ᠲᠤᠭ᠎ᠠ ᠪᠠᠷᠢᠮᠲᠠ ᠶᠢᠨ ᠴᠤᠭᠯᠠᠷᠠᠯ ᠪᠠ ︽ᠮᠦᠩᠬᠡ ᠰᠤᠪᠠᠭ︾ ᠰᠢᠯᠵᠢᠮᠡᠯ ᠦᠵᠦᠭᠦᠷ ᠤᠨ ᠬᠡᠷᠡᠭᠯᠡᠭᠡᠨ ᠤ  ᠵᠠᠯᠭᠠᠨ ᠤᠷᠤᠭᠤᠯᠬᠤ ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ︽ᠰᠠᠶᠢᠨ ᠮᠠᠭᠤ ᠶᠢᠨ ᠦᠨᠡᠯᠡᠯᠲᠡ︾ ᠶᠢᠨ ᠰᠢᠰᠲ᠋ᠧᠮ ᠤᠨ  ᠵᠤᠯᠭᠠᠭᠤᠯᠬᠤ ᠶᠢ ᠲᠦᠷᠭᠡᠳᠬᠡᠨ ᠠᠬᠢᠭᠤᠯᠤᠨ᠎ᠠ    ︽ᠬᠢᠩᠭᠠᠨ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠤᠪᠢᠶᠠᠷᠢ ᠲᠢᠩᠬᠢᠮ ᠨᠢ ᠴᠥᠮ ︽ᠰᠠᠶᠢᠨ ᠮᠠᠭᠤ ᠶᠢ ᠦᠨᠡᠯᠡᠬᠦ︾ ᠰᠢᠰᠲ᠋ᠧᠮ ᠳᠤ  ᠵᠤᠯᠭᠠᠭᠤᠯᠬᠤ ᠬᠡᠷᠡᠭᠲᠡᠶ᠃ ᠣᠳᠣᠬᠠᠨ ᠳᠤ ᠮᠠᠨ ᠤ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾ ᠶᠢᠨ ᠲᠤᠭ᠎ᠠ ᠪᠠᠷᠢᠮᠲᠠ ᠶᠢᠨ ᠴᠤᠭᠯᠠᠷᠠᠯ ᠤᠨ ᠬᠡᠮᠵᠢᠶ᠎ᠡ 28.2 ᠲᠦᠮᠡᠨ ᠵᠤᠷᠪᠤᠰ ᠪᠠᠶᠢᠵᠤ᠂ ᠪᠥᠬᠦ ᠣᠷᠣᠨ ᠤ ᠨᠡᠷᠡᠰ ᠤᠨ ᠵᠢᠭᠰᠠᠭᠠᠯᠲᠠ ᠶᠢᠨ ᠠᠷᠤ ᠳᠤ᠂ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠤᠪᠢᠶᠠᠷᠢ ᠲᠢᠩᠬᠢᠮ ᠳᠤ ︽ᠰᠠᠶᠢᠨ ᠮᠠᠭᠤ ᠶᠢᠨ ᠦᠨᠡᠯᠡᠯᠲᠡ︾ ᠶᠢᠨ ᠰᠢᠰᠲ᠋ᠧᠮ ᠢ ᠴᠠᠭ ᠲᠤᠬᠠᠶ ᠳᠤᠨᠢ  ᠵᠤᠯᠭᠠᠭᠤᠯᠤᠭᠰᠠᠨ‌ᠥᠬᠡᠶ ᠨᠢ ᠮᠠᠨ ᠤ ᠠᠶᠢᠮᠠᠭ ᠤᠨ ︽ᠰᠠᠶᠢᠨ ᠮᠠᠭᠤ ᠶᠢᠨ ᠦᠨᠡᠯᠡᠯᠲᠡ︾ ᠶᠢᠨ ᠲᠤᠭ᠎ᠠ ᠪᠠᠷᠢᠮᠲᠠ ᠶᠢᠨ ᠴᠤᠭᠯᠠᠷᠠᠯ ᠢ ᠨᠥᠯᠥᠭᠡᠯᠡᠬᠦ ᠭᠤᠤᠯ ᠬᠦᠴᠦᠨ ᠵᠦᠢᠯ ᠤᠨ ᠨᠢᠭᠡ ᠪᠣᠯᠤᠨ᠎ᠠ᠃    ︵ᠨᠢᠭᠡ︶ ᠰᠢᠰᠲ᠋ᠧᠮ ᠤᠨ ᠵᠣᠯᠭᠠᠭᠤᠯᠤᠯᠲᠠ ᠶᠢ ᠲᠦᠷᠭᠡᠳᠬᠡᠨ᠎ᠡ᠃ ᠣᠳᠣᠬᠠᠨ ᠳᠤ ᠬᠠᠷᠠᠬᠠᠨ ᠵᠣᠯᠭᠠᠭᠤᠯᠤᠭᠠᠳᠤᠶ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠬᠤᠪᠢᠶᠠᠷᠢ ᠲᠢᠩᠬᠢᠮ ᠳᠤ᠄ ᠠᠶᠢᠮᠠᠭ ᠤᠨ ᠠᠵᠢᠯ ᠣᠯᠭᠤᠯᠲᠠ ᠨᠡᠶᠢᠭᠡᠮ ᠤᠨ ᠪᠠᠲᠤᠯᠠᠭ᠎ᠠ ᠶᠢᠨ ᠬᠤᠪᠢᠶᠠᠷᠢ ᠲᠢᠩᠬᠢᠮ᠂ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ  ᠦᠢᠯᠡᠴᠢᠯᠡᠭᠡᠨ ᠤ ᠬᠤᠪᠢᠶᠠᠷᠢ ᠲᠢᠩᠬᠢᠮ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢᠶᠠᠷᠢ ᠲᠢᠩᠬᠢᠮ︔ ᠤᠯᠠᠭᠠᠨᠬᠤᠲᠠ ᠶᠢᠨ ᠲᠡᠷᠭᠡ ᠵᠢᠯᠣᠭᠤᠴᠢ ᠶᠢᠨ ᠬᠠᠮᠢᠶᠠᠷᠤᠯᠲᠠ ᠶᠢᠨ ᠬᠤᠪᠢᠶᠠᠷᠢ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠤᠪᠢᠶᠠᠷᠢ ᠲᠢᠩᠬᠢᠮ︔ ᠷᠠᠰᠢᠶᠠᠨ ᠤ ᠬᠤᠲᠠ ᠶᠢᠨ ᠠᠷᠠᠳ ᠤᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ᠬᠤᠪᠢᠶᠠᠷᠢ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠬᠤᠪᠢᠶᠠᠷᠢ ᠲᠢᠩᠬᠢᠮ᠂ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠤᠪᠢᠶᠠᠷᠢ ᠲᠢᠩᠬᠢᠮ᠂ ᠣᠷᠣᠨ ᠰᠠᠭᠤᠴᠠ ᠶᠢᠨ ᠨᠡᠶᠢᠲᠡ ᠶᠢᠨ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠬᠤᠪᠢᠶᠠᠷᠢ ᠲᠢᠩᠬᠢᠮ᠃ ᠳᠡᠭᠡᠷᠡᠬᠢ ᠲᠤᠬᠠᠶᠢᠯᠠᠭᠰᠠᠨ ᠠᠵᠢᠯ ᠤᠨ ᠬᠤᠪᠢᠶᠠᠷᠢ ᠲᠢᠩᠬᠢᠮ ᠨᠢ ᠲᠤᠬᠠᠶ ᠶᠢᠨ ᠭᠠᠵᠠᠷ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠯᠤᠭ᠎ᠠ ︽ᠰᠠᠶᠢᠨ ᠮᠠᠭᠤ ᠶᠢ ᠦᠨᠡᠯᠡᠬᠦ︾ ᠰᠢᠰᠲ᠋ᠧᠮ ᠤᠨ ᠵᠣᠯᠭᠠᠭᠤᠯᠬᠤ ᠤᠴᠢᠷ ᠶᠠᠪᠤᠳᠠᠯ ᠢ ᠳᠠᠷᠦ᠋ᠢᠬᠠᠨ ᠬᠠᠷᠢᠯᠴᠠᠵᠤ᠂ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠵᠣᠯᠭᠠᠭᠤᠯᠬᠤ ᠶᠢ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠬᠡᠷᠡᠭᠲᠡᠶ᠃    ︵ᠬᠤᠶᠠᠷ︶ ᠲᠥᠬᠦᠭᠡᠷᠦᠮᠵᠢ ᠤᠭᠰᠠᠷᠠᠵᠤ ᠲᠤᠷᠰᠢᠨ ᠲᠣᠬᠢᠷᠠᠭᠤᠯᠬᠤ ᠶᠢ ᠲᠦᠷᠭᠡᠳᠬᠡᠨ᠎ᠡ᠃ ︽ᠰᠠᠶᠢᠨ ᠮᠠᠭᠤ ᠶᠢᠨ ᠦᠨᠡᠯᠡᠯᠲᠡ︾ ᠶᠢᠨ ᠰᠢᠰᠲ᠋ᠧᠮ ᠳᠤ ᠨᠢᠭᠡᠨᠲᠡ ᠵᠤᠯᠭᠠᠭᠤᠯᠤᠭᠰᠠᠨ ᠠᠶᠢᠮᠠᠭ ᠤᠨ ᠬᠢᠯᠢ ᠪᠠᠷ ᠣᠷᠣᠵᠤ ᠭᠠᠷᠬᠤ ᠬᠤᠪᠢᠶᠠᠷᠢ ᠲᠢᠩᠬᠢᠮ᠂ ᠲᠡᠷᠭᠡ ᠵᠢᠯᠣᠭᠤᠴᠢ ᠶᠢᠨ ᠬᠠᠮᠢᠶᠠᠷᠤᠯᠲᠠ ᠶᠢᠨ ᠬᠤᠪᠢᠶᠠᠷᠢ ᠲᠢᠩᠬᠢᠮ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 9 ᠲᠤᠬᠠᠶᠢᠯᠠᠭᠰᠠᠨ ᠠᠵᠢᠯ ᠤᠨ ᠬᠤᠪᠢᠶᠠᠷᠢ ᠲᠢᠩᠬᠢᠮ ᠵᠡᠷᠭᠡ ᠳᠤ ᠲᠤᠷᠰᠢᠨ ᠲᠣᠬᠢᠷᠠᠭᠤᠯᠵᠤ ᠦᠨᠡᠯᠡᠬᠦ ᠲᠥᠬᠦᠭᠡᠷᠦᠮᠵᠢ ᠶᠢ ᠲᠦᠷᠭᠡᠨ ᠤᠭᠰᠠᠷᠠᠵᠤ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃    ᠬᠤᠶᠠᠷ᠂ ︽ ᠮᠦᠩᠭᠡ ᠰᠤᠪᠠᠭ︾  ᠰᠢᠯᠵᠢᠮᠡᠯ ᠦᠵᠦᠭᠦᠷ ᠤᠨ ᠬᠡᠷᠡᠭᠯᠡᠭᠡᠨ ᠤ ᠵᠠᠯᠭᠠᠨ ᠣᠷᠣᠭᠤᠯᠬᠤ ᠶᠢ ᠲᠦᠷᠭᠡᠳᠬᠡᠨ ᠠᠬᠢᠭᠤᠯᠤᠨ᠎ᠠ    ᠣᠳᠣᠬᠠᠨ ᠳᠤ ᠮᠠᠨ ᠤ ᠠᠶᠢᠮᠠᠭ ᠤᠨ ︽ ᠮᠦᠩᠬᠡ ᠰᠤᠠᠪᠭ︾ ᠰᠢᠯᠵᠢᠮᠡᠯ ᠬᠤᠯᠪᠣᠭᠠᠨ ᠤ ᠦᠵᠦᠭᠦᠷ ᠲᠤ 38  ᠵᠦᠢᠯ ᠢ ᠵᠠᠯᠭᠠᠨ ᠣᠷᠣᠭᠤᠯᠵᠤ ᠪᠣᠯᠬᠤ ᠪᠥᠭᠡᠳ ᠪᠥᠬᠦ ᠣᠷᠣᠨ ᠤ ᠳᠤᠮᠳᠠᠴᠢ ᠬᠢᠷᠢ ᠲᠦᠪᠰᠢᠨ ᠤ 58  ᠵᠦᠢᠯ  ᠯᠦᠭᠡ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠥᠬᠦ ᠠᠶᠢᠮᠠᠭ ᠤᠨ ︽ ᠮᠦᠩᠭᠡ ᠰᠤᠪᠠᠭ︾ ᠰᠢᠯᠵᠢᠮᠡᠯ ᠦᠵᠦᠭᠦᠷ ᠤᠨ ᠭᠦᠢᠴᠡᠳᠭᠡᠵᠦ ᠪᠣᠯᠬᠤ ᠬᠡᠷᠡᠭᠯᠡᠭᠡᠨ ᠤ ᠵᠤᠯᠭᠠᠭᠤᠯᠬᠤ ᠶᠢ ᠲᠦᠷᠭᠡᠳᠬᠡᠨ ᠠᠬᠢᠭᠤᠯᠵᠤ᠂ ᠪᠥᠬᠦ ᠣᠷᠣᠨ ᠤ ᠳᠤᠮᠳᠠᠴᠢ ᠬᠢᠷᠢ ᠲᠦᠪᠰᠢᠨ ᠳᠤ ᠲᠦᠷᠭᠡᠬᠡᠨ ᠬᠦᠷᠦᠭᠦᠯᠬᠦ ᠬᠡᠷᠡᠭᠲᠡᠶ᠃    ︵ᠨᠢᠭᠡ︶ ᠣᠲᠣ ᠶᠢᠨ ᠪᠠᠶᠢᠭ᠎ᠠ ᠵᠤᠯᠭᠠᠭᠤᠯᠬᠤ ᠪᠣᠯᠬᠤ ᠬᠡᠷᠡᠭᠯᠡᠭᠡᠨ ᠢ ᠳᠠᠷᠦ᠋ᠢᠬᠠᠨ ᠵᠣᠯᠭᠠᠭᠤᠯᠬᠤ ᠬᠡᠷᠡᠭᠲᠡᠶ᠃ ᠣᠲᠣ ᠶᠢᠨ ᠬᠡᠷᠡᠭᠵᠢᠭᠦᠯᠵᠦ ᠪᠣᠯᠬᠤ ᠬᠡᠷᠡᠭᠯᠡᠯᠲᠡ ᠳᠤ᠄ ᠤᠬᠠᠭᠤᠯᠬᠤ ᠬᠡᠯᠲᠡᠰ ᠤᠨ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ︾᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ︽ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢ ᠭᠠᠷ ᠤᠨ ᠠᠶ᠎ᠠ ᠪᠠᠷ ᠰᠡᠭᠦᠳᠡᠷᠯᠡᠬᠦ︾᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽24 ᠴᠠᠭ ᠤᠨ ᠴᠠᠭᠳᠠᠭᠠᠨ ᠤ ᠶᠠᠪᠤᠳᠠᠯ︾᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ ᠢᠯᠴᠢ ᠶᠢᠨ ᠬᠦᠴᠦᠨ ᠤ ᠰᠦᠢᠳᠭᠡᠯ ᠲᠤᠰᠢᠶᠠᠬᠤ︾ ᠵᠡᠷᠭᠡ ᠶᠢ ᠡᠷᠬᠡᠪᠰᠢ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠰᠢᠯᠵᠢᠮᠡᠯ ᠬᠤᠯᠪᠣᠭᠠᠨ ᠤ ᠦᠵᠦᠭᠦᠷ ᠲᠤ ᠵᠠᠯᠭᠠᠵᠤ ᠣᠷᠣᠭᠤᠯᠬᠤ ᠠᠵᠢᠯ ᠢ ᠪᠡᠶᠡᠯᠡᠭᠦᠯᠬᠦ ᠬᠡᠷᠡᠭᠲᠡᠶ᠃    ︵ᠬᠤᠶᠠᠷ︶ ᠨᠢᠭᠡᠨᠲᠡ ᠨᠡᠭᠡᠭᠡᠨ ᠠᠰᠢᠭᠯᠠᠭᠰᠠᠨ ᠬᠡᠷᠡᠭᠯᠡᠭᠡᠨ ᠤ ᠴᠢᠳᠠᠮᠵᠢ ᠶᠢ ᠲᠠᠰ ᠳᠡᠪᠰᠢᠭᠦᠯᠦᠨ᠎ᠡ᠃ ᠣᠳᠣᠬᠠᠨ ᠳᠤ ᠮᠠᠨ ᠤ ᠠᠶᠢᠮᠠᠭ ᠤᠨ ᠲᠠᠰ ᠳᠡᠪᠰᠢᠭᠦᠯᠦᠨ ᠥᠭᠡᠷᠡᠴᠢᠯᠡᠵᠦ ᠪᠣᠯᠬᠤ ᠬᠡᠷᠡᠭᠯᠡᠯᠲᠡ ᠳᠤ ᠭᠤᠤᠯᠳᠠᠭᠤ᠄ ᠬᠢᠩᠭᠠᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠢᠯᠡᠴᠢᠯᠡᠨ ᠮᠡᠳᠡᠭᠦᠯᠬᠦ ᠲᠠᠪᠴᠠᠩ ᠳᠤ ᠰᠢᠯᠵᠢᠮᠡᠯ ᠦᠵᠦᠭᠦᠷ ᠤᠨ ᠨᠢᠭᠤᠷ ᠢ ᠲᠣᠬᠢᠷᠠᠭᠤᠯᠵᠤ ᠪᠣᠯᠤᠨ᠎ᠠ︔ ᠠᠵᠤ ᠦᠶ᠋ᠯᠡᠳᠪᠦᠷᠢ ᠶᠢᠨ ᠥᠭᠡᠷᠡᠴᠢᠯᠡᠯᠲᠡ ᠶᠢᠨ ᠰᠢᠰᠲ᠋ᠧᠮ ᠨᠢ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠨᠡᠭᠡᠭᠡᠨ ᠬᠥᠭᠵᠢᠭᠦᠯᠵᠦ ᠪᠣᠯᠤᠨ᠎ᠠ︔ ᠡᠷᠡᠭᠦᠯ ᠮᠡᠨᠳᠦ ᠶᠢᠨ ᠬᠢᠩᠭᠠᠨ ᠰᠢᠰᠲ᠋ᠧᠮ ᠤᠨ ᠬᠢᠨ ᠡᠯ᠎ᠡ ᠲᠥᠷᠥᠯ ᠤᠨ ᠰᠦᠢᠳᠭᠡᠯ ᠲᠤᠰᠢᠶᠠᠬᠤ ᠵᠢᠴᠢ ᠪᠤᠰᠤᠳ ᠮᠡᠳᠡᠭᠦᠯᠦᠯᠲᠡ ᠶᠢ ᠪᠠᠶᠢᠴᠠᠭᠠᠨ ᠦᠵᠡᠬᠦ ᠵᠡᠷᠭᠡ ᠴᠢᠳᠠᠮᠵᠢ ᠶᠢ ᠰᠢᠨ᠎ᠡ ᠪᠠᠷ ᠨᠡᠮᠡᠭᠳᠡᠭᠦᠯᠵᠦ ᠪᠣᠯᠤᠨ᠎ᠠ︔ ᠲᠦᠭᠡᠭᠡᠯ ᠤᠰᠤᠨ ᠤ ᠰᠢᠰᠲ᠋ᠧᠮ ᠨᠢ ᠠᠵᠤ ᠠᠬᠤᠶᠢᠯᠠᠯ ᠤᠨ ᠤᠰᠤ ᠬᠡᠷᠡᠭᠯᠡᠬᠦ᠂ ᠡᠵᠡᠩᠨᠡᠯᠲᠡ ᠳᠤ ᠤᠰᠤ ᠬᠡᠷᠡᠭᠯᠡᠬᠦ᠂ ᠰᠡᠯᠪᠢᠨ ᠵᠠᠰᠠᠬᠤ ᠪᠠᠷ ᠮᠡᠳᠡᠭᠦᠯᠬᠦ ᠵᠡᠷᠭᠡ ᠪᠤᠰᠤᠳ ᠴᠢᠳᠠᠮᠵᠢ ᠶᠢ ᠨᠡᠮᠡᠭᠳᠡᠭᠦᠯᠦᠨ᠎ᠡ︔ ᠡᠯ᠎ᠡ ᠰᠠᠯᠠᠭ᠎ᠠ ᠮᠥᠴᠢᠷ ᠤᠨ ᠸᠢᠴᠠᠲ ᠤᠨ ᠨᠡᠶᠢᠲᠡ ᠶᠢᠨ ᠳ᠋ᠤᠭᠠᠷ ᠨᠢ ᠨᠡᠶᠢᠲᠡ ᠶᠢᠨ ᠳ᠋ᠤᠭᠠᠷ ᠤᠨ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ  ᠭᠦᠢᠴᠡᠳᠭᠡᠬᠦ ᠴᠢᠳᠠᠮᠵᠢ ᠶᠢ ᠨᠡᠮᠡᠭᠳᠡᠭᠦᠯᠬᠦ ᠪᠤᠶᠤ ᠸᠢᠴᠠᠲ ᠤᠨ ᠵᠢᠵᠢᠭ ᠫᠷᠤᠭ᠍ᠷᠠᠮ ᠪᠠ ᠭᠠᠷ ᠤᠲᠠᠰᠤᠨ ᠤ ᠰᠢᠯᠵᠢᠮᠡᠯ ᠦᠵᠦᠭᠦᠷ ᠢ ᠨᠡᠭᠡᠭᠡᠨ ᠠᠰᠢᠭᠯᠠᠵᠤ ᠲᠤᠬᠠᠶᠢᠯᠠᠭᠰᠠᠨ ᠠᠵᠢᠯ ᠢ  ᠭᠦᠢᠴᠡᠳᠭᠡᠬᠦ ᠵᠡᠷᠭᠡ ᠪᠣᠯᠤᠨ᠎ᠠ᠃ ᠨᠢᠭᠡᠨᠲᠡ ᠨᠡᠭᠡᠭᠡᠨ ᠠᠰᠢᠭᠯᠠᠭᠰᠠᠨ ᠬᠡᠷᠡᠭᠯᠡᠭᠡᠨ ᠳᠤ ᠲᠠᠰ ᠳᠡᠪᠰᠢᠭᠦᠯᠦᠨ ᠥᠭᠡᠷᠡᠴᠢᠯᠡᠬᠦ ᠪᠣᠯ ᠭᠦᠢᠴᠡᠳᠭᠡᠵᠦ ᠪᠣᠯᠬᠤ ᠬᠡᠷᠡᠭᠯᠡᠭᠡᠨ ᠤ ᠵᠠᠯᠭᠠᠨ ᠣᠷᠣᠭᠤᠯᠬᠤ ᠶᠢ ᠨᠡᠮᠡᠭᠳᠡᠭᠦᠯᠬᠦ ᠠᠷᠭ᠎ᠠ ᠵᠠᠮ ᠤᠨ ᠨᠢᠭᠡ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠨᠢᠭᠡᠨᠲᠡ ᠨᠡᠭᠡᠭᠡᠨ ᠠᠰᠢᠭᠯᠠᠭᠰᠠᠨ ᠬᠡᠷᠡᠭᠯᠡᠭᠡᠨ ᠳᠤ ᠵᠦᠢᠯ ᠳᠠᠷᠠᠭᠠᠯᠠᠨ ᠡᠮᠬᠢᠯᠡᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠢᠳᠠᠮᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠴᠢᠳᠠᠮᠵᠢ ᠶᠢ ᠲᠠᠰ ᠳᠡᠪᠰᠢᠭᠦᠯᠬᠦ ᠶᠢ ᠪᠡᠶᠡᠯᠡᠭᠦᠯᠵᠦ ᠂ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠯᠡᠭᠡᠨ ᠤ ᠵᠠᠯᠭᠠᠨ ᠣᠷᠣᠭᠤᠯᠬᠤ ᠶᠢ ᠪᠡᠶᠡᠯᠡᠭᠦᠯᠬᠦ ᠬᠡᠷᠡᠭᠲᠡᠶ᠃    ︵ᠭᠤᠷᠪᠠ︶ ᠲᠡᠷᠢᠭᠦᠨ ᠤ ᠠᠶᠢᠮᠠᠭ ᠬᠤᠲᠠ ᠶᠢᠨ ᠨᠡᠭᠡᠭᠡᠨ ᠬᠥᠭᠵᠢᠭᠦᠯᠬᠦ ᠪᠠᠷ ᠪᠠᠷᠢᠮᠵᠢᠶ᠎ᠠ ᠪᠣᠯᠭᠠᠭᠰᠠᠨ ᠰᠢᠨ᠎ᠡ ᠪᠠᠷ ᠡᠷᠭᠢᠯᠡᠵᠦ ᠪᠣᠯᠬᠤ ᠬᠡᠷᠡᠭᠯᠡᠭᠡᠨ ᠢ ᠨᠡᠭᠡᠭᠡᠨ ᠬᠥᠭᠵᠢᠭᠦᠯᠦᠨ᠎ᠡ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠡᠷᠢᠭᠦᠨ ᠤ ᠠᠶᠢᠮᠠᠭ ᠬᠤᠲᠠ ᠪᠠᠷ ᠪᠠᠷᠢᠮᠵᠢᠶᠠᠯᠠᠵᠤ᠂ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠭᠡᠭᠡᠨ ᠬᠥᠭᠵᠢᠭᠦᠯᠬᠦ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ  ᠭᠦᠢᠴᠡᠳᠭᠡᠬᠦ ᠪᠠ ᠡᠯ᠎ᠡ ᠲᠥᠷᠥᠯ ᠤᠨ ᠰᠦᠯᠵᠢᠶᠡᠨ ᠳᠡᠭᠡᠷᠡᠬᠢ   ᠰᠦᠢᠳᠭᠡᠯ ᠲᠤᠰᠢᠶᠠᠬᠤ ᠴᠢᠳᠠᠮᠵᠢ ᠶᠢ ᠪᠡᠶᠡᠯᠡᠭᠦᠯᠵᠦ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠰᠢᠯᠵᠢᠮᠡᠯ ᠦᠵᠦᠭᠦᠷ ᠲᠤ ᠵᠠᠯᠭᠠᠵᠤ ᠣᠷᠣᠭᠤᠯᠬᠤ ᠬᠡᠷᠡᠭᠲᠡᠶ᠃ ᠬᠤᠯᠪᠣᠭᠳᠠᠬᠤ ᠲᠤᠬᠠᠶᠢᠯᠠᠭᠰᠠᠨ ᠠᠵᠢᠯ ᠳᠤ ᠵᠠᠮ ᠬᠠᠷᠢᠯᠴᠠᠭ᠎ᠠ᠂ ᠬᠠᠤᠯᠢ ᠴᠠᠭᠠᠵᠠ ᠶᠢᠨ ᠠᠯᠪᠠᠨ ᠭᠡᠷᠡᠴᠢᠯᠡᠭᠡ᠂ ᠠᠷᠠᠳ ᠤᠨ ᠶᠠᠪᠤᠳᠠᠯ᠂ ᠡᠮ ᠡᠮᠨᠡᠯᠭᠡ ᠨᠡᠶᠢᠭᠡᠮ ᠤᠨ ᠳᠠᠭᠠᠳᠬᠠᠯ᠂ ᠰᠤᠷᠭᠠᠨ ᠬᠥᠮᠦᠵᠢᠯ᠂ ᠡᠵᠡᠩᠨᠡᠯᠲᠡ ᠶᠢᠨ ᠣᠷᠴᠢᠨ ᠲᠣᠭᠤᠷᠢᠨ ᠤ ᠢᠯᠡᠴᠢᠯᠡᠨ ᠮᠡᠳᠡᠭᠦᠯᠦᠯᠲᠡ ᠶᠢ ᠰᠢᠯᠢᠳᠡᠭᠵᠢᠭᠦᠯᠬᠦ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ ᠤᠷᠢᠳᠴᠢᠯᠠᠨ ᠪᠣᠯᠵᠣᠬᠤ ᠪᠠ  ᠰᠦᠢᠳᠭᠡᠯ ᠲᠤᠰᠢᠶᠠᠬᠤ᠂ ᠠᠵᠢᠯ ᠡᠷᠢᠵᠦ ᠠᠵᠢᠯ ᠤᠯᠬᠤ ᠂ ᠬᠡᠷ ᠤᠨ ᠶᠠᠪᠤᠳᠠᠯ ᠤᠨ  ᠦᠢᠯᠡᠴᠢᠯᠡᠭᠡ᠂ ᠲᠦᠭᠡᠭᠡᠯ ᠤᠰᠤ᠂ ᠪᠠᠶᠢᠭᠠᠯᠢ ᠶᠢᠨ ᠰᠢᠲᠠᠮᠠᠬᠠᠶ ᠬᠡᠶ᠂ ᠳᠤᠯᠠᠭᠠᠯᠠᠭ᠎ᠠ᠂ ᠰᠤᠷᠤᠯᠭ᠎ᠠ ᠶᠢᠨ ᠰᠦᠢᠳᠭᠡᠯ ᠲᠤᠰᠢᠶᠠᠬᠤ᠂ ᠠᠳᠠᠯ ᠠᠬᠤᠶ ᠶᠢᠨ ᠰᠦᠢᠳᠭᠡᠯ ᠲᠤᠰᠢᠶᠠᠬᠤ ᠵᠡᠷᠭᠡ ᠪᠠᠭᠲᠠᠨ᠎ᠠ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠬᠤᠰᠢᠭᠤ ᠰᠢᠶᠠᠨ ᠬᠤᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠡᠯ᠎ᠡ ᠲᠥᠷᠥᠯ ᠤᠨ ᠬᠡᠷᠡᠭᠯᠡᠭᠡᠨ ᠢ ᠨᠡᠭᠡᠭᠡᠨ ᠬᠥᠭᠵᠢᠭᠦᠯᠬᠦ ᠶᠢ ᠰᠠᠨᠠᠭᠠᠴᠢᠯᠠᠭ᠎ᠠ ᠠᠴᠠ ᠪᠠᠨ ᠵᠢᠯᠣᠭᠤᠳᠤᠨ ᠵᠣᠬᠢᠴᠠᠭᠤᠯᠵᠤ᠂ ᠪᠣᠳᠠᠲᠠᠶ ᠬᠡᠷᠡᠭᠯᠡᠬᠦ ᠳᠤ ︽ᠰᠢᠯᠵᠢᠮᠡᠯ ᠦᠵᠦᠭᠦᠷ ᠤᠨ ᠥᠨᠳᠥᠷ ᠳᠠᠪᠲᠠᠮᠵᠢ ᠶᠢᠨ ᠬᠡᠷᠡᠭᠯᠡᠭᠡᠨ ᠤ  ᠨᠡᠬᠡᠬᠡᠯᠳᠡ ᠶᠢᠨ ᠯᠠᠪᠯᠠᠯᠲᠠ ᠶᠢᠨ ᠭᠠᠷᠴᠠᠭ︾ ᠢᠶᠠᠷ ᠯᠠᠪᠯᠠᠯᠲᠠ ᠪᠣᠯᠭᠠᠵᠤ ᠪᠣᠯᠤᠨ᠎ᠠ᠃  ︵ᠳᠠᠭᠠᠯᠳᠠᠭᠤᠯᠤᠯ ᠢ ᠦᠵᠡ︶    ᠭᠤᠷᠪᠠ᠂ ᠠᠵᠢᠯ ᠤᠨ ᠱᠠᠭᠠᠷᠳᠠᠯᠭ᠎ᠠ    ︵ᠨᠢᠭᠡ︶ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ︽ᠰᠠᠶᠢᠨ ᠮᠠᠭᠤ ᠶᠢ ᠦᠨᠡᠯᠡᠬᠦ︾ ᠰᠢᠰᠲ᠋ᠧᠮ ᠤᠨ ᠵᠠᠯᠭᠠᠨ ᠣᠷᠣᠭᠤᠯᠬᠤ ᠪᠠ ︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠰᠢᠯᠵᠢᠮᠡᠯ ᠦᠵᠦᠭᠦᠷ ᠲᠤ ᠵᠠᠯᠭᠠᠨ ᠣᠷᠣᠭᠤᠯᠵᠤ ᠪᠣᠯᠬᠤ ᠬᠡᠷᠡᠭᠯᠡᠭᠡᠨ ᠤ ᠵᠠᠯᠭᠠᠨ ᠣᠷᠣᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠬᠥᠮᠦᠨ ᠳᠣᠭᠢᠷᠠᠭᠤᠯᠤᠨ ᠬᠠᠷᠢᠭᠤᠴᠠᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠰᠠᠶᠢᠨ ᠮᠠᠭᠤ ᠶᠢᠨ ᠦᠨᠡᠯᠡᠯᠲᠡ︾ ᠶᠢᠨ ᠰᠢᠰᠲ᠋ᠧᠮ ᠢ ᠵᠠᠯᠭᠠᠨ ᠣᠷᠣᠭᠤᠯᠬᠤ ᠪᠠ ︽ ᠮᠦᠩᠭᠡ ᠰᠤᠪᠠᠭ︾ ᠰᠢᠯᠵᠢᠮᠡᠯ ᠦᠵᠦᠭᠦᠷ ᠤᠨ ᠬᠡᠷᠡᠭᠯᠡᠭᠡᠨ ᠤ ᠨᠡᠭᠡᠭᠡᠨ ᠠᠰᠢᠭᠯᠠᠯᠲᠠ ᠶᠢ ᠵᠠᠯᠭᠠᠨ ᠣᠷᠣᠭᠤᠯᠤᠭᠰᠠᠨ ᠠᠴᠠ ᠪᠣᠶ ᠪᠣᠯᠤᠭᠰᠠᠨ ᠵᠠᠷᠤᠳᠠᠯ ᠢ ᠠᠶᠢᠮᠠᠭ ᠬᠤᠰᠢᠭᠤ ᠬᠤᠶᠠᠷ ᠱᠠᠲᠤᠨ ᠠᠴᠠ ᠱᠠᠲᠤ ᠬᠤᠪᠢᠶᠠᠨ ᠡᠭᠦᠷᠭᠡᠯᠡᠨ᠎ᠡ᠃    ︵ᠬᠤᠶᠠᠷ︶ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠯᠪᠠᠨ ᠪᠢᠴᠢᠭ ᠢ ᠠᠶᠠᠨᠳᠠᠭᠠᠨ ᠨᠡᠶᠢᠲᠡᠯᠡᠭᠰᠡᠨ ᠡᠳᠦᠷ ᠠᠴᠠ ᠡᠬᠢᠯᠡᠨ᠂ ᠭᠠᠷᠠᠭ ᠤᠨ ᠲᠠᠪᠤᠨ ᠪᠦᠷᠢ ᠳᠤ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ  ᠦᠢᠡᠯᠴᠢᠯᠡᠭᠡᠨ ᠤ ᠲᠣᠪᠴᠢᠶ᠎ᠠ ᠳᠤ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠵᠦ᠂ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠬᠤᠷᠢᠶᠠᠩᠭᠤᠶᠢᠯᠠᠨ ᠡᠮᠬᠢᠳᠬᠡᠭᠰᠡᠨ ᠤ ᠳᠠᠷᠠᠭ᠎ᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠮᠡᠳᠡᠭᠦᠯᠦᠨ᠎ᠡ᠃    ︵ᠭᠤᠷᠪᠠ︶ ᠠᠶᠢᠮᠠᠭ ᠤᠨ ᠵᠠᠬᠢᠷᠭ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ ᠤᠨ ᠬᠤᠷᠠᠯ ᠤᠨ ᠬᠤᠯᠪᠣᠭ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠠᠴᠠ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠰᠢᠮᠳᠠᠭᠤᠯᠤᠨ  ᠭᠦᠢᠴᠡᠳᠭᠡᠵᠦ᠂ ᠠᠵᠢᠯ ᠢ ᠠᠬᠢᠭᠤᠯᠤᠭᠰᠠᠨ ᠢᠶᠠᠷ ᠬᠦᠴᠦᠨ ᠥᠬᠡᠶ᠂ ᠡᠭᠦᠷᠭᠡ ᠪᠠᠨ ᠴᠠᠭ ᠲᠤᠨᠢ ᠪᠡᠶᠡᠯᠡᠭᠦᠯᠦᠭᠰᠡᠨ ᠥᠬᠡᠶ ᠠᠴᠠ ᠪᠣᠯᠵᠣ᠂ ᠪᠥᠬᠦ ᠠᠶᠢᠮᠠᠭ ᠤᠨ ᠠᠵᠢᠯ ᠤᠨ ᠠᠬᠢᠴᠠ ᠶᠢ ᠨᠥᠯᠥᠭᠡᠯᠡᠭᠰᠡᠨ ᠢ ᠨᠢ ᠨᠡᠪᠲᠡᠷᠡᠭᠦᠯᠦᠨ ᠰᠢᠭᠦᠮᠵᠢᠯᠡᠬᠦ ᠶᠢᠨ ᠬᠠᠮᠲᠤ᠂ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠲᠠᠢ ᠴᠠᠭ ᠲᠤᠨᠢ ᠳᠣᠭᠢᠷᠠᠭᠤᠯᠤᠨ ᠪᠣᠯᠵᠣᠨ ᠶᠠᠷᠢᠯᠴᠠᠨ᠎ᠠ᠃    ᠬᠠᠷᠢᠯᠴᠠᠬᠤ ᠬᠥᠮᠦᠨ᠄ ᠯᠠᠨ ᠶᠢᠩ ᠫᠢᠩ ︵ᠰᠠᠶᠢᠨ ᠮᠠᠭᠤ ᠶᠢ ᠦᠨᠡᠯᠡᠬᠦ ᠠᠵᠢᠯ︶᠂ ᠹᠦ᠋ ᠴᠢᠶᠠᠩ ︵ᠥᠪᠥᠷ ᠮᠣᠩᠭᠤᠯ ᠤᠨ ᠮᠦᠩᠭᠡ ᠰᠤᠠᠪᠭ ᠤᠨ ᠠᠵᠢᠯ︶︔ ᠬᠠᠷᠢᠯᠴᠠᠬᠤ ᠤᠲᠠᠰᠤ᠄ 8201550᠂ 8288198︔ ᠡᠯᠧᠺᠲᠷᠣᠨ ᠵᠠᠬᠢᠳᠠᠯ ᠤᠨ ᠬᠠᠶᠢᠷᠴᠠᠭ᠄ xamspjdzzw@163.com                                                               2021 ᠣᠨ ᠤ 11 ᠰᠠᠷ᠎ᠠ ᠶᠢᠨ 29 ᠳᠠᠭᠠᠯᠳᠤᠭᠤᠯᠤᠯ    ᠰᠢᠯᠵᠢᠮᠡᠯ ᠦᠵᠦᠭᠦᠷ ᠤᠨ ᠥᠨᠳᠥᠷ ᠳᠠᠪᠲᠠᠮᠵᠢ ᠶᠢᠨ ᠬᠡᠷᠡᠭᠯᠡᠭᠡᠨ ᠤ  ᠨᠡᠬᠡᠬᠡᠯᠳᠡ ᠶᠢᠨ ᠯᠠᠪᠯᠠᠯᠲᠠ ᠶᠢᠨ ᠭᠠᠷᠴᠠᠭ 1.ᠠᠵᠢᠯ ᠲᠥᠷᠥᠯ / ᠬᠦᠷᠢᠶ᠎ᠡ ᠬᠡᠪᠴᠢᠶ᠎ᠡ    ᠳᠣᠲᠣᠭᠠᠳᠤ ᠶᠢ ᠬᠠᠮᠠᠭᠠᠯᠠᠬᠤ ᠥᠨᠳᠥᠷ ᠳᠠᠪᠲᠠᠮᠵᠢ ᠶᠢᠨ ᠬᠡᠷᠡᠭᠯᠡᠯᠲᠡ    ᠪᠡᠶ᠎ᠡ ᠶᠢᠨ ᠦᠨᠡᠮᠯᠡᠯ ᠭᠦᠢᠴᠡᠳᠬᠡᠭᠰᠡᠨ ᠠᠬᠢᠴᠠ ᠶᠢ ᠪᠠᠶᠢᠴᠠᠭᠠᠨ ᠯᠠᠪᠯᠠᠬᠤ    ᠪᠡᠶ᠎ᠡ ᠶᠢᠨ ᠦᠨᠡᠮᠯᠡᠯ ᠭᠡᠭᠡᠭᠰᠡᠨ ᠢᠶᠠᠨ ᠮᠡᠳᠡᠭᠦᠯᠬᠦ    ᠣᠷᠣᠰᠢᠨ ᠰᠠᠭᠤᠬᠤ ᠦᠨᠡᠮᠯᠡᠯ ᠢ ᠰᠦᠯᠵᠢᠶᠡᠨ ᠳᠡᠭᠡᠷ᠎ᠡ ᠭᠦᠢᠴᠡᠳᠬᠡᠨ᠎ᠡ    ᠣᠷᠣᠰᠢᠨ ᠰᠠᠭᠤᠬᠤ ᠦᠨᠡᠮᠯᠡᠯ ᠢ ᠤᠷᠢᠳᠴᠢᠯᠠᠨ ᠪᠣᠯᠵᠣᠬᠤ    ᠬᠢᠯᠢ ᠪᠠᠷ ᠭᠠᠷᠬᠤ ᠣᠷᠣᠬᠤ ᠪᠣᠯᠵᠤᠭ᠎ᠠ    ᠬᠢᠯᠢ ᠪᠠᠷ ᠭᠠᠷᠬᠤ ᠣᠷᠣᠬᠤ ᠭᠡᠷᠡᠴᠢ ᠲᠡᠮᠳᠡᠭ ᠭᠦᠢᠴᠡᠳᠬᠡᠬᠦ    ᠵᠠᠮ ᠬᠠᠷᠢᠯᠴᠠᠭᠠᠨ ᠤ ᠺᠠᠷᠲ ᠳᠡᠭᠡᠷᠡᠬᠢ ᠬᠤᠪᠢ ᠬᠥᠮᠦᠨ ᠤ ᠮᠡᠳᠡᠭᠡ ᠵᠠᠩᠭᠢ ᠶᠢ ᠥᠪᠡᠰᠦᠪᠡᠨ ᠳᠠᠩᠰᠠᠯᠠᠨ᠎ᠠ    ᠵᠣᠭᠤᠰ ᠥᠭᠬᠦ ᠶᠢ ᠵᠣᠭᠰᠣᠭᠠᠬᠤ ᠮᠡᠬᠡᠯᠡᠯ ᠤᠨ ᠬᠠᠪᠰᠤᠷᠤᠭᠴᠢ    ᠲᠡᠷᠭᠡ ᠰᠢᠯᠵᠢᠭᠦᠯᠬᠦ ᠺᠣᠳ᠋     ᠲᠦᠭᠡᠷᠢᠬᠦ ᠳᠤ ᠦᠢᠯᠡᠴᠢᠯᠡᠬᠦ    ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠭᠡᠮᠲᠦᠯ ᠢ  ᠬᠠᠮᠳᠤᠪᠡᠷ ᠰᠡᠭᠦᠳᠡᠷᠯᠡᠬᠦ    ᠴᠠᠭ ᠲᠤᠬᠠᠢ ᠶᠢᠨ ᠵᠠᠮ ᠤᠨ ᠪᠠᠶᠢᠳᠠᠯ    ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ  ᠰᠢᠢᠳᠪᠦᠷᠢᠯᠡᠯᠳᠡ    ᠮᠠᠰᠢᠨᠲᠤ ᠲᠡᠷᠭᠡᠨ ᠤ ᠰᠢᠯᠭᠠᠨ ᠪᠠᠶᠢᠴᠠᠭᠠᠯᠲᠠ    ᠲᠦᠷᠭᠡᠨ ᠬᠤᠷᠳᠤᠴᠠᠳᠤ ᠵᠠᠰᠠᠮᠠᠯ ᠵᠠᠮ ᠤᠨ ᠪᠠᠶᠢᠳᠠᠯ    ᠵᠠᠮ ᠬᠠᠷᠢᠯᠴᠠᠭᠠᠨ ᠤ ᠡ᠊ᠨᠳᠡᠭᠳᠡᠯ ᠤᠨ  ᠰᠢᠢᠳᠪᠦᠷᠢᠯᠡᠯᠳᠡ    ᠲᠡᠷᠭᠡᠨ ᠪᠠᠶᠢᠴᠠᠭᠠᠯᠲᠠ ᠶᠢᠨ ᠪᠣᠳᠣᠭᠤᠷ    ᠥᠪᠡᠷ ᠢᠶᠠᠨ ᠵᠠᠷᠤᠳᠠᠯ ᠲᠤᠰᠢᠶᠠᠬᠤ ᠮᠠᠰᠢᠨ ᠤ ᠪᠠᠶᠢᠷᠢ ᠶᠢ ᠰᠤᠷᠠᠭᠯᠠᠬᠤ    ᠵᠠᠮ ᠬᠠᠷᠢᠯᠴᠠᠭᠠᠨ ᠤ ᠲᠤᠬᠠᠶᠢᠯᠠᠭᠰᠠᠨ ᠠᠵᠢᠯ ᠤᠨ ᠪᠣᠯᠵᠤᠭ᠎ᠠ    ᠬᠠᠤᠯᠢ ᠠᠴᠠ ᠵᠥᠷᠢᠴᠡᠭᠰᠡᠨ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ ᠲᠥᠪ 2.ᠠᠵᠢᠯ ᠲᠥᠷᠥᠯ / ᠬᠦᠷᠢᠶ᠎ᠡ ᠬᠡᠪᠴᠢᠶ᠎ᠡ    ᠬᠥᠭᠵᠢᠭᠦᠯᠦᠯᠲᠡ ᠥᠭᠡᠷᠡᠴᠢᠯᠡᠯᠲᠡ ᠥᠨᠳᠥᠷ ᠳᠠᠪᠲᠠᠮᠵᠢ ᠶᠢᠨ ᠬᠡᠷᠡᠭᠯᠡᠯᠲᠡ    ᠡᠵᠡᠩᠨᠡᠯᠲᠡ ᠶᠢᠨ ᠣᠷᠴᠢᠨ ᠲᠣᠭᠤᠷᠢᠨ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ ᠢ ᠰᠢᠯᠢᠳᠡᠭᠵᠢᠭᠦᠯᠦᠨ᠎ᠡ 3.ᠠᠵᠢᠯ ᠲᠥᠷᠥᠯ / ᠬᠦᠷᠢᠶ᠎ᠡ ᠬᠡᠪᠴᠢᠶ᠎ᠡ    ᠤᠰᠤ ᠬᠠᠩᠭᠠᠬᠤ ᠥᠨᠳᠥᠷ ᠳᠠᠪᠲᠠᠮᠵᠢ ᠶᠢᠨ ᠬᠡᠷᠡᠭᠯᠡᠯᠲᠡ    ᠠᠮᠢᠳᠤᠷᠠᠯ ᠤᠨ ᠵᠠᠷᠤᠳᠠᠯ ᠲᠤᠰᠢᠶᠠᠬᠤ    ᠡᠷᠦᠬᠡ ᠶᠢᠨ ᠳ᠋ᠤᠭᠠᠷ ᠢ  ᠬᠤᠯᠪᠤᠬᠤ    ᠡᠯᠧᠺᠲᠷᠣᠨ ᠰᠣᠷᠢᠨᠵᠢᠨ ᠺᠠᠷᠲ    ᠬᠡᠷᠡᠭᠯᠡᠭᠴᠢ ᠶᠢᠨ ᠴᠠᠬᠢᠯᠭᠠᠨ ᠮᠡᠳᠡᠭᠡ ᠶᠢᠨ ᠤᠭᠰᠠᠷᠠᠯᠲᠠ    ᠵᠠᠰᠠᠭᠤᠯᠬᠤ ᠪᠠᠷ ᠮᠡᠳᠡᠭᠦᠯᠵᠦ ᠣᠷᠬᠢᠭᠳᠠᠭᠤᠯᠬᠤ ᠪᠠᠷ ᠮᠡᠳᠡᠭᠦᠯᠬᠦ    ᠡᠷᠦᠬᠡ ᠰᠢᠯᠵᠢᠭᠦᠯᠬᠦ ᠪᠠᠷ ᠭᠤᠶᠤᠴᠢᠯᠠᠬᠤ    ᠲᠣᠭᠲᠠᠭᠠᠯ ᠠᠴᠠ ᠵᠥᠷᠢᠴᠡᠨ ᠢᠯᠡᠴᠢᠯᠡᠨ ᠮᠡᠳᠡᠭᠦᠯᠬᠦ    ᠵᠠᠭᠠᠯᠳᠤᠯᠭ᠎ᠠ ᠶᠢᠨ ᠰᠠᠨᠠᠭᠤᠯᠭ᠎ᠠ    ᠲᠤᠮᠤ ᠬᠡᠯᠪᠡᠷᠢ ᠶᠢᠨ ᠤᠰᠤ ᠵᠠᠯᠭᠠᠬᠤ ᠢᠨᠵᠧᠨᠧᠷᠢᠩ ︵ᠨᠢᠭᠡᠴᠢ︶    ᠲᠣᠮᠣ ᠬᠡᠯᠪᠡᠷᠢ ᠶᠢᠨ ᠤᠰᠤ ᠵᠠᠯᠭᠠᠬᠤ ᠢᠨᠵᠧᠨᠧᠷᠢᠩ ︵ᠬᠤᠪᠢ ᠬᠥᠮᠦᠨ︶    ᠵᠢᠵᠢᠭ ᠬᠡᠯᠪᠡᠷᠢ ᠶᠢᠨ ᠤᠰᠤ ᠵᠠᠯᠭᠠᠬᠤ ᠢᠨᠵᠧᠨᠧᠷᠢᠩ ︵ᠨᠢᠭᠡᠴᠢ︶    ᠵᠢᠵᠢᠭ ᠬᠡᠯᠪᠡᠷᠢ ᠶᠢᠨ ᠤᠰᠤ ᠵᠠᠯᠭᠠᠬᠤ ᠢᠨᠵᠧᠨᠧᠷᠢᠩ ︵ᠬᠤᠪᠢ ᠬᠥᠮᠦᠨ︶    ᠳᠠᠩᠰᠠ ᠪᠠᠨ ᠬᠠᠰᠤᠬᠤ    ᠬᠥᠮᠦᠨ ᠠᠮᠠ ᠶᠢᠨ ᠱᠠᠲᠤᠯᠢᠭ ᠴᠥᠮ᠎ᠡ ᠶᠢᠨ ᠨᠡᠮᠡᠭᠳᠡᠯ    ᠤᠰᠤᠨ ᠤ ᠬᠡᠮᠵᠢᠶ᠎ᠡ ᠶᠢ ᠳᠠᠬᠢᠨ ᠬᠢᠨᠠᠬᠤ    ᠬᠠᠷᠢᠯᠴᠠᠬᠤ ᠬᠡᠯᠪᠡᠷᠢ ᠶᠢᠨ ᠬᠤᠪᠢᠷᠠᠭᠤᠯᠤᠯᠲᠠ    ᠤᠰᠤᠨ ᠤ ᠰᠢᠨᠵᠢ ᠴᠢᠨᠠᠷ ᠤᠨ ᠬᠤᠪᠢᠷᠠᠯᠲᠠ    ᠪᠠᠭ᠎ᠠ ᠲᠣᠭᠤᠷᠢᠭ ᠢᠶᠠᠷ ᠬᠦᠯᠢᠬᠦ 4.ᠠᠵᠢᠯ ᠲᠥᠷᠥᠯ / ᠬᠦᠷᠢᠶ᠎ᠡ ᠬᠡᠪᠴᠢᠶ᠎ᠡ    ᠢᠯᠴᠢ ᠬᠠᠩᠭᠠᠬᠤ ᠥᠨᠳᠥᠷ ᠳᠠᠪᠲᠠᠮᠵᠢ ᠶᠢᠨ ᠬᠡᠷᠡᠭᠯᠡᠯᠲᠡ     ᠢᠯᠴᠢ ᠬᠠᠩᠭᠠᠬᠤ  ᠵᠠᠷᠤᠳᠠᠯ ᠲᠤᠰᠢᠶᠠᠬᠤ    ᠺᠠᠷᠲ ᠤᠨ ᠨᠣᠮᠧᠷ ᠤᠨ ᠬᠠᠮᠢᠶᠠᠷᠤᠯᠲᠠ    ᠳᠤᠯᠠᠭᠠᠯᠠᠭ᠎ᠠ ᠶᠢᠨ ᠵᠠᠷᠤᠳᠠᠯ ᠤᠨ ᠬᠦᠰᠦᠨᠦᠭᠳᠤ ᠶᠢ ᠮᠡᠳᠡᠭᠡᠯᠡᠬᠦ    ᠡᠯᠧᠺᠲᠷᠣᠨ ᠪᠠᠷᠢᠮᠲᠠ ᠶᠢ ᠠᠪᠬᠤ    ᠳᠤᠯᠠᠭᠠᠯᠠᠭ᠎ᠠ ᠶᠢᠨ ᠵᠠᠷᠤᠳᠠᠯ ᠤᠨ ᠪᠠᠶᠢᠴᠠᠭᠠᠯᠲᠠ    ᠰᠦᠯᠵᠢᠶᠡᠨ ᠳᠠᠬᠢ ᠳᠤᠯᠠᠭᠠᠯᠠᠭ᠎ᠠ ᠶᠢᠨ  ᠵᠣᠭᠰᠣᠭᠠᠯᠲᠠ    ᠰᠦᠯᠵᠢᠶᠡᠨ ᠳᠠᠬᠢ ᠬᠠᠮ ᠬᠠᠯᠠᠭᠠᠯᠲᠠ    ᠵᠠᠷᠤᠳᠠᠯ ᠲᠤᠰᠢᠶᠠᠭᠰᠠᠨ ᠲᠡᠮᠳᠡᠭᠯᠡᠯ 5. ᠠᠵᠢᠯ ᠲᠥᠷᠥᠯ / ᠬᠦᠷᠢᠶ᠎ᠡ ᠬᠡᠪᠴᠢᠶ᠎ᠡ    ᠰᠢᠲᠠᠮᠠᠬᠠᠶ ᠬᠡᠢ ᠥᠨᠳᠥᠷ ᠳᠠᠪᠲᠠᠮᠵᠢ ᠶᠢᠨ ᠬᠡᠷᠡᠭᠯᠡᠯᠲᠡ   ᠰᠢᠲᠠᠮᠠᠬᠠᠶ  ᠬᠡᠢ ᠬᠤᠳᠠᠯᠳᠤᠨ ᠠᠪᠬᠤ ᠳᠤ ᠵᠠᠷᠤᠳᠠᠯ ᠲᠤᠰᠢᠶᠠᠬᠤ    ᠪᠡᠶ᠎ᠡ ᠪᠠᠨ ᠳᠠᠭᠠᠭᠠᠭᠰᠠᠨ ᠬᠦᠰᠦᠨᠦᠭᠲᠦ ᠬᠠᠭᠤᠯᠬᠤ    ᠨᠤᠷᠠᠭᠠᠬᠤ ᠭᠤᠶᠤᠴᠢᠯᠠᠯ    ᠰᠢᠲᠠᠮᠠᠬᠠᠶ ᠬᠡᠢ ᠶᠢᠨ ᠰᠡᠯᠪᠢᠨ ᠵᠠᠰᠠᠯᠲᠠ    ᠳᠠᠩᠰᠠ ᠪᠠᠶᠢᠭᠤᠯᠬᠤ ᠪᠠᠷ ᠭᠤᠶᠤᠴᠢᠯᠠᠬᠤ    ᠥᠭᠡᠷᠡᠴᠢᠯᠡᠨ ᠲᠣᠨᠣᠭᠯᠠᠬᠤ ᠭᠤᠶᠤᠴᠢᠯᠠᠯ    ᠺᠠᠷᠲ ᠠᠪᠬᠤ ᠪᠠᠷ ᠭᠤᠶᠤᠴᠢᠯᠠᠬᠤ    ᠨᠡᠷ᠎ᠡ ᠪᠠᠨ ᠰᠣᠯᠢᠬᠤ ᠪᠠᠷ ᠭᠤᠶᠤᠴᠢᠯᠠᠬᠤ    ᠠᠶᠤᠯᠭᠦᠶ ᠶᠢᠨ ᠪᠠᠶᠢᠴᠠᠭᠠᠯᠲᠠ ᠶᠢ ᠳᠡᠭᠡᠭᠰᠢ ᠮᠡᠳᠡᠭᠦᠯᠬᠦ    ᠵᠠᠭᠠᠯᠳᠤᠯᠭ᠎ᠠ ᠶᠢᠨ ᠯᠠᠪᠯᠠᠭ᠎ᠠ 6. ᠠᠵᠢᠯ ᠲᠥᠷᠥᠯ / ᠬᠦᠷᠢᠶ᠎ᠡ ᠬᠡᠪᠴᠢᠶ᠎ᠡ    ᠦᠷᠡᠵᠢᠯ ᠤᠨ ᠦᠢᠯᠡᠴᠢᠯᠡᠭᠡ ᠥᠨᠳᠥᠷ ᠳᠠᠪᠲᠠᠮᠵᠢ ᠶᠢᠨ ᠬᠡᠷᠡᠭᠯᠡᠯᠲᠡ    ᠡᠬᠡ ᠨᠢᠯᠬᠠᠰ ᠤᠨ ᠡᠷᠡᠭᠦᠯ ᠮᠡᠨᠳᠦ ᠶᠢᠨ ᠭᠠᠷ ᠳᠡᠪᠲᠡᠷ    ᠦᠷᠡᠵᠢᠯ ᠤᠨ ᠦᠢᠯᠡᠴᠢᠯᠡᠭᠡᠨ ᠤ ᠳᠠᠩᠰᠠᠯᠠᠯᠲᠠ    ᠳᠠᠬᠢᠨ ᠬᠡᠦᠬᠡᠳ ᠠᠪᠬᠤ ᠶᠢ ᠬᠢᠨᠠᠨ ᠵᠥᠪᠰᠢᠶᠡᠷᠡᠬᠦ    ᠶᠠᠪᠤᠭᠤᠯ ᠬᠥᠮᠦᠨ ᠠᠮᠠ ᠶᠢᠨ ᠦᠷᠡᠵᠢᠯ ᠤᠨ ᠭᠡᠷᠡᠴᠢ    ᠤᠷᠤᠭ ᠦᠷᠡᠵᠢᠯ ᠤᠨ ᠪᠠᠶᠢᠳᠠᠯ ᠢ ᠭᠡᠷᠡᠴᠢᠯᠡᠬᠦ ᠭᠤᠶᠤᠴᠢᠯᠠᠯ    ᠬᠥᠬᠢᠭᠦᠯᠦᠨ ᠲᠡᠳᠬᠦᠬᠦ ᠭᠤᠶᠤᠴᠢᠯᠠᠯ    ᠲᠡᠳᠬᠦᠨ ᠲᠤᠰᠠᠯᠠᠬᠤ ᠲᠤᠰᠬᠠᠶ ᠭᠤᠶᠤᠴᠢᠯᠠᠯ    ᠴᠥᠭᠡᠨ ᠲᠦᠷᠦᠵᠦ ᠲᠦᠷᠭᠡᠨ ᠪᠠᠶᠠᠵᠢᠬᠤ ᠭᠤᠶᠤᠴᠢᠯᠠᠯ    ᠨᠢᠭᠡ ᠯᠡ ᠤᠳᠠᠭ᠎ᠠ ᠶᠢᠨ ᠴᠢᠨᠠᠷᠲᠠᠶ ᠲᠡᠳᠬᠦᠨ ᠳᠡᠮᠵᠢᠬᠦ ᠮᠥᠩᠭᠦ ᠶᠢᠨ ᠭᠤᠶᠤᠴᠢᠯᠠᠯ    ᠭᠠᠭᠴᠠ ᠬᠡᠦᠬᠡᠳ ᠤᠨ ᠡᠴᠢᠭᠡ ᠡᠬᠡ ᠶᠢᠨ ᠢᠷᠠᠭᠤ ᠠᠯᠳᠠᠷ ᠤᠨ ᠦᠨᠡᠮᠯᠡᠯ    ᠭᠠᠭᠴᠠ ᠬᠡᠦᠬᠡᠳ ᠤᠨ ᠭᠡᠷᠡᠴᠢ    ᠭᠠᠭᠴᠠ ᠬᠡᠦᠬᠡᠳ ᠤᠨ ᠡᠴᠢᠭᠡ ᠡᠬᠡ ᠶᠢᠨ ᠱᠠᠩᠨᠠᠯ ᠤᠨ ᠵᠠᠷᠤᠳᠠᠯ 7.ᠠᠵᠢᠯ ᠲᠥᠷᠥᠯ / ᠬᠦᠷᠢᠶ᠎ᠡ ᠬᠡᠪᠴᠢᠶ᠎ᠡ    ᠡᠷᠡᠭᠦᠯ ᠬᠠᠮᠠᠭᠠᠯᠠᠯ ᠡᠷᠡᠭᠦᠯ ᠴᠢᠭᠢᠷᠠᠭ ᠥᠨᠳᠥᠷ ᠳᠠᠪᠲᠠᠮᠵᠢ ᠶᠢᠨ ᠬᠡᠷᠡᠭᠯᠡᠯᠲᠡ    ᠣᠨᠳᠣᠣ ᠭᠠᠵᠠᠷ ᠲᠤ ᠡᠪᠡᠳᠴᠢᠨ ᠦᠵᠡᠭᠦᠯᠬᠦ ᠶᠢ ᠰᠢᠯᠵᠢᠭᠦᠯᠦᠨ ᠡᠮᠨᠡᠭᠦᠯᠬᠦ ᠪᠠᠷ ᠮᠡᠳᠡᠭᠦᠯᠬᠦ    ᠪᠥᠭᠡᠮ ᠬᠦᠴᠢᠯ ᠤᠨ ᠪᠠᠶᠢᠴᠠᠭᠠᠯᠲᠠ    ᠡᠮᠨᠡᠯᠭᠡ ᠳᠤ ᠰᠠᠭᠤᠬᠤ᠂ ᠡᠭᠦᠳᠡᠨ ᠡᠮᠨᠡᠯᠭᠡ ᠶᠢᠨ ᠰᠦᠢᠳᠭᠡᠯ ᠲᠤᠰᠢᠶᠠᠬᠤ    ᠴᠢᠰᠤ ᠥᠭᠬᠦ ᠦᠢᠯᠡᠴᠢᠯᠡᠭᠡ    ᠰᠢᠨ᠎ᠡ ᠲᠠᠷᠢᠯᠭ᠎ᠠ ᠶᠢᠨ ᠸᠠᠺᠼᠢᠨ ᠤ ᠪᠣᠯᠵᠤᠭ᠎ᠠ ︵ᠨᠢᠯᠬ᠎ᠠ ᠬᠡᠤᠬᠡᠳ︶    ᠰᠢᠨ᠎ᠡ ᠸᠠᠺᠼᠢᠨ ᠤ ᠪᠣᠯᠵᠤᠭ᠎ᠠ ︵ᠨᠠᠰᠤᠨ ᠳᠤ ᠭᠦᠷᠦᠭᠰᠡᠳ︶    ᠪᠡᠶ᠎ᠡ ᠶᠢᠨ ᠪᠠᠶᠢᠴᠠᠭᠠᠯᠲᠠ᠂ ᠪᠠᠶᠢᠴᠠᠭᠠᠯᠲᠠ ᠶᠢᠨ ᠮᠡᠳᠡᠭᠦᠯᠦᠯᠲᠡ 8. ᠠᠵᠢᠯ ᠲᠥᠷᠥᠯ / ᠬᠦᠷᠢᠶ᠎ᠡ ᠬᠡᠪᠴᠢᠶ᠎ᠡ    ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠦᠢᠯ ᠢ ᠬᠢᠨᠠᠨ ᠵᠦᠪᠰᠢᠶᠡᠷᠡᠬᠦ ᠦᠢᠯᠡᠴᠢᠯᠡᠭᠡ ᠥᠨᠳᠥᠷ ᠳᠠᠪᠲᠠᠮᠵᠢ ᠶᠢᠨ ᠬᠡᠷᠡᠭᠯᠡᠯᠲᠡ    ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠤᠨ ᠲᠦᠷᠦᠯ ᠵᠦᠢᠯ    ᠨᠡᠶᠢᠭᠡᠮ ᠤᠨ ᠪᠡᠯᠡ ᠣᠷᠣᠭᠤᠯᠤᠯᠲᠠ ᠶᠢᠨ ᠠᠶᠤᠯ ᠲᠦᠭᠰᠢᠭᠦᠷᠢ ᠪᠠᠭ᠎ᠠ  ᠲᠦᠷᠦᠯ ᠵᠦᠢᠯ    ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠬᠤᠲᠠ ᠶᠢᠨ ᠶᠠᠪᠤᠳᠠᠯ ᠤᠨ ᠰᠠᠭᠤᠷᠢ  ᠲᠦᠷᠦᠯ ᠵᠦᠢᠯ    ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠭᠡᠷ ᠪᠠᠶᠢᠰᠢᠩ ᠤᠨ  ᠲᠦᠷᠦᠯ ᠵᠦᠢᠯ    ᠨᠡᠶᠢᠭᠡᠮ ᠤᠨ ᠡᠩ ᠤᠨ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ  ᠲᠦᠷᠦᠯ ᠵᠦᠢᠯ    ᠲᠥᠰᠦᠯ ᠢ ᠰᠢᠯᠵᠢᠭᠦᠯᠦᠨ ᠬᠤᠳᠠᠯᠳᠤᠬᠤ ᠪᠠᠷ ᠪᠠᠶᠢᠭ᠎ᠠ ᠭᠠᠵᠠᠷ ᠰᠢᠷᠣᠶ ᠶᠢᠨ ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ    ᠨᠡᠶᠢᠭᠡᠮ ᠤᠨ ᠡᠩ ᠤᠨ ᠪᠡᠯᠡ ᠣᠷᠣᠭᠤᠯᠤᠯᠲᠠ ᠶᠢᠨ ᠳᠠᠩᠰᠠᠯᠠᠭᠤᠯᠬᠤ  ᠲᠦᠷᠦᠯ ᠵᠦᠢᠯ    ᠵᠠᠭᠠᠯᠳᠤᠯᠭ᠎ᠠ ᠶᠢᠨ ᠰᠠᠨᠠᠭᠤᠯᠭ᠎ᠠ 9.ᠠᠵᠢᠯ ᠲᠥᠷᠥᠯ / ᠬᠦᠷᠢᠶ᠎ᠡ ᠬᠡᠪᠴᠢᠶ᠎ᠡ    ᠬᠠᠤᠯᠢ ᠴᠠᠭᠠᠵᠠ ᠶᠢᠨ ᠠᠯᠪᠠᠨ ᠭᠡᠷᠡᠴᠢᠯᠡᠭᠡ ᠥᠨᠳᠥᠷ ᠳᠠᠪᠲᠠᠮᠵᠢ ᠶᠢᠨ ᠬᠡᠷᠡᠭᠯᠡᠯᠲᠡ    ᠠᠷᠠᠳ ᠤᠨ ᠡᠶᠡᠳᠡᠭᠦᠯᠦᠯᠲᠡ ᠶᠢᠨ ᠰᠠᠨᠠᠯ  ᠵᠠᠭᠠᠯᠳᠤᠯᠭ᠎ᠠ    ᠬᠠᠤᠯᠢᠴᠢ ᠶᠢᠨ ᠦᠢᠯᠡᠴᠢᠯᠡᠭᠡᠨ ᠤ ᠰᠠᠨᠠᠯ  ᠵᠠᠭᠠᠯᠳᠤᠯᠭ᠎ᠠ    ᠠᠯᠪᠠᠨ ᠭᠡᠷᠡᠴᠢᠯᠡᠭᠡ ᠶᠢᠨ ᠭᠠᠵᠠᠷ ᠤᠨ ᠰᠦᠯᠵᠢᠶᠡᠨ ᠳᠡᠭᠡᠷᠡᠬᠢ ᠠᠯᠪᠠᠨ ᠭᠡᠷᠡᠴᠢᠯᠡᠭᠡ ᠶᠢᠨ ᠲᠠᠪᠴᠠᠩ    ᠠᠯᠪᠠᠨ ᠭᠡᠷᠡᠴᠢᠯᠡᠭᠡᠨ ᠤ ᠦᠢᠯᠡᠴᠢᠯᠡᠭᠡᠨ ᠰᠠᠨᠠᠯ  ᠵᠠᠭᠠᠯᠳᠤᠯᠭ᠎ᠠ    ᠬᠠᠤᠯᠢ ᠴᠠᠭᠠᠵᠠ ᠶᠢᠨ ᠰᠢᠯᠭᠠᠨ ᠲᠣᠭᠲᠠᠭᠠᠯᠲᠠ ᠵᠢᠨ‌‍ᠰᠠᠨᠠᠯ  ᠵᠠᠭᠠᠯᠳᠤᠯᠭ᠎ᠠ 10.ᠠᠵᠢᠯ ᠲᠥᠷᠥᠯ / ᠬᠦᠷᠢᠶ᠎ᠡ ᠬᠡᠪᠴᠢᠶ᠎ᠡ    ᠬᠠᠤᠯᠢ ᠴᠠᠭᠠᠵᠠ ᠶᠢᠨ ᠲᠤᠰᠠᠯᠠᠮᠵᠢ ᠥᠨᠳᠥᠷ ᠳᠠᠪᠲᠠᠮᠵᠢ ᠶᠢᠨ ᠬᠡᠷᠡᠭᠯᠡᠯᠲᠡ    ᠰᠠᠨᠠᠯ ᠤᠨ ᠵᠠᠭᠠᠯᠳᠤᠯᠭ᠎ᠠ    ᠦᠭᠡ ᠦᠯᠡᠳᠡᠭᠡᠬᠦ ᠯᠠᠪᠯᠠᠭ᠎ᠠ 11.ᠠᠵᠢᠯ ᠲᠥᠷᠥᠯ / ᠬᠦᠷᠢᠶ᠎ᠡ ᠬᠡᠪᠴᠢᠶ᠎ᠡ    ᠰᠤᠷᠭᠠᠨ ᠬᠥᠮᠦᠵᠢᠯ ᠥᠨᠳᠥᠷ ᠳᠠᠪᠲᠠᠮᠵᠢ ᠶᠢᠨ ᠬᠡᠷᠡᠭᠯᠡᠯᠲᠡ    ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠨᠢᠭᠡᠳᠦᠯᠲᠡᠶ ᠲᠠᠪᠴᠠᠩ    ᠳᠤᠮᠳᠠᠳᠤ ᠰᠤᠷᠭᠠᠭᠤᠯᠢ ᠶᠢᠨ ᠰᠦᠯᠵᠢᠶᠡᠨ ᠤ ᠰᠣᠨᠢᠨ    ᠬᠡᠦᠬᠡᠳ ᠤᠨ ᠴᠡᠴᠡᠷᠯᠢᠭ ᠤᠨ ᠰᠤᠷᠤᠭᠴᠢ ᠡᠯᠰᠡᠬᠦ ᠰᠦᠯᠵᠢᠶᠡᠨ ᠳᠡᠭᠡᠷ᠎ᠡ  ᠨᠡᠷ᠎ᠡ ᠮᠡᠳᠡᠭᠦᠯᠬᠦ    ᠬᠡᠦᠬᠡᠳ ᠤᠨ ᠴᠡᠴᠡᠷᠯᠢᠭ ᠤᠨ ᠡᠯᠰᠡᠭᠰᠡᠨ ᠦᠷ᠎ᠡ ᠳ᠋ᠦᠩ ᠢ ᠰᠦᠯᠵᠢᠶᠡᠨ ᠲᠡᠭᠡᠷ᠎ᠡ ᠮᠡᠳᠡᠭᠳᠡᠬᠦ    ᠬᠡᠦᠬᠡᠳ ᠤᠨ ᠴᠡᠴᠡᠷᠯᠢᠭ ᠤᠨ ᠰᠦᠢᠳᠬᠡᠯ ᠲᠤᠰᠢᠶᠠᠬᠤ    ᠢᠯᠡᠴᠢᠯᠡᠨ ᠮᠡᠳᠡᠭᠦᠯᠬᠦ ᠲᠠᠪᠴᠠᠩ ᠢ ᠬᠤᠶᠠᠷ ᠢ ᠬᠠᠰᠤᠬᠤ    ᠪᠠᠭ᠎ᠠ ᠰᠤᠷᠭᠠᠭᠤᠯᠢ ᠶᠢᠨ ᠰᠦᠯᠵᠢᠶᠡᠨ ᠤ ᠰᠣᠨᠢᠨ 12.ᠠᠵᠢᠯ ᠲᠥᠷᠥᠯ / ᠬᠦᠷᠢᠶ᠎ᠡ ᠬᠡᠪᠴᠢᠶ᠎ᠡ    ᠰᠣᠶᠣᠯ  ᠵᠤᠭᠠᠴᠠᠯ ᠥᠨᠳᠥᠷ ᠳᠠᠪᠲᠠᠮᠵᠢ ᠶᠢᠨ ᠬᠡᠷᠡᠭᠯᠡᠯᠲᠡ    ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠳᠤ ᠣᠷᠣᠬᠤ  ᠤᠷᠢᠳᠴᠢᠯᠠᠨ ᠪᠤᠯᠵᠤᠬᠤ    ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ  ᠠᠵᠢᠯᠯᠠᠭ᠎ᠠ ᠳᠤ ᠨᠡᠷ᠎ᠡ ᠮᠡᠳᠡᠭᠦᠯᠬᠦ    ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ  ᠤᠷᠢᠳᠴᠢᠯᠠᠨ ᠪᠤᠯᠵᠤᠬᠤ    ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ ᠵᠠᠷᠤᠳᠠᠯ ᠲᠤᠰᠢᠶᠠᠬᠤ    ᠲᠠᠮᠢᠷ ᠤᠨ ᠣᠷᠳᠣᠨ ᠳᠤ ᠣᠷᠣᠬᠤ ᠤᠷᠢᠳᠴᠢᠯᠠᠨ ᠪᠤᠯᠵᠤᠬᠤ    ᠲᠠᠮᠢᠷ ᠤᠨ ᠣᠷᠳᠣᠨ ᠤ ᠠᠵᠢᠯᠯᠠᠭ᠎ᠠ ᠳᠤ ᠨᠡᠷ᠎ᠡ ᠮᠡᠳᠡᠭᠦᠯᠬᠦ    ᠨᠣᠮ ᠤᠨ ᠰᠠᠩ ᠤᠨ ᠭᠡᠷ ᠲᠤ ᠣᠷᠣᠬᠤ ᠤᠷᠢᠳᠴᠢᠯᠠᠨ ᠪᠤᠯᠵᠤᠬᠤ    ᠨᠣᠮ ᠵᠢᠭᠡᠯᠡᠨ ᠤᠩᠰᠢᠬᠤ᠂ ᠪᠠᠶᠢᠴᠠᠭᠠᠨ ᠯᠠᠪᠯᠠᠬᠤ 13.ᠠᠵᠢᠯ ᠲᠥᠷᠥᠯ / ᠬᠦᠷᠢᠶ᠎ᠡ ᠬᠡᠪᠴᠢᠶ᠎ᠡ    ᠬᠥᠮᠦᠨ ᠤ ᠨᠢᠭᠡᠳᠦᠯ ᠥᠨᠳᠥᠷ ᠳᠠᠪᠲᠠᠮᠵᠢ ᠶᠢᠨ ᠬᠡᠷᠡᠭᠯᠡᠯᠲᠡ    ᠠᠵᠢᠯ ᠤᠨ ᠭᠡᠮᠲᠦᠯ ᠤᠨ ᠬᠦᠷᠲᠡᠮᠵᠢ ᠶᠢᠨ ᠭᠡᠷᠡᠴᠢᠯᠡᠯ 14. ᠠᠵᠢᠯ ᠲᠥᠷᠥᠯ / ᠬᠦᠷᠢᠶ᠎ᠡ ᠬᠡᠪᠴᠢᠶ᠎ᠡ    ᠠᠷᠠᠳ ᠤᠨ ᠶᠠᠪᠤᠳᠠᠯ ᠥᠨᠳᠥᠷ ᠳᠠᠪᠲᠠᠮᠵᠢ ᠶᠢᠨ ᠬᠡᠷᠡᠭᠯᠡᠯᠲᠡ    ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠦᠯᠵᠢᠶᠡᠨ ᠳᠡᠭᠡᠷᠡᠬᠢ ᠭᠤᠶᠤᠴᠢᠯᠠᠯ    ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠠᠨᠠᠭᠠᠴᠢᠯᠠᠭᠠᠲᠤ ᠢᠯᠡᠷᠡᠭᠦᠯᠦᠯᠲᠡ    ᠨᠡᠶᠢᠭᠡᠮ ᠤᠨ ᠠᠪᠤᠷᠠᠨ ᠲᠤᠰᠠᠯᠠᠯᠲᠠ ᠶᠢᠨ ᠵᠠᠭᠠᠯᠳᠤᠬᠤ ᠰᠠᠨᠠᠭᠤᠯᠭ᠎ᠠ    ᠨᠡᠶᠢᠭᠡᠮ ᠤᠨ ᠠᠪᠤᠷᠠᠨ ᠲᠤᠰᠠᠯᠠᠬᠤ ᠬᠠᠯᠠᠭᠤᠨ ᠤᠲᠠᠰᠤ ᠶᠢ ᠪᠠᠶᠢᠴᠠᠭᠠᠨ ᠯᠠᠪᠯᠠᠬᠤ 15. ᠠᠵᠢᠯ ᠲᠥᠷᠥᠯ / ᠬᠦᠷᠢᠶ᠎ᠡ ᠬᠡᠪᠴᠢᠶ᠎ᠡ    ᠵᠠᠬᠢᠳᠠᠯ ᠰᠤᠷᠪᠤᠯᠵᠢᠯᠠᠭ᠎ᠠ ᠥᠨᠳᠥᠷ ᠳᠠᠪᠲᠠᠮᠵᠢ ᠶᠢᠨ ᠬᠡᠷᠡᠭᠯᠡᠯᠲᠡ    ᠰᠦᠯᠵᠢᠶᠡᠨ ᠳᠠᠬᠢ ᠵᠠᠬᠢᠳᠠᠯ ᠰᠤᠷᠪᠤᠯᠵᠢᠯᠠᠭ᠎ᠠ 16.ᠠᠵᠢᠯ ᠲᠥᠷᠥᠯ / ᠬᠦᠷᠢᠶ᠎ᠡ ᠬᠡᠪᠴᠢᠶ᠎ᠡ    ᠣᠷᠴᠢᠨ ᠠᠬᠤᠶ ᠶᠢ ᠬᠠᠮᠠᠭᠠᠯᠠᠬᠤ ᠥᠨᠳᠥᠷ ᠳᠠᠪᠲᠠᠮᠵᠢ ᠶᠢᠨ ᠬᠡᠷᠡᠭᠯᠡᠯᠲᠡ    ᠪᠣᠬᠢᠷᠲᠤᠯ ᠢ ᠢᠯᠡᠴᠢᠯᠡᠨ ᠮᠡᠳᠡᠭᠦᠯᠬᠦ    ᠵᠠᠰᠠᠭ ᠤᠨ ᠣᠷᠳᠣᠨ ᠪᠠ ᠠᠷᠠᠳ ᠤᠨ ᠬᠤᠭᠤᠷᠣᠨᠳᠣᠬᠢ ᠬᠠᠷᠢᠯᠴᠠᠭ᠎ᠠ ︵ᠭᠠᠷ ᠤᠨ ᠠᠶ᠎ᠠ ᠪᠠᠷ ᠰᠡᠭᠦᠳᠡᠷᠯᠡᠵᠦ᠂ ᠭᠠᠷ ᠤᠨ ᠠᠶ᠎ᠠ ᠪᠠᠷ ᠪᠠᠶᠢᠴᠠᠭᠠᠨ᠎ᠠ︶ 17.ᠠᠵᠢᠯ ᠲᠥᠷᠥᠯ / ᠬᠦᠷᠢᠶ᠎ᠡ ᠬᠡᠪᠴᠢᠶ᠎ᠡ    ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠥᠨᠳᠥᠷ ᠳᠠᠪᠲᠠᠮᠵᠢ ᠶᠢᠨ ᠬᠡᠷᠡᠭᠯᠡᠯᠲᠡ    ᠨᠣᠬᠠᠶ ᠲᠡᠵᠢᠭᠡᠬᠦ ᠳᠠᠩᠰᠠᠯᠠᠯᠲᠠ 18.ᠠᠵᠢᠯ ᠲᠥᠷᠥᠯ / ᠬᠦᠷᠢᠶ᠎ᠡ ᠬᠡᠪᠴᠢᠶ᠎ᠡ    ᠬᠡᠷᠡᠭ ᠡᠷᠬᠢᠯᠡᠬᠦ ᠭᠠᠵᠠᠷ ᠡᠭᠦᠳᠡ ᠪᠠᠨ ᠨᠡᠭᠡᠭᠡᠵᠦ ᠢᠳᠬᠠᠯ ᠬᠦᠯᠢᠶᠡᠨ᠎ᠡ ᠥᠨᠳᠥᠷ ᠳᠠᠪᠲᠠᠮᠵᠢ ᠶᠢᠨ ᠬᠡᠷᠡᠭᠯᠡᠯᠲᠡ    ᠭᠠᠷ ᠤᠨ ᠠᠶ᠎ᠠ ᠪᠠᠷ ᠮᠡᠳᠡᠭᠦᠯᠬᠦ    ᠰᠠᠶᠢᠨ ᠳᠤᠷ᠎ᠠ ᠠᠴᠠ ᠪᠠᠨ ᠡᠯᠰᠡᠬᠦ  
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号