ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/10
    ᠬᠢᠩᠭᠠᠨ  ᠵᠠᠬᠢᠷᠭ᠎ᠠ ᠦᠰᠦᠭᠳᠦ〔2021〕48 ᠳ᠋ᠤᠭᠠᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠪᠥᠬᠦ ᠣᠷᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠴᠢᠮ ᠮᠡᠳᠡᠭᠳᠡᠯ︾ ︵ᠥᠪᠥᠷ ᠵᠠᠰᠠᠭ ᠠᠯᠪᠠᠨ ᠴᠠᠬᠢᠯᠭᠠᠨ ︹ 2021 ︺ 11 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠶᠢᠮᠠᠭ ᠤᠨ ᠵᠠᠬᠢᠷᠭ᠎ᠠ ᠠᠴᠠ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃    ᠨᠢᠭᠡ᠂ ᠪᠦᠷᠢᠯᠳᠦᠬᠦᠨ   ᠳᠤᠭᠤᠶᠢᠯᠠᠩ ᠤᠨ ᠳᠠᠷᠤᠭ᠎ᠠ᠄ ᠵᠢᠶᠠᠩ ᠲᠢᠶᠠᠨ ᠬᠡᠦ  ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠵᠠᠬᠢᠷᠭ᠎ᠠ ᠶᠢᠨ  ᠳᠡᠳ᠋  ᠳᠠᠷᠤᠭ᠎ᠠ   ᠳᠤᠭᠤᠶᠢᠯᠠᠩ ᠤᠨ ᠳᠡᠳ᠋ ᠳᠠᠷᠤᠭ᠎ᠠ᠄ ᠾᠧ ᠸᠧᠶ ᠯᠢ   ᠠᠶᠢᠮᠠᠭ ᠤᠨ ᠵᠠᠬᠢᠷᠭ᠎ᠠ ᠶᠢᠨ ᠳᠡᠳ᠋  ᠳᠠᠷᠤᠭ᠎ᠠ ᠯᠢᠦ ᠮᠢᠨ   ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ    ᠪᠦᠷᠢᠯᠳᠦᠬᠦᠨ᠄ ᠶᠧ ᠮᠢᠩ   ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠡᠳ᠋  ᠳᠠᠷᠤᠭ᠎ᠠ   ᠭᠦ᠋ ᠯᠢ ᠮᠢᠨ    ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ   ᠯᠢ ᠶᠠᠨ   ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ   ᠵᠢᠶ ᠬᠤᠩ ᠮᠧᠶ   ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠳᠠᠷᠤᠭ᠎ᠠ   ᠸᠠᠩ ᠹᠦ᠋ ᠱᠦᠨ  ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠳᠠᠷᠤᠭ᠎ᠠ   ᠰᠦᠩ ᠰᠢᠩ ᠾᠧ   ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ   ᠯᠢ ᠰᠢᠶᠤᠤ ᠭᠤᠸᠠᠩ   ᠠᠶᠢᠮᠠᠭ ᠤᠨ ᠵᠠᠮ ᠬᠠᠷᠢᠯᠴᠠᠭᠠᠨ ᠤ ᠲᠣᠪᠴᠢᠶᠠᠨ  ᠳᠠᠷᠤᠭ᠎ᠠ   ᠰᠦᠩ ᠬᠤᠩ ᠰᠢᠨ    ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ  ᠳᠠᠷᠤᠭ᠎ᠠ   ᠸᠧᠶ ᠳ᠋ᠡ ᠶᠦᠩ   ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠡᠨᠧᠷᠭᠢ ᠶᠢᠨ ᠲᠣᠪᠴᠢᠶᠠᠨ ᠳᠠᠷᠤᠭ᠎ᠠ   ᠵᠢᠶ ᠴᠢᠩ ᠯᠦ   ᠠᠶᠢᠮᠠᠭ ᠤᠨ ᠲᠠᠷᠢᠶᠠᠯᠠᠩ ᠤᠨ ᠠᠳᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ   ᠯᠢ ᠰᠢᠶᠤᠤ ᠹᠸᠢ    ᠪᠠᠶᠢᠴᠧᠩ ᠬᠤᠳᠠ ᠶᠢᠨ ᠲᠡᠷᠭᠡᠨ ᠤ ᠶᠠᠪᠤᠳᠠᠯ ᠤᠨ ᠬᠡᠰᠡᠭ ᠤᠨ ᠤᠯᠠᠭᠠᠨᠬᠤᠲᠠ ᠶᠢᠨ ᠬᠤᠶᠢᠲᠤ ᠦᠷᠳᠡᠭᠡ ᠶᠢᠨ ᠳᠠᠷᠤᠭ᠎ᠠ   ᠯᠢᠦ ᠢᠦᠢ  ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ  ᠳᠠᠷᠤᠭ᠎ᠠ   ᠸᠠᠩ ᠰᠢᠶᠤᠤ ᠬᠤᠸᠠᠨ   ᠷᠠᠰᠢᠶᠠᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ   ᠴᠢ ᠯᠢᠨ   ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ   ᠸᠠᠩ ᠯᠢ ᠳ᠋ᠦᠩ   ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠣᠷᠣᠯᠠᠭᠴᠢ ᠬᠤᠰᠢᠭᠤᠨ ᠳᠠᠷᠤᠭ᠎ᠠ   ᠸᠠᠩ ᠶᠦᠩ ᠵᠢᠶᠠ   ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ   ᠸᠠᠩ ᠬᠠᠶ ᠢᠩ   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ   ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠥ᠋ ᠯᠢ ᠮᠢᠨ ᠨᠥᠬᠦᠷ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠸᠧᠶ ᠳ᠋ᠡ ᠶᠦᠩ ᠨᠥᠬᠦᠷ ᠬᠠᠪᠰᠤᠷᠭᠠᠨ ᠬᠠᠷᠢᠭᠤᠴᠠᠨ᠎ᠠ᠃ ᠠᠯᠪᠠᠨ ᠬᠡᠷ ᠲᠤ ᠠᠵᠢᠯ ᠤᠨ ᠲᠤᠰᠬᠠᠶ ᠠᠩᠭᠢ ᠭᠠᠷᠭᠠᠵᠤ᠂ ᠪᠦᠷᠢᠯᠳᠦᠬᠦᠨ ᠨᠢ ᠳᠣᠤᠷᠠᠬᠢ ᠮᠡᠲᠦ᠄     ︵ᠨᠢᠭᠡ︶ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ   ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠨ᠎ᠡ᠃   ᠡᠭᠦᠨ ᠳᠤ ᠭᠤᠤᠯᠳᠠᠭᠤ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠠᠵᠢᠯ ᠤᠨ ᠡᠭᠦᠷᠭᠡ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠲᠠᠩᠰᠠ ᠡᠪᠬᠡᠮᠡᠯ ᠳᠤ ᠣᠷᠣᠭᠤᠯᠬᠤ᠂ ᠬᠤᠷᠠᠯ ᠵᠢᠴᠢ ᠬᠤᠷᠠᠯ ᠤᠨ ᠲᠡᠮᠳᠡᠭᠯᠡᠯ ᠢ ᠳᠠᠭᠠᠭᠠᠨ  ᠭᠦᠢᠴᠡᠳᠭᠡᠬᠦ  ᠂ ᠮᠡᠳᠡᠭᠡ ᠵᠠᠩᠭᠢ ᠶᠢᠨ ᠲᠤᠰᠬᠠᠶ ᠮᠡᠳᠡᠭᠦᠯᠦᠯᠲᠡ ᠲᠤᠭᠤᠷᠪᠢᠬᠤ ᠵᠢᠴᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠲᠤᠰᠢᠶᠠᠨ ᠰᠢᠢᠳᠪᠦᠷᠢᠯᠡᠭᠦᠯᠦᠭᠰᠡᠨ  ᠪᠤᠰᠤᠳ ᠠᠵᠢᠯ ᠤᠨ ᠡᠭᠦᠷᠭᠡ ᠶᠢ ᠰᠢᠯᠵᠢᠭᠦᠯᠦᠨ  ᠭᠦᠢᠴᠡᠳᠭᠡᠬᠦ ᠶᠢ ᠬᠠᠷᠢᠭᠤᠴᠠᠨ᠎ᠠ᠃    ︵ᠬᠤᠶᠠᠷ︶ ᠠᠵᠢᠯ ᠢ ᠠᠬᠢᠭᠤᠯᠬᠤ ᠳᠤᠭᠤᠶᠢᠯᠠᠩ    ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠡᠭᠦᠷᠡᠰᠦᠨ ᠤ ᠰᠠᠯᠠᠭ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠢᠴᠢ ᠪᠠᠶ ᠴᠧᠩ ᠤᠨ ᠮᠠᠰᠢᠨ ᠲᠡᠷᠭᠡᠨ ᠤ ᠶᠠᠪᠤᠳᠠᠯ ᠤᠨ ᠬᠡᠰᠡᠭ ᠤᠨ ᠤᠯᠠᠭᠠᠨᠬᠤᠲᠠ ᠶᠢᠨ ᠬᠤᠶᠢᠲᠤ ᠥᠷᠲᠡᠭᠡ ᠶᠢᠨ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠪᠡ᠃    ᠡᠭᠦᠨ ᠳᠤ ᠭᠤᠣᠯᠳᠠᠭᠤ ᠡᠯ᠎ᠡ ᠬᠤᠰᠢᠭᠤ ᠰᠢᠶᠠᠨ ᠬᠤᠲᠠ ᠶᠢᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠣᠳᠠᠲᠠᠶ ᠪᠠᠶᠢᠳᠠᠯ ᠢ ᠪᠠᠶᠢᠴᠠᠭᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠵᠢᠴᠢ ᠰᠢᠯᠢ ᠶᠢᠨ ᠭᠤᠤᠯ ᠠᠶᠢᠮᠠᠭ᠂ ᠬᠥᠯᠥᠨ ᠪᠤᠶᠢᠷ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠡᠭᠦᠷᠡᠰᠦ ᠬᠠᠩᠭᠠᠬᠤ ᠠᠵᠤ ᠠᠬᠤᠶᠢᠯᠠᠯ ᠤᠨ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠣᠳᠠᠲᠠᠶ ᠠᠵᠢᠯ ᠢ ᠠᠬᠢᠭᠤᠯᠬᠤ ᠲᠠᠢ ᠵᠣᠯᠭᠠᠭᠤᠯᠵᠤ᠂ ᠠᠶᠢᠮᠠᠭ ᠤᠨ ᠳᠣᠲᠣᠷᠠᠬᠢ ᠨᠡᠭᠦᠷᠡᠰᠦ ᠪᠣᠷᠣᠯᠠᠭᠤᠯᠬᠤ ᠲᠣᠤᠷ ᠴᠢᠬ ᠢ ᠨᠠᠶᠢᠳᠠᠪᠤᠷᠢᠵᠢᠭᠤᠯᠤᠨ᠂ ᠪᠠᠷᠠᠭᠠᠨ ᠤ ᠭᠦᠶ᠋ᠯᠭᠡᠭᠡᠨ ᠤ ᠳᠣᠭᠢᠷᠠᠭᠤᠯᠤᠨ ᠬᠦᠷᠭᠡᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠵᠢᠴᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠵᠣᠬᠢᠴᠠᠭᠤᠯᠤᠨ ᠰᠠᠶᠢᠲᠤᠷ ᠬᠢᠨ᠎ᠠ᠃    ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠵᠢᠯᠣᠭᠤᠳᠬᠤ ᠳᠤᠭᠤᠶᠢᠯᠠᠩ    ᠠᠶᠢᠮᠠᠭ ᠤᠨ ᠵᠠᠬᠢᠷᠭ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠪᠡ᠃ ᠡᠭᠦᠨ ᠳᠤ ᠭᠤᠣᠯᠳᠠᠭᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢ ᠰᠢᠪᠠᠳᠠᠨ ᠪᠠᠶᠢᠴᠠᠭᠠᠵᠤ ᠬᠢᠨᠠᠨ ᠵᠢᠯᠣᠭᠤᠳᠬᠤ ᠶᠢ ᠬᠠᠷᠢᠭᠤᠴᠠᠨ᠎ᠠ᠃ ᠡᠯ᠎ᠡ ᠭᠠᠵᠠᠷ ᠤᠨ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠵᠢᠯᠣᠭᠤᠳᠴᠤ ᠬᠤᠷᠢᠶᠠᠩᠭᠤᠶᠢᠯᠠᠨ᠂ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠨᠡᠪᠲᠡᠷᠡᠭᠦᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠳᠤ ᠭᠠᠷᠠᠭ ᠤᠨ ᠲᠣᠬᠢᠷᠠᠭᠤᠯᠤᠯᠲᠠ ᠬᠢᠵᠦ᠂ ᠡᠯ᠎ᠡ ᠨᠡᠭᠦᠷᠡᠰᠦ ᠪᠣᠷᠣᠯᠠᠭᠤᠯᠬᠤ ᠲᠣᠤᠷ ᠴᠢᠬ ᠲᠤ ᠡᠳᠦᠷ ᠤᠨ ᠲᠣᠬᠢᠷᠠᠭᠤᠯᠤᠯᠲᠠ ᠬᠢᠬᠦ ᠵᠢᠴᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠭᠦᠶ᠋ᠴᠡᠳᠬᠡᠨ᠎ᠡ᠃   ᠬᠤᠶᠠᠷ᠂ ᠭᠤᠣᠯ ᠡᠭᠦᠷᠭᠡ ᠬᠢᠭᠡᠳ ᠱᠠᠭᠠᠷᠳᠠᠯᠭ᠎ᠠ    ︵ᠨᠢᠭᠡ︶ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠬᠢᠨᠠᠮᠠᠭᠠᠶ ᠲᠤᠤᠱᠯᠠᠭᠤᠯᠵᠤ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠣᠳᠣᠬᠠᠨ ᠤ ᠠᠷᠠᠳ ᠤᠨ ᠠᠮᠢᠳᠤᠷᠠᠯ ᠤᠨ ᠬᠠᠮᠤᠭ ᠤᠨ ᠲᠣᠮᠣ ᠢᠨᠵᠧᠨᠧᠷᠢᠩ ᠪᠣᠯᠭᠠᠨ ᠰᠠᠶᠢᠲᠤᠷ ᠠᠳᠬᠤᠵᠤ ᠪᠣᠳᠠᠲᠠᠶ ᠠᠳᠬᠤᠵᠤ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠰᠢᠲᠠᠭᠠᠬᠤ᠂ ᠬᠤᠳᠠᠯᠳᠤᠨ ᠠᠪᠴᠤ ᠳᠡᠶᠢᠯᠬᠦ ᠶᠢ ᠦᠨᠡᠨᠬᠦ ᠪᠠᠲᠤᠯᠠᠵᠤ᠂ ᠮᠠᠯᠴᠢᠨ ᠲᠠᠷᠢᠶᠠᠴᠢᠨ ᠢ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠬᠡᠷᠡᠭᠲᠡᠶ᠃     ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠭᠡᠷ ᠡᠯ᠎ᠡ ᠬᠤᠰᠢᠭᠤ ᠰᠢᠶᠠᠨ ᠬᠤᠲᠠ ᠶᠢᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠵᠢᠴᠢ ᠰᠢᠯᠢ ᠶᠢᠨ ᠭᠤᠤᠯ ᠠᠶᠢᠮᠠᠭ᠂ ᠬᠥᠯᠥᠨ ᠪᠤᠶᠢᠷ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠡᠭᠦᠷᠡᠰᠦ ᠬᠠᠩᠭᠠᠬᠤ ᠠᠵᠤ ᠠᠬᠤᠶᠢᠯᠠᠯ ᠲᠠᠢ ᠢᠳᠡᠪᠬᠢᠲᠡᠶ ᠪᠠᠷ ᠵᠣᠯᠭᠠᠭᠤᠯᠵᠤ᠂ ᠮᠠᠨ ᠤ ᠠᠶᠢᠮᠠᠭ ᠤᠨ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠦᠨ᠎ᠡ ᠶᠢ 2020 ᠣᠨ ᠤ 10 ᠳ᠋ᠤᠭᠠᠷ ᠰᠠᠷ᠎ᠠ ᠶᠢᠨ ᠰᠡᠭᠦᠯᠴᠢ ᠶᠢᠨ ᠠᠭᠤᠷᠬᠠᠶ ᠶᠢᠨ ᠠᠮᠠᠰᠠᠷ ᠤᠨ ᠦᠨ᠎ᠡ ᠶᠢᠨ ᠰᠠᠭᠤᠷᠢᠨ ᠳᠡᠭᠡᠷ᠎ᠡ 20% ᠠᠴᠠ ᠬᠡᠲᠦᠷᠡᠭᠦᠯᠬᠦ ᠥᠬᠡᠶ ᠪᠠᠶᠢᠯᠭᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠬᠠᠩᠭᠠᠬᠤ ᠬᠡᠷᠡᠭᠰᠡᠬᠦ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠪᠰᠤᠷᠤᠯᠴᠠᠵᠤ ᠪᠠᠶᠢᠭᠠᠳ ᠨᠡᠭᠦᠷᠡᠰᠦ ᠬᠡᠷᠡᠭᠯᠡᠬᠦ ᠪᠣᠳᠠᠲᠠᠶ ᠵᠦᠶ᠋ᠯᠡᠰ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠪᠥᠬᠦ ᠶᠠᠪᠤᠴᠠ ᠪᠠᠷ ᠬᠢᠨᠠᠯᠲᠠ ᠲᠠᠯᠪᠢᠵᠤ᠂ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠣᠷᠣᠯᠠᠭᠤᠯᠭ᠎ᠠ ᠶᠢᠨ ᠡᠬᠡ ᠲᠠᠩᠰᠠ ᠶᠢ ᠪᠠᠶᠢᠭᠤᠯᠤᠨ᠂ ᠮᠥᠷᠳᠡᠨ ᠦᠷ᠎ᠡ ᠪᠦᠲᠦᠮᠵᠢ ᠶᠢ ᠠᠰᠠᠭᠤᠬᠤ᠂ ᠰᠢᠮᠳᠠᠭᠤᠯᠤᠨ ᠪᠠᠶᠢᠴᠠᠭᠠᠵᠤ ᠬᠢᠨᠠᠨ ᠵᠢᠯᠣᠭᠤᠳᠬᠤ ᠶᠢ ᠴᠢᠩᠭᠠᠷᠠᠭᠤᠯᠵᠤ᠂ ᠴᠠᠭ ᠲᠤᠬᠠᠶ ᠳᠤᠨᠢ ᠮᠥᠷᠳᠡᠨ ᠬᠢᠨᠠᠯᠲᠠ ᠲᠠᠯᠪᠢᠵᠤ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠶ᠃    ︵ᠭᠤᠷᠪᠠ︶ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠤᠭ ᠲᠡᠷᠢᠭᠦᠨ ᠳᠤ ᠦᠨᠡᠨᠬᠦ ᠶᠠᠪᠤᠭᠳᠠᠭᠤᠰᠢᠲᠠᠶ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠲᠤᠰᠬᠠᠶ ᠬᠥᠮᠦᠨ ᠢᠶᠠᠷ ᠠᠶᠢᠮᠠᠭ ᠤᠨ ᠤᠳᠤᠷᠢᠳᠬᠤ ᠳᠤᠭᠤᠶᠢᠯᠠᠩ ᠲᠠᠢ ᠵᠣᠯᠭᠠᠭᠤᠯᠵᠤ ᠨᠡᠪᠲᠡᠷᠡᠯᠴᠡᠬᠦ ᠶᠢ ᠬᠠᠷᠢᠭᠤᠴᠠᠭᠤᠯᠬᠤ ᠪᠠᠷ ᠲᠣᠳᠣᠷᠬᠠᠶ ᠲᠣᠭᠲᠠᠭᠠᠵᠤ᠂ ᠲᠤᠰ ᠭᠠᠵᠠᠷ ᠤᠨ ᠲᠠᠷᠢᠶᠠᠴᠢᠨ ᠮᠠᠯᠴᠢᠳ  ᠤᠨ ᠡᠪᠦᠯ ᠤᠨ ᠤᠯᠠᠷᠢᠯ  ᠤᠨ ᠳᠤᠯᠠᠭᠠᠯᠠᠯᠭ᠎ᠠ ᠲᠤ ᠬᠡᠷᠡᠭᠯᠡᠬᠦ ᠨᠡᠭᠦᠷᠡᠰᠦᠨ  ᠤ ᠪᠣᠳᠠᠲᠤ ᠪᠠᠶᠢᠳᠠᠯ  ᠢ ᠴᠠᠭ ᠲᠤᠬᠠᠶ  ᠲᠤᠨᠢ ᠣᠨᠣᠪᠴᠢᠲᠠᠶ ᠬᠠᠩᠭᠠᠵᠤ᠂ ᠦᠨᠡᠨᠴᠢ ᠢᠲᠡᠭᠡᠮᠵᠢᠲᠡᠶ᠂ ᠨᠠᠶᠢᠳᠠᠪᠤᠷᠢᠲᠠᠶ ᠨᠡᠭᠦᠷᠡᠰᠦ ᠪᠣᠷᠣᠯᠠᠭᠤᠯᠬᠤ ᠲᠣᠣᠷ ᠴᠢᠬ ᠢ ᠨᠠᠶᠢᠳᠠᠪᠤᠷᠢᠵᠢᠭᠤᠯᠤᠨ᠂ ᠲᠡᠭᠡᠭᠡᠪᠦᠷᠢᠯᠡᠬᠦ ᠵᠠᠮ ᠮᠥᠷ ᠢ ᠰᠠᠭᠠᠳ ᠥᠭᠡᠢ ᠨᠡᠪᠲᠡᠷᠡᠭᠦᠯᠵᠦ᠂ ᠰᠠᠷᠢᠭᠠᠯᠠᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠥᠢᠯᠡ ᠠᠵᠢᠯᠯᠠᠭ᠎ᠠ  ᠲᠤ ᠡᠷᠡᠰ ᠴᠣᠬᠢᠯᠲᠠ ᠥᠭᠴᠦ᠂ ᠨᠡᠭᠦᠷᠡᠰᠦ ᠪᠣᠷᠣᠯᠠᠭᠤᠯᠬᠤ ᠲᠣᠣᠷ ᠴᠢᠬ ᠟ ᠢ ᠰᠢᠮᠳᠠᠭᠤᠯᠵᠤ ᠪᠠᠶᠢᠭᠠᠳ ᠪᠣᠷᠣᠯᠠᠭᠤᠯᠬᠤ ᠨᠡᠭᠦᠷᠡᠰᠦᠨ ᠤ ᠬᠡᠮᠵᠢᠶ᠎ᠡ ᠪᠠᠨ ᠵᠦᠢ ᠵᠣᠬᠢᠰᠲᠠᠶ ᠲᠣᠬᠢᠷᠠᠭᠤᠯᠵᠤ᠂ ᠲᠠᠷᠢᠶᠠᠴᠢᠨ ᠮᠠᠯᠴᠢᠳ  ᠤᠨ ᠡᠪᠦᠯ  ᠤᠨ ᠤᠯᠠᠷᠢᠯ  ᠤᠨ ᠳᠤᠯᠠᠭᠠᠯᠠᠯᠭ᠎ᠠ ᠲᠤ ᠬᠡᠷᠡᠭᠯᠡᠬᠦ ᠨᠡᠭᠦᠷᠡᠰᠦ ᠶᠢ ᠵᠠᠷᠴᠢᠮ ᠳᠡᠭᠡᠷ᠎ᠡ ᠪᠠᠨ ᠡᠷᠥᠭᠡ ᠪᠦᠷᠢ  ᠲᠤ 2 ᠲᠣᠨ ᠠᠴᠠ ᠳᠤᠲᠠᠭᠤ ᠥᠭᠡᠢ ᠪᠠᠶᠢᠯᠭᠠᠬᠤ ᠶᠢ ᠦᠨᠡᠨᠬᠦ ᠪᠠᠲᠤᠯᠠᠨ᠎ᠠ᠃    ᠡᠭᠦᠨ ᠠᠴᠠ ᠬᠤᠶᠢᠰᠢᠳᠠ᠂ ᠠᠶᠢᠮᠠᠭ ᠤᠨ ᠤᠳᠤᠷᠢᠳᠤᠯᠭ᠎ᠠ ᠠᠴᠠ ᠪᠤᠰᠤᠳ  ᠨᠡᠷᠡᠰ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠲᠣᠬᠢᠷᠠᠭᠤᠯᠤᠯᠲᠠ ᠬᠢᠵᠦ᠂ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ᠳᠠᠭᠢᠵᠤ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠃                           2021 ᠣᠨ ᠤ 11 ᠰᠠᠷ᠎ᠠ ᠶᠢᠨ 3  ᠤ ᠡᠳᠦᠷ
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号