ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ ᠴᠠᠷᠠᠰᠤᠨ ᠪᠠᠯᠭᠠᠰᠤᠨ ᠤ ᠱᠦᠢᠴᠢᠤᠸᠠᠨ ᠭᠠᠴᠠᠭᠠᠨ ᠤ | ᠳᠡᠵᠢᠭᠡᠪᠦᠷᠢ ᠶᠢᠨ ᠡᠷᠦᠬᠡ ᠤᠳ ᠶᠡᠭᠡ ᠬᠡᠮᠵᠢᠶ᠎ᠡ ᠪᠠᠷ ᠳᠡᠵᠢᠭᠡᠯ ᠪᠤᠷᠳᠤᠭ᠎ᠠ ᠬᠡᠷᠡᠭᠰᠡᠳᠡᠭ᠃ ᠱᠦᠢᠴᠢᠤᠸᠠᠨ | ᠭᠠᠴᠠᠭᠠᠨ ᠤ ᠳᠠᠷᠢᠶᠠᠴᠢᠨ ᠵᠠᠩ ᠼᠠᠢ ᠰᠢᠶᠠ ᠡᠨᠡ ᠬᠦ ᠬᠤᠳᠠᠯᠳᠤᠭᠠᠨ ᠤ ᠠᠵᠠ ᠳᠤᠬᠢᠶᠠᠯ ᠢ ᠠᠰᠢᠭᠯᠠᠵᠤ᠂ ᠳᠡᠵᠢᠭᠡᠯ | ᠪᠤᠷᠳᠤᠭ᠎ᠠ ᠤᠷᠤᠯᠠᠨ ᠪᠤᠷᠤᠯᠠᠭᠤᠯᠤᠭᠠᠳ ᠦᠪᠡᠷ ᠤᠨ ᠬᠡᠷ ᠤᠨ ᠢᠶᠠᠨ ᠬᠡᠷᠡᠭᠰᠡᠬᠦ ᠳᠡᠵᠢᠭᠡᠯ ᠪᠤᠷᠳᠤᠭᠠᠨ ᠤ | ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠬᠠᠤ ᠦᠭᠡᠢ ᠡᠷᠭᠢᠨ ᠳᠤᠭᠤᠷᠢᠨ ᠤ ᠳᠡᠵᠢᠭᠡᠪᠦᠷᠢ ᠶᠢᠨ ᠡᠷᠦᠬᠡ ᠳᠤ | ᠳᠦᠭᠦᠮ ᠦᠵᠡᠭᠦᠯᠪᠡ᠃ | ᠵᠠᠩ ᠼᠠᠢ ᠰᠢᠶᠠ ᠶᠢᠨ ᠬᠢᠨ 400 ᠭᠠᠷᠤᠢ ᠬᠤᠨᠢ ᠳᠡᠵᠢᠭᠡᠵᠤ᠂ ᠳᠡᠵᠢᠭᠡᠯ ᠪᠤᠷᠳᠤᠭ᠎ᠠ ᠬᠤᠳᠠᠯᠳᠤᠨ ᠠᠪᠬᠤ | ᠪᠦᠷᠢ ᠵᠠᠮ ᠬᠤᠯᠠ᠂ ᠳᠡᠵᠢᠭᠡᠯ ᠪᠤᠷᠳᠤᠭ᠎ᠠ ᠶᠢᠨ ᠴᠢᠨᠠᠷ ᠴᠢᠨᠰᠠᠭ᠎ᠠ᠂ ᠦᠨ᠎ᠠ ᠬᠠᠩᠰᠢ ᠶᠢᠨ ᠳᠤᠭᠳᠠᠪᠤᠷᠢ ᠦᠭᠡᠢ | ᠵᠡᠷᠭᠡ ᠨᠢ ᠳᠡᠭᠦᠨ ᠢ ᠵᠤᠪᠠᠭᠠᠵᠤ᠂ ᠬᠤᠨᠢ ᠦᠬᠡᠷ ᠤᠨ ᠳᠠᠷᠭᠤ ᠠᠪᠬᠤ ᠶᠢ ᠬᠠᠷᠰᠢᠯᠠᠵᠤ ᠪᠠᠶᠢᠪᠠ᠃ ᠨᠢᠳᠤᠨᠤᠨ | ᠵᠢᠯ ᠤᠨ 5 ᠰᠠᠷ᠎ᠠ ᠳᠤ᠂ ᠵᠠᠩ ᠼᠠᠢ ᠰᠢᠶᠠ ᠦᠪᠡᠷ ᠤᠨ ᠬᠤᠨᠢᠨ ᠳᠤ ᠪᠠᠨ ᠢᠳᠡᠭᠦᠯᠵᠤ ᠪᠠᠶᠢᠭ᠎ᠠ ᠳᠡᠵᠢᠭᠡᠯ | ᠪᠤᠷᠳᠤᠭ᠎ᠠ ᠨᠢ ᠴᠢᠨᠠᠷ ᠰᠠᠶᠢᠳᠠᠢ ᠠᠴᠠ ᠤᠷᠤᠯᠠᠨ ᠪᠤᠷᠤᠯᠠᠭᠤᠯᠭ᠎ᠠ ᠬᠢᠬᠦ ᠳᠤ ᠶᠡᠳᠡᠷᠡᠯᠳᠡᠢ ᠪᠤᠯᠪᠠᠴᠤ ᠪᠠᠷᠠᠭᠠᠨ ᠤ | ᠢᠷᠡᠯᠳᠡ ᠶᠢᠨ ᠳᠤᠭᠳᠠᠭᠤᠨ ᠢ ᠪᠠᠳᠤᠯᠠᠬᠤ ᠮᠦᠷᠳᠡᠭᠡᠨ ᠡᠷᠭᠢᠨ ᠳᠤᠭᠤᠷᠢᠨ ᠤ ᠳᠡᠵᠢᠭᠡᠪᠦᠷᠢ ᠶᠢᠨ ᠡᠷᠦᠬᠡ | ᠤᠢᠢᠷᠠᠯᠴᠠᠭ᠎ᠠ ᠭᠠᠵᠠᠷ ᠠᠴᠠ ᠪᠠᠨ ᠳᠡᠵᠢᠭᠡᠯ ᠪᠤᠷᠳᠤᠭ᠎ᠠ ᠬᠤᠳᠠᠯᠳᠤᠨ ᠠᠪᠬᠤ ᠪᠤᠯᠤᠨ᠎ᠠ ᠭᠡᠵᠤ ᠳᠡᠵᠢᠭᠡᠯ | ᠪᠤᠷᠳᠤᠭ᠎ᠠ ᠶᠢᠨ ᠤᠷᠤᠯᠠᠨ ᠪᠤᠷᠤᠯᠠᠭᠤᠯᠭ᠎ᠠ ᠬᠢᠪᠡ᠃ ︽ᠮᠠᠨ ᠤ ᠬᠢᠨ 10 ᠭᠠᠷᠤᠢ ᠮᠠᠯ ᠳᠡᠵᠢᠭᠡᠵᠤ᠂ | ᠦᠩᠭᠡᠷᠡᠭᠰᠡᠨ ᠳᠤ ᠳᠡᠵᠢᠭᠡᠯ ᠪᠤᠷᠳᠤᠭ᠎ᠠ ᠪᠠᠨ ᠪᠠᠯᠭᠠᠰᠤᠨ ᠳᠤ ᠬᠦᠷᠴᠤ ᠬᠤᠳᠠᠯᠳᠤᠨ ᠠᠪᠴᠢᠷᠠᠳᠠᠭ᠂ ᠦᠪᠡᠷ ᠢᠶᠠᠨ | ᠳᠡᠷᠭᠡ ᠬᠦᠰᠭᠡ ᠦᠭᠡᠢ ᠠᠴᠠ ᠳᠦᠢᠯ ᠢᠶᠠᠷ ᠳᠦᠭᠦᠮ ᠦᠭᠡᠢ ᠪᠠᠶᠢᠵᠠᠢ᠂ ᠤᠳᠤ ᠭᠠᠴᠠᠭᠠᠨ ᠳᠤ ᠳᠡᠵᠢᠭᠡᠯ | ᠪᠤᠷᠳᠤᠭ᠎ᠠ ᠶᠢᠨ ᠤᠷᠤᠯᠠᠨ ᠪᠤᠷᠤᠯᠠᠭᠤᠯᠤᠭᠴᠢ ᠲᠠᠢ ᠪᠤᠯᠤᠭᠰᠠᠨ ᠠᠴᠠ ᠳ᠋ᠢᠶᠠᠩᠬᠤᠸᠠ ᠴᠤᠬᠢᠭᠰᠠᠭᠠᠷ ᠳᠡᠷᠡ | ᠳᠠᠷᠤᠢ ᠳᠤ ᠨᠢ ᠭᠡᠷ ᠲᠤ ᠬᠦᠷᠭᠡᠨ ᠢᠷᠡᠳᠡᠭ︾ ᠭᠡᠵᠤ ᠱᠦᠢᠴᠢᠤᠸᠠᠨ ᠭᠠᠴᠠᠭᠠᠨ ᠤ ᠳᠡᠵᠢᠭᠡᠪᠦᠷᠢ ᠶᠢᠨ ᠡᠷᠦᠬᠡ ᠤᠥ | ᠳ᠋ᠠᠢ ᠵᠤ᠋ ᠪᠠᠶᠠᠷᠯᠠᠨ᠎ᠠ᠃ | ᠵᠠᠩ ᠼᠠᠢ ᠰᠢᠶᠠ ᠳᠡᠵᠢᠭᠡᠯ ᠪᠤᠷᠳᠤᠭ᠎ᠠ ᠶᠢᠨ ᠬᠦᠮᠦᠷᠭᠡ ᠳᠤ ᠪᠠᠨ 200 ᠳᠤᠨ ᠳᠡᠵᠢᠭᠡᠯ ᠪᠤᠷᠳᠤᠭ᠎ᠠ | ᠬᠠᠳᠠᠭᠠᠯᠠᠵᠤ᠂ ᠰᠠᠷ᠎ᠠ ᠪᠦᠷᠢ ᠵᠦᠪᠬᠡᠨ ᠳᠡᠵᠢᠭᠡᠯ ᠪᠤᠷᠳᠤᠭ᠎ᠠ ᠬᠤᠳᠠᠯᠳᠤᠬᠤ ᠤᠷᠤᠯᠭ᠎ᠠ ᠨᠢ 1 ᠲᠦᠮᠡᠨ | ᠲᠦᠭᠦᠷᠢᠭ ᠲᠤ ᠳᠤᠯᠵᠤ ᠪᠤᠢ᠃ ᠤᠳᠤ ᠳᠡᠷᠡ ᠡᠳᠦᠷ ᠪᠦᠷᠢ ᠳᠡᠵᠢᠭᠡᠯ ᠪᠤᠷᠳᠤᠭ᠎ᠠ ᠳᠡᠭᠡᠭᠡᠪᠦᠷᠢᠯᠡᠬᠦ᠂ | ᠳᠡᠵᠢᠭᠡᠪᠦᠷ ᠶᠢᠨ ᠡᠷᠦᠬᠡ ᠲᠠᠢ ᠬᠠᠷᠢᠯᠴᠠᠬᠤ᠂ ᠵᠠᠬᠢᠶᠠᠯᠠᠭ᠎ᠠ ᠳᠤᠰᠬᠤ ᠵᠡᠷᠭᠡ ᠠᠵᠢᠯ ᠳᠤ ᠶᠠᠭᠠᠷᠠᠵᠤ᠂ ᠠᠵᠠ | ᠳᠤᠬᠢᠶᠠᠯ ᠢ ᠠᠮᠵᠢᠨ ᠤᠷᠤᠯᠭ᠎ᠠ ᠪᠠᠨ ᠨᠡᠮᠡᠭᠳᠡᠭᠦᠯᠦᠭᠡᠳ ᠰᠡᠳᠭᠢᠯ ᠪᠠᠶᠠᠰᠤᠯᠳᠡᠢ ᠠᠵᠢᠯᠯᠠᠨ᠎ᠠ ᠪᠢᠯᠡ᠃ ᠬᠠᠨ | ᠱᠤᠸᠠᠩ ᠯᠦᠩ ᠮᠡᠳᠡᠭᠡᠯᠡᠪᠡ |