ᠭᠡᠭᠡᠨᠰᠦ᠋ᠮ᠎ᠠ ᠪᠠᠯᠭᠠᠰᠦ ᠤᠷᠴᠢᠨ ᠳᠤᠭᠤᠷᠢᠨ ᠢ ᠭᠤᠶᠤᠵᠢᠭᠤᠯᠬᠤ ᠠᠵᠢᠯ ᠢ ᠯᠠᠪᠳᠠᠭᠤᠨ ᠪᠠᠳᠤᠳᠠᠢ ᠦᠷᠨᠢᠬᠦᠯᠤᠨ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠠ
ᠨᠡᠶᠢᠲᠡᠯᠡᠭᠰᠡᠨ ᠴᠠᠭ᠄
2021/12/15
   ᠡᠨᠡ ᠵᠢᠯ ᠠᠴᠠ ᠨᠠᠭᠠᠰᠢ᠂ ᠤᠯᠠᠭᠠᠨᠬᠤᠳᠠ ᠶᠢᠨ ᠭᠡᠭᠡᠨᠰᠦ᠋ᠮ᠎ᠡ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠭᠤᠣᠯᠳᠠᠯᠭ᠎ᠠ ᠶᠢ ᠳᠣᠪᠤᠶᠢᠯᠭᠠᠨ᠂ ᠣᠯᠠᠨ ᠲᠦᠮᠡᠨ ᠢ ᠳᠠᠶᠢᠴᠢᠯᠠᠵᠤ᠂ ᠬᠤᠭ ᠨᠣᠪᠰᠢ ᠶᠢ ᠴᠡᠪᠡᠷᠯᠡᠬᠦ᠂ ᠵᠣᠷᠯᠣᠩ ᠤᠨ ᠦᠬᠡᠷᠡᠴᠢᠯᠡᠯᠳᠠ ᠬᠢᠬᠦ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠵᠡᠷᠭᠡ ᠪᠠᠷ ᠭᠤᠣᠯᠳᠠᠯᠭ᠎ᠠ ᠪᠣᠯᠭᠠᠵᠤ᠂ ᠴᠡᠪᠡᠷᠯᠡᠬᠦ᠂ ᠳᠠᠭᠠᠭᠠᠴᠢᠯᠠᠬᠤ᠂ ᠠᠮᠠᠯᠳᠠᠬᠤ᠂ ᠭᠡᠷ᠎ᠡ ᠲᠣᠭᠲᠠᠬᠤ᠂ ᠬᠠᠤᠯᠢ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠤᠷᠮᠠᠰᠢᠭᠤᠯᠤᠨ ᠵᠣᠷᠢᠭᠵᠢᠭᠤᠯᠬᠤ ︽ᠲᠤᠯᠤᠭᠠᠨ ᠵᠦᠢᠯ ᠤᠨ ᠠᠷᠭ᠎ᠠ ᠠᠪᠴᠠᠯ︾ ᠢᠶᠠᠷ ᠤᠷᠴᠢᠨ ᠳᠤᠭᠤᠷᠢᠨ ᠢ ᠭᠤᠶᠤᠵᠢᠭᠤᠯᠵᠤ᠂ ᠬᠦᠮᠦᠨ ᠠᠷᠠᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠤᠬᠰᠠᠨ ᠪᠠᠶᠢᠨ᠎ᠠ᠃   ᠤᠯᠠᠨ ᠲᠦᠮᠡᠨ ᠢ ᠳᠠᠶᠢᠴᠢᠯᠡᠨ ᠤᠷᠴᠢᠨ ᠳᠤᠭᠤᠷᠢᠨ ᠤ ᠭᠤᠶᠤᠵᠢᠭᠤᠯᠤᠯᠳᠠ ᠶᠢᠨ ᠠᠵᠢᠯ ᠢ ᠰᠠᠶᠢᠳᠤᠷ ᠬᠢᠪᠡ᠃ ᠤᠷᠤᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠱᠠᠭᠠᠷᠳᠠᠯᠭ᠎ᠠ ᠶᠣᠰᠣ ᠪᠠᠷ᠂ ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠤ ︽ᠤᠷᠤᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠴᠠᠭ᠎ᠠ ᠳᠤᠰᠬᠤᠨ ︵ᠨᠡᠶᠢᠭᠡᠮ ᠲᠣᠭᠤᠷᠢᠭ︶ ᠤ ᠨᠠᠮ ᠤᠨ ᠭᠡᠰᠢᠭᠦᠨ ᠺᠠᠳ᠋ᠷ᠂ ᠲᠣᠰᠬᠤᠨ ᠤ ᠠᠷᠠᠳ ᠤᠨ ᠲᠥᠯᠥᠭᠡᠯᠡᠭᠴᠢ᠂ ᠡᠩ ᠤᠨ ᠰᠠᠭᠤᠭᠠᠯᠢ ᠠᠷᠠᠳ ᠢ ᠳᠠᠶᠢᠴᠢᠯᠠᠨ ᠬᠠᠮᠲᠤ ᠪᠠᠷ ᠣᠷᠣᠯᠴᠠᠭᠤᠯᠵᠤ᠂ ᠵᠡᠭᠡᠯᠢ ᠭᠤᠳᠤᠮᠵᠢ᠂ ᠵᠠᠮ ᠤᠨ ᠬᠤᠶᠠᠷ ᠬᠠᠵᠠᠭᠤ᠂ ᠬᠡᠷ ᠤᠨ ᠢᠶᠠᠨ ᠡᠷᠬᠢᠨ ᠳᠤᠭᠤᠷᠢᠨ ᠢ ᠴᠡᠪᠡᠷᠯᠡᠨ ᠴᠡᠭᠴᠡᠯᠡᠵᠦ᠂ ᠨᠠᠷᠢᠨ ᠵᠦᠶ᠋ᠯᠡᠰ ᠠᠴᠠ ᠭᠠᠷᠳᠠᠨ᠂ ᠪᠥᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠦᠬᠰᠠᠨ ᠪᠠᠶᠢᠨ᠎ᠠ᠃   ᠴᠡᠭᠴᠡᠯᠡᠡ ᠴᠡᠪᠡᠷᠯᠡᠬᠦ ᠤᠷᠤᠨ ᠬᠤᠪᠢᠶᠠᠨ᠂ ᠠᠵᠢᠯ ᠢ ᠬᠦᠮᠦᠨ ᠪᠦᠬᠦᠨ ᠳᠤ ᠳᠠᠭᠠᠭᠠᠯᠭᠠᠨ ᠦᠭᠪᠡ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ᠂ ᠭᠡᠭᠡᠨᠰᠦ᠋ᠮ᠎ᠡ ᠪᠠᠯᠭᠠᠰᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠨᠠᠮ ᠤᠨ ᠭᠡᠰᠢᠭᠦᠨ ᠺᠠᠳ᠋ᠷ᠂ ᠭᠠᠴᠠᠭ᠎ᠠ ᠳᠤᠰᠬᠤᠨ ︵ᠨᠡᠶᠢᠭᠡᠮ ᠲᠣᠭᠤᠷᠢᠭ ︶ ᠤ ︽ᠬᠤᠶᠠᠷ ᠵᠥᠪᠯᠡᠯ︾ ᠤᠨ ᠭᠡᠰᠢᠬᠦᠳ᠂ ᠭᠠᠴᠠᠭᠠᠨ ᠤ ᠠᠷᠠᠳ ᠤᠨ ᠲᠥᠯᠥᠭᠡᠯᠡᠭᠴᠢ ᠵᠡᠷᠭᠡ ᠤᠳ ᠳᠠᠭᠠᠭᠠᠴᠢᠯᠠᠨ ᠠᠪᠤᠬᠰᠠᠨ ᠤᠷᠤᠨ ᠳᠤᠭᠤᠷᠢᠬ ᠤᠨ ᠲᠠᠷᠢᠶᠠᠴᠢᠨ ᠡᠷᠦᠬᠡ ᠶᠢᠨ ᠬᠡᠷ ᠢᠶᠠᠷ ᠭᠦᠨᠵᠡᠭᠡᠶᠢᠷᠡᠨ ᠤᠬᠠᠭᠤᠯᠭ᠎ᠠ ᠬᠢᠵᠤ᠂ ︽ᠨᠠᠮ ᠤᠨ ᠭᠡᠰᠢᠭᠦᠨ ᠺᠠᠳ᠋ᠷ ᠲᠦᠷᠦᠭᠦᠯᠡᠨ᠂ ᠰᠠᠶᠢᠨ ᠳᠤᠷᠠᠴᠤᠤᠯ ᠢᠳᠡᠪᠬᠢᠳᠠᠢ ᠬᠦᠳᠤᠯᠤᠯᠴᠠᠬᠦ︾ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠯᠠᠭᠤᠨ ᠥᠷᠨᠢᠯᠲᠡ ᠶᠢ ᠪᠣᠶ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠦᠨᠵᠡᠭᠡᠶᠢᠷᠡᠭᠦᠯᠦᠨ ᠠᠬᠢᠭᠤᠯᠪᠠ᠃   ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠠᠴᠠ ᠬᠠᠤᠯᠢ ᠭᠡᠷᠡᠭᠵᠢᠬᠦᠯᠤᠨ᠂ ᠬᠦᠳᠡᠭᠡ ᠳᠤᠰᠬᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠳᠤᠭᠤᠷᠢᠨ ᠢ ᠴᠡᠪᠡᠷᠯᠡᠬᠦ ᠠᠵᠢᠯ ᠳᠤ ᠬᠢᠨᠠᠯᠳᠠ ᠳᠠᠯᠪᠢᠵᠠᠢ᠃ ᠪᠠᠯᠭᠠᠰᠤᠨ ᠤ ᠬᠠᠮᠢᠶ᠎ᠠ ᠪᠦᠬᠦᠢ ᠬᠠᠤᠯᠢ ᠭᠡᠷᠡᠭᠵᠢᠬᠦᠯᠤᠨ ᠬᠢᠨᠠᠯᠳᠠ ᠳᠠᠯᠪᠢᠬᠤ ᠰᠠᠯᠠᠭ᠎ᠠ ᠮᠦᠴᠢᠷ ᠤᠨ ᠬᠢᠨ ᠠᠴᠠ ᠬᠤᠭ ᠨᠣᠪᠰᠢ ᠶᠢ ᠴᠡᠪᠡᠷᠯᠡᠬᠦ᠂ ᠭᠤᠣᠯ ᠤᠨ ᠵᠠᠮ ᠢ ᠵᠠᠰᠠᠬᠤ᠂ ᠡᠷᠦᠬᠡ ᠶᠢᠨ ᠵᠣᠷᠯᠣᠩ ᠢ ᠪᠠᠶᠢᠭᠤᠯᠤᠨ ᠬᠠᠮᠢᠶᠠᠷᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠴᠢᠩᠭ᠎ᠠ ᠠᠩᠬᠠᠷᠴᠤ᠂ ᠬᠢᠨᠠᠯᠲᠠ ᠲᠠᠯᠪᠢᠬᠤ ᠬᠦᠴᠦᠨ ᠢ ᠨᠡᠶᠢᠳᠬᠡᠵᠦ᠂ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠨᠢᠭᠡᠳᠦᠭᠡᠷ ᠹᠷᠣᠨᠲ ᠲᠤ ᠬᠦᠨᠵᠡᠭᠡᠶᠢᠷᠡᠨ ᠪᠣᠳᠠᠲᠤ ᠭᠠᠵᠠᠷ ᠲᠤ ᠨᠢ ᠬᠢᠨᠠᠯᠲᠠ ᠲᠠᠯᠪᠢᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠭᠦᠨᠵᠡᠭᠡᠢ ᠥᠷᠨᠢᠭᠦᠯᠤᠨ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠨᠭ᠍ᠭᠠᠪᠠ   ᠤᠷᠮᠠᠰᠢᠭᠤᠯᠤᠨ ᠵᠤᠷᠢᠬᠵᠢᠭᠤᠯᠵᠦ ᠪᠦᠬᠦᠳᠡ ᠤᠯᠠᠨ ᠤ ᠢᠳᠡᠪᠬᠢᠵᠢᠯ ᠢ ᠳᠠᠶᠢᠴᠢᠯᠠᠵᠠᠢ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠦᠨᠡᠨ ᠬᠦ ᠠᠬᠢᠭᠤᠯᠤᠨ ᠴᠡᠪᠡᠷ ᠴᠡᠮᠴᠡᠭᠡᠷ᠂ ᠪᠣᠯᠪᠠᠰᠤᠨ ᠡᠮᠬᠢ ᠳᠢᠭᠯᠢᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠶ ᠪᠣᠯᠭᠠᠬᠤ ᠪᠠᠷ᠂ ᠭᠡᠭᠡᠨᠰᠦ᠋ᠮ᠎ᠡ ᠪᠠᠯᠭᠠᠰᠤᠨ ᠤ ᠬᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠵᠡᠷᠭᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠵᠤ᠂ ︽ᠨᠡᠭᠦᠳᠡᠯ ᠤᠯᠠᠭᠠᠨ ᠲᠤᠭ︾ ᠭᠠᠷᠳᠠᠭᠤᠯᠤᠨ ᠤᠷᠮᠠᠰᠢᠭᠤᠯᠤᠨ ᠵᠤᠷᠢᠬᠵᠢᠭᠤᠯᠬᠤ ᠲᠣᠭᠲᠠᠴᠠ ᠶᠢ ᠬᠡᠷᠡᠭᠵᠢᠭᠦᠯᠵᠦ᠂ ᠤᠯᠠᠨ ᠲᠦᠮᠡᠨ ᠤ ᠢᠳᠡᠪᠬᠢᠵᠢᠯ ᠢ ᠪᠦᠲᠦᠮᠵᠢᠲᠡᠶ ᠬᠥᠭᠵᠢᠭᠡᠨ ᠬᠥᠲᠥᠯᠥᠨ ᠵᠢᠯᠣᠭᠤᠳᠪᠠ᠃ ︵ᠬᠤ᠋ ᡁᠢ ᠮᠢᠨ ᠡᠤ ᠳ᠋ᠦᠡᠭ ᠮᠸᠢ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号