ᠬᠤᠶᠠᠷᠰᠤᠮᠤ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠠᠢ
ᠨᠡᠶᠢᠲᠡᠯᠡᠭᠰᠡᠨ ᠴᠠᠭ᠄
2021/12/27
   ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠵᠤ ᠂ ᠤᠯᠠᠨ ᠲᠦᠮᠡᠨ ᠳᠤ ᠠᠷᠢᠭᠤᠨ ᠴᠡᠪᠡᠷ᠂ ᠪᠣᠯᠪᠠᠰᠤᠨ᠂ ᠲᠠᠭᠠᠯᠠᠮᠵᠢᠲᠠᠢ ᠰᠠᠶᠢᠨ ᠰᠠᠶᠢᠬᠠᠨ ᠠᠮᠢᠳᠤᠷᠠᠯ ᠤᠨ ᠤᠷᠴᠢᠨ ᠬᠠᠨᠭ᠍ᠭᠠᠬᠤ ᠪᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠷᠰᠤᠮᠤ ᠪᠠᠯᠭᠠᠰᠤᠨ ᠤ ᠬᠢᠨ ᠬᠠᠷᠢᠶᠠᠳᠦ ᠤᠷᠤᠨ ᠤ 9 ᠭᠠᠴᠠᠭ᠎ᠠ ᠵᠢᠴᠢ 1 ᠨᠡᠶᠢᠭᠡᠮ ᠲᠣᠭᠤᠷᠢᠭ ᠤᠨ 180 ᠭᠠᠷᠤᠢ ᠬᠥᠮᠦᠨ ᠢ ᠵᠤᠬᠢᠶᠠᠨ ᠪᠠᠶᠢᠭᠤᠯᠤᠨ᠂ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠥᠳᠡᠭᠡ ᠲᠣᠰᠬᠤᠨ ᠤ ᠦᠡᠭᠭᠡ ᠲᠦᠷᠰᠦ ᠶᠢ ᠭᠤᠶᠤᠵᠢᠭᠤᠯᠤᠬᠰᠠᠨ ᠪᠠᠶᠢᠨ᠎ᠠ᠃   ᠲᠣᠰ ᠤᠳᠠᠭᠠᠨ ᠤ ᠬᠥᠮᠦᠰ ᠤᠨ ᠣᠷᠣᠰᠢᠨ ᠰᠠᠭᠤᠬᠤ ᠣᠷᠴᠢᠨ ᠳᠤᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ᠂ ᠬᠤᠶᠠᠷᠰᠤᠮᠤ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠠᠬᠢ ᠠᠵᠢᠯᠴᠢᠨ ᠵᠢᠴᠢ ᠰᠠᠶᠢᠨ ᠳᠤᠷᠠᠴᠤᠤᠯ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠲᠠᠪᠤ ᠪᠠᠶᠢᠬᠤ︾ ᠪᠠᠷ ᠱᠠᠭᠠᠷᠳᠠᠯᠭ᠎ᠠ ᠪᠣᠯᠭᠠᠨ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠳᠤᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠪᠠ᠃ ᠴᠡᠭᠴᠡᠯᠡᠨ ᠵᠠᠰᠠᠬᠤ ᠶᠠᠪᠤᠴᠠ ᠳᠤ ︽ᠬᠥᠮᠦᠨ ᠪᠠ ᠮᠠᠰᠢᠨ︾ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ 10 ᠲᠣᠮᠣ ᠬᠡᠯᠪᠡᠷᠢ ᠶᠢᠨ ᠤᠳᠬᠤᠭᠤᠷ ᠲᠡᠷᠭᠡ᠂ 9 ᠳᠥᠷᠪᠡᠨ ᠬᠦᠷᠳᠦᠲᠦ ᠲᠡᠷᠭᠡ᠂ 5 ᠭᠤᠷᠪᠠᠨ ᠬᠦᠷᠳᠦᠲᠦ ᠲᠡᠷᠭᠡ ᠵᠡᠷᠭᠡ ᠤᠷᠴᠢᠨ ᠳᠤᠭᠤᠷᠢᠨ ᠢ ᠴᠡᠭᠴᠡᠯᠡᠨ ᠵᠠᠰᠠᠬᠤ ᠬᠠᠮᠢᠶ᠎ᠠ ᠪᠥᠬᠦᠶ ᠪᠠᠭᠠᠵᠢ ᠶᠢ  ᠭᠦᠢᠴᠡᠳ ᠳᠠᠶᠢᠴᠢᠯᠠᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠬᠤ ᠶᠢ ᠦᠨᠡᠨ ᠬᠦ ᠪᠠᠲᠤᠯᠠᠵᠠᠢ᠃ ᠡᠭᠦᠨ ᠤ ᠬᠠᠮᠲᠤ ᠸᠢᠴᠠᠲ ᠪᠦ᠋ᠯᠦᠭᠯᠡᠯ᠂ ᠯᠠᠪᠠᠷ᠂ ᠡᠯᠭᠦᠭᠡ ᠪᠢᠴᠢᠭᠡᠰᠦ᠂ ᠤᠷᠢᠶ᠎ᠠ ᠯᠣᠽᠦ᠋ᠩ ᠵᠡᠷᠭᠡ ᠶᠢ ᠠᠰᠢᠭᠯᠠᠨ ᠤᠬᠠᠭᠤᠯᠤᠨ ᠳᠠᠶᠢᠴᠢᠯᠠᠵᠤ᠂ ᠮᠠᠯᠴᠢᠨ ᠳᠠᠷᠢᠶᠠᠴᠢᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠣᠯᠠᠨ ᠲᠦᠮᠡᠨ ᠤ ᠲᠣᠭᠲᠠᠮᠠᠯ ᠬᠤᠭᠤᠴᠠᠭ᠎ᠠ ᠲᠠᠢ ᠪᠠᠷ ᠬᠤᠭ ᠨᠣᠪᠰᠢ ᠴᠡᠪᠡᠷᠯᠡᠬᠦ᠂ ᠬᠦᠷᠢᠶ᠎ᠡ ᠬᠠᠰᠢᠶ᠎ᠠ ᠪᠠᠨ ᠠᠷᠢᠯᠭᠠᠬᠤ᠂ ᠭᠤᠤᠯ ᠤᠨ ᠵᠠᠮ ᠢ ᠵᠠᠰᠠᠬᠤ᠂ ᠲᠠᠷᠢᠶᠠᠨ ᠭᠠᠵᠠᠷ ᠢ ᠳᠡᠭᠰᠢᠯᠡᠬᠦ᠂ ᠵᠠᠮ ᠱᠤᠭᠤᠮ ᠢ ᠴᠡᠪᠡᠷᠯᠡᠬᠦ ᠵᠡᠷᠭᠡ ᠠᠵᠢᠯᠯᠠᠭ᠎ᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠭᠦᠢᠴᠡᠳ ᠳᠠᠶᠢᠴᠢᠯᠠᠪᠠ   ᠲᠣᠰ ᠤᠳᠠᠭᠠᠨ ᠤ ᠬᠥᠮᠦᠰ ᠤᠨ ᠣᠷᠣᠰᠢᠨ ᠰᠠᠭᠤᠬᠤ ᠣᠷᠴᠢᠨ ᠳᠤᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠪᠠᠷ ᠳᠡᠮᠵᠢᠨ᠂ ᠪᠠᠯᠭᠠᠰᠤᠨ ᠤ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠵᠦ᠂ ᠬᠦᠮᠦᠰ ᠤᠨ ᠣᠷᠣᠰᠢᠨ ᠰᠠᠭᠤᠬᠤ ᠣᠷᠴᠢᠨ ᠳᠤᠭᠤᠷᠢᠨ ᠢ ᠰᠢᠯᠢᠳᠡᠭᠵᠢᠭᠦᠯᠦᠨ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠪᠡ᠃ ︵ᠡᠤ ᠠᠷᠢᠭᠤᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号