ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠬᠦᠳᠡᠭᠡ ᠠᠵᠦ ᠠᠬᠤᠢ᠂ | ᠬᠦᠳᠡᠭᠡ ᠳᠤᠰᠬᠤᠨ᠂ ᠮᠠᠯᠴᠢᠨ ᠳᠠᠷᠢᠶᠠᠴᠢᠨ︾ ᠤ ᠪᠡᠯᠡ ᠮᠦᠩᠬᠦ ᠶᠢᠨ ᠲᠣᠬᠢᠷᠠᠭᠤᠯᠭ᠎ᠠ ᠶᠢᠨ ᠠᠷᠭ᠎ᠠ ᠵᠠᠮ ᠢ | ᠢᠳᠡᠪᠬᠢᠲᠡᠶ ᠥᠷᠭᠡᠳᠬᠡᠵᠦ᠂ ︽ᠢᠲᠡᠭᠡᠮᠵᠢᠲᠦ ᠲᠣᠰᠬᠤᠨ︾ ᠤ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ | ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠣᠷᠴᠢᠨ ᠲᠣᠭᠤᠷᠢᠨ ᠢ ᠰᠢᠯᠢᠳᠡᠭᠵᠢᠬᠦᠯᠵᠦ᠂ ᠵᠢᠭᠡᠯᠡᠯᠭᠡ ᠶᠢᠨ | ᠡᠷᠦᠭᠡ ᠶᠢᠨ ᠬᠦᠴᠢᠷᠳᠡᠯ ᠢ ᠨᠠᠮᠳᠠᠭᠤᠯᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠭᠰᠡᠨ ᠪᠠᠶᠢᠨ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠰᠤᠮᠤᠨ ᠤ ᠶᠠᠩ ᠵᠢᠶᠠ ᠭᠠᠴᠠᠭ᠎ᠠ ᠨᠢ | ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ︽ᠢᠲᠡᠭᠡᠮᠵᠢᠳᠦ ᠲᠣᠰᠬᠤᠨ︾ | ᠤ ᠫᠠᠶᠢᠰᠠ ᠶᠢ ᠤᠯᠤᠬᠰᠠᠨ ᠠᠴᠠ ᠨᠠᠭᠠᠰᠢ᠂ ᠮᠠᠰᠢ ᠤᠯᠠᠨ ᠮᠦᠡᠭᠬᠦᠨ ᠬᠦᠢᠯᠭᠡᠭᠡᠨ ᠤ ᠠᠰᠢᠬᠳᠠᠢ ᠲᠦᠷᠦ ᠶᠢᠨ | ᠪᠤᠳᠤᠯᠭ᠎ᠠ ᠶᠢ ᠬᠦᠷᠳᠡᠵᠦ᠂ ᠠᠷᠠᠳ ᠤᠨ ᠠᠮᠢᠳᠤᠷᠠᠯ ᠳᠤ ᠲᠦᠢᠯ ᠤᠨ ᠶᠡᠭᠡ ᠳᠤᠰᠠ ᠳᠡᠮᠵᠢᠯᠭᠡ ᠦᠵᠡᠬᠦᠯᠦᠭᠰᠡᠨ | ᠪᠠᠶᠢᠨ᠎ᠠ᠃ ᠳᠤᠬᠠᠢᠢᠯᠠᠪᠠᠯ᠂ ᠮᠠᠯᠴᠢᠨ ᠲᠠᠷᠢᠶᠠᠴᠢᠳ 5 ᠲᠦᠮᠡ ᠠᠴᠠ 20 ᠲᠦᠮᠡᠨ ᠲᠥᠭᠦᠷᠢᠭ ᠤᠨ ᠬᠤᠭᠤᠷᠤᠨᠳᠤᠬᠢ | ᠵᠢᠭᠡᠯᠡᠯᠭᠡ ᠵᠢᠭᠡᠯᠡᠵᠦ ᠳᠠᠶᠢᠯᠬᠦ ᠪᠤᠯᠤᠬᠰᠠᠨ ᠮᠦᠷᠳᠡᠭᠡᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠨᠢ 9.39 | ᠪᠠᠶᠢᠬᠰᠠᠨ ᠠᠴᠠ 4.58 ᠪᠣᠯᠵᠦ ᠪᠠᠭᠤᠷᠠᠨ᠂ ᠠᠷᠠᠳ ᠤᠯᠠᠨ ᠤ ᠠᠵᠤ ᠦᠢᠯᠡᠰ ᠤᠨ ᠬᠥᠭᠵᠢᠯᠲᠡ ᠶᠢᠨ ᠪᠡᠯᠡ | ᠮᠥᠩᠭᠦ ᠳᠤᠳᠠᠮᠠᠬ᠂ ᠬᠦᠦ ᠮᠥᠩᠭᠦ ᠶᠢᠨ ᠨᠤᠷᠮ᠎ᠠ ᠥᠨᠳᠥᠷ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠷᠠᠳ | ᠤᠯᠠᠨ ᠳᠤ ᠦᠨᠡᠨ ᠬᠦ ᠠᠰᠢᠭ ᠬᠦᠷᠲᠡᠭᠡᠵᠡᠢ᠃ | ᠶᠠᠩ ᠵᠢᠶᠠ ᠭᠠᠴᠠᠭᠠᠨ ᠤ ᠨᠠᠮ ᠤᠨ ᠡᠭᠦᠷ ᠤᠨ ᠱᠦᠵᠢ ᠵᠤ᠋ ᠮᠢᠩ ᠶᠢᠤ᠄ ︽ᠶᠠᠩ ᠵᠢᠶᠠ ᠭᠠᠴᠠᠭ᠎ᠠ ᠨᠡᠶᠢᠲᠡ | 386 ᠡᠷᠦᠬᠡ ᠲᠠᠢ᠂ ᠢᠲᠡᠭᠡᠮᠵᠢ ᠶᠢᠨ ᠬᠤᠷᠰᠢᠶ᠎ᠠ ᠠᠴᠠ ᠵᠢᠭᠡᠯᠡᠯᠭᠡ ᠭᠤᠶᠤᠴᠢᠯᠡᠨ ᠵᠡᠷᠦᠵᠦ ᠪᠠᠶᠢᠭ᠎ᠠ ᠨᠢ 100 | ᠡᠷᠦᠭᠡ ᠪᠠᠶᠢᠵᠦ᠂ ᠵᠢᠭᠡᠯᠡᠯᠭᠡ ᠶᠢᠨ ᠵᠣᠭᠤᠰ ᠤᠨ ᠲᠤᠭ᠎ᠠ 700 ᠲᠦᠮᠡᠡ ᠲᠦᠬᠦᠷᠢᠭ ᠣᠷᠴᠢᠮ ᠬᠦᠷᠪᠡ᠃ | ᠭᠠᠴᠠᠭᠠᠨ ᠤ ᠠᠷᠠᠳ ᠢᠷᠭᠡᠳ ᠵᠣᠭᠤᠰ ᠢᠶᠠᠨ ᠴᠠᠭ ᠲᠤᠬᠠᠶ ᠳᠤ ᠨᠢ ᠪᠤᠴᠠᠭᠠᠨ᠂ ᠦᠨᠡᠨᠴᠢ ᠢᠳᠡᠭᠡᠮᠵᠢᠳᠠᠢ ᠪᠠᠶᠢᠬᠤ | ᠵᠠᠷᠴᠢᠮ ᠢ ᠪᠠᠷᠢᠮᠳᠠᠯᠠᠬᠰᠠᠨ ᠠᠴᠠ ᠢᠲᠡᠭᠡᠮᠵᠢᠳᠦ ᠲᠣᠰᠬᠤᠨ ᠢᠶᠠᠷ ᠦᠨᠡᠯᠡᠭᠳᠡᠵᠦ᠂ ᠬᠦᠤ ᠶᠢᠨ ᠨᠣᠷᠮ᠎ᠠ ᠨᠢ | ᠪᠠᠭᠤᠷᠠᠭᠰᠠᠨ ᠢᠶᠠᠷ ᠪᠠᠷᠠᠬᠤ ᠥᠬᠡᠶ ᠠᠷᠠᠳ ᠢᠷᠭᠡᠳ 35 ~ 40 ᠲᠦᠮᠡᠨ ᠲᠥᠭᠦᠷᠢᠭ ᠤᠨ ᠵᠢᠭᠡᠯᠡᠯᠭᠡ ᠶᠢᠨ ᠬᠦᠤ | ᠮᠥᠩᠭᠦ ᠶᠢ ᠰᠢᠭᠤᠳ ᠠᠷᠪᠢᠯᠠᠬᠰᠠᠨ ᠪᠠᠶᠢᠨ᠎ᠠ᠂ ᠵᠢᠭᠡᠯᠡᠯᠭᠡ ᠶᠢᠨ ᠮᠦᠡᠭᠬᠦ ᠪᠠᠷ ᠳᠠᠮᠵᠢᠨ ᠮᠠᠨ ᠤ ᠭᠠᠴᠠᠭᠠᠨ ᠤ ᠠᠷᠠᠳ | ᠠᠯᠠᠰᠢᠨ ᠬᠤᠨᠢ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠣᠷᠣᠯᠭ᠎ᠠ ᠪᠠᠨ ᠦᠨᠡᠨ ᠬᠦ | ᠳᠡᠭᠡᠭᠰᠢᠯᠡᠭᠦᠯᠦᠭᠰᠡᠨ ᠪᠠᠶᠢᠨ᠎ᠠ︾ ᠭᠡᠵᠦ ᠶᠠᠷᠢᠨ᠎ᠠ᠃ | ︽2020 ᠤᠨ ᠳᠤ᠂ ᠪᠢ ᠪᠠᠯᠭᠠᠰᠤᠨ ᠤ ᠢᠲᠡᠭᠡᠮᠵᠢ ᠶᠢᠨ ᠬᠤᠷᠰᠢᠶ᠎ᠠ ᠠᠴᠠ 20 ᠲᠦᠮᠡᠨ ᠲᠥᠭᠦᠷᠢᠭ ᠤᠨ | ᠵᠢᠭᠡᠯᠡᠯᠭᠡ ᠭᠤᠶᠤᠴᠢᠯᠠᠵᠤ᠂ 100 ᠭᠠᠷᠤᠶ ᠬᠤᠨᠢ ᠬᠤᠳᠠᠯᠳᠤᠨ ᠠᠪᠴᠠᠶ᠂ ᠣᠲᠣ ᠨᠢᠭᠡᠨᠲᠡ ᠦᠷᠡᠵᠢᠭᠡᠳ 300 | ᠭᠠᠷᠤᠶ ᠳᠤᠯᠤᠭᠠᠢ ᠪᠤᠯᠵᠠᠢ᠃ ᠮᠠᠨ ᠤ ᠲᠣᠰᠬᠤᠨ ᠢᠳᠡᠭᠡᠮᠵᠢᠳᠦ ᠲᠣᠰᠬᠤᠨ ᠢᠶᠠᠷ ᠦᠨᠡᠯᠡᠭᠳᠡᠭᠰᠡᠨ ᠤ ᠳᠠᠷᠠᠭ᠎ᠠ᠂ ᠬᠦᠤ | ᠮᠥᠩᠭᠦ ᠶᠢᠨ ᠨᠣᠷᠮ᠎ᠠ ᠨᠢ ᠤᠤᠯ ᠤᠨ ᠬᠢ ᠠᠴᠠ ᠪᠠᠨ ᠬᠤᠯᠠ ᠳᠣᠤᠷ᠎ᠠ ᠪᠣᠯᠵᠠᠶ᠂ ᠪᠢ ᠡᠨᠡ ᠵᠢᠯ ᠪᠠᠰᠠ ᠢᠯᠡᠭᠦᠤ ᠰᠢᠭ | ᠵᠢᠭᠡᠯᠡᠯᠭᠡ ᠭᠤᠶᠤᠴᠢᠯᠠᠵᠦ᠂ ᠦᠬᠡᠷ ᠬᠤᠳᠠᠯᠳᠤᠨ ᠠᠪᠴᠤ ᠲᠡᠵᠢᠭᠡᠬᠦ ᠪᠠᠷ ᠲᠥᠯᠥᠪᠯᠡᠵᠦ ᠪᠠᠶᠢᠨ᠎ᠠ︾ ᠭᠡᠵᠦ | ᠭᠠᠴᠠᠭᠠᠨ ᠤ ᠠᠷᠠᠳ ᠯᠢᠦ ᡁᠢ ᠷᠦᠢ ᠭᠡᠯᠡᠨ᠎ᠠ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ | ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠮᠠᠯᠴᠢᠨ ᠳᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠬᠠᠩᠭᠠᠵᠤ᠂ ︽ | ᠢᠲᠡᠭᠡᠯ ᠲᠠᠢ ᠪᠠᠶᠢᠪᠠᠯ ᠠᠰᠢᠭ ᠭᠥᠷᠳᠡᠵᠦ᠂ ᠢᠲᠡᠭᠡᠯ ᠢᠶᠠᠨ ᠠᠯᠳᠠᠪᠠᠯ ᠬᠢᠵᠠᠭᠠᠷᠯᠠᠭᠳᠠᠬᠤ︾ ᠵᠠᠷᠴᠢᠮ ᠢ ᠪᠠᠷᠢᠮᠳᠠᠯᠠᠨ᠂ | ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠣᠶ ᠪᠣᠯᠭᠠᠬᠤ ᠳᠤ ᠬᠦᠴᠦᠨ ᠨᠡᠮᠡᠷᠢᠯᠡᠪᠡ᠃ ᠪᠥᠬᠦ ᠬᠤᠰᠢᠭᠤᠨ ᠤ | ᠬᠡᠪᠴᠢᠶᠡᠨ ᠳᠤ ᠵᠢᠭᠡᠯᠡᠯᠭᠡ ᠪᠠᠨ ᠴᠠᠭ ᠲᠤᠬᠠᠶ ᠳᠤ ᠨᠢ ᠪᠤᠴᠠᠭᠠᠬᠰᠠᠨ ᠢᠲᠡᠭᠡᠮᠵᠢ ᠰᠠᠶᠢᠲᠠᠶ 6 ᠭᠠᠴᠠᠭ᠎ᠠ ᠲᠣᠰᠬᠤᠨ ᠢ | ᠢᠲᠡᠭᠡᠮᠵᠢᠲᠦ ᠲᠣᠰᠬᠤᠨ ᠪᠣᠯᠭᠠᠨ ᠰᠢᠯᠭᠠᠷᠠᠭᠤᠯᠵᠤ᠂ ᠢᠲᠡᠭᠡᠮᠵᠢᠲᠦ ᠲᠣᠰᠬᠤᠨ ᠢᠶᠠᠷ ᠦᠨᠡᠯᠡᠭᠳᠡᠭᠰᠡᠨ ᠭᠠᠴᠠᠭ᠎ᠠ | ᠲᠣᠰᠬᠤᠨ ᠳᠤ᠂ ᠲᠣᠰᠬᠤᠨ ᠤ ᠠᠷᠠᠳ ᠤᠨ ᠵᠢᠭᠡᠯᠡᠯᠭᠡ ᠶᠢ ᠤᠷᠢᠳ ᠢᠶᠠᠷ ᠪᠣᠳᠣᠯᠬᠢᠯᠠᠬᠤ᠂ ᠬᠦᠤ ᠮᠥᠩᠭᠦ ᠶᠢᠨ | ᠨᠣᠷᠮ᠎ᠠ ᠶᠢᠨ ᠬᠠᠷᠠᠭᠠᠯᠵᠠᠯ ᠦᠵᠡᠭᠦᠯᠬᠦ᠂ ᠲᠤᠭ᠎ᠠ ᠬᠡᠮᠵᠢᠶ᠎ᠡ ᠶᠢ ᠶᠡᠭᠡᠰᠭᠡᠬᠦ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠦᠷᠲᠡᠭᠡᠪᠡ᠃ ᠡᠨᠡ ᠵᠢᠯ ᠤᠨ 11 ᠰᠠᠷ᠎ᠠ ᠶᠢᠨ ᠰᠡᠭᠦᠯᠴᠢ ᠪᠣᠯᠲᠠᠯ᠎ᠠ᠂ ᠲᠠᠷᠢᠶᠠᠯᠠᠩ ᠳᠤ | ᠬᠤᠯᠪᠣᠭᠳᠠᠭᠰᠠᠨ ᠵᠢᠭᠡᠯᠡᠯᠭᠡ ᠶᠢ ᠨᠡᠶᠢᠲᠡ 38.53 ᠳ᠋ᠦᠩᠰᠢᠭᠤᠷ ᠲᠥᠭᠦᠷᠢᠭ ᠲᠠᠯᠪᠢᠵᠤ᠂ ᠥᠷᠭᠡᠨ ᠣᠯᠠᠨ ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠲᠦᠢᠯ ᠤᠨ ᠶᠡᠭᠡ ᠪᠠᠷ ᠬᠠᠩᠭᠠᠭᠰᠠᠨ ᠪᠠᠶᠢᠨ᠎ᠠ᠃ ︵ | ᠡᡁᠧ ᠰᠢᠨ ᠰᠢᠨ ᠯᠢᠦ ᠴᠢᠩ ᠶᠤᠸᠠᠨ︶ |