ᠷᠠᠰᠢᠶᠠᠨ ᠬᠤᠲᠠ ᠶᠢᠨ ᠪᠠᠶ ᠯᠠᠩ ᠪᠠᠯᠭᠠᠰᠤᠨ ᠤ ᠤᠢ ᠶᠢᠨ ᠢᠷᠭᠡᠨᠰᠢᠯ ᠤᠨ ᠲᠣᠰᠬᠤᠨ ᠪᠥᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠬᠦᠯᠬᠦ ᠲᠤᠰᠬᠤᠨ ᠢᠶᠠᠷ ᠰᠤᠩᠭᠤᠭᠳᠠᠵᠠᠢ
ᠨᠡᠶᠢᠲᠡᠯᠡᠭᠰᠡᠨ ᠴᠠᠭ᠄
2021/12/7
  ᠤᠢᠢᠷ᠎ᠠ ᠳᠤ᠂ ᠰᠤᠶᠤᠯ ᠪᠠ ᠵᠤᠭᠠᠴᠠᠯ ᠤᠨ ᠶᠠᠮᠤᠨ ᠠᠴᠠ ︽ᠶᠠᠳᠠᠭᠤ ᠠᠴᠠ ᠠᠩᠬᠢᠵᠢᠷᠠᠭᠰᠠᠨ ᠠᠮᠵᠢᠯᠳᠠ ᠶᠢ ᠪᠡᠶᠡᠴᠢᠯᠡᠨ ᠤᠢᠢᠯᠠᠭᠠᠬᠤ · ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠦᠬᠦ ᠤᠯᠤᠰ ᠤᠨ ᠬᠦᠳᠡᠭᠡ ᠲᠤᠰᠬᠤᠨ ᠤ ᠵᠤᠭᠠᠴᠠᠯ ᠢᠶᠠᠷ ᠶᠠᠳᠠᠭᠤ ᠶᠢ ᠲᠡᠳᠬᠦᠬᠦ ᠵᠢᠱᠢᠶᠡᠴᠢ ᠶᠢᠨ ᠰᠤᠩᠭᠤᠯᠳᠠ︾ ᠶᠢᠨ ᠦᠷ᠎ᠠ ᠳ᠋ᠦᠩ ᠢ ᠨᠡᠶᠢᠳᠡᠯᠡᠵᠦ᠂ ᠮᠠᠨ ᠤ ᠠᠶᠢᠮᠠᠭ ᠤᠨ ᠷᠠᠰᠢᠶᠠᠨ ᠬᠤᠳᠠ ᠶᠢᠨ ᠪᠠᠢ ᠯᠠᠩ ᠪᠠᠯᠭᠠᠰᠦ ᠶᠢᠨ ᠤᠢ ᠶᠢᠨ ᠢᠷᠭᠡᠨᠰᠢᠯ ᠤᠨ ᠲᠤᠰᠬᠤᠨ ᠰᠤᠩᠭᠤᠭᠳᠠᠨ ᠤᠷᠤᠭᠰᠠᠨ ᠪᠠᠶᠢᠨ᠎ᠠ᠃   ᠷᠠᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠳᠠᠪᠠᠭᠤᠯᠢᠭ᠂ ᠵᠤᠭᠠᠴᠠᠯ ᠤᠨ ᠡᠬᠢ ᠪᠠᠶᠠᠯᠢᠭ ᠡᠯᠪᠡᠭ᠃ ᠤᠢᠢᠷ᠎ᠠ ᠶᠢᠨ ᠵᠢᠯ ᠠᠴᠠ ᠨᠠᠭᠠᠰᠢ᠂ ᠷᠠᠰᠢᠶᠠᠨ ᠬᠤᠳᠠ ᠶᠢᠨ ᠨᠠᠮ ᠤᠨ  ᠬᠤᠷᠢᠶ᠎ᠠ᠂ ᠵᠠᠰᠠᠭ ᠤᠨ ᠣᠷᠳᠣᠨ ︽ᠠᠮᠢ ᠠᠬᠤᠢ ᠳᠤ ᠰᠠᠭᠤᠷᠢᠯᠠᠨ ᠬᠥᠭᠵᠢᠯᠲᠡ ᠶᠢ ᠠᠬᠢᠭᠤᠯᠬᠤ᠂ ᠵᠤᠭᠠᠴᠠᠯ ᠤᠨ ᠲᠤᠭᠤᠷᠢᠨ ᠳᠤ ᠠᠵᠦ ᠦᠢᠯᠡᠰ ᠢ ᠬᠦᠭᠵᠢᠭᠦᠯᠬᠦ︾᠂ ︽ᠪᠦᠬᠦ ᠤᠷᠤᠨ ᠪᠦᠰᠡ ᠶᠢᠨ ᠵᠤᠭᠠᠴᠠᠯ + ᠲᠠᠪᠤᠨ ᠵᠢᠵᠢᠭ ᠠᠵᠦ ᠠᠬᠤᠢ︾ ᠶᠢᠨ ᠵᠠᠭᠪᠤᠷ ᠢ ᠰᠦᠪᠡᠭᠴᠢᠯᠡᠨ᠂ ᠭᠠᠵᠠᠷ ᠤᠷᠤᠨ ᠤ ᠬᠦᠭᠵᠢᠯᠳᠡ ᠪᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠤᠷᠭᠠᠨᠢᠭ ᠢᠶᠠᠷ ᠵᠤᠯᠭᠠᠭᠤᠯᠵᠠᠢ᠃ ᠪᠠᠢ ᠯᠠᠩ ᠪᠠᠯᠭᠠᠰᠤᠨ ᠤ ᠤᠢ ᠶᠢᠨ ᠢᠷᠭᠡᠨᠰᠢᠯ ᠤᠨ ᠲᠤᠰᠬᠤᠨ ᠨᠢ ᠭᠠᠵᠠᠷ ᠤᠷᠤᠨ ᠤ ᠪᠠᠨ ᠥᠪᠡᠷᠮᠢᠴᠡ ᠣᠨᠴᠠᠯᠢᠭ ᠪᠦᠬᠦᠢ ᠣᠶ ᠰᠢᠭᠤᠶ ᠶᠢᠨ ᠰᠣᠶᠣᠯ᠂ ᠮᠥᠰᠥ ᠴᠠᠰᠤᠨ ᠤ ᠡᠬᠢ ᠪᠠᠶᠠᠯᠢᠭ ᠪᠣᠯᠤᠨ ᠷᠠᠰᠢᠶᠠᠨ ᠤᠰᠤᠨ ᠤ ᠡᠬᠢ ᠪᠠᠶᠠᠯᠢᠭ ᠲᠠᠢ᠃ ᠡᠭᠦᠨ ᠳᠤ ᠲᠤᠰ ᠬᠤᠳᠠ ᠪᠦᠬᠦ ᠣᠷᠣᠨ ᠪᠦᠰᠡ ᠶᠢᠨ ᠵᠤᠭᠠᠴᠠᠯ᠂ ᠳᠦᠷᠪᠡᠨ ᠤᠯᠠᠷᠢᠯ ᠤᠨ ᠵᠤᠭᠠᠴᠠᠯ ᠢ ᠴᠣᠭᠴᠠᠯᠠᠬᠤ ᠪᠠᠷ ᠬᠥᠳᠡᠯᠭᠡᠭᠦᠷ ᠪᠣᠯᠭᠠᠵᠤ᠂ ︽ᠵᠤᠭᠠᠴᠠᠯ +︾ ᠶᠢᠨ ᠵᠠᠭᠪᠤᠷ ᠢᠶᠠᠷ ᠤᠢ ᠰᠢᠭᠤᠢ ᠶᠢᠨ ᠲᠣᠰᠬᠤᠨ ᠢ ᠥᠪᠡᠷᠮᠢᠴᠡ ᠣᠨᠴᠠᠯᠢᠭ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠪᠣᠯᠭᠠᠨ ᠪᠦᠲᠦᠭᠡᠨ ᠪᠠᠶᠢᠭᠤᠯᠵᠤ᠂ 155 ᠡᠷᠦᠬᠡ ᠮᠠᠯᠴᠢᠨ ᠲᠠᠷᠢᠶᠠᠴᠢᠨ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠣᠷᠣᠯᠭ᠎ᠠ ᠶᠢ ᠨᠢ ᠨᠡᠮᠡᠭᠳᠡᠭᠦᠯᠵᠦ᠂ ︽ᠰᠦᠬᠡ ᠪᠠᠨ ᠬᠠᠶᠠᠵᠤ ᠵᠤᠭᠠᠴᠠᠯ ᠤᠨ ᠬᠥᠲᠥᠴᠢ ᠪᠤᠯᠵᠤ᠂ ᠴᠢᠨᠡᠭᠡᠯᠢᠭ ᠠᠮᠢᠳᠤᠷᠠᠬᠤ ᠳᠤ ᠵᠣᠪᠠᠭ᠋ᠤ ᠬᠡᠷᠡᠭ ᠦᠭᠡᠢ︾ ᠵᠤᠭᠠᠴᠠᠯ ᠤᠨ ᠬᠥᠭᠵᠢᠯᠲᠡ ᠶᠢᠨ ᠰᠡᠳᠬᠢᠴᠡ ᠶᠢ ᠡᠭᠦᠳᠪᠡ᠃   ᠣᠶᠢᠯᠠᠭᠠᠭᠰᠠᠨ ᠢᠶᠠᠷ᠂ ︽ᠶᠠᠳᠠᠭᠤ ᠠᠴᠠ ᠠᠩᠬᠢᠵᠢᠷᠠᠭᠰᠠᠨ ᠠᠮᠵᠢᠯᠳᠠ ᠶᠢ ᠪᠡᠶᠡᠴᠢᠯᠡᠨ ᠤᠢᠢᠯᠠᠭᠠᠬᠤ · ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠦᠬᠦ ᠤᠯᠤᠰ ᠤᠨ ᠬᠦᠳᠡᠭᠡ ᠲᠤᠰᠬᠤᠨ ᠤ ᠵᠤᠭᠠᠴᠠᠯ ᠢᠶᠠᠷ ᠶᠠᠳᠠᠭᠤ ᠶᠢ ᠲᠡᠳᠬᠦᠬᠦ ᠵᠢᠱᠢᠶᠡᠴᠢ ᠶᠢᠨ ᠰᠤᠩᠭᠤᠯᠳᠠ︾ ᠳᠤ ᠪᠥᠬᠦ ᠤᠯᠤᠰ ᠤᠨ 100 ᠵᠢᠱᠢᠶᠡᠴᠢ ᠰᠤᠩᠭᠤᠬᠳᠠᠨ ᠤᠷᠤᠬᠰᠠᠨ ᠪᠠᠶᠢᠨ᠎ᠠ᠃ ᠡᠭᠦᠨ ᠤ ᠬᠠᠮᠲᠤ ᠠᠵᠤ ᠦᠢᠯᠡᠰ ᠤᠨ ᠠᠭᠤᠰᠤᠯᠴᠠᠯ᠂ ᠦᠢᠯᠡᠰ ᠪᠤᠰᠬᠠᠵᠤ ᠠᠵᠢᠯ ᠣᠯᠭᠤᠬᠤ᠂ ᠰᠣᠶᠣᠯ ᠤᠨ ᠤᠯᠠᠮᠵᠢᠯᠠᠯ᠂ ᠠᠮᠢ ᠠᠬᠤᠢ ᠶᠢᠨ ᠬᠠᠮᠠᠭᠠᠯᠠᠯᠲᠠ᠂ ᠬᠥᠳᠡᠭᠡ ᠲᠣᠰᠬᠤᠨ ᠤ ᠵᠠᠰᠠᠯᠲᠠ ᠂ ᠰᠢᠨ᠎ᠡ ᠶᠢ ᠡᠭᠦᠳᠴᠦ ᠳᠡᠭᠡᠭᠰᠢᠯᠡᠭᠦᠯᠬᠦ ᠵᠡᠷᠭᠡ 6 ᠭᠤᠣᠯᠳᠠᠯᠭ᠎ᠠ ᠲᠠᠢ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠵᠤᠭᠠᠴᠠᠯ ᠢᠶᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠳ᠋ᠦᠩᠨᠡᠨ ᠳᠡᠯᠭᠡᠨ ᠦᠵᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠬᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号