︽ᠠᠷᠠᠳ ᠢ ᠪᠠᠶᠠᠵᠢᠭᠤᠯᠬᠤ ᠨᠢᠭᠡ ᠺᠠᠷᠲ ᠢᠶᠠᠷ ᠨᠡᠪᠳᠡᠷᠡᠭᠦᠯᠬᠦ︾ ᠵᠢᠭᠡᠯᠡᠯᠭᠡ ᠨᠢ ᠦᠢᠯᠡᠳᠪᠦᠷᠢᠯᠡᠯ ᠠᠮᠢᠳᠤᠷᠠᠯ ᠳᠤ ᠲᠦᠭᠦᠮ ᠦᠵᠡᠭᠦᠯᠦᠨ᠎ᠡ
ᠨᠡᠶᠢᠲᠡᠯᠡᠭᠰᠡᠨ ᠴᠠᠭ᠄
2021/12/7
            ● ᠰᠤᠷᠪᠤᠯᠵᠢᠯᠠᠬᠴᠢ ᠴᠢᠤ ᠰᠢᠶᠠᠩ ᠴᠢᠮᠡᠭᠡᠯᠡᠭᠴᠢ ᠰᠠᠷᠠᠭᠤᠯ ᠯᠢ ᠨᠠ   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠳᠡᠭᠡ ᠳᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶᠠᠨ ᠤ ︽ᠠᠷᠠᠳ ᠢ ᠪᠠᠶᠠᠵᠢᠭᠤᠯᠬᠤ ᠨᠢᠭᠡ ᠺᠠᠷᠲ ᠢᠶᠠᠷ ᠨᠡᠪᠳᠡᠷᠡᠭᠦᠯᠬᠦ︾ ᠵᠢᠭᠡᠯᠡᠯᠭᠡ ᠶᠢᠨ ᠺᠠᠷᠲ ᠨᠢ ᠮᠠᠯᠴᠢᠨ ᠳᠠᠷᠢᠶᠠᠴᠢᠳ ᠤᠨ ᠤᠬᠤᠷᠬᠠᠨ ᠬᠤᠭᠤᠴᠠᠭ᠎ᠠ ᠪᠠᠷ ᠪᠡᠯᠡ ᠮᠦᠩᠬᠦ ᠬᠡᠷᠡᠭᠯᠡᠬᠦ ᠠᠰᠠᠭᠤᠳᠠᠯ ᠢ ᠬᠠᠪᠰᠤᠷᠤᠨ ᠰᠢᠢᠳᠪᠦᠷᠢᠯᠡᠵᠤ ᠳᠡᠶᠢᠯᠬᠦ ᠮᠦᠷᠳᠡᠭᠡᠨ ︽ᠨᠢᠭᠡ ᠯᠡ ᠤᠳᠠᠭ᠎ᠠ ᠳᠤ ᠬᠢᠨᠠᠨ ᠳᠤᠭᠳᠠᠭᠠᠬᠤ᠂ ᠬᠡᠵᠢᠶ᠎ᠡ ᠬᠡᠷᠡᠭᠯᠡᠪᠡᠯ ᠬᠡᠵᠢᠶ᠎ᠡ ᠵᠢᠭᠡᠯᠡᠬᠦ᠂ ᠦᠯᠡᠳᠡᠪᠦᠷᠢ ᠳᠤᠭ᠎ᠠ ᠶᠢ ᠡᠵᠡᠮᠳᠡᠬᠦ᠂ ᠡᠷᠭᠢᠯᠳᠦᠭᠦᠯᠦᠨ ᠬᠡᠷᠡᠭᠯᠡᠬᠦ︾ ᠤᠨᠴᠠᠯᠢᠭ ᠢ ᠪᠦᠷᠢᠯᠳᠦᠭᠦᠯᠵᠤ᠂ ᠡᠨᠡ ᠨᠢ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠦᠭᠵᠢᠭᠦᠯᠬᠦ ᠠᠷᠠᠳ ᠤᠯᠠᠨ ᠳᠤ ᠠᠪᠴᠤ ᠬᠡᠯᠡᠪᠡᠯ ᠳᠦᠢᠯ ᠢᠶᠠᠷ ᠳᠦᠭᠦᠮ ᠦᠵᠡᠭᠦᠯᠦᠭᠰᠡᠨ ᠪᠠᠶᠢᠨ᠎ᠠ᠃   ᠭᠤᠤᠯ ᠤᠨ ᠪᠠᠶᠢᠰᠢᠩ ᠪᠠᠯᠭᠠᠰᠤᠨ ᠤ ᠬᠤᠯᠪᠤᠭᠠᠠ ᠵᠣᠤ ᠭᠠᠴᠠᠭᠠᠨ ᠤ ᠳᠠᠷᠢᠶᠠᠴᠢᠨ ᠲᠦᠩ ᠭᠠᠩ ᠯᠢᠨ 2020 ᠤᠨ ᠳᠤ ᠳᠤᠮᠳᠠᠳᠤ ᠬᠤᠰᠢᠭᠤᠨ ᠤ ᠬᠦᠳᠡᠭᠡ ᠳᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶ᠎ᠠ ᠠᠴᠠ ︽ᠠᠷᠠᠳ ᠢ ᠪᠠᠶᠠᠵᠢᠭᠤᠯᠬᠤ ᠨᠢᠭᠡ ᠺᠠᠷᠲ ᠢᠶᠠᠷ ᠨᠡᠪᠳᠡᠷᠡᠭᠦᠯᠬᠦ︾ ᠵᠢᠭᠡᠯᠡᠯᠭᠡ ᠪᠠᠷ 10 ᠳᠦᠮᠡᠨ ᠲᠦᠭᠦᠷᠢᠭ ᠵᠢᠭᠡᠯᠡᠵᠤ᠂ ᠰᠢᠨ᠎ᠡ ᠪᠠᠷ ᠮᠠᠯ ᠤᠨ ᠬᠠᠰᠢᠶ᠎ᠠ ᠪᠠᠶᠢᠭᠤᠯᠤᠨ᠂ ᠪᠠᠰᠠ 10 ᠨᠤᠳᠤᠭ ᠤᠨ ᠮᠠᠯ ᠳᠤ ᠪᠠᠨ ᠡᠭᠦᠯᠳᠡᠷ ᠰᠠᠶᠢᠵᠢᠷᠠᠭᠤᠯᠤᠯᠳᠠ ᠬᠢᠵᠤ᠂ ᠤᠷᠤᠯᠭ᠎ᠠ ᠨᠢ ᠦᠩᠭᠡᠷᠡᠭᠰᠡᠨ ᠤ ᠬᠢ ᠠᠴᠠ ᠬᠡᠳᠦᠨ ᠳᠠᠬᠢᠨ ᠢᠶᠠᠷ ᠨᠡᠮᠡᠭᠳᠡᠪᠡ᠃ ᠳᠡᠷᠡ ᠭᠠᠷ ᠤᠳᠠᠰᠤᠨ APP ᠳᠡᠭᠡᠷ᠎ᠡ ᠵᠢᠭᠡᠯᠡᠯᠭᠡ ᠪᠠᠨ ᠳᠦᠯᠦᠵᠤ ︽ᠦᠩᠭᠡᠷᠡᠭᠰᠡᠨ ᠳᠤ ᠵᠢᠯ ᠤᠨ ᠤᠷᠤᠯᠭ᠎ᠠ 2 — 3 ᠳᠦᠮᠡᠨ ᠲᠦᠭᠦᠷᠢᠭ ᠲᠤ ᠳᠤᠯᠵᠤ᠂ ᠡᠨᠡ ᠵᠢᠯ ᠳᠤᠭᠤᠯ ᠬᠤᠳᠠᠯᠳᠤᠭᠰᠠᠨ ᠤᠷᠤᠯᠭ᠎ᠠ 10 ᠭᠠᠷᠤᠢ ᠳᠦᠮᠡᠨ ᠲᠦᠭᠦᠷᠢᠭ ᠳᠤᠯᠤᠯ᠎ᠠ︾ ᠭᠡᠵᠤ ᠪᠠᠶᠠᠷᠯᠠᠨ ᠬᠡᠯᠡᠨ᠎ᠡ᠃   ᠭᠤᠤᠯ ᠤᠨ ᠪᠠᠶᠢᠰᠢᠩ ᠪᠠᠯᠭᠠᠰᠤᠨ ᠤ ᠭᠦᠸᠧ ᠭᠤᠸᠠᠩ ᠭᠠᠴᠠᠭᠠᠨ ᠤ ᠳᠠᠷᠢᠶᠠᠴᠢᠨ ᠹᠠᠨ ᠳ᠋ᠠ ᠶᠦᠩ ᠦᠬᠡᠷ ᠳᠡᠵᠢᠭᠡᠬᠦ ᠪᠠ ᠦᠬᠡᠷ ᠠᠷᠠᠯᠵᠢᠶᠠᠯᠠᠬᠤ ᠪᠠᠷ ᠭᠤᠤᠯ ᠠᠵᠤ ᠪᠤᠯᠭᠠᠵᠤ᠂ ᠪᠡᠯᠡ ᠮᠦᠩᠬᠦ ᠨᠢ ᠭᠦᠢᠴᠡᠳ ᠦᠭᠡᠢ ᠠᠴᠠ ᠪᠠᠴᠢᠮᠳᠠᠨ ᠵᠤᠪᠠᠵᠤ ᠪᠠᠶᠢᠪᠠ᠃ ᠳᠡᠷᠡ ᠬᠦᠳᠡᠭᠡ ᠳᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶᠠᠨ ᠤ ︽ᠠᠷᠠᠳ ᠢ ᠪᠠᠶᠠᠵᠢᠭᠤᠯᠬᠤ ᠨᠢᠭᠡ ᠺᠠᠷᠲ ᠢᠶᠠᠷ ᠨᠡᠪᠳᠡᠷᠡᠭᠦᠯᠬᠦ︾ ᠬᠠᠷᠠᠭᠠᠯᠵᠠᠯ ᠤᠨ ᠳᠦᠷᠦ ᠶᠢᠨ ᠪᠤᠳᠤᠯᠭ᠎ᠠ ᠶᠢ ᠮᠡᠳᠡᠭᠰᠡᠨ ᠤ ᠳᠠᠷᠠᠭ᠎ᠠ ᠦᠪᠡᠷ ᠤᠨ ᠪᠤᠳᠠᠳᠤ ᠱᠠᠭᠠᠷᠳᠠᠯᠭ᠎ᠠ ᠪᠠᠨ ᠦᠨᠳᠦᠰᠦᠯᠡᠨ ᠵᠢᠭᠡᠯᠡᠯᠭᠡ ᠭᠦᠢᠴᠡᠳᠭᠡᠪᠡ᠃ ᠳᠡᠷᠡ᠄ ︽ᠠᠷᠠᠳ ᠢ ᠪᠠᠶᠠᠵᠢᠭᠤᠯᠬᠤ ᠨᠢᠭᠡ ᠺᠠᠷᠲ ᠢᠶᠠᠷ ᠨᠡᠪᠳᠡᠷᠡᠭᠦᠯᠬᠦ ᠵᠢᠭᠡᠯᠡᠯᠭᠡ ᠨᠡᠭᠡᠷᠡᠨ ᠰᠠᠶᠢᠨ᠂ ᠭᠦᠢᠴᠡᠳᠭᠡᠬᠦ ᠶᠠᠪᠤᠴᠠ ᠨᠢ ᠴᠤ ᠳᠦᠢᠯ ᠤᠨ ᠳᠦᠷᠭᠡᠨ᠂ ᠪᠢ ᠳᠤᠰ ᠺᠠᠷᠲ ᠢ 3 ᠵᠢᠯ ᠬᠡᠷᠡᠭᠯᠡᠵᠤ ᠪᠤᠢ᠂ ᠪᠡᠯᠡ ᠮᠦᠩᠬᠦ ᠶᠢᠨ ᠵᠠᠷᠤᠳᠠᠯ ᠲᠠᠢ ᠪᠤᠯᠵᠤ ᠬᠡᠷᠡᠭᠯᠡᠪᠡᠯ ᠬᠦᠤ ᠮᠦᠩᠬᠦ ᠳᠦᠷᠦᠵᠤ᠂ ᠬᠡᠷᠡᠭᠯᠡᠬᠦ ᠦᠭᠡᠢ ᠦᠶᠡᠰ ᠳᠦᠯᠦᠵᠤ ᠤᠷᠤᠭᠤᠯᠪᠠᠯ ᠬᠦᠤ ᠮᠦᠩᠬᠦ ᠪᠠᠶᠢᠬᠤ ᠦᠭᠡᠢ ᠰᠢᠤ︾ ᠭᠡᠵᠤ ᠪᠠᠶᠠᠷᠯᠠᠨ᠎ᠠ᠃ ᠹᠠᠨ ᠳ᠋ᠠ ᠶᠦᠩ 6 ᠲᠦᠮᠡᠨ ᠲᠦᠭᠦᠷᠢᠭ ᠤᠨ ᠵᠢᠭᠡᠯᠡᠯᠭᠡ ᠪᠠᠷ 4 ᠮᠠᠯ ᠢᠶᠠᠨ 17 ᠪᠤᠯᠭᠠᠨ ᠦᠷᠡᠵᠢᠭᠦᠯᠵᠤ᠂ ᠪᠠᠰᠠ ᠮᠠᠯ ᠠᠷᠠᠯᠵᠢᠶᠠᠯᠠᠬᠤ ᠳᠤ ᠬᠡᠷᠡᠭᠯᠡᠬᠦ ᠳᠤᠮᠤ ᠮᠠᠰᠢᠨ ᠳᠡᠷᠭᠡ ᠬᠤᠳᠠᠯᠳᠤᠨ ᠠᠪᠴᠤ᠂ ᠠᠮᠢᠳᠤᠷᠠᠯ ᠢᠶᠠᠨ ᠦᠭᠡᠳᠡᠯᠡᠭᠦᠯᠦᠨ ᠴᠢᠨᠡᠬᠡᠯᠢᠭᠵᠢᠭᠦᠯᠦᠨ᠎ᠡ ᠪᠢᠯᠡ᠃   ᠮᠠᠯᠴᠢᠨ ᠳᠠᠷᠢᠶᠠᠴᠢᠳ ᠤᠨ ︽ᠠᠷᠠᠳ ᠢ ᠪᠠᠶᠠᠵᠢᠭᠤᠯᠬᠤ ᠨᠢᠭᠡ ᠺᠠᠷᠲ ᠢᠶᠠᠷ ᠨᠡᠪᠳᠡᠷᠡᠭᠦᠯᠬᠦ︾ ᠵᠢᠭᠡᠯᠡᠯᠭᠡ ᠭᠦᠢᠴᠡᠳᠭᠡᠬᠦ ᠳᠤ ᠳᠦᠭᠦᠮ ᠦᠵᠡᠭᠦᠯᠬᠦ ᠶᠢᠨ ᠳᠦᠯᠦᠭᠡ᠂ ᠳᠤᠮᠳᠠᠳᠤ ᠬᠤᠰᠢᠭᠤᠨ ᠤ ᠬᠦᠳᠡᠭᠡ ᠳᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶ᠎ᠠ ᠡᠭᠦᠳᠡᠨ ᠳᠤ ᠨᠢ ᠬᠦᠷᠴᠤ ᠦᠢᠯᠡᠴᠢᠯᠡᠭᠡ ᠬᠠᠩᠭᠠᠬᠤ ᠶᠢ ᠳᠡᠯᠭᠡᠷᠡᠭᠦᠯᠵᠤ᠂ ᠮᠠᠯᠴᠢᠨ ᠳᠠᠷᠢᠶᠠᠴᠢᠨ ᠬᠠᠮᠤᠭ ᠤᠯᠠᠨ ᠳᠤ ᠪᠠᠨ ᠨᠢᠭᠡ ᠯᠡ ᠤᠳᠠᠭ᠎ᠠ ᠳᠤ ᠪᠦᠬᠦᠨ ᠢ ᠭᠦᠢᠴᠡᠳᠭᠡᠵᠤ ᠳᠠᠭᠤᠰᠬᠠᠬᠤ ᠶᠢ ᠪᠠᠳᠤᠯᠠᠵᠤ ᠪᠤᠢ᠃ ᠳᠤᠮᠳᠠᠳᠤ ᠬᠤᠰᠢᠭᠤᠨ ᠤ ᠬᠦᠳᠡᠭᠡ ᠳᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶ᠎ᠠ ᠶᠢᠨ ᠭᠤᠤᠯ ᠤᠨ ᠪᠠᠶᠢᠰᠢᠩ ᠢᠳᠡᠭᠡᠮᠵᠢᠳᠤ ᠬᠤᠷᠰᠢᠶᠠᠨ ᠤ ᠡᠷᠭᠢᠯᠡᠭᠴᠢ ᠪᠤᠤ ᠸᠧᠨ ᠵᠢᠶᠠᠩ᠄ ︽ᠮᠠᠨ ᠤ ᠬᠠᠷᠢᠶ᠎ᠠ ᠤᠷᠤᠨ ᠳᠤ 22 ᠭᠠᠴᠠᠭ᠎ᠠ᠂ 76 ᠠᠶᠢᠯ ᠪᠤᠢ᠂ ᠪᠢᠳᠡ ᠬᠤᠶᠠᠷ ᠳᠤᠭᠤᠢᠢᠯᠠᠩ ᠬᠤᠪᠢᠶᠠᠵᠤ᠂ ᠡᠯ᠎ᠡ ᠭᠠᠴᠠᠭ᠎ᠠ ᠪᠠᠷ ᠬᠦᠨᠵᠡᠭᠡᠶᠢᠷᠡᠨ ᠵᠢᠭᠡᠯᠡᠯᠭᠡ ᠶᠢᠨ ᠭᠠᠷ ᠭᠦᠢᠴᠡᠳᠭᠡᠯ ᠭᠦᠢᠴᠡᠳᠭᠡᠨ ᠦᠭᠴᠤ ᠪᠠᠶᠢᠨ᠎ᠠ᠂ ᠢᠩᠬᠢᠭᠰᠡᠨ ᠠᠴᠠ ᠠᠷᠠᠳ ᠤᠯᠠᠨ ᠨᠠᠭᠠᠰᠢ ᠴᠠᠭᠠᠰᠢ ᠶᠠᠪᠤᠬᠤ ᠴᠢᠬᠤᠯᠠ ᠦᠭᠡᠢ ᠪᠤᠯᠵᠠᠢ︾ ᠭᠡᠵᠤ ᠳᠠᠨᠢᠯᠴᠠᠭᠤᠯᠪᠡ᠃   ︽ᠠᠷᠠᠳ ᠢ ᠪᠠᠶᠠᠵᠢᠭᠤᠯᠬᠤ ᠨᠢᠭᠡ ᠺᠠᠷᠲ ᠢᠶᠠᠷ ᠨᠡᠪᠳᠡᠷᠡᠭᠦᠯᠬᠦ︾ ᠵᠢᠭᠡᠯᠡᠯᠭᠡ ᠨᠢ ᠤᠯᠠᠨ ᠳᠦᠮᠡᠨ ᠤ ᠠᠮᠢᠳᠤᠷᠠᠯ ᠳᠤ ᠳᠦᠭᠦᠮ ᠦᠵᠡᠭᠦᠯᠬᠦ᠂ ᠠᠷᠠᠳ ᠤᠨ ᠠᠮᠢᠳᠤᠷᠠᠯ ᠤᠨ ᠦᠭᠡᠷᠡᠴᠢᠯᠡᠯᠳᠡ ᠶᠢ ᠠᠬᠢᠭᠤᠯᠬᠤ ᠶᠢᠨ ᠨᠢᠭᠡᠨ ᠪᠤᠳᠠᠳᠤ ᠶᠠᠪᠤᠳᠠᠯ ᠪᠠᠶᠢᠵᠤ᠂ ᠤᠳᠤ ᠦᠶ᠎ᠡ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠨᠢᠭᠡᠨ ᠳᠦᠷᠦᠯ ᠤᠨ ᠠᠷᠠᠳ ᠢ ᠬᠠᠷᠠᠭᠠᠯᠵᠠᠬᠤ ᠢᠨᠵᠧᠨᠧᠷᠢᠩ ᠪᠤᠯᠤᠨ᠎ᠠ᠃ ᠳᠡᠷᠡ ᠨᠢ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢ ᠤᠯᠠᠮ ᠨᠢᠭᠡ ᠠᠯᠬᠤᠮ ᠠᠬᠢᠭᠤᠯᠵᠤ᠂ ᠮᠠᠯᠴᠢᠨ ᠳᠠᠷᠢᠶᠠᠴᠢᠳ ᠤᠨ ᠳᠠᠷᠤᠭᠠᠰᠤ ᠶᠢ ᠬᠦᠩᠭᠡᠷᠡᠭᠦᠯᠦᠨ᠂ ᠤᠯᠠᠨ ᠳᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠳᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠤᠭᠳᠠᠯ ᠲᠠᠢ ᠪᠠᠶᠢᠳᠠᠭ᠃ ᠤᠢᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠭᠠᠰᠢ᠂ ᠳᠤᠮᠳᠠᠳᠤ ᠬᠤᠰᠢᠭᠤᠨ ᠤ ᠬᠦᠳᠡᠭᠡ ᠳᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶ᠎ᠠ ᠡᠯ᠎ᠡ ᠳᠦᠷᠦᠯ ᠤᠨ ᠵᠢᠭᠡᠯᠡᠯᠭᠡ ᠶᠢ ᠨᠡᠶᠢᠳᠡ 11.3 ᠳ᠋ᠦᠩᠰᠢᠭᠤᠷ ᠳᠦᠭᠦᠷᠢᠭ ᠳᠠᠷᠬᠠᠭᠠᠵᠤ᠂ ᠳᠡᠭᠦᠨ ᠤ ᠳᠤᠳᠤᠷ᠎ᠠ ᠳᠠᠷᠢᠶᠠᠴᠢᠳ ᠲᠤ ᠬᠤᠯᠪᠤᠭᠳᠠᠬᠤ ᠵᠢᠭᠡᠯᠡᠯᠭᠡ 8.3 ᠳ᠋ᠦᠩᠰᠢᠭᠤᠷ ᠲᠦᠭᠦᠷᠢᠭ ᠪᠤᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号