ᠬᠢᠩᠭᠠᠨ ᠵᠠᠬᠢᠷᠭ᠎ᠠ ᠠᠯᠪᠠᠨ ᠦᠰᠦᠭᠳᠦ ﹇2021﹈ 49 ᠳ᠋ᠦ᠋ᠭᠡᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠪᠦᠬᠦ ᠠᠶᠢᠮᠠᠭ ᠤᠨ ᠨᠤᠲᠤᠭ ᠪᠡᠯᠴᠢᠭᠡᠷ ᠤᠨ ᠰᠢᠭᠤᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ | ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠶᠢᠨ ᠲᠤᠰᠠᠳᠠ᠂ ᠣᠶ | ᠰᠢᠭᠤᠶ ᠶᠢᠨ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠴᠡᠭᠴᠡᠯᠡᠨ | ᠵᠠᠰᠠᠬᠤ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠵᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ᠶᠢᠨ ᠨᠠᠶᠠᠨ ᠬᠤᠶᠠᠳᠤᠭᠠᠷ | ᠵᠦᠢᠯ ᠤᠨ ᠲᠣᠭᠲᠠᠭᠠᠯ ᠵᠢᠴᠢ ︽ᠪᠥᠬᠦ ᠣᠷᠣᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠤᠨ ᠲᠣᠪᠴᠢ ᠲᠡᠮᠳᠡᠭᠯᠡᠯ︾ ︽ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ | ᠤᠳᠠᠭᠠᠨ ᠤ ᠬᠤᠷᠠᠯ ᠤᠨ ᠲᠣᠪᠴᠢ ᠲᠡᠮᠳᠡᠭᠯᠡᠯ︾ ︽ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠬᠦ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠬᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠠᠰᠠᠭᠤᠳᠠᠯ ᠢ ᠴᠡᠭᠴᠡᠯᠡᠨ | ᠵᠠᠰᠠᠵᠤ ᠰᠢᠢᠳᠪᠦᠷᠢᠯᠡᠬᠦ ᠠᠵᠢᠯ ᠢ ᠦᠨᠡᠨᠬᠦ ᠰᠠᠶᠢᠲᠤᠷ ᠬᠢᠬᠦ ᠲᠤᠬᠠᠶ ᠮᠡᠳᠡᠭᠳᠡᠯ︾ ᠪᠣᠯᠤᠨ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶ᠎ᠠ ᠶᠢᠨ ᠬᠢᠩᠭᠠᠨ ᠠᠶᠢᠮᠠᠭ ᠤᠨ ᠲᠣᠰ ᠱᠠᠲᠤᠨ ᠤ ᠣᠶ | ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠳᠤ ᠲᠣᠬᠢᠷᠠᠭᠤᠯᠤᠯᠲᠠ ᠬᠢᠬᠦ | ᠲᠤᠬᠠᠶ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠴᠣᠬᠤᠯᠠᠪᠤᠷᠢ︾ ︵ᠬᠢᠩᠭᠠᠨ ᠪᠠᠶᠢᠭᠤᠯᠭ᠎ᠠ | ᠨᠠᠶᠢᠷᠠᠭᠤᠯᠤᠨ ᠲᠠᠷᠬᠠᠭᠠᠭᠰᠠᠨ ︹ 2021 ︺ 39 ᠳ᠋ᠤᠭᠡᠷ ᠲᠣᠭᠠᠲᠤ︶ ᠶᠢᠨ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠣᠶ ᠰᠢᠭᠤᠶ ᠶᠢᠨ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠬᠦ ᠬᠤᠯᠪᠣᠭᠳᠠᠯ ᠪᠥᠬᠦᠶ ᠤᠴᠢᠷ ᠢ ᠡᠳᠦᠭᠡ ᠳᠣᠤᠷᠠᠬᠢ | ᠮᠡᠲᠦ ᠮᠡᠳᠡᠭᠳᠡᠶ᠎ᠡ᠄ | ᠨᠢᠭᠡ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠲᠡᠯᠡᠠ ᠭᠤᠷᠪᠠᠳᠤᠭᠠᠷ ᠵᠦᠢᠯ᠂ ᠲᠡᠯᠡᠠ | ᠳᠥᠷᠪᠡᠳᠦᠭᠡᠷ ᠵᠦᠢᠯ᠂ ᠲᠡᠯᠡᠠ ᠵᠢᠷᠭᠤᠳᠤᠭᠠᠷ ᠵᠦᠢᠯ᠂ ᠲᠡᠯᠡᠠ ᠳᠣᠯᠣᠳᠤᠭᠠᠷ ᠵᠦᠢᠯ᠂ ᠲᠡᠯᠡᠠ ᠨᠠᠢᠮᠠᠳᠤᠭᠠᠷ | ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃ | ᠬᠤᠶᠠᠷ᠂ ᠡᠯ᠎ᠡ ᠭᠠᠵᠠᠷ ᠤᠨ ᠬᠢᠨ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠪᠠᠷ | ᠲᠦᠷᠦᠭᠦᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠶᠡᠭᠡ ᠠᠩᠭᠢ᠂ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠠᠩᠭᠢ ᠪᠦᠷᠢᠯᠳᠦᠭᠦᠯᠵᠦ ᠣᠶ ᠰᠢᠭᠤᠶ ᠶᠢᠨ | ᠵᠠᠰᠠᠭ ᠵᠠᠬᠢᠷᠭᠠᠨ ᠤ ᠬᠡᠷᠡᠭ ᠢ ᠬᠠᠷᠢᠭᠤᠴᠠᠨ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠠᠪᠤᠴᠠ ᠳᠤ ᠬᠡᠷᠡᠭ ᠪᠣᠯᠭᠠᠨ ᠳᠡᠩᠰᠡᠯᠡᠬᠦ ᠶᠢ ᠣᠶ ᠰᠢᠭᠤᠶ ᠨᠤᠳᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠠᠴᠠ ᠬᠢᠨᠠᠨ ᠵᠥᠪᠰᠢᠶᠡᠷᠡᠨ᠎ᠡ︔ ᠣᠶ ᠰᠢᠭᠤᠶ ᠨᠤᠳᠤᠭ | ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ ᠢ ᠣᠶ ᠰᠢᠭᠤᠶ ᠡᠪᠡᠰᠦ | ᠪᠡᠯᠴᠢᠭᠡᠷ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠢᠨᠠᠨ ᠵᠥᠪᠰᠢᠶᠡᠷᠡᠵᠦ᠂ ᠲᠠᠮᠠᠭ᠎ᠠ ᠪᠠᠨ | ᠳᠠᠷᠤᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠪᠠᠭᠤᠯᠭᠠᠨ᠎ᠠ᠃ | ᠭᠤᠷᠪᠠ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠᠶᠢᠳᠠᠯ ᠭᠠᠷᠪᠠᠯ᠂ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠰᠢᠢᠳᠪᠦᠷᠢᠯᠡᠨ᠎ᠡ︔ ᠵᠠᠰᠠᠭ ᠵᠠᠬᠢᠷᠭᠠᠨ ᠤ ᠵᠠᠷᠭᠤ ᠭᠠᠷᠬᠤ | ᠦᠶ᠎ᠡ ᠳᠤ᠂ ᠡᠯ᠎ᠡ ᠱᠠᠲᠤᠨ ᠤ ᠤᠢ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ᠂ ᠪᠠᠶᠢᠴᠠᠭᠠᠬᠤ | ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠪᠦᠷᠢᠯᠡᠨ᠎ᠡ᠃ | ᠳᠥᠷᠪᠡ᠂ ᠲᠣᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠂ ᠵᠥᠪᠬᠡᠨ ᠪᠥᠬᠦ | ᠠᠶᠢᠮᠠᠭ ᠤᠨ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠭᠤᠴᠠᠭᠠᠨ ᠳᠤ ᠬᠡᠷᠡᠭᠯᠡᠨ᠎ᠡ᠂ ᠲᠤᠰᠬᠠᠶ | ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠪᠤᠶᠤ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠷᠠᠭ᠎ᠠ᠂ ᠲᠣᠰ ᠮᠡᠳᠡᠭᠳᠡᠯ ᠢ ᠠᠶᠠᠨᠳᠠᠭᠠᠨ | ᠬᠦᠴᠦᠨ ᠥᠬᠡᠶ ᠪᠣᠯᠭᠠᠨ᠎ᠠ᠃ | | 2021 ᠣᠨ ᠤ 11 ᠰᠠᠷ᠎ᠠ ᠶᠢᠨ 10 | |