ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠬᠢᠩᠭᠠᠨ ᠠᠶᠢᠮᠠᠭ ᠤᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠲᠦᠯᠬᠢᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ  ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/12/9
         ᠬᠢᠩᠭᠠᠨ ᠵᠠᠬᠢᠷᠭ᠎ᠠ ᠠᠯᠪᠠᠨ ᠦᠰᠦᠭᠲᠦ ﹇2021﹈ 51 ᠳ᠋ᠤᠭᠡᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄  ᠮᠠᠨ ᠤ ᠠᠶᠢᠮᠠᠭ ᠤᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠬᠢᠴᠠ ᠶᠢ ᠦᠨᠡᠨᠬᠦ ᠲᠦᠷᠭᠡᠳᠬᠡᠬᠦ ᠶᠢᠨ ᠲᠤᠰᠠᠳᠠ᠂ ᠠᠶᠢᠮᠠᠭ ᠤᠨ ᠵᠠᠬᠢᠷᠭ᠎ᠠ ᠠᠴᠠ ᠬᠢᠩᠭᠠᠨ ᠠᠶᠢᠮᠠᠭ ᠤᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠢ ᠤᠴᠢᠷ   ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠪᠦᠷᠢᠯᠳᠦᠬᠦᠨ    ᠳᠤᠭᠤᠶᠢᠯᠠᠩ ᠤᠨ ᠳᠠᠷᠤᠭ᠎ᠠ᠄        ᠰᠦᠬᠡ    ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠳᠤᠭᠤᠶᠢᠯᠠᠩ ᠤᠨ ᠳᠡᠳ᠋ ᠳᠠᠷᠤᠭ᠎ᠠ᠄        ᠴᠢᠦᠶ ᠵᠧᠨ ᠨᠢᠶᠠᠨ      ᠠᠶᠢᠮᠠᠭ ᠤᠨ ᠳᠡᠳ᠋  ᠳᠠᠷᠤᠭ᠎ᠠ     ᠪᠦᠷᠢᠯᠳᠦᠬᠦᠨ᠄       ᠸᠠᠩ ᠴᠦᠨ ᠶᠢᠤ     ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠠᠷᠤᠭ᠎ᠠ       ᠹᠦ᠋ ᠢᠦᠶ ᠭᠤᠸᠠᠩ     ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ       ᠴᠢᠦ ᠹᠧᠩ         ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ       ᠬᠥ᠋ ᠯᠢ ᠮᠢᠨ        ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠯᠢ ᠶᠠᠨ           ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ      ᠵᠢᠶ ᠬᠤᠩ ᠮᠧᠶ     ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ      ᠭᠦᠸᠧ ᠯᠢᠩ ᠶᠦᠨ     ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ      ᠪᠠᠶ ᠴᠠᠩ  ᠹᠧᠩ      ᠠᠶᠢᠮᠠᠭ ᠤᠨ ᠣᠶ ᠰᠢᠭᠤᠶ  ᠨᠤᠳᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ      ᠲᠢᠶᠠᠨ ᠶᠢᠨ  ᠰᠥᠸᠧ    ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠡᠷᠬᠢᠯᠡᠭᠴᠢ      ᠰᠢᠶᠧ ᠬᠤᠩ ᠸᠧᠶ      ᠤᠯᠤᠰ ᠤᠨ ᠴᠠᠬᠢᠯᠭᠠᠨ ᠲᠣᠣᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠶ ᠳᠠᠭᠠᠭᠠᠮᠠᠯ      ᠸᠠᠩ ᠵᠢᠶᠦ᠋ᠨ  ᠹᠧᠩ    ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ      ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠴᠢᠦ ᠹᠧᠩ ᠨᠥᠬᠦᠷ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠸᠠᠩ ᠵᠢᠶᠦ᠋ᠨ  ᠹᠧᠩ ᠨᠥᠬᠦᠷ ᠬᠠᠪᠰᠤᠷᠭᠠᠨ ᠬᠠᠷᠢᠭᠤᠴᠠᠨ᠎ᠠ᠃    ᠬᠤᠶᠠᠷ᠂ ᠠᠵᠢᠯ   ᠤᠨ ᠱᠠᠭᠠᠷᠳᠠᠯᠭ᠎ᠠ    ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠨᠤᠭᠤᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠳᠥᠯᠭᠢᠨ ᠠᠬᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠥᠯᠭᠢᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠲᠦᠷᠭᠡᠬᠡᠨ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠯ᠎ᠡ  ᠵᠦᠢᠯ ᠤᠨ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠡᠭᠦᠷᠭᠡ ᠪᠠᠨ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠰᠠᠶᠢᠲᠤᠷ ᠪᠡᠶᠡᠯᠡᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠨᠤᠭᠤᠳ 11 ᠳ᠋ᠤᠭᠡᠷ ᠰᠠᠷ᠎ᠠ ᠶᠢᠨ 20 ᠤ ᠡᠳᠦᠷ ᠠᠴᠠ ᠡᠮᠦᠨ᠎ᠡ᠂ ᠤᠳᠤᠷᠢᠳᠬᠤ ᠳᠤᠭᠤᠶᠢᠯᠠᠩ ᠪᠠᠶᠢᠭᠤᠯᠤᠭᠰᠠᠨ ᠪᠠᠶᠢᠳᠠᠯ ᠢᠶᠠᠨ ᠠᠶᠢᠮᠠᠭ ᠤᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃    ︵ᠬᠤᠶᠠᠷ︶ ᠳᠣᠭᠢᠷᠠᠭᠤᠯᠤᠨ ᠠᠬᠢᠭᠤᠯᠬᠤ ᠶᠢ ᠴᠢᠩᠭ᠎ᠠ ᠠᠳᠬᠤᠨ᠎ᠠ᠃ ᠡᠯ᠎ᠡ ᠬᠤᠰᠢᠭᠤ ᠰᠢᠶᠠᠨ ᠬᠤᠲᠠ ᠨᠤᠭᠤᠳ ᠲᠣᠭᠲᠠᠭᠰᠠᠨ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠳᠣᠭᠢᠷᠠᠭᠤᠯᠤᠨ ᠠᠬᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠷᠥᠯ  ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠠ ᠵᠢᠷᠤᠭ ᠢ ᠬᠥᠮᠥᠷᠭᠡ ᠳᠤ ᠣᠷᠣᠭᠤᠯᠬᠤ ᠵᠡᠷᠭᠡ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠦᠷᠭᠡᠨ ᠪᠡᠶᠡᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠵᠤ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ︵ᠭᠤᠷᠪᠠ︶ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠪᠣᠯ ᠨᠢᠭᠡ ᠵᠦᠢᠯ ᠤᠨ ᠶᠡᠷᠦᠩᠬᠡᠶᠢᠯᠡᠭᠰᠡᠨ ᠴᠢᠨᠠᠷᠲᠠᠶ ᠢᠨᠵᠧᠨᠧᠷᠢᠩ ᠤᠨ ᠲᠥᠷᠥᠯ ᠵᠦᠢᠯ ᠪᠠᠶᠢᠵᠤ᠂ ᠣᠯᠠᠨ ᠰᠠᠯᠠᠭ᠎ᠠ ᠮᠥᠴᠢᠷ ᠲᠤ ᠬᠤᠯᠪᠣᠭᠳᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠲᠠ ᠬᠠᠮᠵᠢᠯᠴᠠᠨ᠂ ᠬᠠᠮᠵᠢᠯᠴᠠᠨ ᠬᠦᠴᠦᠯᠡᠵᠦ᠂ ᠠᠵᠢᠯ ᠢᠶᠠᠨ ᠠᠬᠢᠭᠤᠯᠬᠤ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠬᠤ ᠬᠡᠷᠡᠭᠲᠡᠶ᠃                                                                             2021 ᠣᠨ ᠤ 11 ᠰᠠᠷ᠎ᠠ ᠶᠢᠨ 15
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号