ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠲᠤᠰᠠᠯᠠᠮᠵᠢ ᠶᠢᠨ ᠴᠠᠯᠢᠩ ᠢ ᠨᠡᠮᠡᠭᠳᠡᠭᠦᠯᠬᠦ ᠲᠣᠭᠲᠠᠴᠠ ᠶᠢ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/9
      ᠬᠢᠩᠭᠠᠨ ᠵᠠᠬᠢᠷᠭ᠎ᠠ ᠠᠯᠪᠠᠨ ᠦᠰᠦᠭᠲᠦ ﹇2021﹈ 56 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄  ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠪᠣᠯ ᠤᠯᠤᠰ ᠣᠷᠣᠨ ᠤ ᠤᠯᠤᠰ ᠲᠥᠷᠥ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠵᠤ ᠪᠠᠶᠢᠳᠠᠭ᠂ ᠴᠡᠷᠢᠭ ᠠᠴᠠ ᠬᠠᠯᠠᠭᠳᠠᠭᠰᠠᠳ ᠤᠨ ᠠᠵᠢᠯ ᠢ ᠴᠢᠩᠭᠠᠳᠬᠠᠬᠤ ᠪᠣᠯ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠃ 11 ᠳ᠋ᠤᠭᠡᠷ ᠰᠠᠷ᠎ᠠ ᠶᠢᠨ 4 ᠤ ᠡᠳᠦᠷ ᠤᠨ ᠠᠶᠢᠮᠠᠭ ᠤᠨ ᠨᠠᠮ ᠤᠨ ᠬᠤᠷᠢᠶ᠎ᠠ ᠶᠢᠨ 2021 ᠣᠨ ᠤ 38 ᠳ᠋ᠤᠭᠠᠷ ᠤᠳᠠᠭᠠᠨ ᠤ ᠵᠥᠪᠯᠡᠯ᠂ 2021 ᠣᠨ ᠤ 11 ᠳ᠋ᠤᠭᠡᠷ ᠰᠠᠷ᠎ᠠ ᠶᠢᠨ 3 ᠤ ᠡᠳᠦᠷ ᠤᠨ ᠠᠶᠢᠮᠠᠭ ᠤᠨ ᠵᠠᠬᠢᠷᠭ᠎ᠠ ᠶᠢᠨ 17 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ  ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠤᠰᠠᠳᠠ᠂ ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠪᠥᠬᠦ ᠠᠶᠢᠮᠠᠭ ᠤᠨ ᠴᠡᠷᠢᠭ  ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠪᠣᠳᠠᠲᠠᠶ ᠪᠠᠷᠢᠮᠵᠢᠶ᠎ᠠ ᠨᠢ᠄ ᠠᠵᠢᠯ ᠣᠯᠭᠤᠯᠲᠠ ᠶᠢᠨ ᠲᠤᠰᠠᠯᠠᠮᠵᠢ ᠶᠢᠨ ᠠᠵᠢᠯ ᠤᠨ ᠪᠠᠶᠢᠷᠢ ᠶᠢᠨ ᠴᠠᠯᠢᠩ ᠢ ᠰᠠᠷ᠎ᠠ ᠪᠦᠷᠢ 100 ᠲᠥᠭᠦᠷᠢᠭ ᠨᠡᠮᠡᠭᠳᠡᠭᠦᠯᠦᠨ᠎ᠡ᠂ ᠬᠡᠷᠪᠡ ᠴᠡᠷᠢᠭ ᠠᠴᠠ ᠬᠠᠯᠠᠭᠳᠠᠭᠰᠠᠳ ᠠᠵᠢᠯ ᠣᠯᠭᠤᠯᠲᠠ ᠶᠢᠨ ᠲᠤᠰᠠᠯᠠᠮᠵᠢ ᠶᠢᠨ ᠬᠥᠳᠡᠯᠮᠦᠷᠢ ᠶᠢᠨ ᠭᠡᠷ᠎ᠡ ᠶᠢ ᠵᠥᠷᠢᠴᠡᠪᠡᠯ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠬᠥᠳᠡᠯᠮᠦᠷᠢ ᠶᠢᠨ ᠭᠡᠷ᠎ᠡ ᠶᠢᠨ ᠲᠣᠭᠲᠠᠭᠠᠯ ᠶᠣᠰᠣᠭᠠᠷ  ᠰᠢᠢᠳᠪᠦᠷᠢᠯᠡᠨ᠎ᠡ᠃    ᠡᠨᠡᠬᠦ ᠠᠵᠢᠯ ᠣᠯᠭᠤᠯᠲᠠ ᠶᠢᠨ ᠲᠤᠰᠠᠯᠠᠮᠵᠢ ᠶᠢᠨ ᠴᠠᠯᠢᠩ ᠤᠨ ᠨᠡᠮᠡᠭᠳᠡᠯ ᠤᠨ ᠪᠠᠷᠢᠮᠵᠢᠶ᠎ᠠ ᠶᠢ 2022 ᠣᠨ ᠤ 1 ᠰᠠᠷ᠎ᠠ ᠠᠴᠠ ᠡᠬᠢᠯᠡᠨ ᠬᠡᠷᠡᠭᠵᠢᠭᠦᠯᠵᠦ᠂ ᠭᠤᠷᠪᠠᠨ ᠵᠢᠯ ᠲᠦᠷ ᠬᠡᠷᠡᠭᠵᠢᠭᠦᠯᠦᠨ᠎ᠡ᠃  ᠬᠡᠷᠪᠡ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠠᠴᠠ ᠰᠢᠨ᠎ᠡ ᠲᠥᠷᠥ ᠶᠢᠨ ᠪᠣᠳᠣᠯᠭ᠎ᠠ ᠨᠡᠶᠢᠲᠡᠯᠡᠪᠡᠯ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠣᠭᠲᠠᠭᠠᠯ ᠢ ᠵᠢᠷᠤᠮᠯᠠᠨ᠎ᠠ᠃                                                 2021 ᠣᠨ ᠤ 11 ᠰᠠᠷ᠎ᠠ ᠶᠢᠨ 25  
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号