ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ | | ᠨᠢᠭᠡ ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠠᠯᠢ | ᠶᠢᠨ ᠡᠬᠢ ᠪᠠᠶᠠᠯᠢᠭ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠦ᠂ | ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠪᠠᠶᠢᠭᠠᠯᠢ ᠶᠢᠨ ᠡᠬᠢ | ᠪᠠᠶᠠᠯᠢᠭ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | | ᠬᠤᠶᠠᠷ ᠂ ᠠᠷᠠᠳ ᠨᠡᠶᠢᠲᠡ ᠶᠢᠨ ᠦᠮᠴᠢᠯᠡᠯᠳᠦ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ | ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ | ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ | ᠶᠢ ᠵᠠᠬᠢᠷᠤᠨ ᠬᠠᠮᠢᠶᠠᠷᠬᠤ ᠪᠣᠶ ᠪᠥᠬᠦᠶ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠤᠯᠤᠰ ᠤᠨ ᠬᠠᠤᠯᠢ | ᠲᠣᠭᠲᠠᠭᠠᠯ ᠪᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ | ᠪᠠ ᠬᠡᠮᠵᠢᠨ ᠵᠢᠷᠤᠭᠯᠠᠯᠲᠠ ᠵᠡᠷᠭᠡ ᠣᠷᠣᠨ ᠨᠤᠲᠤᠭ ᠤᠨ ᠴᠢᠨᠠᠷᠲᠠᠶ ᠲᠥᠷᠥ ᠶᠢᠨ ᠪᠣᠳᠣᠯᠭ᠎ᠠ᠂ ᠲᠦᠷᠢᠮ ᠲᠣᠭᠲᠠᠭᠠᠯ᠂ | ᠠᠷᠭ᠎ᠠ ᠶᠢᠨ ᠲᠥᠰᠦᠯ ᠢ ᠲᠤᠭᠤᠷᠪᠢᠨ ᠲᠣᠭᠲᠠᠭᠠᠨ᠎ᠠ᠃ | ᠭᠤᠷᠪᠠ ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ | ᠬᠡᠮᠵᠢᠵᠦ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠪᠠ ᠪᠦᠷᠢᠳᠬᠡᠬᠦ ᠪᠠᠷᠢᠮᠵᠢᠶ᠎ᠠ ᠶᠣᠰᠣᠭᠠᠷ᠂ ᠪᠦᠬᠦ ᠠᠶᠢᠮᠠᠭ | ᠤᠨ ᠨᠢᠭᠡᠳᠦᠯᠲᠡᠶ ᠲᠦᠷᠢᠮᠵᠢᠭᠰᠡᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠳᠦᠷᠢᠮ | ᠢ ᠪᠠᠶᠢᠭᠤᠯᠤᠨ᠎ᠠ᠃ ᠪᠦᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠢ | ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠪᠠᠶᠢᠭᠠᠯᠢ | ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠤᠨ ᠬᠢᠨᠠᠯᠲᠠ ᠬᠠᠮᠢᠶᠠᠷᠤᠯᠲᠠ | ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ ᠬᠤᠰᠢᠭᠤ ᠰᠢᠶᠠᠨ ᠬᠤᠲᠠ ᠶᠢ ᠵᠢᠯᠣᠭᠤᠳᠤᠨ ᠪᠠᠶᠢᠭᠠᠯᠢ ᠶᠢᠨ | ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠠᠵᠢᠯ ᠢ ᠥᠷᠨᠢᠭᠦᠯᠦᠨ᠎ᠡ᠃ | ᠳᠥᠷᠪᠡ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ | ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ ᠲᠥᠷᠥᠯ ᠤᠨ | ᠪᠠᠶᠢᠭᠠᠯᠢ ᠶᠢᠨ ᠡᠬᠢ ᠪᠠᠶᠠᠯᠢᠭ ᠪᠣᠯᠤᠨ ᠦᠯᠦ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠶ ᠨᠤᠲᠠᠯᠠᠨ | ᠲᠣᠭᠲᠠᠭᠠᠵᠤ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠦᠯᠦ ᠬᠥᠳᠡᠯᠬᠦ ᠬᠥᠷᠥᠩᠭᠡ ᠶᠢ ᠬᠡᠮᠵᠢᠨ | ᠵᠢᠷᠤᠬᠤ᠂ ᠮᠠᠷᠭᠤᠯᠳᠤᠭᠠᠨ ᠢ ᠵᠣᠬᠢᠴᠠᠭᠤᠯᠤᠨ ᠰᠢᠶᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ | ᠂ ᠲᠦᠷᠢᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠠᠶᠢᠮᠠᠭ ᠤᠨ ᠪᠠᠶᠢᠭᠠᠯᠢ ᠶᠢᠨ ᠡᠬᠢ | ᠪᠠᠶᠠᠯᠢᠭ ᠪᠠ ᠲᠣᠭᠲᠠᠮᠠᠯ ᠬᠥᠷᠥᠩᠭᠡ ᠶᠢ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ | ᠲᠠᠪᠴᠠᠩ ᠢ ᠪᠠᠶᠢᠭᠤᠯᠤᠨ ᠪᠦᠷᠢᠨᠰᠢᠭᠦᠯᠦᠨ᠎ᠡ᠃ ᠪᠦᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ | ᠬᠥᠳᠡᠯᠬᠦ ᠬᠥᠷᠥᠩᠭᠡ ᠶᠢ ᠳᠠᠩᠰᠠᠯᠠᠭᠰᠠᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ | ᠬᠠᠮᠢᠶᠠᠷᠤᠯᠲᠠ ᠵᠡᠷᠭᠡ ᠶᠢ ᠬᠠᠷᠢᠭᠤᠴᠠᠨ᠎ᠠ᠃ ᠪᠦᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ | ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ᠲᠠᠪᠤ ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ | ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠷᠠᠳ ᠨᠡᠶᠢᠲᠡ ᠶᠢᠨ ᠥᠮᠴᠢᠯᠡᠯ | ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠦᠷᠢᠳᠬᠡᠯ ᠤᠨ ᠳᠦᠷᠢᠮ ᠶᠣᠰᠣᠭᠠᠷ᠂ ᠪᠦᠬᠦ ᠠᠶᠢᠮᠠᠭ | ᠤᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠣᠭᠠᠴᠠᠭ᠎ᠠ ᠶᠢ | ᠬᠠᠷᠢᠭᠤᠴᠠᠨ᠎ᠠ᠃ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭᠡᠳ᠋ ᠬᠥᠷᠥᠩᠭᠡ ᠶᠢᠨ ᠥᠷᠢ | ᠥᠭᠴᠡᠭᠡ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠰᠢᠯᠭᠠᠨ ᠬᠢᠨᠠᠬᠤ ᠪᠠᠷᠢᠮᠵᠢᠶ᠎ᠠ ᠶᠢ ᠲᠣᠭᠲᠠᠭᠠᠨ᠎ᠠ᠃ | ᠪᠥᠬᠦ ᠠᠶᠢᠮᠠᠭ ᠤᠨ ᠪᠥᠬᠦ ᠠᠷᠠᠳ ᠤᠨ ᠦᠮᠴᠢᠯᠡᠯᠳᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ | ᠰᠢᠯᠵᠢᠭᠦᠯᠦᠨ ᠥᠭᠬᠦ ᠂ ᠲᠦᠷᠢᠶᠡᠰᠦᠯᠡᠭᠦᠯᠬᠦ᠂ ᠦᠨ᠎ᠡ ᠲᠤᠭᠳᠠᠭᠠᠵᠦ ᠪᠠᠯᠠ ᠭᠠᠷᠭᠠᠬᠤ ᠪᠠ ᠭᠠᠵᠠᠷ ᠰᠢᠷᠣᠶ | ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠠᠷᠠᠳ ᠤᠨ ᠥᠮᠴᠢᠯᠡᠯ | ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠵᠦᠶ ᠵᠣᠬᠢᠰᠲᠠᠶ ᠳᠣᠭᠢᠷᠠᠭᠤᠯᠤᠨ᠎ᠠ᠃ ᠪᠦᠬᠦ ᠠᠶᠢᠮᠠᠭ | ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ | ᠬᠠᠷᠢᠭᠤᠴᠠᠵᠤ᠂ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ | ᠠᠪᠤᠨ᠎ᠠ᠃ | ᠵᠢᠷᠭᠤᠭ᠎ᠠ ᠂ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠠᠵᠢᠯ ᠢ | ᠬᠠᠷᠢᠭᠤᠴᠠᠨ᠎ᠠ᠃ ᠪᠥᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠲᠤᠭᠤᠷᠪᠢᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠠᠴᠠ ᠪᠠᠶᠢᠭᠠᠯᠢ ᠶᠢᠨ ᠡᠬᠢ | ᠪᠠᠶᠠᠯᠢᠭ ᠤᠨ ᠦᠨ᠎ᠡ ᠬᠠᠩᠰᠢ ᠶᠢ ᠢᠯᠡ ᠨᠡᠶᠢᠳᠡᠯᠡᠬᠦ ᠰᠢᠰᠲ᠋ᠧᠮ ᠢ ᠪᠠᠶᠢᠭᠤᠯᠵᠦ᠂ ᠪᠠᠶᠢᠭᠠᠯᠢ ᠶᠢᠨ ᠡᠬᠢ ᠪᠠᠶᠠᠯᠢᠭ ᠤᠨ | ᠲᠠᠰ ᠪᠠ ᠲᠠᠰ ᠲᠣᠭᠲᠠᠭᠠᠭᠰᠠᠨ ᠦᠨ᠎ᠡ ᠬᠠᠩᠰᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ | ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠨ ᠰᠢᠯᠭᠠᠬᠤ ᠠᠵᠢᠯ ᠢ ᠥᠷᠨᠢᠭᠦᠯᠦᠨ᠂ ᠠᠷᠪᠢᠯᠠᠨ | ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠵᠢᠯᠣᠭᠤᠳᠤᠨ᠎ᠠ᠃ ᠪᠦᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠠᠶᠢᠮᠠᠭ ᠤᠨ ᠪᠠᠶᠢᠭᠠᠯᠢ ᠶᠢᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠭ᠎ᠠ ᠡᠵᠡᠮᠰᠢᠯ᠂ ᠣᠷᠣᠨ ᠪᠦᠰᠡ ᠶᠢᠨ ᠵᠣᠬᠢᠴᠠᠭᠤᠯᠭ᠎ᠠ ᠪᠠ | ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠶᠢ ᠵᠣᠬᠢᠶᠠᠨ ᠪᠠᠶᠢᠭᠤᠯᠤᠨ ᠰᠤᠳᠤᠯᠤᠨ᠎ᠠ᠃ | ᠳᠣᠯᠤᠭ᠎ᠠ ᠂ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠬᠠᠷᠢᠭᠤᠴᠠᠨ ᠪᠠᠶᠢᠭᠤᠯᠬᠤ ᠶᠢᠨ ᠬᠠᠮᠲᠤ | ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠ | ᠳᠦᠷᠢᠮ ᠢ ᠲᠦᠯᠬᠢᠨ ᠠᠬᠢᠭᠤᠯᠵᠤ᠂ ᠪᠦᠬᠦ ᠠᠶᠢᠮᠠᠭ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠥᠪᠵᠢᠭᠦᠯᠪᠡ ᠪᠠ ᠬᠠᠮᠢᠶ᠎ᠠ ᠪᠦᠬᠦᠢ ᠲᠤᠰᠬᠠᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ᠎ᠠ᠃ ᠪᠦᠬᠦ ᠠᠶᠢᠮᠠᠭ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ | ᠨᠡᠭᠡᠭᠡᠨ ᠠᠰᠢᠭᠯᠠᠬᠤ ᠲᠣᠬᠢᠷᠠᠮᠵᠢᠲᠠᠢ ᠦᠨᠡᠯᠡᠯᠲᠡ ᠶᠢ ᠥᠷᠨᠢᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ | ᠶᠢᠨ ᠲᠥᠯᠥᠪᠵᠢᠭᠦᠯᠭᠡ ᠶᠢ ᠬᠡᠷᠡᠭᠵᠢᠭᠦᠯᠵᠦ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮ ᠢ ᠪᠠᠶᠢᠭᠤᠯᠤᠨ᠎ᠠ᠃ ᠪᠦᠬᠦ ᠠᠶᠢᠮᠠᠭ ᠢ ᠵᠣᠬᠢᠶᠠᠨ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤᠨ ᠤ ᠨᠡᠭᠡᠭᠡᠨ ᠠᠰᠢᠭᠯᠠᠯᠲᠠ | ᠶᠢᠨ ᠵᠠᠭᠠᠭ ᠱᠤᠭᠤᠮ ᠵᠡᠷᠭᠡ ᠶᠢᠨ ᠡᠵᠡᠮᠰᠢᠯ ᠤᠨ ᠱᠤᠭᠤᠮ ᠢ ᠬᠤᠪᠢᠶᠠᠷᠢᠯᠠᠨ ᠲᠣᠭᠲᠠᠭᠠᠵᠤ᠂ ᠡᠬᠢ ᠪᠠᠶᠠᠯᠢᠭ ᠢ | ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ | ᠵᠠᠢ ᠶᠢᠨ ᠪᠠᠶᠢᠷᠢᠯᠠᠭᠤᠯᠤᠯᠲᠠ ᠶᠢ ᠪᠠᠶᠢᠭᠤᠯᠤᠨ᠎ᠠ᠃ ᠪᠦᠬᠦ ᠠᠶᠢᠮᠠᠭ ᠤᠨ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠬᠡᠷᠡᠭᠯᠡᠭᠡᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ | ᠲᠥᠯᠥᠪᠵᠢᠭᠦᠯᠭᠡ ᠶᠢᠨ ᠲᠥᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠭᠠᠵᠠᠷ ᠰᠢᠷᠣᠢ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠯᠲᠠ ᠶᠢᠨ | ᠲᠥᠯᠥᠪᠯᠡᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠪᠥᠭᠡᠳ ᠬᠡᠷᠡᠭᠵᠢᠭᠦᠯᠦᠨ᠎ᠡ᠃ ᠪᠦᠬᠦ ᠠᠶᠢᠮᠠᠭ ᠤᠨ | ᠭᠠᠵᠠᠷ ᠰᠢᠷᠣᠶ ᠵᠡᠷᠭᠡ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠴᠡᠭᠡ ᠶᠢ ᠰᠢᠯᠵᠢᠭᠦᠯᠦᠨ ᠬᠡᠷᠡᠭᠯᠡᠬᠦ᠂ | ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠭᠠᠵᠠᠷ ᠰᠢᠷᠣᠶ | ᠲᠠᠲᠠᠪᠤᠷᠢᠯᠠᠨ ᠬᠡᠷᠡᠭᠯᠡᠬᠦ ᠠᠵᠢᠯ ᠢ ᠵᠢᠯᠣᠭᠤᠳᠤᠨ᠎ᠠ᠃ | ᠨᠠᠶᠮᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠶᠢ ᠨᠢᠭᠡᠳᠦᠯᠲᠡᠶ | ᠲᠥᠯᠥᠪᠵᠢᠭᠦᠯᠦᠨ᠎ᠡ᠃ ᠪᠦᠬᠦ ᠠᠶᠢᠮᠠᠭ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠯᠪᠣᠭᠳᠠᠯ ᠪᠦᠬᠦᠢ ᠠᠮᠢ | ᠠᠬᠤᠢ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠡᠯᠡ | ᠣᠷᠣᠭᠤᠯᠤᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ | ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ | ᠵᠠᠰᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠢ | ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠶ ᠠᠰᠢᠭᠯᠠᠨ ᠠᠮᠢ ᠠᠬᠤᠶ ᠶᠢ | ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠴᠢᠬᠤᠯᠠ ᠶᠡᠭᠡ ᠪᠡᠯᠡᠳᠬᠡᠯ ᠲᠥᠷᠥᠯ | ᠵᠦᠢᠯ ᠢ ᠳᠤᠷᠠᠳᠤᠨ᠎ᠠ᠃ | ᠶᠢᠰᠦ ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ | ᠬᠡᠷᠡᠭᠵᠢᠭᠦᠯᠵᠦ᠂ ᠪᠥᠬᠦ ᠠᠶᠢᠮᠠᠭ ᠤᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ | ᠭᠤᠷᠪᠠ ᠶᠢ ᠨᠢᠭᠡ ᠴᠣᠭᠴᠠᠵᠢᠭᠤᠯᠤᠭᠰᠠᠨ ᠬᠠᠮᠠᠭᠠᠯᠠᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ ᠪᠦᠬᠦ ᠠᠶᠢᠮᠠᠭ ᠤᠨ | ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠵᠤ᠂ | ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠤ ᠨᠥᠬᠦᠪᠥᠷᠢ ᠥᠭᠬᠦ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ | ᠬᠢᠨᠠᠯᠲᠠ ᠲᠠᠯᠪᠢᠨ᠎ᠠ᠃ | ᠠᠷᠪᠠ ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠠ ᠭᠠᠵᠠᠷ ᠰᠢᠨᠵᠢᠯᠡᠭᠡᠨ ᠤ ᠠᠵᠢᠯ | ᠢ ᠬᠠᠷᠢᠭᠤᠴᠠᠨ ᠬᠠᠮᠢᠶᠠᠷᠤᠨ᠎ᠠ᠃ ᠪᠦᠬᠦ ᠠᠶᠢᠮᠠᠭ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠯᠥᠪᠵᠢᠭᠦᠯᠭᠡ | ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ | ᠪᠦᠬᠦ ᠠᠶᠢᠮᠠᠭ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠢ ᠬᠢᠨᠠᠨ ᠬᠠᠮᠢᠶᠠᠷᠤᠨ᠎ᠠ᠃ | ᠪᠦᠬᠦ ᠠᠶᠢᠮᠠᠭ ᠤᠨ ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ ᠤ | ᠪᠠᠶᠢᠴᠠᠭᠠᠯᠲᠠ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢᠨ | ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠭᠠᠵᠠᠷ ᠤᠨ ᠭᠠᠮᠰᠢᠭ ᠢ ᠰᠡᠷᠭᠡᠶᠢᠯᠡᠬᠦ ᠪᠠ | ᠵᠠᠰᠠᠬᠤ ᠶᠢ ᠬᠠᠷᠢᠭᠤᠴᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠨᠡᠭᠡᠭᠡᠨ ᠮᠠᠯᠲᠠᠭᠰᠠᠨ ᠵᠢᠴᠢ ᠭᠠᠵᠠᠷ ᠤᠨ | ᠭᠠᠳᠠᠷᠭᠤ ᠳᠣᠷᠣᠭᠰᠢ ᠰᠠᠭᠤᠭᠰᠠᠨ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃ ᠪᠦᠬᠦ | ᠠᠶᠢᠮᠠᠭ ᠤᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠠᠷᠪᠠᠨ ᠨᠢᠭᠡ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ | ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠭᠠᠵᠠᠷ ᠤᠨ ᠭᠠᠮᠰᠢᠭ ᠢ | ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠭᠠᠵᠠᠷ ᠤᠨ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ | ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ | ᠵᠢᠯᠣᠭᠤᠳᠬᠤ ᠪᠠ ᠬᠢᠨᠠᠯᠲᠠ ᠲᠠᠯᠪᠢᠨ᠎ᠠ᠃ ᠪᠦᠬᠦ ᠠᠶᠢᠮᠠᠭ ᠤᠨ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ | ᠰᠡᠷᠭᠡᠶᠢᠯᠡᠬᠦ᠂ ᠲᠤᠰᠬᠠᠶ ᠮᠡᠷᠭᠡᠵᠢᠯ ᠤᠨ ᠬᠢᠨᠠᠨ ᠬᠡᠮᠵᠢᠯᠲᠡ ᠬᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ | ᠵᠡᠷᠭᠡ ᠠᠵᠢᠯ ᠥᠷᠨᠢᠭᠦᠯᠬᠦ ᠵᠢᠴᠢ ᠭᠠᠵᠠᠷ ᠤᠨ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠥᠷᠨᠢᠭᠦᠯᠬᠦ ᠶᠢ | ᠵᠢᠯᠣᠭᠤᠳᠤᠨ᠎ᠠ᠃ ᠪᠦᠬᠦ ᠠᠶᠢᠮᠠᠭ ᠤᠨ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ᠠᠷᠪᠠᠨ ᠬᠤᠶᠠᠷ ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠪᠦᠬᠦ ᠠᠶᠢᠮᠠᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ | ᠬᠠᠮᠢᠶᠠᠷᠤᠯᠲᠠ ᠵᠢᠴᠢ ᠳᠠᠷᠤᠵᠤ ᠪᠦᠷᠬᠦᠭᠰᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠠᠶᠢᠴᠠᠭᠠᠨ ᠯᠠᠪᠯᠠᠬᠤ | ᠪᠠ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠪᠦᠬᠦ ᠠᠶᠢᠮᠠᠭ ᠤᠨ ᠠᠭᠤᠷᠬᠠᠶ ᠶᠢᠨ ᠦᠢᠯᠡᠰ ᠤᠨ ᠡᠷᠬᠡ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠠᠭᠰᠠᠨ ᠠᠭᠤᠷᠬᠠᠶ ᠶᠢᠨ ᠲᠥᠷᠥᠯ᠂ ᠳᠠᠪᠠᠭᠤᠯᠢᠭ | ᠠᠭᠤᠷᠬᠠᠶ ᠶᠢᠨ ᠭᠠᠷᠤᠯᠲᠠ ᠶᠢᠨ ᠲᠣᠬᠢᠷᠠᠭᠤᠯᠭ᠎ᠠ ᠡᠵᠡᠮᠰᠢᠯ ᠵᠢᠴᠢ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠬᠤ | ᠬᠡᠷᠡᠭᠲᠡᠶ᠃ ᠪᠦᠬᠦ ᠠᠶᠢᠮᠠᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠪᠠ | ᠬᠠᠮᠠᠭᠠᠯᠠᠬᠤ ᠶᠢ ᠬᠢᠨᠠᠨ ᠵᠢᠯᠣᠭᠤᠳᠤᠨ᠎ᠠ᠃ | ᠠᠷᠪᠠᠨ ᠭᠤᠷᠪᠠ ᠂ ᠭᠠᠵᠠᠷ ᠵᠦᠶ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠪᠦᠬᠦ ᠠᠶᠢᠮᠠᠭ ᠤᠨ ᠰᠠᠭᠤᠷᠢ ᠬᠡᠮᠵᠢᠨ ᠵᠢᠷᠤᠬᠤ ᠪᠠ ᠬᠡᠮᠵᠢᠨ ᠵᠢᠷᠤᠬᠤ ᠠᠵᠢᠯ ᠲᠥᠷᠥᠯ ᠤᠨ | ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠠᠶᠢᠮᠠᠭ ᠤᠨ ᠬᠡᠮᠵᠢᠨ ᠵᠢᠷᠤᠬᠤ ᠬᠢᠷᠢ ᠬᠡᠮ ᠪᠠ ᠢᠲᠡᠭᠡᠮᠵᠢ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠠᠶᠢᠮᠠᠭ ᠤᠨ ᠭᠠᠵᠠᠷ ᠵᠦᠶ ᠶᠢᠨ ᠮᠡᠳᠡᠭᠡ ᠵᠠᠩᠭᠢ ᠶᠢᠨ ᠠᠮᠤᠷ ᠲᠦᠪᠰᠢᠨ | ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠤᠨ᠎ᠠ᠃ ᠪᠦᠬᠦ ᠠᠶᠢᠮᠠᠭ ᠤᠨ ᠭᠠᠵᠠᠷ ᠵᠦᠶ ᠶᠢᠨ ᠮᠡᠳᠡᠭᠡ | ᠵᠠᠩᠭᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠠᠶᠢᠮᠠᠭ ᠤᠨ | ᠬᠠᠷᠢᠶ᠎ᠠ ᠣᠷᠣᠨ ᠳᠠᠬᠢ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠶᠢ ᠬᠠᠷᠢᠭᠤᠴᠠᠨ᠎ᠠ᠃ | ᠠᠷᠪᠠᠨ ᠳᠥᠷᠪᠡ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢ ᠠᠬᠢᠭᠤᠯᠤᠨ᠎ᠠ᠃ ᠪᠦᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶ᠎ᠡ ᠬᠡᠪᠴᠢᠶᠡᠨ | ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠪᠠ ᠴᠢᠳᠠᠪᠤᠷᠢᠲᠠᠨ ᠢ ᠬᠥᠮᠦᠵᠢᠭᠦᠯᠬᠦ | ᠪᠠᠶᠢᠯᠳᠤᠬᠤ ᠪᠣᠳᠣᠯᠭ᠎ᠠ᠂ ᠲᠥᠯᠥᠪᠵᠢᠭᠦᠯᠪᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠮᠡᠷᠭᠡᠵᠢᠯ ᠤᠨ | ᠪᠠᠷᠢᠮᠵᠢᠶ᠎ᠠ᠂ ᠳᠦᠷᠢᠮ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠠᠶᠢᠮᠠᠭ ᠤᠨ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ | ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠪᠠ ᠮᠡᠳᠡᠭᠡ | ᠵᠠᠩᠭᠢ ᠶᠢᠨ ᠮᠠᠲ᠋ᠧᠷᠢᠶᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃ | ᠠᠷᠪᠠᠨ ᠲᠠᠪᠤ᠂ ᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠴᠢᠭᠯᠡᠯᠲᠡ ᠲᠥᠷᠥ ᠶᠢᠨ | ᠪᠣᠳᠣᠯᠭ᠎ᠠ᠂ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ᠃ ᠪᠦᠬᠦ ᠠᠶᠢᠮᠠᠭ | ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠵᠢᠴᠢ ᠬᠡᠮᠵᠢᠨ ᠵᠢᠷᠤᠬᠤ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ | ᠰᠢᠶᠳᠪᠦᠷᠢᠯᠡᠨ᠎ᠡ᠃ ᠬᠤᠰᠢᠭᠤ ᠰᠢᠶᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠡᠷᠬᠡ ᠣᠯᠭᠤᠭᠰᠠᠨ | ᠨᠠᠶᠢᠳᠠᠯᠭ᠎ᠠ ᠶᠢ ᠦᠨᠳᠦᠰᠦᠯᠡᠨ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ | ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ | ᠠᠷᠪᠠᠨ ᠵᠢᠷᠭᠤᠭ᠎ᠠ᠂ ᠬᠢᠩᠭᠠᠨ ᠠᠶᠢᠮᠠᠭ ᠤᠨ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢ | ᠨᠢᠭᠡᠳᠦᠯᠲᠡᠶ ᠬᠠᠮᠢᠶᠠᠷᠬᠤ ᠪᠠ ᠵᠣᠬᠢᠴᠠᠭᠤᠯᠤᠨ᠎ᠠ᠃ | ᠠᠷᠪᠠᠨ ᠳᠣᠯᠤᠭ᠎ᠠ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠠᠷᠪᠠᠨ ᠨᠠᠶᠮᠠ᠂ ᠡᠭᠦᠷᠭᠡ ᠴᠢᠳᠠᠪᠤᠷᠢ ᠪᠠᠨ ᠬᠤᠪᠢᠷᠠᠭᠤᠯᠬᠤ᠃ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠨᠢ ᠪᠥᠬᠦ ᠠᠷᠠᠳ ᠤᠨ ᠦᠮᠴᠢᠯᠡᠯᠳᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ | ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ᠂ ᠪᠣᠶ ᠪᠥᠬᠦᠶ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠲᠤᠬᠠᠶ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠶᠯᠡᠳᠦᠯ ᠢ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ | ᠬᠠᠮᠠᠭᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠬᠤ | ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠤᠯᠠᠮ | ᠨᠢᠭᠡ ᠠᠯᠬᠤᠮ ᠴᠢᠩᠭᠠᠳᠬᠠᠵᠦ᠂ ᠡᠬᠢ ᠡᠭᠦᠰᠦᠯ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠶᠢ ᠨᠢ ᠰᠡᠷᠭᠦᠭᠡᠨ | ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦᠯᠢ | ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠢᠶᠠᠷ ᠨᠢ ᠰᠡᠷᠭᠦᠭᠡᠬᠦ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠶ | ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠳᠦᠷᠢᠮ ᠠᠷᠭ᠎ᠠ ᠬᠡᠮᠵᠢᠶ᠎ᠡ ᠶᠢᠨ ᠲᠠᠯ᠎ᠠ ᠪᠠᠷ | ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠢ ᠪᠥᠭᠡᠳ ᠡᠷᠴᠢᠮᠯᠢᠭ ᠠᠰᠢᠭᠯᠠᠬᠤ ᠶᠢ ᠲᠦᠯᠬᠢᠨ | ᠠᠬᠢᠭᠤᠯᠤᠨ᠎ᠠ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ | ᠴᠣᠮᠬᠠᠳᠬᠠᠨ ᠳᠣᠷᠣᠭᠰᠢ ᠪᠠᠭᠤᠯᠭᠠᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠪᠠᠶᠢᠭᠠᠯᠢ ᠶᠢᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠳᠦᠷᠢᠮ᠂ ᠪᠠᠷᠢᠮᠵᠢᠶ᠎ᠠ᠂ ᠳᠦᠷᠢᠮ ᠤᠨ ᠬᠢᠵᠠᠭᠠᠷᠯᠠᠬᠤ ᠴᠢᠨᠠᠷᠲᠠᠢ ᠦᠢᠯᠡᠳᠦᠯ ᠢ | ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠪᠠ ᠦᠨᠡᠯᠡᠨ | ᠵᠢᠱᠢᠬᠦ ᠳᠤ ᠠᠷᠠᠳ ᠲᠤ ᠳᠦᠭᠦᠮ ᠦᠵᠡᠭᠦᠯᠵᠦ ᠥᠨᠳᠥᠷ ᠪᠦᠲᠦᠮᠵᠢᠲᠡᠢ ᠪᠣᠯᠭᠠᠬᠤ ᠶᠢ ᠠᠬᠢᠭᠤᠯᠤᠨ᠎ᠠ᠃ | |