ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/2/25
     ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ  ᠶᠢᠨ ᠭᠤᠤᠯ ᠡᠭᠦᠷᠭᠡ ᠬᠠᠷᠢᠭᠤᠴᠠᠯᠭ᠎ᠠ      ᠨᠢᠭᠡ  ᠂ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ  ᠃ ᠡᠯ᠎ᠡ ᠬᠤᠰᠢᠭᠤ ᠰᠢᠶᠠᠨ ᠬᠤᠲᠠ ᠶᠢᠨ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠠᠵᠢᠯ ᠢ ᠵᠢᠯᠣᠭᠤᠳᠤᠨ᠎ᠠ᠃  ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ  ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ᠬᠤᠶᠠᠷ  ᠂ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠤᠭᠤᠷᠪᠢᠵᠤ᠂ ᠬᠤᠯᠪᠣᠭᠳᠠᠯ ᠪᠦᠬᠦᠢ ᠳᠦᠷᠢᠮ ᠪᠠ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃     ᠭᠤᠷᠪᠠ᠂ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂  ᠤᠯᠤᠰ᠂ ᠥᠪᠡᠷᠲᠡᠭᠡᠨ ᠵᠠᠰᠠᠬᠤ ᠣᠷᠣᠨ ᠤ ᠡ᠊ᠨᠳᠡᠯ ᠤᠨ ᠭᠠᠶ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠶᠡᠷᠦᠩᠬᠡᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠠᠶᠤᠯᠭᠦᠢ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠶᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃     ᠳᠥᠷᠪᠡ  ᠂ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠢ ᠲᠥᠯᠥᠪᠵᠢᠭᠦᠯᠬᠦ ᠪᠠ ᠪᠠᠶᠢᠷᠢᠯᠠᠭᠤᠯᠬᠤ ᠠᠵᠢᠯ ᠢ ᠲᠦᠯᠬᠢᠨ ᠠᠬᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠳᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠶ᠃     ᠲᠠᠪᠤ  ᠂ ᠪᠦᠬᠦ ᠠᠶᠢᠮᠠᠭ ᠤᠨ ᠠᠶᠤᠯᠭᠦᠢ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠪᠦᠬᠦ ᠠᠶᠢᠮᠠᠭ ᠤᠨ ᠨᠡᠯᠢᠶᠡᠳ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ  ᠤᠨ ᠠᠵᠢᠯ ᠢ ᠡᠭᠦᠷᠭᠡᠯᠡᠨ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠳᠡᠭᠡᠳᠦ ᠱᠠᠲᠤ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃      ᠵᠢᠷᠭᠤᠭ᠎ᠠ  ᠂ ᠡᠷᠬᠡ ᠮᠡᠳᠡᠯ ᠤᠨ ᠬᠡᠪᠴᠢᠶ᠎ᠡ ᠪᠠᠨ ᠦᠨᠳᠦᠰᠦᠯᠡᠨ ᠪᠦᠬᠦ ᠠᠶᠢᠮᠠᠭ ᠤᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ ᠲᠠᠪᠴᠠᠩ ᠢ ᠵᠣᠯᠭᠠᠭᠤᠯᠬᠤ ᠶᠢ ᠲᠦᠯᠬᠢᠨ ᠠᠬᠢᠭᠤᠯᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ  ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠲᠠᠢ ᠵᠣᠯᠭᠠᠭᠤᠯᠵᠤ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠨ᠎ᠠ᠃ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠮᠡᠳᠡᠯ ᠤᠨ ᠶᠣᠰᠣᠭᠠᠷ ᠭᠠᠯ ᠤᠨᠲᠠᠷᠠᠭᠠᠬᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠠᠪᠤᠷᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ  ᠭᠸᠤᠯᠤᠭᠢ  ᠶᠢᠨ ᠭᠠᠮᠰᠢᠭ ᠠᠴᠠ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠣᠭᠤᠳᠴᠤ᠂ ᠡᠯ᠎ᠡ ᠬᠤᠰᠢᠭᠤ ᠰᠢᠶᠠᠨ ᠬᠤᠲᠠ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃      ᠳᠣᠯᠤᠭ᠎ᠠ  ᠂ ᠡᠷᠬᠡ ᠮᠡᠳᠡᠯ ᠤᠨ ᠬᠡᠪᠴᠢᠶ᠎ᠡ ᠪᠠᠨ ᠦᠨᠳᠦᠰᠦᠯᠡᠨ ᠪᠦᠬᠦ ᠠᠶᠢᠮᠠᠭ ᠤᠨ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠲᠦᠢᠮᠡᠷ ᠢ ᠳᠠᠷᠤᠵᠤ ᠠᠶᠤᠯ ᠠᠴᠠ ᠠᠪᠤᠷᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃      ᠨᠠᠶᠮᠠ  ᠂ ᠪᠦᠬᠦ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ  ᠤᠨ ᠭᠠᠮᠰᠢᠭ᠂ ᠭᠠᠵᠠᠷ ᠬᠥᠳᠡᠯᠦᠯᠲᠡ ᠪᠠ  ᠭᠸᠤᠯᠤᠭᠢ  ᠶᠢᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠪᠦᠬᠦ ᠠᠶᠢᠮᠠᠭ ᠤᠨ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠬᠠᠷᠢᠭᠤᠴᠠᠨ᠂ ᠪᠦᠬᠦ ᠠᠶᠢᠮᠠᠭ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ᠶᠢᠰᠦ  ᠂ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ  ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠳᠤ ᠬᠠᠨᠳᠢᠪᠯᠠᠨ ᠬᠦᠷᠭᠡᠬᠦ ᠠᠵᠢᠯ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠠᠶᠢᠮᠠᠭ ᠤᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ  ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠭᠦᠯᠦᠨ᠎ᠡ᠃        ᠠᠷᠪᠠ  ᠂ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ  ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠵᠦ᠂ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃        ᠠᠷᠪᠠᠨ ᠨᠢᠭᠡ  ᠂ ᠱᠠᠲᠤ ᠬᠤᠪᠢᠶᠠᠬᠤ ᠵᠠᠷᠴᠢᠮ ᠤᠨ ᠶᠣᠰᠣᠭᠠᠷ᠂ ᠬᠠᠷᠢᠶᠠᠲᠤ ᠣᠷᠣᠨ ᠤ ᠬᠢᠨᠠᠯᠲᠠ ᠬᠠᠮᠢᠶᠠᠷᠤᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ  ᠪᠤᠯᠤᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ ᠲᠥᠬᠦᠭᠡᠷᠦᠮᠵᠢ  ︵ᠣᠨᠴᠠ ᠲᠥᠷᠥᠯ ᠤᠨ ᠲᠥᠬᠦᠭᠡᠷᠦᠮᠵᠢ ᠪᠠᠭᠲᠠᠬᠤ ᠦᠭᠡᠶ  ︶᠂  ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ  ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ  ᠵᠥᠪᠰᠢᠶᠡᠷᠡᠯ ᠤᠨ ᠲᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠷᠢᠶᠠᠲᠤ ᠣᠷᠣᠨ ᠤ ᠬᠢᠨᠠᠯᠲᠠ ᠬᠠᠮᠢᠶᠠᠷᠤᠯᠲᠠ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠪᠥᠬᠦ ᠠᠶᠢᠮᠠᠭ ᠤᠨ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠠᠷᠪᠠᠨ ᠬᠤᠶᠠᠷ  ᠂ ᠪᠦᠬᠦ ᠠᠶᠢᠮᠠᠭ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠢ ᠪᠠᠶᠢᠴᠠᠭᠠᠨ ᠰᠢᠶᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠡ᠊ᠨᠳᠡᠯ ᠢ ᠪᠠᠶᠢᠴᠠᠭᠠᠨ ᠰᠢᠶᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ  ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ᠠᠷᠪᠠᠨ ᠭᠤᠷᠪᠠ  ᠂ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠬᠤ  ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠪᠣᠯᠤᠨ ᠰᠢᠯᠵᠢᠭᠦᠯᠦᠨ ᠥᠭᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠮᠰᠢᠭ  ᠠᠴᠠ ᠠᠪᠤᠷᠠᠬᠤ ᠦᠶ᠎ᠡ ᠳᠤ ᠨᠢᠭᠡᠳᠦᠯᠲᠡᠶ ᠲᠣᠬᠢᠷᠠᠭᠤᠯᠤᠯᠲᠠ ᠬᠢᠬᠦ ᠬᠡᠷᠡᠭᠲᠡᠶ᠃ ᠠᠷᠪᠠᠨ ᠳᠥᠷᠪᠡ  ᠂ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ᠠᠷᠪᠠᠨ ᠲᠠᠪᠤ  ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠠᠷᠪᠠᠨ ᠵᠢᠷᠭᠤᠭ᠎ᠠ  ᠂ ᠡᠭᠦᠷᠭᠡ ᠴᠢᠳᠠᠪᠤᠷᠢ  ᠪᠠᠨ ᠬᠤᠪᠢᠷᠠᠭᠤᠯᠬᠤ᠃ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ  ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠵᠤ᠂ ᠨᠢᠭᠡᠳᠦᠯᠲᠡᠶ ᠤᠳᠤᠷᠢᠳᠤᠯᠭ᠎ᠠ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷᠲᠦ ᠥᠨᠳᠥᠷ ᠪᠦᠲᠦᠮᠵᠢᠲᠡᠶ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠰᠢᠰᠲ᠋ᠧᠮ ᠢ ᠪᠠᠶᠢᠭᠤᠯᠵᠤ᠂ ᠨᠢᠭᠡᠳᠦᠯᠲᠡᠶ ᠵᠢᠯᠣᠭᠤᠳᠬᠤ᠂ ᠲᠤᠰᠬᠠᠶ ᠪᠠ ᠪᠠᠶᠢᠩᠭᠤ  ᠶᠢ ᠬᠤᠤᠰᠯᠠᠭᠤᠯᠬᠤ᠂ ᠲᠤᠰᠬᠠᠯ ᠬᠤᠷᠴᠠ ᠰᠡᠷᠭᠡᠭ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ᠂ ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠭᠰᠠᠨ ᠳᠤᠮᠳᠠᠳᠤ  ᠶᠢᠨ ᠣᠨᠴᠠᠯᠢᠭ ᠲᠠᠢ ᠪᠠᠴᠢᠮ ᠪᠠᠶᠢᠳᠠᠯ  ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ᠃ ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠲᠡᠮᠡᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠬᠡᠪ  ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠷ ᠭᠠᠮᠰᠢᠭ ᠠᠴᠠ ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠬᠤᠯᠠᠴᠢᠯᠠᠬᠤ ᠠᠴᠠ ᠭᠠᠮᠰᠢᠭ ᠤᠨ ᠡᠮᠦᠨᠡᠬᠢ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠰᠢ ᠬᠤᠪᠢᠷᠠᠭᠤᠯᠬᠤ᠂ ᠳᠠᠩ ᠭᠠᠭᠴᠠ ᠭᠠᠮᠰᠢᠭ ᠤᠨ ᠲᠥᠷᠥᠯ ᠢ ᠠᠷᠭᠠᠴᠠᠬᠤ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠠᠴᠠ ᠭᠠᠮᠰᠢᠭ ᠤᠨ ᠲᠦᠭᠰᠢᠭᠦᠷᠢ ᠶᠢ ᠬᠥᠩᠭᠡᠷᠡᠭᠦᠯᠬᠦ ᠲᠡᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠦᠨᠳᠦ ᠣᠨᠴᠠ ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠤᠶᠠᠷ ᠲᠤ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ  ᠳᠤ ᠲᠠᠯᠪᠢᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠷᠠᠭᠤᠯᠤᠨ᠂ ᠤᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ ᠬᠠᠷ᠎ᠠ ᠶᠢᠨ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ ᠭᠤᠷᠪᠠ ᠳᠤ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠦᠨᠳᠦ ᠣᠨᠴᠠ ᠶᠡᠭᠡ ᠠᠮᠤᠷ ᠲᠦᠪᠰᠢᠨ ᠤ ᠡ᠊ᠨᠳᠡᠯ ᠢ ᠡᠷᠡᠰ ᠬᠤᠷᠢᠭᠯᠠᠬᠤ ᠬᠡᠷᠡᠭᠲᠡᠢ᠃
 
ᠢᠷᠡᠯᠲᠡ᠄ ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号