ᠬᠢᠩᠭᠠᠨ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/2/25
     ᠬᠢᠩᠭᠠᠨ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 2019 ᠣᠨ ᠤ 1 ᠰᠠᠷ᠎ᠠ ᠶᠢᠨ 28 ᠤ ᠡᠳᠦᠷ ᠪᠠᠶᠢᠭᠤᠯᠤᠭᠳᠠᠵᠤ᠂ ᠬᠢᠩᠭᠠᠨ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠢᠩᠭᠠᠨ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ᠂ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠬᠢᠩᠭᠠᠨ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠭᠤᠣᠯᠳᠠᠭᠤ ᠳᠣᠣᠷᠠᠬᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃     ᠭᠤᠣᠯ ᠡᠭᠦᠷᠭᠡ ᠬᠠᠷᠢᠭᠤᠴᠠᠯᠭ᠎ᠠ     ᠨᠢᠭᠡ  ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠵᠡᠷᠭᠡ ᠲᠤᠬᠠᠶ  ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠩᠭᠠᠨ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠥᠬᠦ ᠠᠶᠢᠮᠠᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠬᠤᠶᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ  ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃      ᠭᠤᠷᠪᠠ  ᠂ ᠪᠦᠬᠦ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠣᠯᠭᠤᠮᠵᠢ  ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠬᠥᠳᠡᠯᠦᠩᠭᠦᠶ ᠲᠣᠬᠢᠷᠠᠭᠤᠯᠬᠤ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢᠨ ᠲᠡᠩᠴᠡᠭᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ  ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠣᠯᠭᠤᠮᠵᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠪᠦᠬᠦ ᠠᠶᠢᠮᠠᠭ ᠤᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠥᠭᠡᠳ ᠬᠡᠷᠡᠭᠵᠢᠭᠦᠯᠦᠨ᠎ᠡ᠃     ᠲᠦᠷᠪᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠶᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠶᠯᠡᠴᠢᠯᠡᠭᠡ  ᠶᠢᠨ ᠲᠥᠷᠥᠯ ᠵᠦᠶᠯ᠂ ᠡᠮᠴᠢᠯᠡᠭᠡᠨ ᠤ ᠦᠶᠯᠡᠴᠢᠯᠡᠭᠡ ᠶᠢᠨ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ  ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠢ ᠵᠥᠪᠰᠢᠶᠡᠷᠡᠨ ᠣᠷᠣᠭᠤᠯᠬᠤ ᠶᠢᠨ ᠬᠡᠯᠡᠯᠴᠡᠭᠡᠷ ᠬᠢᠬᠦ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃      ᠲᠠᠪᠤ  ᠂ ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠪᠦᠬᠦ ᠠᠶᠢᠮᠠᠭ ᠤᠨ ᠡᠮᠴᠢᠯᠡᠭᠡ  ᠶᠢᠨ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡᠨ ᠤ ᠳᠠᠭᠠᠳᠬᠠᠯ  ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ  ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃      ᠵᠢᠷᠭᠤᠭ᠎ᠠ᠂ ᠪᠥᠬᠦ ᠠᠶᠢᠮᠠᠭ ᠤᠨ ᠡᠮ ᠤᠨ ᠵᠦᠶᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠵᠦ ᠵᠠᠷᠯᠠᠨ  ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠵᠤ ᠬᠠᠮᠢᠶᠠᠷᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠵᠦ᠂ ᠡᠮ ᠤᠨ ᠵᠦᠶᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠵᠦ ᠵᠠᠷᠯᠠᠨ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃      ᠳᠣᠯᠤᠭ᠎ᠠ᠂ ᠪᠥᠬᠦ ᠠᠶᠢᠮᠠᠭ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠡᠮ ᠡᠮᠨᠡᠯᠭᠡ ᠶᠢᠨ ᠪᠠᠲᠤᠯᠠᠭ᠎ᠠ ᠶᠢᠨ ᠢᠲᠡᠭᠡᠮᠵᠢ ᠶᠢ ᠦᠨᠡᠯᠡᠬᠦ ᠰᠢᠰᠲ᠋ᠧᠮᠵᠢ ᠪᠠ ᠮᠡᠳᠡᠭᠡ ᠵᠠᠩᠭᠢ ᠶᠢ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠶᠯᠡᠴᠢᠯᠡᠭᠡ ᠶᠢᠨ ᠦᠶᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ ᠨᠠᠶᠮᠠ᠂ ᠪᠥᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠶᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠤ ᠭᠠᠵᠠᠷ ᠲᠤ ᠡᠮᠨᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠲᠡᠭᠦᠯᠳᠡᠷᠵᠢᠭᠦᠯᠤᠨ᠎ᠡ᠃ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠢᠴᠠᠭ᠎ᠠ  ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ 
 
ᠢᠷᠡᠯᠲᠡ᠄ ᠬᠢᠩᠭᠠᠨ‌ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号