ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ
ᠨᠡᠶᠢᠲᠡᠯᠡᠭᠰᠡᠨ ᠴᠠᠭ᠄
2021/2/25
    ᠭᠤᠣᠯ ᠡᠭᠦᠷᠭᠡ ᠬᠠᠷᠢᠭᠤᠴᠠᠯᠭ᠎ᠠ     ᠨᠢᠭᠡ  ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ  ᠤ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠤᠣᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠥᠯᠥᠪᠵᠢᠭᠦᠯᠭᠡ ᠪᠠ ᠤᠰᠤᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠳᠤ ᠬᠤᠯᠪᠣᠭᠳᠠᠬᠤ ᠴᠢᠬᠤᠯᠠ ᠶᠡᠭᠡ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃     ᠬᠤᠶᠠᠷ  ᠂ ᠬᠢᠩᠭᠠᠨ ᠠᠶᠢᠮᠠᠭ ᠤᠨ ᠬᠠᠷᠢᠶ᠎ᠠ ᠣᠷᠣᠨ ᠤ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠠᠶᠢᠮᠠᠭ ᠤᠨ ᠬᠦᠨᠳᠦ ᠣᠨᠴᠠ ᠶᠡᠭᠡ ᠣᠷᠴᠢᠨ ᠲᠣᠭᠤᠷᠢᠨ ᠤ ᠪᠣᠬᠢᠷᠲᠤᠯ ᠤᠨ ᠡ᠊ᠨᠳᠡᠯ ᠪᠠ ᠠᠮᠢ ᠠᠬᠤᠢ ᠶᠢᠨ ᠡᠪᠳᠡᠯᠭᠡ ᠶᠢᠨ ᠬᠡᠷᠡᠭ ᠢ ᠲᠤᠬᠢᠷᠠᠭᠤᠯᠤᠨ ᠰᠢᠢᠳᠪᠦᠷᠢᠯᠡᠬᠦ ᠶᠢ ᠲᠦᠷᠦᠭᠦᠯᠡᠨ ᠵᠣᠬᠢᠴᠠᠭᠤᠯᠵᠤ᠂ ᠬᠤᠰᠢᠭᠤ ᠰᠢᠶᠠᠨ ︵ᠬᠤᠲᠠ︶ ᠤ ᠬᠦᠨᠳᠦ ᠣᠨᠴᠠ ᠶᠡᠭᠡ ᠠᠮᠢ ᠠᠬᠤᠢ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠢᠯᠣᠭᠤᠳᠤᠨ ᠵᠣᠬᠢᠴᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠢ ᠲᠥᠯᠥᠬᠦ ᠳᠦᠷᠢᠮ ᠢ ᠲᠦᠷᠦᠭᠦᠯᠡᠨ ᠵᠢᠯᠣᠭᠤᠳᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠣᠷᠣᠨ ᠪᠦᠰᠡ ᠠᠯᠤᠰᠯᠠᠭᠰᠠᠨ ᠣᠷᠴᠢᠨ ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠵᠦ᠂ ᠪᠦᠬᠦ ᠠᠶᠢᠮᠠᠭ ᠤᠨ ᠭᠤᠣᠯᠳᠠᠯᠭ᠎ᠠ ᠲᠠᠢ ᠣᠷᠣᠨ ᠪᠦᠰᠡ᠂ ᠨᠡᠭᠦᠳᠡᠯ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠨ ᠨᠠᠶᠢᠳᠠᠪᠤᠷᠢᠵᠢᠭᠤᠯᠤᠨ᠎ᠠ᠃     ᠭᠤᠷᠪᠠ᠂ ᠪᠦᠬᠦ ᠠᠶᠢᠮᠠᠭ ᠤᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠨᠠᠶᠢᠳᠠᠪᠤᠷᠢᠵᠢᠭᠤᠯᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠵᠦ᠂ ᠠᠭᠠᠷ ᠮᠠᠨᠳᠠᠯ᠂ ᠤᠰᠤ ᠵᠡᠷᠭᠡ ᠣᠷᠴᠢᠨ ᠲᠣᠭᠤᠷᠢᠨ ᠤ ᠰᠢᠰᠲ᠋ᠧᠮ ᠤᠨ ᠪᠣᠬᠢᠷᠲᠤᠯ ᠰᠢᠩᠭᠡᠭᠡᠬᠦ ᠴᠢᠳᠠᠪᠤᠷᠢ ᠶᠢ ᠲᠣᠭᠲᠠᠭᠠᠵᠤ᠂ ᠪᠥᠬᠦ ᠠᠶᠢᠮᠠᠭ ᠤᠨ ᠬᠡᠷᠡᠭᠵᠢᠭᠦᠯᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠣᠬᠢᠷᠲᠤᠯ ᠪᠣᠳᠠᠰ ᠢ ᠬᠢᠵᠠᠭᠠᠷᠯᠠᠬᠤ ᠭᠦᠶᠴᠡᠳᠬᠡᠯ ᠲᠤᠭ᠎ᠠ ᠶᠢ ᠳᠤᠷᠠᠳᠴᠤ᠂ ᠡᠯ᠎ᠡ ᠬᠤᠰᠢᠭᠤ ᠰᠢᠶᠠᠨ ᠬᠤᠲᠠ ᠶᠢᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃     ᠳᠥᠷᠪᠡ᠂ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠶᠢ ᠳᠣᠭᠢᠷᠠᠭᠤᠯᠤᠨ ᠬᠤᠪᠢᠶᠠᠷᠢᠯᠠᠬᠤ ᠠᠵᠢᠯ ᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠲᠥᠯᠥᠪᠵᠢᠭᠦᠯᠭᠡ ᠵᠢᠴᠢ ᠣᠨ ᠤ ᠲᠥᠯᠥᠪᠯᠡᠭᠡ ᠶᠢᠨ ᠳᠣᠲᠣᠷᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠪᠠᠶᠢᠴᠠᠭᠠᠵᠤ᠂ ᠬᠢᠨᠠᠨ ᠵᠥᠪᠰᠢᠶᠡᠷᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠦᠬᠦ ᠠᠶᠢᠮᠠᠭ ᠤᠨ ᠣᠷᠴᠢᠯ ᠠᠵᠤ ᠠᠬᠤᠶ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠳᠤ ᠣᠷᠣᠯᠴᠠᠵᠤ ᠵᠢᠯᠣᠭᠤᠳᠤᠨ᠎ᠠ᠃     ᠲᠠᠪᠤ  ᠂ ᠬᠢᠩᠭᠠᠨ ᠠᠶᠢᠮᠠᠭ ᠤᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ ᠲᠥᠷᠥᠯ ᠤᠨ ᠣᠷᠴᠢᠨ ᠲᠣᠭᠤᠷᠢᠨ ᠤ ᠡᠯᠧᠮᠧᠨ᠋ᠲ  ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠴᠤ᠂ ᠬᠤᠲᠠ ᠬᠥᠳᠡᠭᠡ ᠶᠢᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠠᠮᠵᠢᠯᠴᠠᠭᠠᠨ ᠤ ᠲᠣᠭᠲᠠᠴᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠵᠢᠷᠭᠤᠭ᠎ᠠ᠂ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠦᠬᠦ ᠠᠶᠢᠮᠠᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠨᠥᠯᠥᠭᠡᠯᠡᠬᠦ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯᠯᠠᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠠᠮᠢ ᠠᠬᠤᠢ  ᠶᠢ ᠡᠪᠳᠡᠵᠦ ᠰᠡᠷᠭᠦᠭᠡᠬᠦ ᠠᠵᠢᠯ ᠳᠤ ᠬᠢᠨᠠᠯᠲᠠ ᠲᠠᠯᠪᠢᠨ᠎ᠠ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ ᠬᠢᠩᠭᠠᠨ ᠠᠶᠢᠮᠠᠭ  ᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠂ ᠨᠤᠭᠤ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠵᠢᠯ ᠳᠤ ᠬᠢᠨᠠᠯᠲᠠ ᠲᠠᠯᠪᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠮᠡᠷᠭᠡᠵᠢᠯ ᠤᠨ ᠣᠷᠴᠢᠨ ᠲᠣᠭᠤᠷᠢᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠳᠦᠷᠰᠦ ︵ᠤᠳᠤᠮᠯᠠᠯ ᠤᠨ ᠡᠬᠢ ᠪᠠᠶᠠᠯᠢᠭ ᠪᠠᠭᠲᠠᠨ᠎ᠠ  ︶ ᠶᠢᠨ ᠠᠵᠢᠯ ᠢ ᠲᠦᠷᠦᠭᠦᠯᠡᠨ ᠬᠠᠷᠢᠭᠤᠴᠠᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠢᠳᠤ ᠪᠣᠳᠠᠰ  ᠤᠨ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠳᠤ ᠣᠷᠣᠯᠴᠠᠨ᠎ᠠ᠃     ᠳᠣᠯᠤᠭ᠎ᠠ  ᠂ ᠴᠥᠮ᠎ᠡ ᠶᠢᠨ ᠪᠣᠯᠤᠨ ᠰᠠᠴᠤᠷᠠᠭ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠴᠥᠮ᠎ᠡ ᠶᠢᠨ ᠪᠠ ᠰᠠᠴᠤᠷᠠᠭ ᠤᠨ ᠠᠶᠤᠯ ᠦᠭᠡᠶ ᠶᠢᠨ ᠠᠵᠢᠯ ᠤᠨ ᠵᠣᠬᠢᠴᠠᠭᠤᠯᠬᠤ ᠲᠣᠭᠲᠠᠴᠠ  ᠶᠢᠨ ᠬᠤᠯᠪᠣᠭᠳᠠᠯ ᠪᠦᠬᠦᠢ ᠠᠵᠢᠯ ᠢ ᠲᠦᠷᠦᠭᠦᠯᠡᠨ ᠬᠠᠷᠢᠭᠤᠴᠠᠵᠤ᠂ ᠴᠥᠮ᠎ᠡ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ ᠣᠷᠣᠯᠴᠠᠵᠤ᠂ ᠰᠠᠴᠤᠷᠠᠭ ᠤᠨ ᠣᠷᠴᠢᠨ ᠲᠣᠭᠤᠷᠢᠨ ᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃ ᠴᠥᠮ᠎ᠡ ᠶᠢᠨ ᠪᠡᠯᠡᠳᠬᠡᠮᠵᠢ ᠪᠣᠯᠤᠨ ᠰᠠᠴᠤᠷᠠᠭ ᠡᠭᠦᠰᠭᠡᠭᠴᠢ ᠶᠢᠨ ᠠᠶᠤᠯ ᠦᠭᠡᠶ ᠳᠤ ᠬᠢᠨᠠᠯᠲᠠ ᠲᠠᠯᠪᠢᠵᠤ ᠬᠠᠮᠢᠶᠠᠷᠤᠨ᠂ ᠴᠥᠮ᠎ᠡ ᠶᠢᠨ ᠪᠡᠯᠡᠳᠬᠡᠮᠵᠢ᠂ ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ᠂ ᠴᠠᠬᠢᠯᠭᠠᠨ ᠰᠣᠷᠢᠨᠵᠢᠨ ᠰᠠᠴᠤᠷᠠᠭ᠂ ᠳᠠᠭᠠᠯᠳᠤᠪᠤᠷᠢ ᠰᠠᠴᠤᠷᠠᠭ ᠴᠢᠨᠠᠷᠲᠠᠶ ᠠᠭᠤᠷᠬᠠᠶ ᠶᠢᠨ ᠭᠠᠷᠤᠯᠲᠠ  ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ ᠬᠠᠮᠢᠶᠠᠷᠤᠨ᠎ᠠ᠃     ᠨᠠᠶᠮᠠ᠂ ᠠᠮᠢ ᠠᠬᠤᠶ ᠣᠷᠴᠢᠨ ᠲᠣᠭᠤᠷᠢᠨ ᠳᠤ ᠵᠥᠪᠰᠢᠶᠡᠷᠡᠨ ᠣᠷᠣᠭᠤᠯᠬᠤ  ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠠᠶᠢᠳᠠᠯᠭ᠎ᠠ ᠪᠠᠷ ᠴᠢᠬᠤᠯᠠ ᠶᠡᠭᠡ ᠠᠵᠤ ᠠᠬᠤᠶ ᠪᠠ ᠮᠡᠷᠭᠡᠵᠢᠯ ᠤᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠪᠡ ᠵᠢᠴᠢ ᠴᠢᠬᠤᠯᠠ ᠶᠡᠭᠡ ᠠᠵᠤ ᠠᠬᠤᠶ ᠶᠢᠨ ᠨᠡᠭᠡᠭᠡᠯᠲᠡ ᠶᠢᠨ ᠲᠥᠯᠥᠪᠯᠡᠭᠡ ᠳᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠨ᠎ᠡ᠃ ᠴᠢᠬᠤᠯᠠ ᠶᠡᠭᠡ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠣᠷᠣᠨ ᠪᠦᠰᠡ᠂ ᠲᠥᠯᠥᠪᠵᠢᠭᠦᠯᠭᠡ᠂ ᠲᠥᠷᠥᠯ ᠵᠦᠶᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠪᠤᠶᠤ ᠬᠢᠨᠠᠨ ᠪᠠᠶᠢᠴᠠᠭᠠᠨ᠎ᠠ᠃ ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠢ ᠵᠥᠪᠰᠢᠶᠡᠷᠡᠨ ᠣᠷᠣᠭᠤᠯᠬᠤ ᠨᠠᠷᠢᠨ ᠲᠠᠩᠰᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠶᠢᠰᠦ᠂ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠲᠦᠷᠢᠮ᠂ ᠪᠠᠷᠢᠮᠵᠢᠶ᠎ᠠ ᠪᠠ ᠵᠢᠷᠤᠮᠵᠢᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠪᠣᠬᠢᠷᠲᠤᠯ ᠤᠨ ᠡᠬᠢ ᠳᠤ ᠬᠢᠨᠠᠯᠲᠠ ᠲᠠᠯᠪᠢᠬᠤ ᠴᠢᠨᠠᠷᠲᠠᠶ ᠬᠢᠨᠠᠨ ᠬᠡᠮᠵᠢᠬᠦ᠂ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠳᠤ ᠲᠣᠬᠢᠷᠠᠭᠤᠯᠤᠯᠲᠠ ᠦᠨᠡᠯᠡᠯᠲᠡ ᠬᠢᠬᠦ᠂ ᠤᠷᠢᠳᠴᠢᠯᠠᠨ ᠰᠡᠷᠡᠮᠵᠢᠯᠡᠭᠦᠯᠵᠦ ᠲᠥᠰᠦᠭᠡᠯᠡᠬᠦ ᠶᠢ ᠵᠣᠬᠢᠶᠠᠨ ᠪᠠᠶᠢᠭᠤᠯᠵᠤ᠂ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠢ ᠬᠢᠨᠠᠨ  ᠬᠡᠮᠵᠢᠬᠦ ᠰᠦᠯᠵᠢᠶ᠎ᠡ ᠪᠠ ᠠᠮᠢ ᠠᠬᠤᠢ  ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠰᠦᠯᠵᠢᠶ᠎ᠡ ᠶᠢ ᠵᠣᠬᠢᠶᠠᠨ ᠪᠠᠶᠢᠭᠤᠯᠵᠤ ᠬᠠᠮᠢᠶᠠᠷᠤᠨ᠎ᠠ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠵᠠᠷᠯᠠᠨ ᠨᠡᠶᠢᠲᠡᠯᠡᠬᠦ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠢᠨᠠᠷᠲᠠᠶ ᠮᠡᠳᠡᠭᠦᠯᠦᠯᠲᠡ ᠪᠠ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ ᠤ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠨ᠎ᠡ᠃     ᠠᠷᠪᠠ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠠᠵᠢᠯ ᠢ ᠬᠠᠷᠢᠭᠤᠴᠠᠨ᠎ᠠ᠃ ᠠᠭᠤᠷ ᠠᠮᠢᠰᠬᠤᠯ  ᠤᠨ ᠬᠤᠪᠢᠷᠠᠯᠲᠠ ᠶᠢ ᠠᠷᠭᠠᠴᠠᠬᠤ ᠵᠢᠴᠢ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠣᠯᠠᠨ ᠤᠯᠤᠰ ᠤᠨ ᠬᠠᠮᠲᠤᠷᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠥᠷᠨᠢᠭᠦᠯᠦᠨ᠎ᠡ᠃     ᠠᠷᠪᠠᠨ ᠨᠢᠭᠡ  ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ  ᠢ ᠬᠠᠷᠢᠭᠤᠴᠠᠨ᠎ᠠ᠃ ᠬᠤᠰᠢᠭᠤ ᠰᠢᠶᠠᠨ ᠬᠤᠲᠠ ᠳᠤ ᠬᠢᠨᠠᠯᠲᠠ ᠲᠠᠯᠪᠢᠵᠤ ᠪᠠᠶᠢᠭᠠᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠨᠠᠮ ᠵᠠᠰᠠᠭ ᠠᠳᠠᠯᠢ ᠬᠠᠷᠢᠭᠤᠴᠠᠯᠭ᠎ᠠ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ ᠶᠢ ᠨᠠᠶᠢᠳᠠᠪᠤᠷᠢᠵᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢᠨ ᠬᠡᠷᠡᠭᠵᠢᠭᠦᠯᠬᠦ ᠲᠥᠰᠦᠯ ᠢ ᠲᠤᠭᠤᠷᠪᠢᠨ ᠲᠣᠭᠲᠠᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠰᠢᠯᠭᠠᠨ ᠬᠤᠷᠢᠶᠠᠵᠤ ᠳ᠋ᠤᠭᠠᠷ ᠢ ᠬᠠᠰᠤᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠳᠣᠭᠢᠷᠠᠭᠤᠯᠤᠨ᠎ᠠ᠃     ᠠᠷᠪᠠᠨ ᠬᠤᠶᠠᠷ᠂ ᠪᠦᠬᠦ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠢ ᠨᠢᠭᠡᠳᠦᠯᠲᠡᠢ ᠬᠠᠷᠢᠭᠤᠴᠠᠨ᠎ᠠ᠃ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠰᠢᠶᠳᠪᠦᠷᠢᠯᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃     ᠠᠷᠪᠠᠨ ᠭᠤᠷᠪᠠ  ᠂ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠬᠤ ᠪᠠ ᠵᠣᠬᠢᠴᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠣᠯᠠᠨ ᠨᠡᠶᠢᠲᠡ  ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠶᠢ ᠠᠬᠢᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠵᠦ᠂ ᠪᠦᠬᠦ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠤᠨ ᠢᠨᠵᠧᠨᠧᠷᠢᠩ ᠤᠨ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠮᠡᠷᠭᠡᠵᠢᠯ ᠤᠨ ᠬᠠᠮᠢᠶᠠᠷᠤᠯᠲᠠ  ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃     ᠠᠷᠪᠠᠨ ᠳᠥᠷᠪᠡ  ᠂ ᠠᠮᠢ ᠠᠬᠤᠶ ᠣᠷᠴᠢᠨ ᠲᠣᠭᠤᠷᠢᠨ ᠤ ᠣᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ  ᠶᠢ ᠥᠷᠨᠢᠭᠦᠯᠵᠦ᠂ ᠣᠯᠠᠨ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠲᠤᠷᠠᠯᠴᠠᠭ᠎ᠠ ᠳᠤᠮᠳᠠᠬᠢ ᠬᠢᠩᠭᠠᠨ ᠠᠶᠢᠮᠠᠭ ᠯᠤᠭ᠎ᠠ ᠶᠢᠨ ᠬᠤᠯᠪᠣᠭᠳᠠᠯ ᠪᠥᠬᠦᠶ ᠠᠰᠠᠭᠤᠳᠠᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠭᠠᠳᠠᠭᠠᠳᠤ  ᠳᠤ ᠬᠤᠯᠪᠣᠭᠳᠠᠬᠤ ᠠᠮᠢ ᠠᠬᠤᠶ ᠣᠷᠴᠢᠨ ᠲᠣᠭᠤᠷᠢᠨ ᠤ ᠬᠡᠷᠡᠭ ᠶᠠᠪᠤᠳᠠᠯ ᠢ ᠰᠢᠶᠳᠪᠦᠷᠢᠯᠡᠬᠦ ᠳᠤ ᠣᠷᠣᠯᠴᠠᠨ᠎ᠠ᠃     ᠠᠷᠪᠠᠨ ᠲᠠᠪᠤ  ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号