ᠰᠢᠯᠢᠳᠡᠭ ᠰᠠᠶᠢᠨ ᠵᠢᠭᠠᠨ ᠰᠤᠷᠭᠠᠯᠳᠠ ᠪᠠᠷ ᠰᠢᠨ᠎ᠠ ᠡᠷᠡᠨ ᠤ ᠬᠡᠥᠬᠡᠳ ᠢ ᠬᠦᠮᠤᠵᠢᠬᠦᠯᠤᠨ᠎ᠠ
ᠨᠡᠶᠢᠲᠡᠯᠡᠭᠰᠡᠨ ᠴᠠᠭ᠄
2021/2/5
 — ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠠᠶᠢᠮᠠᠭ ᠤᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠦᠢᠯᠡᠰ ᠤᠨ ᠬᠦᠭᠵᠢᠯᠳᠠ ᠶᠢ ᠲᠡᠮᠳᠡᠭᠯᠡᠪᠡ         ᠴᠡᠴᠡᠷᠯᠢᠭ ᠤᠨ ᠬᠡᠥᠬᠡᠳ ᠪᠤᠯ ᠤᠯᠤᠰ ᠪᠠ ᠦᠨᠳᠦᠰᠦᠳᠡᠨ ᠤ ᠢᠷᠡᠭᠡᠳᠤᠢ᠂ ᠴᠡᠴᠡᠷᠯᠢᠭ ᠤᠨ ᠬᠡᠥᠬᠡᠳ ᠢ ᠰᠠᠶᠢᠳᠤᠷ ᠬᠦᠮᠦᠵᠢᠭᠦᠯᠬᠦ ᠪᠤᠯ ᠢᠷᠡᠭᠡᠳᠦᠢ ᠶᠢᠨ ᠲᠤᠯᠭᠠᠭᠤᠷᠢ ᠬᠦᠴᠦᠨ ᠢ ᠰᠠᠶᠢᠳᠤᠷ ᠬᠦᠮᠦᠵᠢᠭᠦᠯᠵᠦ ᠪᠠᠶᠢᠭ᠎ᠠ ᠶᠠᠪᠤᠳᠡᠯ ᠪᠤᠯᠬᠤ ᠶᠤᠮ᠃ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢ᠂ ᠮᠠᠨ ᠤ ᠠᠶᠢᠮᠠᠭ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠢ ᠪᠦᠬᠦ ᠬᠦᠴᠤᠨ ᠢᠶᠠᠷ ᠬᠦᠭᠵᠢᠬᠦᠯᠵᠤ᠂ ᠰᠤᠷᠬᠤ ᠨᠠᠰᠤᠨ ᠠᠴᠠ ᠡᠮᠤᠨᠡᠬᠢ ᠬᠡᠥᠬᠡᠳ ᠲᠤ ᠰᠤᠷᠭᠠᠨ ᠬᠦᠮᠦᠵᠢᠯ ᠬᠦᠷᠳᠡᠭᠦ ᠤᠬᠢ ᠰᠠᠶᠢᠨ ᠤᠷᠴᠢᠨ ᠨᠦᠬᠦᠴᠡᠯ ᠬᠠᠩᠭᠠᠵᠦ᠂ ᠰᠢᠯᠢᠳᠡᠭ ᠰᠠᠶᠢᠨ ᠵᠢᠭᠠᠨ ᠰᠤᠷᠭᠠᠯᠳᠠ ᠪᠠᠷ ᠰᠢᠨ᠎ᠠ ᠡᠷᠡᠨ ᠤ ᠬᠡᠤᠬᠡᠳ ᠢ ᠬᠦᠮᠦᠵᠢᠭᠦᠯᠬᠦ ᠵᠤᠷᠢᠯᠭ᠎ᠠ ᠳᠤ ᠪᠠᠨ ᠬᠦᠷᠦᠭᠰᠡᠨ ᠪᠠᠶᠢᠨ᠎ᠠ ᠃             ᠤᠳᠤᠬᠠᠨ ᠳᠤ᠂ ᠮᠠᠨ ᠤ ᠠᠶᠢᠮᠠᠭ ᠬᠤᠳᠠ ᠶᠢᠨ ᠬᠡᠥᠬᠡᠳ ᠤᠨ ᠴᠡᠴᠡᠷᠯᠢᠭ ᠪᠠ ᠰᠤᠮᠤ ᠰᠢᠶᠠᠩ ᠪᠠᠯᠭᠠᠰᠤᠡ ᠤ ᠭᠤᠥᠯ ᠬᠡᠥᠬᠡᠳ ᠤᠨ ᠴᠡᠴᠡᠷᠯᠢᠭ ᠢᠶᠠᠷ ᠭᠤᠤᠯ ᠪᠤᠯᠭᠠᠵᠦ᠂ ᠭᠠᠴᠠᠭ᠎ᠠ ᠲᠤᠰᠬᠤᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠢᠶᠠᠷ ᠰᠠᠭᠤᠷᠢ ᠪᠤᠯᠭᠠᠭᠰᠠᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠭᠤᠷᠪᠠᠨ ᠱᠠᠳᠤᠨ ᠤ ᠦᠢᠯᠡᠴᠢᠯᠡᠭᠡᠨ ᠤ ᠰᠢᠰᠲ᠋ᠧᠮ ᠢ ᠦᠨᠳᠤᠰᠤᠨ ᠳᠤ ᠪᠠᠨ ᠪᠦᠷᠢᠯᠳᠤᠬᠦᠯᠪᠡ᠃ ᠰᠤᠷᠬᠤ ᠨᠠᠰᠤᠨ ᠠᠴᠠ ᠡᠮᠤᠨᠡᠬᠢ ᠬᠡᠤᠬᠡᠳ ᠤᠨ ᠴᠡᠴᠡᠷᠯᠢᠭ ᠲᠤ ᠤᠷᠤᠬᠰᠠᠨ ᠨᠤᠷᠮ᠎ᠠ 97.50% ᠳᠤ ᠬᠦᠷᠴᠦ᠂ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ 50.52% ᠢ ᠡᠵᠡᠯᠡᠨ᠂ ᠲᠦᠭᠡᠮᠡᠯ ᠬᠠᠷᠠᠭᠠᠯᠵᠠᠯ ᠤᠨ ᠴᠢᠨᠡᠷ ᠲᠠᠢ ᠬᠡᠥᠬᠡᠳ ᠤᠨ ᠴᠡᠴᠡᠷᠯᠢᠭ ᠤᠨ ᠪᠦᠷᠭᠦᠴᠡ ᠶᠢᠨ ᠨᠤᠷᠮ᠎ᠠ 83.93% ᠳᠤ ᠲᠤᠯᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠠᠴᠠ ᠲᠤᠭᠳᠠᠭᠠᠭᠰᠠᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠦᠢᠯᠡᠰ ᠤᠨ ᠬᠦᠭᠵᠢᠯᠳᠠ ᠳᠠᠬᠢ 2020 ᠤᠨ ᠤ ᠬᠠᠷᠠᠯᠳᠠ ᠡᠭᠦᠷᠭᠡ ᠶᠢ ᠴᠢᠨᠠᠷ ᠰᠠᠶᠢᠳᠠᠢ ᠪᠡᠶᠡᠯᠡᠬᠦᠯᠵᠠᠢ᠃         ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠠᠶᠢᠮᠠᠭ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠤᠨ ᠪᠠᠶᠢᠭᠤᠯᠤᠯᠳᠠ ᠶᠢ ᠠᠬᠢᠭᠤᠯᠵᠦ᠂ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠤᠨ ᠡᠵᠡᠯᠡᠬᠦ ᠨᠤᠷᠮ᠎ᠠ ᠶᠢ ᠪᠠᠳᠤᠳᠠᠢ ᠲᠡᠭᠡᠭᠰᠢᠯᠡᠬᠦᠯᠤᠨ᠂ ︽ᠬᠢᠩᠭᠠᠨ ᠠᠶᠢᠮᠠᠭ ᠤᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠭᠤᠷᠪᠠᠳᠤᠭᠠᠷ ᠬᠤᠭᠤᠴᠠᠭᠠᠨ ᠤ ᠠᠵᠢᠯᠯᠠᠭᠠᠨ ᠤ ᠲᠦᠯᠤᠪᠵᠢᠬᠦᠯᠭᠡ ︵2017 — 2020 ᠤᠨ︶︾ ᠳᠠᠬᠢ ᠬᠡᠥᠬᠡᠳ ᠤᠨ ᠴᠡᠴᠡᠷᠯᠢᠭ ᠪᠠᠶᠢᠭᠤᠯᠬᠤ ᠲᠦᠷᠤᠯ ᠵᠦᠢᠯ ᠢ ᠲᠤᠭᠳᠠᠭᠰᠠᠨ ᠬᠤᠭᠤᠴᠠᠭᠠᠨ ᠳᠤ ᠲᠠᠭᠤᠰᠬᠠᠪᠠ︔ ᠭᠤᠤᠯ ᠪᠠᠷᠢᠯᠭ᠎ᠠ ᠶᠢ ᠲᠠᠭᠤᠰᠬᠠᠭᠰᠠᠨ ᠲᠦᠴᠢᠤᠸᠠᠨ ᠰᠢᠶᠠᠨ ᠤ ᠲᠠᠪᠤᠳᠤᠭᠠᠷ ᠬᠡᠥᠬᠡᠳ ᠤᠨ ᠴᠡᠴᠡᠷᠯᠢᠭ᠂ ᠵᠠᠯᠠᠶᠢᠳ ᠬᠤᠰᠢᠭᠤᠨ ᠤ ᠭᠤᠷᠪᠠᠳᠤᠭᠠᠷ ᠬᠡᠥᠬᠡᠳ ᠤᠨ ᠴᠡᠴᠡᠷᠯᠢᠭ ᠵᠡᠷᠭᠡ ᠬᠤᠳᠠ ᠪᠠᠯᠭᠠᠰᠤᠡ ᠤ 4 ᠰᠠᠭᠤᠷᠢ ᠬᠡᠥᠬᠡᠳ ᠤᠨ ᠴᠡᠴᠡᠷᠯᠢᠭ ᠤᠨ ᠲᠠᠭᠠᠯᠳᠤᠭᠰᠠᠨ ᠲᠤᠨᠤᠭ ᠲᠦᠬᠦᠭᠡᠷᠤᠮᠵᠢ ᠶᠢ ᠲᠡᠭᠦᠯᠳᠡᠷᠵᠢᠭᠦᠯᠵᠦ᠂ ᠪᠠᠭᠰᠢ ᠶᠢ ᠰᠠᠶᠢᠳᠤᠷ ᠲᠤᠬᠢᠷᠠᠭᠤᠯᠤᠨ᠂ ᠨᠢᠭᠡᠨᠳᠠ ᠠᠰᠢᠭᠯᠠᠯᠳᠠ ᠳᠤ ᠤᠷᠤᠭᠤᠯᠪᠠ︔ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠤᠨ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠬᠦᠯᠵᠤ᠂ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠪᠠ ᠭᠤᠥᠯ ᠬᠡᠥᠬᠡᠳ ᠤᠨ ᠴᠡᠴᠡᠷᠯᠢᠭ ᠤᠨ ᠰᠤᠷᠤᠭᠴᠢ ᠡᠯᠰᠡᠬᠦ ᠶᠢ ᠪᠦᠷᠢᠨ ᠲᠤᠭ᠎ᠠ ᠪᠠᠷ ᠬᠦᠢᠴᠡᠳ ᠪᠡᠶᠡᠯᠡᠬᠦᠯᠥᠭᠰᠡᠨ ᠪᠠᠶᠢᠨ᠎ᠠ᠃         ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠪᠡᠯᠡ ᠤᠷᠤᠭᠤᠯᠤᠯᠳᠠ ᠶᠢ ᠨᠡᠮᠡᠭᠳᠡᠬᠦᠯᠵᠤ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠲᠦᠭᠡᠮᠡᠯ ᠬᠠᠷᠠᠭᠠᠯᠵᠠᠯ ᠤᠨ ᠴᠢᠨᠠᠷ ᠲᠠᠢ ᠵᠠᠷᠤᠳᠠᠯ ᠤᠨ ᠪᠠᠳᠤᠯᠠᠭ᠎ᠠ ᠶᠢᠨ ᠲᠤᠭᠳᠠᠴᠠ ᠶᠢ ᠪᠠᠶᠢᠭᠤᠯᠵᠠᠢ᠃ 2016 ᠤᠨ ᠠᠴᠠ 2020 ᠤᠨ ᠪᠤᠯᠳᠠᠯ᠎ᠠ᠂ ᠮᠠᠨ ᠤ ᠠᠶᠢᠮᠠᠭ ᠬᠦᠳᠡᠭᠡ ᠲᠤᠰᠬᠤᠨ ᠤ ᠠᠷᠠᠳ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠪᠠ ᠠᠯᠪᠠᠨ ᠠᠴᠠ ᠡᠷᠭᠢᠯᠡᠭᠰᠡᠨ ᠬᠡᠥᠬᠡᠳ ᠤᠨ ᠴᠡᠴᠡᠷᠯᠢᠭ ᠲᠤ ᠪᠡᠯᠡ ᠤᠷᠤᠭᠤᠯᠵᠦ ᠬᠠᠪᠰᠤᠷᠤᠨ ᠲᠡᠳᠬᠦᠬᠦ ᠬᠦᠴᠤᠯᠡᠴᠠ ᠪᠠᠨ ᠦᠷᠬᠦᠯᠵᠢᠯᠡᠨ ᠴᠢᠩᠭᠠᠷᠠᠭᠤᠯᠵᠤ᠂ ᠴᠡᠴᠡᠷᠯᠢᠭ ᠤᠨ ᠬᠦᠷᠢᠶ᠎ᠠ ᠪᠠ ᠪᠠᠶᠢᠷᠢ ᠶᠢᠨ ᠭᠡᠷ ᠨᠢ ᠪᠠᠷᠢᠮᠵᠢᠶ᠎ᠠ ᠳᠤ ᠬᠦᠷᠦᠭᠰᠡᠨ᠂ ᠬᠡᠪᠴᠢᠶ᠎ᠠ ᠪᠠᠷ ᠶᠡᠭᠡ᠂ ᠰᠦᠢᠳᠭᠡᠯ ᠢᠶᠠᠷ ᠦᠨᠳᠤᠷ ᠠᠷᠠᠳ ᠠᠴᠠ ᠡᠷᠬᠢᠯᠡᠭᠰᠡᠨ ᠨᠢᠭᠡ ᠪᠦᠯᠥᠭ ᠬᠡᠥᠬᠡᠳ ᠤᠨ ᠴᠡᠴᠡᠷᠯᠢᠭ ᠢ ᠲᠦᠭᠡᠮᠡᠯ ᠬᠠᠷᠠᠭᠠᠯᠵᠠᠯ ᠤᠨ ᠴᠢᠨᠠᠷ ᠲᠠᠢ ᠠᠷᠠᠳ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠤᠨ ᠡᠩᠨᠡᠭᠡᠨ ᠳᠤ ᠤᠷᠤᠭᠤᠯᠵᠤ᠂ ᠤᠳᠤᠬᠠᠨ ᠪᠤᠯᠳᠠᠯ᠎ᠠ 1011.96 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠠᠷᠠᠳ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠤᠨ ᠦᠷᠬᠦᠯᠵᠢᠯᠡᠬᠦ᠋ᠢᠴᠠ ᠬᠦᠭᠵᠢᠯᠳᠠ ᠪᠠ ᠴᠡᠴᠡᠷᠯᠢᠭ ᠤᠨ ᠶᠠᠰᠤ ᠴᠢᠨᠠᠷ ᠤᠨ ᠲᠡᠭᠡᠭᠰᠢᠯᠡᠯᠳᠡ ᠶᠢ ᠠᠬᠢᠭᠤᠯᠵᠦ ᠴᠢᠳᠠᠪᠠ᠃ ᠤᠳᠤᠬᠠᠨ ᠳᠤ᠂ ᠪᠦᠬᠦ ᠠᠶᠢᠮᠠᠭ ᠲᠤ ᠲᠦᠭᠡᠮᠡᠯ ᠬᠠᠷᠠᠭᠠᠯᠵᠠᠯ ᠤᠨ ᠴᠢᠨᠡᠷ ᠲᠠᠢ ᠠᠷᠠᠳ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠨᠡᠶᠢᠳᠠ 137 ᠪᠠᠶᠢᠵᠤ᠂ 2016 ᠤᠨ ᠤ ᠬᠢ ᠠᠴᠠ 61 ᠨᠡᠮᠡᠭᠳᠡᠪᠡ᠃    ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠠᠶᠢᠮᠠᠭ ᠪᠠᠭᠰᠢ ᠶᠢᠨ ᠡᠩᠨᠡᠭᠡ ᠶᠢ ᠤᠯᠠᠨ ᠠᠷᠭ᠎ᠠ ᠠᠪᠴᠠᠯ ᠢᠶᠠᠷ ᠰᠢᠯᠢᠳᠡᠭᠵᠢᠭᠦᠯᠵᠦ᠂ ᠪᠠᠭᠰᠢ ᠠᠵᠢᠯᠳᠠᠨ ᠤ ᠴᠠᠯᠢᠩ ᠤᠯᠭᠤᠮᠵᠢ ᠶᠢ ᠲᠡᠭᠡᠭᠰᠢᠯᠡᠬᠦᠯᠵᠤ᠂ ᠡᠯ᠎ᠠ ᠬᠤᠰᠢᠭᠤ ᠰᠢᠶᠠᠨ ᠬᠤᠳᠠ ᠶᠢᠨ ᠬᠡᠥᠬᠡᠳ ᠤᠨ ᠴᠡᠴᠡᠷᠯᠢᠭ ᠲᠤ ᠪᠠᠭᠰᠢ ᠶᠢᠨ ᠤᠷᠤᠨ ᠲᠤᠭ᠎ᠠ ᠶᠢ 45 ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠠᠴᠠ ᠪᠠᠭᠰᠢ ᠶᠢᠨ ᠤᠷᠤᠨ ᠲᠤᠭ᠎ᠠ ᠶᠢ 669 ᠨᠠᠶᠢᠳᠠᠪᠤᠷᠢᠵᠢᠭᠤᠯᠵᠦ᠂ ᠬᠡᠥᠬᠡᠳ ᠤᠨ ᠴᠡᠴᠡᠷᠯᠢᠭ ᠤᠨ ᠪᠠᠭᠰᠢ ᠲᠤᠳᠠᠭᠳᠠᠵᠤ ᠪᠠᠶᠢᠭ᠎ᠠ ᠠᠰᠠᠭᠤᠳᠠᠯ ᠢ ᠲᠤᠬᠢᠷᠠᠮᠵᠢᠳᠠᠢ ᠰᠢᠢᠳᠪᠤᠷᠢᠯᠡᠵᠠᠢ᠃ ᠡᠬᠦᠨ ᠤ ᠬᠠᠮᠳᠤ᠂ ᠤᠯᠤᠰ ᠤᠨ ᠲᠡᠰ ᠤᠨ ᠪᠤᠯᠪᠠᠰᠤᠷᠠᠯ ᠤᠨ ᠲᠦᠯᠤᠪᠵᠢᠬᠦᠯᠭᠡ᠂ ᠤᠷᠤᠨ ᠤ ᠲᠡᠰ ᠤᠨ ᠲᠦᠯᠤᠪᠵᠢᠬᠦᠯᠬᠡ᠂ ᠠᠶᠢᠮᠠᠭ ᠤᠨ ᠲᠠᠰ ᠤᠨ ᠪᠤᠯᠪᠠᠰᠤᠷᠠᠯ ᠵᠢᠴᠢ ᠪᠡᠭᠡᠵᠢᠩ ᠦᠪᠤᠷ ᠮᠤᠩᠭᠤᠯ ᠢ ᠬᠠᠪᠰᠤᠷᠤᠨ ᠲᠡᠳᠬᠦᠬᠦ ᠳᠠᠬᠢ ᠲᠦᠯᠤᠪᠵᠢᠬᠦᠯᠭᠡ ᠶᠢ ᠰᠠᠶᠢᠳᠤᠷ ᠬᠡᠷᠡᠭᠵᠢᠭᠦᠯᠵᠦ᠂ ᠪᠠᠭᠰᠢ ᠨᠠᠷ ᠲᠤ ᠤᠯᠠᠨ ᠵᠦᠢᠯ ᠤᠨ ᠬᠡᠯᠪᠡᠷᠢ ᠪᠠᠷ ᠪᠤᠯᠪᠠᠰᠤᠷᠠᠯ ᠬᠦᠷᠳᠡᠭᠡᠨ᠂ ᠪᠦᠬᠦ ᠠᠶᠢᠮᠠᠭ ᠤᠨ ᠡᠯ᠎ᠠ ᠱᠠᠳᠤᠨ ᠤ ᠡᠯ᠎ᠠ ᠲᠦᠷᠤᠯ ᠤᠨ ᠬᠡᠥᠬᠡᠳ ᠤᠨ ᠴᠡᠴᠡᠷᠯᠢᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠪᠤᠯᠪᠠᠰᠤᠷᠠᠯ ᠪᠠ ᠤᠨᠤᠯ ᠤᠨ ᠮᠡᠳᠡᠯᠭᠡ ᠶᠢ ᠪᠦᠳᠤᠮᠵᠢᠳᠠᠢ ᠲᠡᠭᠡᠭᠰᠢᠯᠡᠬᠦᠯᠪᠡ᠃    ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠠᠶᠢᠮᠠᠭ ᠬᠢᠴᠢᠶᠡᠯᠯᠡᠭᠡ ᠶᠢ ᠦᠭᠡᠷᠡᠴᠢᠯᠡᠵᠦ᠂ ᠬᠡᠥᠬᠡᠳ ᠤᠨ ᠴᠡᠴᠡᠷᠯᠢᠭ ᠤᠨ ᠬᠡᠤᠬᠡᠳ ᠲᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ ᠦᠵᠡᠭᠳᠡᠯ ᠢ ᠲᠤᠰᠬᠠᠢᠢᠯᠠᠨ ᠴᠡᠭᠴᠡᠯᠡᠨ ᠵᠠᠰᠠᠵᠦ᠂ ᠬᠡᠥᠬᠡᠳ ᠤᠨ ᠴᠡᠴᠡᠷᠯᠢᠭ ᠤᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠵᠠᠢ᠃ 2017 ᠤᠨ ᠤ ᠡᠬᠢᠨ ᠳᠤ᠂ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ ᠎ᠠ ︽ᠬᠢᠩᠭᠠᠨ ᠠᠶᠢᠮᠠᠭ ᠤᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠬᠠᠮᠢᠶᠠᠷᠤᠯᠳᠠ ᠶᠢᠨ ᠶᠠᠰᠤ ᠴᠢᠨᠠᠷ ᠤᠨ ᠲᠡᠭᠡᠭᠰᠢᠯᠡᠯᠳᠠ ᠶᠢᠨ ᠵᠢᠯ ᠤᠨ ᠠᠵᠢᠯᠯᠠᠭ᠎ᠠ ᠶᠢ ᠬᠡᠷᠡᠭᠵᠢᠬᠦᠯᠬᠦ ᠲᠦᠰᠥᠪ︾ ᠢ ᠲᠤᠭᠳᠠᠭᠠᠨ ᠬᠡᠷᠡᠭᠵᠢᠭᠦᠯᠵᠦ᠂ ᠪᠦᠬᠦ ᠠᠶᠢᠮᠠᠭ ᠤᠨ ᠬᠡᠥᠬᠡᠳ ᠤᠨ ᠴᠡᠴᠡᠷᠯᠢᠭ ᠤᠨ ᠪᠠᠭᠰᠢ ᠶᠢᠨ ᠬᠡᠪ ᠴᠢᠨᠠᠷ ᠪᠠ ᠵᠢᠭᠠᠨ ᠰᠤᠷᠭᠠᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠵᠦ ᠴᠢᠳᠠᠭᠰᠠᠨ ᠪᠠᠶᠢᠨ᠎ᠠ᠃ 2018 ᠤᠨ ᠳᠤ᠂ ᠰᠤᠷᠭᠠᠨ ᠬᠦᠮᠤᠵᠢᠯ ᠤᠨ ᠶᠠᠮᠤᠨ ᠪᠠ ᠦᠪᠠᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤ ᠪᠠᠷ᠂ ᠪᠦᠬᠦ ᠠᠶᠢᠮᠠᠭ ᠤᠨ ᠬᠡᠥᠬᠡᠳ ᠤᠨ ᠴᠡᠴᠡᠷᠯᠢᠭ ᠤᠨ ᠬᠡᠤᠬᠡᠳ ᠲᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ ᠠᠵᠢᠯᠯᠠᠭ᠎ᠠ ᠶᠢ ᠲᠤᠰᠬᠠᠢᠢᠯᠠᠨ ᠴᠡᠭᠴᠡᠯᠡᠨ ᠵᠠᠰᠠᠪᠠ᠃ 2019 ᠤᠨ ᠳᠤ᠂ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ ︽ᠬᠡᠥᠬᠡᠳ ᠤᠨ ᠴᠡᠴᠡᠷᠯᠢᠭ ᠤᠨ ᠬᠡᠤᠬᠡᠳ ᠲᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ ᠠᠵᠢᠯᠯᠠᠭ᠎ᠠ ᠶᠢ ᠲᠤᠰᠬᠠᠢᠢᠯᠠᠨ ᠴᠡᠭᠴᠡᠯᠡᠨ ᠵᠠᠰᠠᠬᠤ ᠲᠤᠬᠠᠢ ᠮᠡᠳᠡᠭᠳᠡᠯ︾ ᠪᠠ ︽ᠬᠢᠩᠭᠠᠨ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ ᠶᠢᠨ ᠪᠦᠬᠦ ᠠᠶᠢᠮᠠᠭ ᠤᠨ ᠬᠡᠥᠬᠡᠳ ᠤᠨ ᠴᠡᠴᠡᠷᠯᠢᠭ ᠤᠨ ᠭᠡᠷ ᠤᠨ ᠠᠬᠠᠮᠠᠳ ᠲᠤ ᠦᠭᠬᠦᠭᠰᠡᠨ ᠨᠢᠭᠡ ᠬᠤᠪᠢ ᠵᠠᠬᠢᠳᠠᠯ︾ ︽ᠬᠢᠩᠭᠠᠨ ᠠᠶᠢᠮᠠᠭ ᠤᠨ ᠬᠡᠥᠬᠡᠳ ᠤᠨ ᠴᠡᠴᠡᠷᠯᠢᠭ ᠤᠨ ᠬᠡᠤᠬᠡᠳ ᠲᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ ᠠᠵᠢᠯᠯᠠᠭ᠎ᠠ ᠶᠢᠨ ᠲᠠᠩᠰᠠ︾ ᠶᠢ ᠲᠠᠷᠤᠮᠡᠯᠯᠡᠨ ᠲᠠᠷᠬᠠᠭᠠᠵᠤ᠂ ᠪᠦᠬᠦ ᠠᠶᠢᠮᠠᠭ ᠤᠨ ᠡᠯ᠎ᠠ ᠬᠤᠰᠢᠭᠤ ᠰᠢᠶᠠᠨ ᠬᠤᠳᠠ ᠶᠢᠨ ᠬᠡᠥᠬᠡᠳ ᠤᠨ ᠴᠡᠴᠡᠷᠯᠢᠭ ᠤᠨ ᠬᠡᠤᠬᠡᠳ ᠲᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ ᠠᠵᠢᠯᠯᠠᠭ᠎ᠠ ᠶᠢ ᠲᠤᠰᠬᠠᠢ ᠲᠦᠷᠤᠯ ᠢᠶᠠᠷ ᠬᠢᠨᠠᠨ ᠪᠠᠶᠢᠴᠠᠭᠠᠵᠦ᠂ ᠪᠠᠶᠢᠴᠠᠭᠠᠯᠳᠠ ᠪᠠᠷ ᠲᠠᠮᠵᠢᠨ ᠢᠯᠡᠷᠡᠬᠦᠯᠥᠭᠰᠡᠨ ᠠᠰᠠᠭᠤᠳᠠᠯ ᠢ ᠢᠯᠡᠴᠢᠯᠡᠨ ᠮᠡᠳᠡᠬᠦᠯᠵᠤ᠂ ᠲᠦᠭᠡᠮᠡᠯ ᠬᠠᠷᠠᠭᠠᠯᠵᠠᠯ ᠤᠨ ᠴᠢᠨᠠᠷ ᠲᠠᠢ ᠬᠡᠥᠬᠡᠳ ᠤᠨ ᠴᠡᠴᠡᠷᠯᠢᠭ ᠤᠨ ᠬᠢᠷᠢ ᠭᠡᠮ ᠢ ᠨᠢ ᠬᠠᠰᠤᠬᠤ ᠵᠡᠷᠭᠡ ᠲᠤᠷᠭᠠᠭᠤᠯᠢ ᠦᠭᠴᠤ᠂ ᠪᠦᠬᠦ ᠠᠶᠢᠮᠠᠭ ᠤᠨ ᠬᠡᠥᠬᠡᠳ ᠤᠨ ᠴᠡᠴᠡᠷᠯᠢᠭ ᠤᠨ ᠬᠦᠮᠤᠵᠢᠯ ᠳᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ ᠦᠵᠡᠭᠳᠡᠯ ᠢ ᠪᠦᠷᠢᠮᠦᠰᠦᠨ ᠬᠤᠷᠢᠬᠯᠠᠵᠦ ᠴᠢᠳᠠᠪᠠ᠃ ᠮᠠᠨ ᠤ ᠠᠶᠢᠮᠠᠭ ᠪᠠᠰᠠ ᠬᠡᠥᠬᠡᠳ ᠤᠨ ᠴᠡᠴᠡᠷᠯᠢᠭ ᠤᠨ ᠬᠢᠴᠢᠶᠡᠯᠯᠡᠭᠡ ᠶᠢᠨ ᠦᠭᠡᠷᠡᠴᠢᠯᠡᠯᠳᠠ ᠶᠢ ᠠᠬᠢᠭᠤᠯᠬᠤ ᠰᠢᠷᠢᠰ ᠠᠵᠢᠯᠯᠠᠭ᠎ᠠ ᠦᠷᠨᠢᠬᠦᠯᠵᠤ᠂ ᠪᠦᠬᠦ ᠠᠶᠢᠮᠠᠭ ᠤᠨ 500 ᠭᠠᠷᠤᠢ ᠬᠡᠥᠬᠡᠳ ᠤᠨ ᠴᠡᠴᠡᠷᠯᠢᠭ ᠤᠨ ᠲᠠᠷᠤᠭ᠎ᠠ ᠪᠠ ᠪᠠᠭᠰᠢ ᠶᠢ ᠬᠢᠴᠢᠶᠡᠯᠯᠡᠭᠡ ᠶᠢᠨ ᠦᠭᠡᠷᠡᠴᠢᠯᠡᠯᠳᠠ ᠶᠢᠨ ᠪᠤᠯᠪᠠᠰᠤᠷᠠᠯ ᠳᠤ ᠤᠷᠤᠯᠴᠠᠭᠤᠯᠵᠤ᠂ ᠡᠯ᠎ᠠ ᠬᠤᠰᠢᠭᠤ ᠰᠢᠶᠠᠨ ᠬᠤᠳᠠ ᠶᠢᠨ ᠠᠯᠪᠠᠨ ᠠᠴᠠ ᠡᠷᠬᠢᠯᠡᠭᠰᠡᠨ 22 ᠰᠠᠭᠤᠷᠢ ᠬᠡᠥᠬᠡᠳ ᠤᠨ ᠴᠡᠴᠡᠷᠯᠢᠭ ᠬᠠᠷᠢᠯᠴᠠᠨ ᠰᠤᠷᠤᠯᠴᠠᠬᠤ᠂ ᠬᠠᠷᠢᠯᠴᠠᠨ ᠦᠨᠡᠯᠡᠬᠦ᠂ ᠬᠠᠷᠢᠯᠴᠠᠨ ᠠᠳᠠᠯᠢᠳᠬᠠᠬᠤ ᠠᠵᠢᠯᠯᠠᠭ᠎ᠠ ᠦᠷᠨᠢᠬᠦᠯᠵᠦ᠂ ᠰᠤᠷᠬᠤ ᠨᠠᠰᠤ ᠠᠴᠠ ᠡᠮᠤᠨᠡᠬᠢ ᠰᠤᠷᠭᠠᠨ ᠬᠦᠮᠤᠵᠢᠯ ᠤᠨ ᠲᠦᠯᠤᠭᠡᠯᠡᠭᠴᠢ ᠶᠢ ᠵᠤᠬᠢᠶᠠᠨ ᠪᠠᠶᠢᠭᠤᠯᠤᠨ ᠬᠦᠢᠵᠸᠥ ᠮᠤᠵᠢ ᠳᠤ ᠬᠦᠷᠴᠤ ︽ᠪᠡᠶ᠎ᠠ ᠪᠠᠨ ᠲᠠᠭᠠᠭᠠᠭᠰᠠᠨ ᠲᠤᠭᠯᠠᠭᠠᠮ ᠢ ᠦᠨᠳᠤᠰᠤᠳᠠᠨ ᠤ ᠭᠠᠵᠠᠷ ᠤᠷᠤᠨ ᠤ ᠬᠡᠥᠬᠡᠳ ᠤᠨ ᠴᠡᠴᠡᠷᠯᠢᠭ ᠲᠤ ᠤᠷᠤᠭᠤᠯᠬᠤ ᠠᠷᠭ᠎ᠠ︾ ᠭᠡᠬᠦ ᠭᠤᠤᠯ ᠰᠡᠳᠦᠪᠳᠤ ᠲᠤᠷᠰᠢᠯᠭ᠎ᠠ ᠰᠤᠯᠢᠯᠴᠠᠬᠤ ᠠᠵᠢᠯᠯᠠᠭ᠎ᠠ ᠦᠷᠨᠢᠬᠦᠯᠵᠦ᠂ ᠪᠠᠭᠰᠢ ᠨᠠᠷ ᠬᠦᠨᠵᠡᠭᠡᠢ ᠰᠤᠷᠤᠯᠴᠠᠬᠤ ᠪᠠ ᠲᠤᠰᠬᠠᠢ ᠮᠡᠷᠭᠡᠵᠢᠯ ᠢᠶᠠᠷ ᠲᠠᠪᠳᠠᠨ ᠪᠤᠯᠪᠠᠰᠤᠷᠠᠬᠤ ᠪᠠᠷ ᠲᠠᠮᠵᠢᠨ ᠴᠡᠴᠡᠷᠯᠢᠭ ᠤᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠦᠨᠡᠨ ᠬᠦ ᠲᠡᠭᠡᠭᠰᠢᠯᠡᠬᠦᠯᠵᠤ ᠴᠢᠳᠠᠭᠰᠠᠨ ᠪᠠᠶᠢᠨ᠎ᠠ᠃         ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠠᠶᠢᠮᠠᠭ ᠤᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠲᠦᠯᠤᠪᠯᠡᠭᠰᠡᠨ ᠬᠠᠷᠠᠯᠳᠠ ᠡᠭᠦᠷᠭᠡ ᠪᠠᠨ ᠠᠮᠵᠢᠯᠳᠠ ᠲᠠᠢ ᠪᠡᠶᠡᠯᠡᠬᠦᠯᠥᠭᠰᠡᠨ ᠢᠶᠠᠷ ᠪᠠᠷᠠᠬᠤ ᠦᠭᠡᠢ ᠨᠡᠩ ᠤᠯᠠᠨ ᠰᠢᠯᠢᠳᠡᠭ ᠬᠡᠥᠬᠡᠳ ᠢ ᠬᠦᠮᠦᠵᠢᠬᠦᠯᠵᠦ ᠤᠯᠤᠰ ᠦᠨᠳᠦᠰᠦᠳᠡᠨ ᠳᠤ ᠪᠠᠨ ᠨᠡᠮᠡᠷᠢ ᠬᠠᠨᠳᠢᠪ ᠡᠷᠭᠦᠵᠦ ᠪᠤᠢ᠃  · ᠴᠤᠯᠮᠤᠨ ·
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号