ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠤᠨ ᠰᠢᠨ᠎ᠠ ᠶᠢ ᠡᠬᠦᠳᠬᠦ ᠳᠠᠬᠢ ᠰᠢᠯᠢᠳᠡᠭ ᠨᠡᠶᠢᠳᠡᠯᠢᠭ ᠵᠢᠱᠢᠶ᠎ᠠ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/3/11
      ᠤᠢᠢᠷ᠎ᠠ ᠶᠢᠨ ᠡᠳᠤᠷ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠰᠤᠶᠤᠯ ᠤᠷᠠᠯᠢᠭ ᠤᠨ ︽ᠬᠤᠤᠰ ᠠᠷᠪᠠ ᠵᠠᠭᠤ ᠮᠢᠩᠭᠠᠨ︾ ᠰᠠᠶᠢᠨ ᠲᠤᠷᠠᠴᠤᠥᠯ ᠤᠨ ᠦᠢᠯᠡᠴᠢᠯᠡᠭᠡᠨ ᠤ ᠢᠨᠵᠧᠨᠧᠷᠢᠩ ᠤᠨ ᠠᠵᠢᠯᠯᠠᠭ᠎ᠠ ᠨᠢ ᠪᠦᠬᠦ ᠠᠶᠢᠮᠠᠭ ᠤᠨ 2020 ᠤᠨ ᠤ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠤᠨ ᠰᠢᠨ᠎ᠠ ᠶᠢ ᠡᠬᠦᠳᠬᠦ ᠳᠠᠬᠢ ᠰᠢᠯᠢᠳᠡᠭ ᠨᠡᠶᠢᠳᠡᠯᠢᠭ ᠵᠢᠱᠢᠶ᠎ᠠ ᠪᠠᠷ ᠦᠨᠡᠯᠡᠭᠳᠡᠪᠡ᠃          ᠲᠤᠰ ᠠᠵᠢᠯᠯᠠᠭ᠎ᠠ ᠶᠢ 2019 ᠤᠨ ᠤ 5 ᠰᠠᠷ᠎ᠠ ᠠᠴᠠ ᠡᠬᠢᠯᠡᠨ ᠶᠠᠪᠤᠭᠳᠠᠭᠤᠯᠵᠤ᠂ ᠵᠢᠯ ᠭᠠᠷᠤᠢ ᠶᠢᠨ ᠬᠤᠭᠤᠴᠠᠭᠠᠨ ᠳᠤ ᠨᠡᠶᠢᠭᠡᠮ ᠤᠨ ᠤᠬᠢ ᠰᠠᠶᠢᠨ᠂ ᠦᠷᠭᠡᠨ ᠲᠡᠯᠭᠡᠷ ᠦᠨᠡᠯᠡᠯᠳᠠ ᠶᠢ ᠤᠯᠤᠭᠰᠠᠨ ᠪᠠᠶᠢᠨ᠎ᠠ᠃ ᠲᠤᠰ ᠠᠵᠢᠯᠯᠠᠭᠠᠨ ᠳᠤ ᠰᠤᠶᠤᠯ ᠤᠨ ᠤᠷᠠᠯᠢᠬᠴᠢᠨ 100 ᠭᠠᠷᠤᠢ ᠤᠷᠤᠯᠴᠠᠵᠤ᠂ ᠤᠳᠬ᠎ᠠ ᠵᠤᠬᠢᠶᠠᠯ᠂ ᠲᠠᠭᠤᠥ ᠬᠦᠭᠵᠢᠮ ᠂ ᠪᠦᠵᠢᠭ᠂ ᠭᠡᠷᠡᠯ ᠵᠢᠷᠤᠭ᠂ ᠤᠷᠠᠨ ᠵᠢᠷᠤᠭ᠂ ᠤᠷᠠᠨ ᠪᠢᠴᠢᠯᠭᠡ ᠵᠡᠷᠭᠡ ᠤᠷᠠᠯᠢᠭ ᠤᠨ ᠤᠯᠠᠨ ᠲᠦᠷᠤᠯ ᠤᠨ ᠠᠵᠢᠯᠯᠠᠭ᠎ᠠ ᠶᠢ ᠪᠠᠭᠳᠠᠭᠠᠵᠤ᠂ ᠪᠦᠬᠦ ᠠᠶᠢᠮᠠᠭ ᠤᠨ 6 ᠬᠤᠰᠢᠭᠤ ᠰᠢᠶᠠᠨ ᠬᠤᠳᠠ ᠶᠢᠨ ᠨᠡᠶᠢᠭᠡᠮ ᠲᠤᠭᠤᠷᠢᠭ ᠵᠢᠴᠢ ᠶᠠᠳᠠᠭᠤ ᠬᠦᠴᠢᠷᠳᠠᠯ ᠲᠠᠢ ᠭᠠᠴᠠᠭ᠎ᠠ ᠲᠤᠰᠬᠤᠨ ᠢ ᠬᠠᠮᠤᠷᠤᠬᠰᠠᠨ ᠪᠠᠶᠢᠨ᠎ᠠ᠃ ᠡᠨᠡ ᠬᠦ ᠠᠵᠢᠯᠯᠠᠭ᠎ᠠ ᠳᠤ ᠤᠷᠠᠯᠢᠬᠴᠢᠳ ᠢᠳᠡᠪᠬᠢᠯᠠᠨ ᠤᠷᠤᠯᠴᠠᠵᠤ᠂ ᠨᠡᠶᠢᠳᠠ 1000 ᠭᠠᠷᠤᠢ ᠤᠷᠠᠨ ᠪᠦᠳᠤᠭᠡᠯ ᠪᠦᠳᠦᠭᠡᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠲᠠᠭᠠᠰᠢᠶᠠᠯ ᠢ ᠤᠯᠵᠦ᠂ ᠠᠷᠠᠳ ᠤᠯᠠᠨ ᠤ ᠰᠤᠶᠤᠯ ᠤᠨ ᠠᠮᠢᠳᠤᠷᠠᠯ ᠢ ᠨᠢ ᠪᠡᠶᠡᠯᠢᠬᠵᠢᠭᠤᠯᠪᠡ᠃          ᠰᠤᠶᠤᠯ ᠤᠷᠠᠯᠢᠭ ᠤᠨ ︽ᠬᠤᠤᠰ ᠠᠷᠪᠠ ᠵᠠᠭᠤ ᠮᠢᠩᠭᠠᠨ︾ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠵᠢᠯᠯᠠᠭ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠪᠤᠴᠠ ᠳᠤ ᠰᠢᠨ᠎ᠠ ᠶᠢ ᠡᠭᠦᠳᠴᠦ᠂ ᠰᠤᠶᠤᠯ ᠤᠷᠠᠯᠢᠭ ᠤᠨ ᠤᠨᠴᠠᠯᠢᠭᠳᠤ ᠪᠦᠳᠤᠭᠡᠯ ᠢ ᠪᠦᠳᠦᠭᠡᠨ᠂ ᠰᠤᠶᠤᠯ ᠢ ᠬᠦᠳᠡᠭᠡ ᠳᠤ ᠬᠦᠷᠭᠡᠨ᠂ ᠤᠷᠠᠯᠢᠬᠴᠢᠳ ᠢ ᠤᠯᠠᠨ ᠲᠦᠮᠡᠨ ᠤ ᠲᠤᠮᠳᠠ ᠬᠦᠨᠵᠡᠭᠡᠶᠢᠷᠡᠭᠦᠯᠵᠦ᠂ ᠰᠤᠶᠤᠯ ᠤᠷᠠᠯᠢᠭ ᠢᠶᠠᠷ ᠤᠯᠠᠨ ᠲᠦᠮᠡᠨ ᠳᠤ ᠦᠢᠯᠡᠴᠢᠯᠡᠬᠦ ᠶᠢ ᠦᠢᠯᠡᠳᠤᠯᠭᠡᠵᠢᠬᠦᠯᠦᠭᠰᠡᠨ ᠨᠢᠭᠡᠨ ᠤᠳᠠᠭᠠᠨ ᠤ ᠪᠦᠳᠦᠮᠵᠢᠳᠠᠢ ᠬᠢᠳᠡᠯ ᠪᠤᠯᠬᠤ ᠶᠤᠮ᠃ ᠮᠦᠨ ᠰᠤᠶᠤᠯ ᠤᠷᠠᠯᠢᠭ ᠤᠨ ᠰᠢᠯᠢᠳᠡᠭ ᠡᠬᠢ ᠪᠠᠶᠠᠯᠢᠭ ᠢ ᠦᠨᠳᠤᠰᠤᠨ ᠱᠠᠳᠤᠨ ᠳᠤ ᠬᠦᠷᠭᠡᠬᠦ ᠶᠢ ᠠᠬᠢᠭᠤᠯᠵᠤ᠂ ᠦᠨᠳᠤᠰᠤᠨ ᠱᠠᠳᠤᠨ ᠤ ᠰᠤᠶᠤᠯ ᠤᠷᠠᠯᠢᠭ ᠤᠨ ᠬᠦᠭᠵᠢᠯᠳᠡ ᠳᠤ ᠠᠮᠢᠯᠠᠯ ᠤᠨ ᠬᠦᠴᠤᠨ ᠤᠯᠭᠤᠵᠠᠢ᠃ ᠡᠬᠦᠨ ᠤ ᠬᠠᠮᠳᠤ᠂ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠬᠦ ᠪᠠᠷ ᠲᠠᠮᠵᠢᠨ ᠤᠷᠠᠯᠢᠬᠴᠢᠳ ᠠᠷᠠᠳ ᠲᠦᠮᠡᠨ ᠤ ᠪᠤᠳᠠᠳᠤ ᠠᠮᠢᠳᠤᠷᠠᠯ ᠢᠶᠠᠷ ᠵᠤᠬᠢᠶᠠᠨ ᠪᠦᠳᠤᠭᠡᠬᠦ ᠶᠢᠨ ᠡᠬᠢ ᠰᠤᠷᠪᠤᠯᠵᠢ ᠪᠠᠨ ᠪᠤᠯᠭᠠᠨ᠂ ᠠᠮᠢᠳᠤᠷᠠᠯ ᠲᠠᠢ ᠤᠢᠢᠷᠠᠳᠤᠭᠰᠠᠨ ᠰᠢᠯᠢᠳᠡᠭ ᠪᠦᠳᠤᠭᠡᠯ ᠢ ᠵᠤᠬᠢᠶᠠᠨ ᠪᠦᠳᠦᠭᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠬᠦᠴᠦᠯᠡᠭᠰᠡᠨ ᠢᠶᠠᠷ ᠪᠠᠷᠠᠬᠤ ᠦᠭᠡᠢ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠴᠤ ᠨᠢᠭᠳᠠᠷᠠᠯ ᠤᠨ ᠬᠦᠴᠤᠨ ᠬᠠᠩᠭᠠᠭᠰᠠᠨ ᠪᠠᠶᠢᠨ᠎ᠠ᠃ ︵ᠴᠠᠶᠢᠯᠭᠠᠨ︶
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号