ᠦᠪᠠᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠶᠢᠨ ᠨᠡᠶᠢᠳᠡᠯᠡᠭᠰᠡᠨ 2020 ᠤᠨ ᠤ ᠪᠡᠶ᠎ᠠ ᠶᠢᠨ ᠲᠠᠮᠢᠷ ᠤᠨ 10 ᠲᠤᠮᠤ ᠰᠤᠨᠢᠨ ᠮᠡᠳᠡᠭᠡ
ᠨᠡᠶᠢᠲᠡᠯᠡᠭᠰᠡᠨ ᠴᠠᠭ᠄
2021/3/11
  1᠂ ᠦᠢᠯᠡᠳᠪᠤᠷᠢᠯᠡᠯ ᠢᠶᠠᠨ ᠰᠡᠷᠬᠦᠭᠡᠬᠦ ᠳᠤ ᠬᠦᠴᠤᠨ ᠨᠡᠮᠡᠷᠢᠯᠡᠪᠡ       ᠰᠢᠨ᠎ᠠ ᠲᠢᠲᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠪᠦᠬᠦ ᠤᠷᠤᠨ ᠤ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠰᠦᠯᠵᠢᠶᠡᠨ ᠤ ᠲᠠᠮᠢᠷ ᠤᠨ ᠴᠤᠭᠯᠠᠭᠠᠨ ᠵᠡᠷᠭᠡ ᠰᠦᠯᠵᠢᠶᠡᠨ ᠲᠡᠭᠡᠷᠡᠬᠢ ᠤᠷᠤᠯᠳᠤᠭᠠᠨ ᠤ ᠠᠵᠢᠯᠯᠠᠭ᠎ᠠ ᠶᠢ ᠨᠡᠶᠢᠳᠠ 400 ᠭᠠᠷᠤᠢ ᠤᠳᠠᠭ᠎ᠠ ᠡᠷᠬᠢᠯᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠦᠢᠯᠡᠳᠪᠤᠷᠢᠯᠡᠯ ᠢᠶᠠᠨ ᠰᠡᠷᠬᠦᠭᠡᠬᠦ ᠳᠤ ᠬᠦᠴᠤᠨ ᠨᠡᠮᠡᠷᠢᠯᠡᠪᠡ᠃    2᠂ ᠪᠡᠶ᠎ᠠ ᠴᠢᠬᠢᠷᠠᠭᠵᠢᠯ ᠬᠢᠭᠡᠳ ᠡᠷᠡᠬᠦᠯ ᠡᠩᠬᠡ ᠶᠢ ᠠᠭᠤᠰᠤᠯᠴᠠᠭᠤᠯᠵᠠᠢ       ᠬᠦᠬᠡᠬᠤᠳᠠ᠂ ᠲᠦᠩᠯᠢᠶᠤᠥ᠂ ᠪᠠᠶᠠᠨᠨᠠᠭᠤᠷ᠂ ᠮᠠᠨᠵᠤᠥᠷ ᠵᠡᠷᠭᠡ 4 ᠭᠠᠵᠠᠷ ᠢ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠬᠢᠭᠡᠳ ᠡᠷᠡᠬᠦᠯ ᠡᠩᠬᠡ ᠶᠢᠨ ᠬᠦᠨᠵᠡᠭᠡᠢ ᠠᠭᠤᠰᠤᠯᠴᠠᠬᠤ ᠲᠤᠷᠰᠢᠯᠳᠠ ᠶᠢᠨ ᠴᠡᠭ ᠤᠨ ᠬᠤᠳᠠ ᠪᠠᠷ ᠲᠤᠭᠳᠠᠭᠠᠵᠤ᠂ ︽ᠪᠡᠶ᠎ᠠ ᠶᠢᠨ ᠲᠠᠮᠢᠷ ᠤᠨ ᠶᠡᠷᠤᠩᠬᠡᠢ ᠡᠪᠯᠡᠯ + ᠳ᠋ᠠᠩ ᠲᠦᠷᠤᠯ ᠤᠨ ᠪᠡᠶ᠎ᠠ ᠶᠢᠨ ᠲᠠᠮᠢᠷ ᠤᠨ ᠨᠡᠶᠢᠭᠡᠮᠯᠢᠭ + ᠤᠯᠠᠨ ᠨᠡᠶᠢᠳᠡ ᠶᠢᠨ ᠪᠡᠶ᠎ᠠ ᠶᠢᠨ ᠲᠠᠮᠢᠷ ᠤᠨ ᠨᠡᠶᠢᠭᠡᠮᠯᠢᠭ ᠤᠨ ᠪᠡᠶ᠎ᠠ ᠴᠢᠬᠢᠷᠠᠭᠵᠢᠭᠤᠯᠬᠤ ᠵᠤᠬᠢᠶᠠᠨ ᠪᠠᠶᠢᠭᠤᠯᠤᠯᠳᠠ︾ ᠶᠢᠨ ᠲᠤᠥᠷ ᠢ ᠠᠩᠬ᠎ᠠ ᠠᠯᠬᠤᠮ ᠪᠦᠷᠢᠯᠳᠤᠬᠦᠯᠵᠠᠢ᠃    3᠂ ︽ᠲᠠᠪᠤ ᠶᠢ ᠲᠡᠳᠬᠦᠬᠦ︾ ᠠᠵᠢᠯᠯᠠᠭ᠎ᠠ ᠶᠢ ᠡᠷᠴᠢᠮᠵᠢᠬᠦᠯᠪᠡ     ︽ᠨᠠᠷᠢᠯᠢᠭ ᠤᠨᠤᠴᠠᠳᠠᠢ ᠪᠠᠷ ᠲᠠᠪᠤ ᠶᠢ ᠲᠡᠳᠬᠦᠬᠦ︾ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠤ᠂ ᠪᠡᠶ᠎ᠠ ᠶᠢᠨ ᠲᠠᠮᠢᠷ ᠢᠶᠠᠷ ᠶᠠᠳᠠᠭᠤ ᠶᠢ ᠲᠡᠳᠬᠦᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠠᠢ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠬᠤᠶᠠᠷᠰᠤᠮᠤ ᠪᠠᠯᠭᠠᠰᠤᠨ ᠤ ᠰᠢᠨ᠎ᠠ ᠠᠶᠢᠯ ᠭᠠᠴᠠᠭ᠎ᠠ ᠶᠢ ᠶᠠᠳᠠᠭᠤ ᠬᠦᠴᠢᠷᠳᠠᠯᠳᠠᠢ ᠲᠤᠰᠬᠤᠨ ᠤ ᠡᠩᠨᠡᠭᠡ ᠠᠴᠠ ᠭᠠᠷᠭᠠᠵᠤ᠂ ᠡᠯ᠎ᠠ ᠵᠦᠢᠯ ᠤᠨ ᠬᠠᠪᠰᠤᠷᠤᠨ ᠲᠡᠳᠬᠦᠬᠦ ᠡᠬᠦᠷᠭᠡ ᠪᠠᠨ ᠠᠮᠵᠢᠯᠳᠠ ᠲᠠᠢ ᠪᠠᠶᠠᠯᠡᠬᠦᠯᠪᠡ᠃     4᠂ ᠬᠦᠯ ᠪᠦᠮᠪᠦᠭᠡ ᠶᠢᠨ ᠦᠭᠡᠷᠡᠴᠢᠯᠡᠯᠳᠠ ᠶᠢᠨ ᠬᠢᠯᠠᠰ ᠴᠡᠭ ᠤᠯᠠᠰᠢᠷᠠᠬᠰᠠᠨ ᠨᠢ       ᠪᠦᠬᠦ ᠤᠷᠤᠨ ᠤ ᠬᠦᠯ ᠪᠦᠮᠪᠦᠭᠡ ᠶᠢᠨ ᠰᠤᠷᠢᠭ᠎ᠠ ᠪᠤᠯᠪᠠᠰᠤᠷᠠᠯ ᠤᠨ ᠲᠠᠯᠠᠪᠠᠢ ᠭᠠᠵᠠᠷ ᠨᠡᠶᠢᠳᠠ 3530 ᠪᠤᠯᠵᠤ ᠂ ᠲᠦᠮᠡᠨ ᠬᠦᠮᠤᠨ ᠪᠦᠷᠢ ᠳᠤ 1.39 ᠠᠴᠠ ᠲᠡᠭᠡᠭᠰᠢᠬᠢ ᠬᠦᠯ ᠪᠦᠮᠪᠦᠭᠡ ᠶᠢᠨ ᠲᠠᠯᠠᠪᠠᠢ ᠭᠠᠵᠠᠷ ᠲᠠᠢ ᠪᠤᠯᠪᠡ᠃ ᠪᠦᠬᠦ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠠᠯᠪᠠᠨ ᠵᠠᠷᠤᠴᠠ ᠬᠤᠨᠳᠠᠭᠠᠳᠤ︾ ᠲᠠᠪᠤᠨ ᠬᠦᠮᠤᠨ ᠤ ᠲᠦᠷᠢᠮᠳᠤ ᠬᠦᠯ ᠪᠦᠮᠪᠦᠭᠡ ᠶᠢᠨ ᠤᠷᠤᠯᠳᠤᠭᠠᠨ᠂ ᠪᠦᠬᠦ ᠤᠷᠤᠨ ᠤ ︽ᠲᠡᠷᠢᠬᠦᠯᠡᠭᠴᠢ ᠬᠤᠨᠳᠠᠭᠠᠳᠤ︾ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠲᠦᠷᠪᠡᠨ ᠱᠠᠳᠤᠨ ᠤ ᠬᠤᠯᠪᠤᠭᠠᠳᠤ ᠤᠷᠤᠯᠳᠤᠭᠠᠨ ᠵᠡᠷᠭᠡ ᠤᠯᠠᠨ ᠤᠷᠤᠯᠳᠤᠭᠠᠨ ᠢ ᠨᠡᠶᠢᠳᠠ 12 ᠤᠳᠠᠭ᠎ᠠ ᠡᠷᠬᠢᠯᠡᠨ ᠶᠠᠪᠤᠭᠳᠠᠭᠤᠯᠵᠤ᠂ ᠨᠡᠶᠢᠳᠠ 5609 ᠬᠦᠮᠤᠨ ᠤᠷᠤᠯᠴᠠᠵᠤ᠂ ᠪᠦᠬᠦ ᠠᠷᠠᠳ ᠢᠶᠠᠷ ᠢᠶᠠᠨ ᠬᠦᠯ ᠪᠦᠮᠪᠦᠭᠡ ᠶᠢᠨ ᠬᠦᠳᠡᠯᠭᠡᠭᠡᠨ ᠳᠤ ᠤᠷᠤᠯᠴᠠᠬᠤ ᠠᠭᠤᠷ ᠠᠮᠢᠰᠬᠤᠯ ᠢ ᠦᠳᠭᠡᠷᠡᠬᠦᠯᠪᠡ᠃      5᠂ ᠯᠢ ᠴᠢᠶᠠᠨ ᠤᠯᠢᠮᠫᠢᠺ ᠤᠨ ᠴᠤᠭᠯᠠᠭᠠᠨ ᠳᠤ ᠤᠷᠤᠯᠴᠠᠬᠤ ᠡᠷᠬᠡ ᠤᠯᠪᠠ         2020 ᠤᠨ ᠤ ᠲᠤᠥᠺᠢᠣ᠋ ᠶᠢᠨ ᠤᠯᠢᠮᠫᠢᠺ ᠤᠨ ᠲᠠᠮᠢᠷ ᠤᠨ ᠴᠤᠭᠯᠠᠭᠠᠨ ᠤ ︽ᠠᠽᠢᠶ᠎ᠠ ᠲᠢᠪ ᠶᠡᠭᠡ ᠲᠠᠯᠠᠢ ᠶᠢᠨ ᠲᠢᠪ ᠤᠨ ᠪᠤᠺᠰ ᠤᠨ ᠲᠦᠷᠤᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠤ ᠬᠢᠷ ᠭᠡᠮ ᠤᠨ ᠤᠷᠤᠯᠳᠤᠭᠠᠨ︾ ᠳᠤ ᠮᠠᠨ ᠤ ᠤᠷᠤᠨ ᠤ ᠲᠠᠮᠢᠷᠴᠢᠨ ᠯᠢ ᠴᠢᠶᠠᠨ ᠲᠤᠮᠳᠠᠳᠤ ᠤᠯᠤᠰ ᠢ ᠲᠦᠯᠤᠭᠡᠯᠡᠨ ᠤᠷᠤᠯᠴᠠᠭᠠᠳ ᠮᠠᠩᠯᠠᠶᠢᠯᠠᠵᠤ᠂ ᠲᠤᠮᠳᠠᠳᠤ ᠤᠯᠤᠰ ᠤᠨ ᠪᠤᠺᠰ ᠤᠨ ᠠᠩᠬᠢ ᠶᠢᠨ ᠤᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠬᠤ ᠬᠢᠷᠢ ᠭᠡᠮ ᠢ ᠤᠯᠤᠭᠰᠠᠨ ᠠᠩᠬᠠᠳᠠᠭᠴᠢ ᠲᠠᠮᠢᠷᠴᠢᠨ ᠪᠤᠯᠪᠠ᠃      6᠂ ᠮᠤᠷᠢᠨ ᠮᠡᠷᠭᠡᠵᠢᠯ ᠤᠨ ᠤᠷᠤᠯᠳᠤᠭᠠᠨ ᠢᠳᠠ ᠬᠦᠭ ᠲᠠᠢ ᠶᠠᠪᠤᠭᠳᠠᠵᠠᠢ         ᠲᠤᠮᠳᠠᠳᠤ ᠤᠯᠤᠰ · ᠦᠪᠤᠷ ᠮᠤᠩᠭᠤᠯ ᠤᠨ ᠮᠤᠷᠢᠨ ᠤᠷᠤᠯᠳᠤᠭᠠᠨ ᠵᠢᠴᠢ ᠲᠤᠯᠤᠳᠤᠭᠠᠷ ᠬᠤᠭᠤᠴᠠᠭᠠᠨ ᠤ ᠦᠪᠤᠷ ᠮᠤᠩᠭᠤᠯ ᠤᠨ ᠮᠤᠷᠢᠨ ᠮᠡᠷᠭᠡᠵᠢᠯ ᠤᠨ ᠨᠠᠶᠢᠷ᠂ ᠬᠤᠷᠳᠤᠨ ᠮᠤᠷᠢᠨ ᠤ ᠤᠷᠤᠯᠳᠤᠭᠠᠨ᠂ ᠬᠠᠳᠠᠭ ᠰᠢᠬᠦᠷᠡᠬᠦ᠂ ᠲᠦᠩᠰᠠ ᠤᠷᠢᠶᠠᠬᠤ ᠤᠷᠤᠯᠳᠤᠭᠠᠨ᠂ ᠡᠮᠨᠢᠭ ᠰᠤᠷᠭᠠᠬᠤ ᠵᠡᠷᠭᠡ 5 ᠶᠡᠭᠡ ᠤᠷᠤᠯᠳᠤᠭᠠᠨ ᠤ ᠲᠦᠷᠤᠯ ᠤᠨ 13 ᠪᠠᠭ᠎ᠠ ᠤᠷᠤᠯᠳᠤᠭᠠᠨ ᠢ ᠶᠠᠪᠤᠭᠤᠯᠵᠤ᠂ ᠡᠯ᠎ᠠ ᠭᠠᠵᠠᠷ ᠤᠨ ᠮᠤᠷᠢᠳᠠᠳ ᠴᠤᠭ ᠵᠢᠪᠬᠤᠭ᠎ᠠ ᠪᠠᠨ ᠭᠠᠶᠢᠬᠠᠭᠤᠯᠪᠠ᠃       7᠂ ᠵᠠᠯᠠᠭᠤᠴᠤᠳ ᠤᠯᠢᠮᠫᠢᠺ ᠤᠨ ᠴᠤᠭᠯᠠᠭᠠᠨ ᠳᠤ ᠭᠠᠷᠮᠠᠭᠠᠢᠢᠯᠠᠵᠠᠢ        ᠭᠤᠷᠪᠠᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ ᠵᠠᠯᠠᠭᠤᠴᠤᠳ ᠤᠨ ᠤᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠤᠷᠤᠨ ᠤ ᠲᠠᠮᠢᠷᠴᠢᠨ ᠳ᠋ᠢᠩ ᠢᠥᠢ ᠬᠤᠸᠠᠨ ᠡᠬᠢᠯᠡᠯᠳᠠ ᠶᠢᠨ ᠶᠤᠰᠤᠯᠠᠯ ᠲᠡᠭᠡᠷ᠎ᠠ ᠲᠤᠮᠳᠠᠳᠤ ᠤᠯᠤᠰ ᠤᠨ ᠲᠦᠯᠤᠭᠡᠯᠡᠭᠴᠢ ᠶᠢᠨ ᠪᠦᠯᠬᠦᠮ ᠤᠨ ᠲᠤᠭᠴᠢ ᠪᠤᠯᠪᠠ᠃ ᠤᠯᠤᠰ ᠤᠨ ᠪᠡᠶ᠎ᠠ ᠶᠢᠨ ᠲᠠᠮᠢᠷ ᠤᠨ ᠶᠡᠷᠤᠩᠬᠡᠢ ᠲᠤᠪᠴ᠊ ᠡᠶ᠎ᠡ ᠶᠢᠨ ᠰᠢᠯᠭᠠᠷᠠᠭᠤᠯᠤᠯᠳᠠ ᠪᠠᠷ ᠲᠠᠮᠵᠢᠨ᠂ ᠦᠪᠤᠷ ᠮᠤᠩᠭᠤᠯ ᠤᠨ 7 ᠲᠠᠮᠢᠷᠴᠢᠨ ᠤᠷᠤᠯᠳᠤᠭᠠᠨ ᠳᠤ ᠤᠷᠤᠯᠴᠠᠬᠤ ᠬᠢᠷᠢ ᠭᠡᠮ ᠤᠯᠪᠠ᠃       8᠂ ᠮᠠᠷᠠᠰᠤᠨ ᠤᠷᠤᠯᠳᠤᠭᠠᠨ ᠠᠮᠢᠵᠢᠷᠠᠯ ᠤᠨ ᠬᠦᠴᠤᠨ ᠢ ᠬᠦᠭᠵᠢᠭᠡᠪᠡ       ᠮᠠᠨ ᠤ ᠤᠷᠤᠨ 9 ᠰᠠᠷ᠎ᠠ ᠳᠤ ᠮᠠᠷᠠᠰᠤᠨ ᠤᠷᠤᠯᠳᠤᠭᠠᠨ ᠤ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠡᠬᠢᠯᠡᠬᠦᠯᠵᠤ᠂ 2020 ᠤᠨ ᠤ ᠬᠤᠷᠴᠢᠨ ᠤ ᠮᠠᠷᠠᠰᠤᠨ ᠤᠷᠤᠯᠳᠤᠭᠠᠨ ᠪᠤᠯ ᠤᠯᠤᠰ ᠤᠨ ᠲᠤᠳᠤᠭᠠᠳᠤ ᠳᠤ ᠶᠠᠪᠤᠭᠳᠠᠭᠰᠠᠨ ᠠᠩᠬᠠᠨ ᠤ ᠲᠠᠯᠠᠪᠤᠷ ᠮᠠᠷᠠᠰᠤᠨ ᠤᠷᠤᠯᠳᠤᠭᠠᠨ ᠪᠤᠯᠤᠨ᠎ᠠ᠃ ᠲᠠᠷᠠᠭ᠎ᠠ ᠪᠠᠷ ᠨᠢ ᠠᠩᠬᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠲᠤᠯᠤᠨ ᠨᠤᠥᠷ ᠤᠨ ᠮᠠᠷᠠᠰᠤᠨ ᠤᠷᠤᠯᠳᠤᠭᠠᠨ᠂ ᠦᠪᠤᠷ ᠮᠤᠩᠭᠤᠯ ᠤᠨ ᠠᠩᠬᠠᠳᠠᠭᠴᠢ ᠬᠤᠭᠤᠴᠠᠭᠠᠨ ᠤ ᠰᠦᠯᠵᠢᠶᠡᠨ ᠲᠡᠭᠡᠷᠡᠬᠢ ᠮᠠᠷᠠᠰᠤᠨ ᠤᠷᠤᠯᠳᠤᠭᠠᠨ᠂ ᠦᠪᠤᠷ ᠮᠤᠩᠭᠤᠯ ᠤᠨ ᠡᠵᠡᠨ᠎ᠠ ᠬᠤᠰᠢᠭᠤ ᠶᠢᠨ ᠲᠤᠥᠷᠠᠢ ᠶᠢᠨ ᠤᠢ ᠶᠢᠨ ᠮᠠᠷᠠᠰᠤᠨ ᠤᠷᠤᠯᠳᠤᠭᠠᠨ ᠵᠡᠷᠭᠡ ᠦᠪᠠᠷᠮᠢᠴᠠ ᠤᠨᠴᠠᠯᠢᠭ ᠲᠠᠢ ᠰᠦᠯᠵᠢᠶᠡᠨ ᠲᠡᠭᠡᠷᠡᠬᠢ ᠪᠠ ᠪᠤᠳᠠᠳᠤ ᠴᠤᠭᠴᠠ ᠶᠢᠨ ᠮᠠᠷᠠᠰᠤᠨ ᠤᠷᠤᠯᠳᠤᠭᠠᠨ ᠪᠦᠬᠦ ᠤᠷᠤᠨ ᠤ ᠡᠯ᠎ᠠ ᠭᠠᠵᠠᠷ ᠲᠤ ᠬᠦᠭᠵᠢᠶᠡᠨ ᠲᠠᠢ ᠶᠠᠪᠤᠭᠳᠠᠪᠠ᠃    9᠂ WCBA ᠶᠢᠨ ᠵᠢᠭᠰᠠᠭᠠᠯ ᠳᠤ ᠮᠠᠩᠯᠠᠶᠢᠯᠠᠵᠠᠢ         12 ᠰᠠᠷ᠎ᠠ ᠶᠢᠨ 21 ᠤ ᠤᠷᠤᠢ᠂ ᠦᠪᠤᠷ ᠮᠤᠩᠭᠤᠯ ᠤᠨ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢ᠊ ᠡᠶ᠎ᠡ ᠶᠢᠨ ᠡᠮᠡᠭᠳᠡᠢ ᠶᠢᠨ ᠰᠠᠭᠰᠤᠨ ᠪᠦᠮᠪᠦᠭᠡ ᠶᠢᠨ ᠠᠩᠬᠢ 107᠄ 44 ᠬᠤᠪᠢ ᠶᠢᠨ ᠬᠠᠷᠢᠴᠠᠯ ᠢᠶᠠᠷ ᠡᡁᠧᠨᠠᠨ ᠤ ᠠᠩᠬᠢ ᠶᠢ ᠢᠯᠠᠵᠤ᠂ ᠲᠤᠰ ᠤᠷᠤᠯᠳᠤᠭᠠᠨ ᠤ ᠤᠯᠠᠷᠢᠯ ᠤᠨ WCBA ᠶᠢᠨ ᠬᠤᠯᠪᠤᠭᠠᠳᠤ ᠤᠷᠤᠯᠳᠤᠭᠠᠨ ᠤ ᠠᠩᠬᠠᠨ ᠤ ᠡᠭᠡᠯᠵᠢ ᠳᠤ 15 ᠲᠠᠯᠠᠪᠠᠢ ᠤᠷᠤᠯᠳᠤᠭᠠᠨ ᠳᠤ ᠢᠯᠠᠵᠤ᠂ 1 ᠤᠳᠠᠭ᠎ᠠ ᠢᠯᠠᠭᠳᠠᠭᠰᠠᠨ ᠬᠢᠷᠢ ᠪᠦᠳᠤᠮᠵᠢ ᠪᠠᠷ ᠬᠤᠪᠢ ᠲᠡᠮᠳᠡᠭᠯᠡᠬᠦ ᠨᠡᠷᠡᠰ ᠤᠨ ᠵᠢᠭᠰᠠᠭᠠᠯᠳᠠ ᠳᠤ ᠲᠦᠷᠤᠬᠦᠯᠡᠵᠤ᠂ ᠲᠤᠰ ᠤᠷᠤᠯᠳᠤᠭᠠᠨ ᠤ ᠤᠯᠠᠷᠢᠯ ᠤᠨ ᠪᠤᠳᠠᠳᠤ ᠬᠦᠴᠤᠨ ᠢᠶᠠᠷ ᠬᠠᠮᠤᠭ ᠤᠨ ᠴᠢᠩᠭ᠎ᠠ ᠡᠩᠨᠡᠭᠡ ᠶᠢᠨ ᠨᠢᠭᠡ ᠪᠠᠷ ᠲᠤᠳᠤᠷᠠᠪᠠ᠃     10᠂ ᠵᠧᠩ ᠬᠦᠸᠧ ᠬᠤᠸᠠ ᠰᠢᠰᠲᠧᠮ ᠲᠠᠢ ᠪᠤᠯᠪᠠᠰᠤᠷᠠᠯ ᠢᠶᠠᠨ ᠡᠬᠢᠯᠡᠬᠦᠯᠵᠠᠢ        ᠦᠪᠠᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠬᠦᠬᠡᠬᠤᠳᠠ ᠶᠢᠨ ᠲᠦᠮᠡᠳ ᠵᠡᠬᠦᠨ ᠬᠤᠰᠢᠭᠤᠨ ᠤ ᠦᠨᠳᠤᠷ ᠲᠤᠮᠳᠠᠳᠤ ᠶᠢᠨ ᠨᠢᠭᠡᠳᠤᠭᠡᠷ ᠤᠨ ᠤ ᠰᠤᠷᠤᠭᠴᠢ ᠵᠧᠩ ᠬᠦᠸᠧ ᠬᠤᠸᠠ ᠶᠢ ᠦᠪᠤᠷ ᠮᠤᠩᠭᠤᠯ ᠤᠨ ᠲᠤᠰᠬᠠᠢ ᠮᠡᠷᠭᠡᠵᠢᠯ ᠤᠨ ᠲᠠᠮᠢᠷ ᠤᠨ ᠠᠩᠬᠢ ᠶᠢᠨ ᠪᠤᠯᠪᠠᠰᠤᠷᠠᠯ ᠳᠤ ᠤᠷᠤᠯᠴᠠᠭᠤᠯᠵᠠᠢ᠃ ᠵᠧᠩ ᠬᠦᠸᠧ ᠬᠤᠸᠠ ᠨᠢᠳᠦᠨᠤᠨ ᠤ 8 ᠰᠠᠷ᠎ᠠ ᠳᠤ ᠶᠠᠪᠤᠭᠳᠠᠭᠰᠠᠨ ᠪᠦᠬᠦ ᠤᠷᠤᠨ ᠤ ᠵᠠᠯᠠᠭᠤᠴᠤᠳ ᠪᠠᠭᠠᠴᠤᠳ ᠤᠨ ᠰᠫᠤᠷᠲ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠰᠢᠯᠢᠳᠡᠭ ᠬᠢᠷᠢ ᠪᠦᠳᠤᠮᠵᠢ ᠡᠬᠦᠳᠴᠤ᠂ ᠤᠯᠤᠰ ᠤᠨ ᠬᠤᠶᠠᠳᠤᠭᠠᠷ ᠲᠡᠰ ᠤᠨ ᠲᠠᠮᠢᠷᠴᠢᠨ ᠢᠶᠠᠷ ᠦᠨᠡᠯᠡᠭᠳᠡᠪᠡ᠃    ︵︽ᠦᠪᠤᠷ ᠮᠤᠩᠭᠤᠯ ᠤᠨ ᠡᠳᠤᠷ ᠤᠨ ᠰᠤᠨᠢᠨ ᠤ ᠸᠢᠴᠠᠲ︾ ᠠᠴᠠ ᠰᠢᠯᠵᠢᠬᠦᠯᠪᠡ︶
 
ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ ᠤ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号