ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠤᠨ᠂ ᠡᠶ᠎ᠡ | ᠨᠠᠶᠢᠷᠰᠠᠬ ᠬᠠᠶᠢᠷ᠎ᠠ ᠬᠠᠨᠳᠢᠪ ᠬᠦᠷᠭᠡᠬᠦ ᠬᠠᠷᠢᠯᠴᠠᠨ ᠬᠠᠪᠰᠤᠷᠤᠯᠴᠠᠵᠤ ᠤᠷᠤᠭᠰᠢᠯᠠᠨ ᠲᠠᠪᠰᠢᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠰᠢᠰᠲ᠋ᠧᠮ ᠢ ᠤᠯᠠᠮ ᠨᠢᠭᠡ ᠠᠯᠬᠤᠮ ᠳᠡᠭᠦᠯᠳᠡᠷᠵᠢᠭᠦᠯᠬᠦ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠯᠪᠠᠨ ᠭᠡᠷ ᠬᠠᠮᠳᠤᠷᠠᠨ᠂ 2020 ᠣᠨ ᠤ ᠯᠸᠢ ᠹᠧᠩ ᠠᠴᠠ ᠰᠤᠷᠤᠯᠴᠠᠬᠤ ᠰᠠᠶᠢᠨ | ᠳᠤᠷ᠎ᠠ ᠶᠢᠨ ᠦᠢᠯᠡᠴᠢᠯᠡᠭᠡᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ ᠰᠣᠩᠭᠤᠬᠤ ᠠᠵᠢᠯᠯᠠᠭ᠎ᠠ | ᠥᠷᠨᠢᠭᠦᠯᠪᠡ᠃ ᠮᠠᠨ ᠤ ᠠᠶᠢᠮᠠᠭ ᠤᠨ ᠰᠠᠶᠢᠨ ᠳᠤᠷ᠎ᠠ ᠶᠢᠨ ᠦᠶ᠋ᠯᠡᠴᠢᠯᠡᠭᠡᠨ ᠤ 9 ᠲᠡᠷᠢᠭᠦᠨ ᠤ ᠨᠡᠶᠢᠲᠡᠯᠢᠭ ᠵᠢᠱᠢᠶ᠎ᠡ | ᠬᠥᠬᠢᠭᠦᠯᠦᠭᠳᠡᠪᠡ᠃ | ᠬᠥᠬᠢᠭᠦᠯᠦᠨ ᠰᠠᠶᠢᠰᠢᠶᠠᠬᠤ ᠬᠤᠷᠠᠯ ᠳᠡᠭᠡᠷ᠎ᠡ᠂ ᠤᠯᠠᠭᠠᠨᠬᠤᠲᠠ ᠶᠢᠨ ᠬᠤᠩ ᠴᠧᠩ ᠵᠠᠯᠠᠭᠤᠴᠤᠳ ᠤᠨ ᠰᠠᠶᠢᠨ | ᠳᠤᠷᠠᠴᠤᠤᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠯᠢ ᠰᠧ ᠨᠢᠩ᠂ ᠷᠠᠰᠢᠶᠠᠨ ᠬᠤᠲᠠ ᠶᠢᠨ ᠸᠧᠨᠴᠢᠦᠸᠠᠨ | ᠵᠡᠭᠡᠯᠢ ᠶᠢᠨ ᠱᠧᠨ ᠴᠢᠤᠸᠠᠨ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠳᠠᠷᠤᠭ᠎ᠠ | ᠰᠢᠤᠢ ᠰᠢᠶᠣᠤ ᠮᠢᠩ᠂ ᠵᠠᠯᠠᠶᠢᠳ ᠬᠤᠰᠢᠭᠤᠨ ᠤ ᠪᠠᠶ᠋ᠬᠠᠤᠯᠠᠭᠠᠨ ᠰᠤᠮᠤᠨ ᠤ ᠲᠠᠯ᠎ᠠ ᠨᠤᠲᠤᠭ ᠤᠨ ᠳᠡᠭᠷᠢᠯᠢᠭ ᠬᠦᠯᠦᠭ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠳᠠᠷᠤᠭ᠎ᠠ ᠪᠠᠢ ᠨᠠᠷᠠᠰᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠳ᠋ᠠᠱᠢᠵᠠᠶ ᠪᠠᠯᠭᠠᠰᠤᠨ ᠤ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠯᠢᠦ ᠭᠦᠸᠧ ᠵᠦᠩ᠂ ᠲᠦᠴᠢᠦᠸᠠᠨ ᠰᠢᠶᠠᠨ ᠤ ᠲᠦᠴᠢᠦᠸᠠᠨ | ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠸᠠᠩ ᠲᠢᠶᠠᠨ ᠬᠤᠢ᠂ ᠤᠯᠠᠭᠠᠨᠬᠤᠲᠠ ᠶᠢᠨ ᠵᠦᠡᠭ | ᠴᠸᠦ ᠨᠢᠭᠦᠯᠡᠰᠦᠩᠭᠦᠢ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠯᠢᠦ ᠢ ᠮᠢᠩ᠂ ᠤᠯᠠᠭᠠᠨᠬᠤᠲᠠ ᠶᠢᠨ | ᠬᠤᠨᠭ᠌ ᠴᠸᠡᠭ ᠠᠯᠪᠠᠨ ᠵᠢᠷᠤᠮ ᠤᠨ ᠴᠠᠭᠳᠠᠭ᠎ᠠ ᠶᠢᠨ ᠨᠡᠶᠢᠭᠡᠮᠯᠢᠭ ᠤᠨ ᠳᠠᠷᠤᠭ᠎ᠠ ᠯᠧᠩ ᠬᠤᠩ ᠰᠢᠤᠢ᠂ ᠠᠶᠢᠮᠠᠬ ᠤᠨ | ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠭᠡᠰᠢᠭᠦᠨ ᠴᠧᠨ ᠵᠢᠩ ᠦ᠋᠂ | ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠤᠨ ᠥᠨᠳᠥᠷ ᠲᠣᠰᠬᠤᠨ ᠤ ︽ᠵᠡᠮᠳᠡᠭᠴᠦᠳ ᠢ ᠲᠤᠰᠠᠯᠠᠨ ᠲᠡᠳᠬᠦᠬᠦ | ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠼᠦᠩ ᠰᠢᠤᠸᠠᠢ ᠶᠠᠨ | ᠵᠡᠷᠭᠡ 9 ᠬᠥᠮᠦᠨ ᠲᠣᠰ ᠢᠷᠠᠭᠤ ᠠᠯᠳᠠᠷ ᠢ ᠬᠦᠷᠳᠡᠵᠡᠢ᠃ ︵ᠤᠭ᠍ᠶᠤ ᠰᠠᠴᠤᠷᠠᠯ︶ |