ᠡᠨᠡ ᠵᠢᠯ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ ᠬᠦᠮᠤᠨ ᠢ ᠬᠦᠮᠤᠵᠢᠬᠦᠯᠬᠦ ᠬᠠᠮᠢᠶᠠᠷᠤᠯᠳᠡ ᠪᠠᠨ ᠰᠠᠶᠢᠵᠢᠷᠠᠭᠤᠯᠵᠤ ᠵᠢᠭᠠᠨ ᠰᠤᠷᠭᠠᠯᠳᠡ ᠶᠢᠨ ᠶᠠᠰᠤ ᠴᠢᠨᠠᠷ ᠢᠶᠠᠨ ᠲᠡᠭᠡᠭᠰᠢᠯᠡᠭᠦᠯᠤᠨ᠎ᠠ
ᠨᠡᠶᠢᠲᠡᠯᠡᠭᠰᠡᠨ ᠴᠠᠭ᠄
2021/3/19
   ᠦᠢᠷ᠎ᠠ ᠳᠤ᠂ ᠮᠠᠨ ᠤ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ 2021 ᠤᠨ ᠤ ᠪᠦᠬᠦ ᠠᠶᠢᠮᠠᠭ ᠤᠨ ᠰᠤᠷᠭᠠᠨ ᠬᠦᠮᠤᠵᠢᠯ ᠤᠨ ᠠᠵᠢᠯ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠡ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠰᠤᠷᠭᠠᠨ ᠬᠦᠮᠤᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠪᠠᠷᠢᠮᠳᠠᠯᠠᠵᠤ᠂ ᠰᠤᠷᠭᠠᠭᠤᠯᠢ᠂ ᠭᠡᠷ ᠪᠦᠯᠢ᠂ ᠨᠡᠶᠢᠬᠡᠮ ᠬᠠᠮᠳᠤᠷᠠᠬᠰᠠᠨ ᠬᠦᠮᠤᠨ ᠬᠦᠮᠤᠵᠢᠬᠦᠯᠬᠦ ᠪᠠᠶᠢᠭᠤᠯᠤᠮᠵᠢ ᠶᠢ ᠪᠦᠷᠢᠨᠰᠢᠬᠦᠯᠵᠤ᠂ ᠰᠤᠷᠭᠠᠨ ᠬᠦᠮᠤᠵᠢᠯ ᠤᠨ ᠡᠷᠭᠡ ᠲᠡᠭᠰᠢ ᠦᠭᠡᠷᠡᠴᠢᠯᠡᠯᠳᠡ ᠶᠢ ᠠᠬᠢᠭᠤᠯᠵᠤ᠂ ᠴᠢᠨᠡᠷ ᠰᠠᠶᠢᠳᠠᠢ ᠰᠤᠷᠭᠠᠨ ᠬᠦᠮᠤᠵᠢᠯ ᠤᠨ ᠰᠢᠰᠲ᠋ᠧᠮ ᠢ ᠪᠠᠶᠢᠭᠤᠯᠬᠤ ᠶᠢ ᠴᠢᠩᠭᠠᠳᠬᠠᠬᠰᠠᠨ ᠪᠠᠶᠢᠨ᠎ᠠ᠃         ᠡᠨᠡ ᠵᠢᠯ ᠮᠠᠨ ᠤ ᠠᠶᠢᠮᠠᠭ ᠰᠤᠷᠭᠠᠨ ᠬᠦᠮᠤᠵᠢᠯ ᠤᠨ ᠴᠢᠨᠡᠷ ᠰᠠᠶᠢᠳᠠᠢ ᠬᠦᠭᠵᠢᠯᠳᠡ ᠶᠢ ᠲᠤᠯᠬᠢᠨ ᠠᠬᠢᠭᠤᠯᠬᠤ ᠪᠠᠷ ᠭᠤᠤᠯ ᠰᠡᠳᠤᠪ ᠪᠤᠯᠭᠠᠵᠤ᠂ ᠰᠤᠷᠭᠠᠨ ᠬᠦᠮᠤᠵᠢᠯ ᠤᠨ ᠬᠠᠮᠢᠶᠠᠷᠤᠯᠳᠡ ᠪᠠᠨ ᠰᠢᠯᠢᠳᠡᠭᠵᠢᠬᠦᠯᠵᠤ᠂ ᠠᠷᠠᠳ ᠲᠦᠮᠡᠨ ᠳᠤ ᠬᠠᠨᠤᠮᠵᠢᠳᠠᠢ ᠰᠤᠷᠭᠠᠨ ᠬᠦᠮᠤᠵᠢᠯ ᠢ ᠡᠷᠬᠢᠯᠡᠬᠦ ᠪᠠᠷ ᠬᠠᠷᠠᠯᠳᠠ ᠪᠤᠯᠭᠠᠨ᠂ ᠲᠠᠪᠤᠨ ᠲᠠᠯ᠎ᠠ ᠶᠢᠨ ᠠᠵᠢᠯ ᠢ ᠡᠷᠴᠢᠮ ᠲᠠᠢ ᠴᠢᠩᠭ᠎ᠠ ᠠᠳᠬᠤᠵᠤ ᠪᠤᠢ᠃ ᠨᠢᠭᠡ᠂ ᠰᠤᠷᠭᠠᠨ ᠬᠦᠮᠤᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠳᠡ ᠶᠢᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠵᠤ᠂ ᠪᠦᠬᠦ ᠪᠠᠭᠰᠢ ᠠᠵᠢᠯᠳᠡᠨ ᠤ ᠨᠠᠮ ᠤᠨ ᠲᠡᠤᠭᠡ ᠶᠢᠨ ᠰᠤᠷᠤᠯᠴᠠᠯᠭ᠎ᠠ ᠬᠦᠮᠤᠵᠢᠯ᠂ ᠲᠤᠮᠳᠠᠳᠤ ᠶᠢᠨ ᠦᠨᠳᠤᠰᠤᠳᠡᠨ ᠤ ᠬᠠᠮᠳᠤ ᠴᠤᠬᠴᠠ ᠶᠢᠨ ᠦᠵᠡᠯ ᠤᠬᠠᠮᠰᠡᠷ ᠤᠨ ᠬᠦᠮᠤᠵᠢᠯ ᠢ ᠴᠢᠩᠭᠠᠳᠬᠠᠵᠤ᠂ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠠᠯᠪᠡᠨ ᠪᠠᠶᠢᠭᠤᠯᠭ᠎ᠠ ᠪᠠ ᠰᠤᠷᠭᠠᠭᠤᠯᠢ ᠶᠢᠨ ᠪᠠᠶᠢᠭᠤᠯᠤᠯᠳᠠ ᠲᠤᠮᠳᠠᠬᠢ ᠭᠤᠤᠯᠯᠠᠬᠤ ᠡᠷᠭᠡ ᠶᠢ ᠪᠠᠳᠤ ᠡᠵᠡᠮᠰᠢᠨ᠎ᠠ᠃ ᠬᠤᠶᠠᠷ᠂ ᠰᠤᠷᠤᠬᠴᠢ ᠶᠢᠨ ᠪᠡᠶ᠎ᠠ ᠰᠡᠳᠬᠢᠴᠡ ᠶᠢᠨ ᠡᠷᠡᠭᠦᠯ ᠴᠢᠬᠢᠷᠠᠭ ᠪᠠ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠵᠤ᠂ ᠰᠤᠷᠤᠬᠴᠢ ᠶᠢᠨ ᠪᠡᠶ᠎ᠠ ᠲᠠᠮᠢᠷ ᠤᠨ ᠬᠦᠳᠡᠯᠭᠡᠭᠡᠨ ᠳᠤ ᠤᠷᠤᠯᠴᠠᠬᠤ ᠢᠳᠡᠪᠬᠢᠵᠢᠯ ᠢ ᠲᠠᠶᠢᠴᠢᠯᠠᠵᠤ᠂ ᠰᠤᠷᠭᠠᠭᠤᠯᠢ ᠶᠢᠨ ᠪᠡᠶ᠎ᠠ ᠲᠠᠮᠢᠷ ᠤᠨ ᠠᠵᠢᠯ ᠤᠨ ᠬᠢᠨᠡᠨ ᠰᠢᠯᠭᠠᠯᠳᠡ ᠶᠢ ᠴᠢᠩᠭᠠᠳᠬᠠᠨ᠎ᠠ︔ ᠭᠤᠸ᠎ᠠ ᠰᠠᠶᠢᠬᠠᠨ ᠤ ᠬᠦᠮᠤᠵᠢᠯ ᠤᠨ ᠲᠠᠯ᠎ᠠ ᠪᠠᠷ᠂ ᠨᠢᠭᠡᠳᠤᠯᠳᠡᠢ ᠪᠠᠭᠰᠢ ᠲᠤᠬᠢᠷᠠᠭᠤᠯᠬᠤ ᠠᠵᠢᠯ ᠢ ᠰᠠᠶᠢᠳᠤᠷ ᠬᠢᠵᠤ᠂ ᠰᠤᠷᠤᠬᠴᠢᠳ ᠤᠨ ᠬᠢᠴᠢᠶᠡᠯ ᠲᠡᠭᠡᠷᠡᠬᠢ ᠪᠠ ᠬᠢᠴᠢᠶᠡᠯ ᠤᠨ ᠭᠠᠳᠠᠨᠠᠬᠢ ᠬᠦᠮᠤᠵᠢᠯ ᠢ ᠤᠶᠠᠯᠳᠤᠭᠤᠯᠵᠤ ᠭᠤᠸ᠎ᠠ ᠰᠠᠶᠢᠬᠠᠨ ᠤ ᠬᠦᠮᠤᠵᠢᠯ ᠤᠨ ᠶᠡᠷᠤᠩᠬᠡᠶᠢᠯᠡᠭᠰᠡᠨ ᠬᠡᠪ ᠪᠤᠯᠪᠠᠰᠤᠷᠠᠯ ᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠠ︔ ᠰᠤᠷᠤᠬᠴᠢᠳ ᠤᠨ ᠠᠵᠢᠯ ᠬᠦᠳᠡᠯᠮᠤᠷᠢ ᠳᠤ ᠤᠷᠤᠯᠴᠠᠬᠤ ᠦᠵᠡᠯ ᠤᠬᠠᠮᠰᠡᠷ ᠢ ᠴᠢᠩᠭᠠᠳᠬᠠᠨ᠎ᠠ︔ ᠨᠢᠭᠡ ᠪᠦᠯᠦᠭ ᠦᠨᠳᠤᠷ ᠬᠡᠪ ᠪᠤᠯᠪᠠᠰᠤᠷᠠᠯ ᠲᠠᠢ ᠰᠡᠳᠬᠢᠴᠡ ᠶᠢᠨ ᠡᠷᠡᠭᠦᠯ ᠴᠢᠬᠢᠷᠠᠭ ᠤᠨ ᠵᠢᠯᠤᠭᠤᠳᠤᠮᠵᠢ ᠶᠢᠨ ᠪᠠᠭᠰᠢ ᠶᠢᠨ ᠡᠩᠨᠡᠭᠡ ᠶᠢ ᠪᠠᠶᠢᠭᠤᠯᠵᠤ ᠂ ᠰᠤᠷᠤᠬᠴᠢᠳ ᠲᠤ ᠰᠡᠳᠬᠢᠴᠡ ᠶᠢᠨ ᠡᠷᠡᠬᠦᠯ ᠴᠢᠬᠢᠷᠠᠭ ᠤᠨ ᠵᠢᠯᠤᠭᠤᠳᠤᠮᠵᠢ ᠦᠵᠡᠬᠦᠯᠬᠦ ᠶᠢ ᠦᠷᠬᠦᠯᠵᠢᠯᠡᠨ ᠴᠢᠩᠭᠠᠳᠬᠠᠨ᠎ᠠ︔ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠦᠷᠤᠭᠡ ᠶᠢᠨ ᠪᠠᠶᠢᠭᠤᠯᠤᠯᠳᠡ ᠶᠢ ᠴᠢᠩᠭᠠᠳᠬᠠᠵᠤ᠂ ᠰᠤᠷᠤᠬᠴᠢᠳ ᠲᠤ ᠡᠷᠡᠭᠦᠯ ᠬᠠᠮᠠᠭᠠᠯᠠᠯ ᠡᠷᠡᠭᠦᠯ ᠴᠢᠬᠢᠷᠠᠭ ᠤᠨ ᠮᠡᠳᠡᠯᠭᠡ ᠶᠢ ᠢᠯᠡᠭᠦᠬᠡᠨ ᠤᠬᠠᠭᠤᠯᠵᠤ᠂ ᠰᠤᠷᠤᠬᠴᠢᠳ ᠤᠨ ᠬᠡᠳᠤ ᠮᠠᠷᠢᠶᠠᠯᠠᠬᠤ ᠨᠢᠳᠤᠨ ᠬᠠᠷᠠᠭ᠎ᠠ ᠮᠠᠭᠤᠳᠠᠬᠤ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠪᠤᠯᠤᠨ᠎ᠠ᠃ ᠭᠤᠷᠪᠠ᠂ ᠰᠤᠷᠭᠠᠭᠤᠯᠢ ᠶᠢᠨ ᠬᠠᠮᠢᠶᠠᠷᠤᠯᠳᠡ ᠶᠢᠨ ᠠᠵᠢᠯ ᠢ ᠨᠠᠷᠢᠯᠢᠬᠵᠢᠭᠤᠯᠤᠨ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠲᠠᠰᠬᠠᠯ ᠲᠠᠭᠠᠭᠠᠯᠭᠠᠪᠦᠷᠢ᠂ ᠤᠨᠳᠠᠵᠤ ᠠᠮᠠᠷᠠᠬᠤ ᠪᠠ ᠭᠠᠷ ᠤᠳᠠᠰᠤ᠂ ᠤᠡᠭᠰᠢᠬᠤ ᠪᠢᠴᠢᠭ᠂ ᠪᠡᠶ᠎ᠠ ᠮᠠᠬᠠᠪᠤᠳ ᠤᠨ ᠬᠠᠮᠢᠶᠠᠷᠤᠯᠳᠡ ᠶᠢ ᠴᠢᠩᠭ᠎ᠠ ᠠᠳᠬᠤᠨ᠎ᠠ︔ ᠰᠤᠷᠤᠬᠴᠢᠳ ᠤᠨ ᠲᠠᠰᠬᠠᠯ ᠲᠠᠭᠠᠭᠠᠯᠭᠠᠪᠦᠷᠢ ᠶᠢ ᠪᠠᠭᠠᠰᠬᠠᠵᠤ᠂ ᠤᠨᠳᠠᠵᠤ ᠠᠮᠠᠷᠠᠬᠤ ᠴᠠᠭ ᠪᠠ ᠪᠡᠶ᠎ᠠ ᠮᠠᠬᠠᠪᠤᠳ ᠢᠶᠠᠨ ᠪᠤᠯᠪᠠᠰᠤᠷᠠᠭᠤᠯᠬᠤ ᠶᠢ ᠪᠠᠳᠤᠯᠠᠨ᠎ᠠ︔ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠴᠡᠭᠴᠡᠯᠡᠬᠦ ᠬᠦᠴᠤᠯᠡᠴᠡ ᠪᠠᠨ ᠴᠢᠩᠭᠠᠳᠬᠠᠵᠤ᠂ ᠰᠤᠷᠤᠬᠴᠢᠳ ᠤᠨ ᠲᠠᠰᠬᠠᠯ ᠲᠠᠭᠠᠭᠠᠯᠭᠠᠪᠦᠷᠢ ᠬᠡᠳᠤ ᠬᠦᠨᠳᠤ ᠠᠴᠠ ᠪᠤᠯᠵᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠳᠤ ᠤᠷᠤᠯᠴᠠᠭᠤᠯᠬᠤ ᠲᠠᠷᠤᠭᠠᠰᠤ ᠪᠠ ᠭᠡᠷ ᠪᠦᠯᠢ ᠶᠢᠨ ᠠᠵᠤ ᠠᠬᠤᠢ ᠶᠢᠨ ᠲᠠᠷᠤᠭᠠᠰᠤ ᠶᠢ ᠬᠦᠡᠭᠭᠡᠷᠡᠭᠦᠯᠤᠨ᠎ᠠ︔ ᠬᠡᠤᠬᠡᠳ ᠤᠨ ᠴᠡᠴᠡᠷᠯᠢᠭ ᠤᠨ ᠬᠠᠮᠢᠶᠠᠷᠤᠯᠳᠡ ᠶᠢ ᠪᠦᠬᠦ ᠲᠠᠯ᠎ᠠ ᠪᠠᠷ ᠴᠢᠩᠭᠠᠳᠬᠠᠵᠤ᠂ ︽ᠪᠠᠭ᠎ᠠ ᠰᠤᠷᠭᠠᠭᠤᠯᠢᠵᠢᠯᠠᠬᠰᠠᠨ︾ ᠵᠢᠭᠠᠨ ᠰᠤᠷᠭᠠᠯᠳᠠ ᠶᠢᠨ ᠬᠠᠨᠳᠤᠰᠢ ᠳᠤ ᠲᠤᠰᠬᠠᠢ ᠵᠠᠰᠡᠨ ᠴᠡᠭᠴᠡᠯᠡᠯᠳᠡ ᠬᠢᠨ᠎ᠠ᠃ ᠲᠦᠷᠪᠡ᠂ ᠵᠢᠭᠠᠨ ᠰᠤᠷᠭᠠᠯᠳᠡ ᠶᠢᠨ ᠶᠠᠰᠤ ᠴᠢᠨᠠᠷ ᠢ ᠲᠡᠭᠡᠭᠰᠢᠯᠡᠭᠦᠯᠵᠤ᠂ ᠭᠤᠷᠪᠠᠨ ᠬᠢᠴᠢᠶᠡᠯ ᠲᠦᠷᠤᠯ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲᠧᠷᠢᠶᠠᠯ ᠪᠠ ᠤᠯᠤᠰ ᠤᠨ ᠨᠡᠶᠢᠳᠠᠮ ᠬᠡᠷᠡᠭᠯᠡᠬᠦ ᠦᠭᠡ ᠬᠡᠯᠡ ᠦᠰᠥᠭ ᠪᠢᠴᠢᠭ ᠤᠨ ᠵᠢᠭᠠᠨ ᠰᠤᠷᠭᠠᠯᠳᠡ ᠶᠢᠨ ᠠᠵᠢᠯ ᠢ ᠪᠦᠬᠦ ᠲᠠᠯ᠎ᠠ ᠪᠠᠷ ᠴᠢᠩᠭ᠎ᠠ ᠠᠳᠬᠤᠨ᠎ᠠ︔ ᠵᠢᠭᠠᠨ ᠰᠤᠳᠤᠯᠤᠯᠳᠡ ᠶᠢᠨ ᠠᠵᠢᠯᠯᠠᠭ᠎ᠠ ᠢᠯᠡᠭᠦᠬᠡᠨ ᠦᠷᠨᠢᠬᠦᠯᠵᠤ᠂ ᠬᠠᠮᠳᠤ ᠶᠢᠨ ᠬᠢᠴᠢᠶᠡᠯ ᠪᠡᠯᠡᠳᠭᠡᠬᠦ ᠶᠠᠰᠤ ᠴᠢᠨᠠᠷ ᠢ ᠲᠡᠭᠡᠭᠰᠢᠯᠡᠭᠦᠯᠤᠨ᠎ᠠ︔ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠠᠵᠤ ᠠᠬᠤᠢᠢᠯᠠᠯ ᠤᠨ ᠬᠠᠮᠳᠤᠷᠠᠯᠴᠠᠭ᠎ᠠ ᠶᠢ ᠠᠬᠢᠭᠤᠯᠵᠤ᠂ ᠰᠤᠷᠤᠬᠴᠢᠳ ᠤᠨ ᠦᠢᠯᠡᠳᠤᠯᠭᠡ ᠳᠤ ᠤᠷᠤᠯᠴᠠᠬᠤ ᠶᠢ ᠪᠠᠶᠠᠯᠢᠬᠵᠢᠭᠤᠯᠤᠨ᠎ᠠ︔ ᠠᠷᠠᠳ ᠠᠴᠠ ᠡᠷᠬᠢᠯᠡᠭᠰᠡᠨ ᠰᠤᠷᠭᠠᠨ ᠬᠦᠮᠤᠵᠢᠯ ᠢ ᠲᠡᠮᠵᠢᠬᠦ ᠪᠠ ᠲᠦᠷᠢᠮᠵᠢᠬᠦᠯᠬᠦ ᠶᠢ ᠵᠡᠷᠭᠡ ᠳᠤ ᠨᠢ ᠴᠢᠩᠭ᠎ᠠ ᠠᠳᠬᠤᠨ᠎ᠠ᠃ ᠲᠠᠪᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠳᠡ ᠶᠢ ᠴᠢᠩᠭᠠᠳᠬᠠᠵᠤ᠂ ᠪᠠᠭᠰᠢ ᠶᠢᠨ ᠮᠤᠷᠠᠯ ᠰᠤᠷᠳᠠᠯ ᠳᠤ ᠴᠢᠩᠭ᠎ᠠ ᠬᠢᠨᠠᠯᠳᠡ ᠲᠠᠯᠪᠢᠵᠤ᠂ ᠪᠠᠭᠰᠢ ᠶᠢᠨ ᠲᠤᠬᠠᠢᠢᠯᠠᠬᠰᠠᠨ ᠠᠵᠢᠯ ᠤᠨ ᠬᠡᠪ ᠰᠤᠷᠳᠠᠯ ᠢ ᠵᠦᠷᠢᠴᠡᠭᠰᠡᠳ ᠲᠤ ᠴᠢᠩᠭ᠎ᠠ ᠰᠢᠳᠭᠡᠯ ᠤᠯᠭᠤᠨ᠎ᠠ︔ ᠵᠢᠭᠠᠨ ᠰᠤᠷᠭᠠᠬᠤ ᠨᠢᠭᠡᠳᠤᠭᠡᠷ ᠹᠷᠤᠨᠲ ᠲᠤ ᠭᠠᠪᠰᠢᠭᠠᠢᠢᠯᠠᠵᠤ ᠪᠠᠶᠢᠭ᠎ᠠ ᠬᠢᠷᠢ ᠪᠦᠳᠤᠮᠵᠢ ᠲᠤᠪᠤᠶᠢᠮ᠎ᠠ ᠪᠠᠭᠰᠢ ᠶᠢ ᠤᠨᠴᠠ ᠬᠠᠯᠠᠮᠵᠢᠯᠡᠨ ᠵᠤᠷᠢᠬᠵᠢᠭᠤᠯᠵᠤ᠂ ᠢᠳᠠᠪᠬᠢ ᠲᠠᠶᠢᠴᠢᠯᠠᠬᠤ ᠦᠢᠯᠡᠳᠤᠯ ᠢ ᠨᠢ ᠪᠠᠳᠠᠷᠠᠭᠤᠯᠵᠤ᠂ ᠬᠦᠳᠡᠭᠡ ᠲᠤᠰᠬᠤᠨ ᠤ ᠪᠠᠭᠰᠢ ᠨᠡᠷ ᠲᠤ ᠦᠨᠳᠤᠷ ᠭᠡᠪ ᠪᠤᠯᠪᠠᠰᠤᠷᠠᠯ ᠬᠦᠷᠳᠡᠭᠡᠨ᠎ᠠ ᠃ ︵ᠰᠤᠷᠪᠤᠯᠵᠢᠯᠠᠬᠴᠢ ᠮᠸᠢ ᠬᠤᠸᠠ︶
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号