ᠮᠠᠨ ᠤ ᠠᠶᠢᠮᠠᠭ ᠤᠨ 7 ᠬᠤᠪᠢ ᠬᠦᠮᠦᠨ 3 ᠬᠠᠮᠳᠦ ᠨᠡᠶᠢᠳᠡ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠦᠬᠢᠬᠦᠯᠦᠯ ᠰᠠᠶᠢᠰᠢᠶᠠᠯ ᠢ ᠬᠦᠷᠳᠡᠵᠦ ᠶᠡᠷᠦᠩᠭᠡᠢ ᠱᠦᠵᠢ ︽ᠲᠠᠯ᠎ᠠ ᠨᠤᠳᠤᠭ ᠤᠨ ᠬᠠᠳᠬᠤᠮᠠᠯᠴᠢᠨ ᠪᠦᠰᠡᠬᠦᠢ︾ ᠪᠠᠢ ᠵᠢᠩ ᠶᠢᠩ ᠳᠤ ᠱᠠᠩᠨᠠᠯ ᠭᠠᠷᠳᠠᠭᠤᠯᠤᠯ᠎ᠠ
ᠨᠡᠶᠢᠲᠡᠯᠡᠭᠰᠡᠨ ᠴᠠᠭ᠄
2021/3/2
    2 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠳ᠋ᠦᠩᠨᠡᠵᠦ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠡ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ︽ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠢᠱᠢᠶᠡᠴᠢ︾ ᠶᠢᠨ ᠢᠷᠠᠭᠤ ᠠᠯᠳᠠᠷ ᠤᠨ ᠴᠤᠯᠠ ᠬᠦᠷᠳᠡᠭᠰᠡᠳ ᠲᠤ ᠱᠠᠩᠨᠠᠯ ᠭᠠᠷᠳᠠᠭᠤᠯᠤᠯ᠎ᠠ᠃          ᠬᠤᠷᠠᠯ ᠲᠡᠭᠡᠷ᠎ᠠ᠂ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ︽ᠲᠠᠯ᠎ᠠ ᠨᠤᠳᠤᠭ ᠤᠨ ᠬᠠᠳᠬᠤᠮᠠᠯᠴᠢᠨ ᠪᠦᠰᠡᠬᠦᠢ︾ ᠭᠡᠮᠡᠭᠳᠡᠭᠰᠠᠨ ᠪᠠᠢ ᠵᠢᠩ ᠶᠢᠩ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠢᠱᠢᠶᠡᠴᠢ ᠶᠢᠨ ᠢᠷᠠᠭᠤ ᠠᠯᠳᠠᠷ ᠤᠨ ᠴᠤᠯᠠ ᠬᠦᠷᠳᠡᠵᠦ᠂ ᠶᠡᠷᠦᠩᠭᠡᠢ ᠱᠦᠵᠢ ᠰᠢ ᠶᠢᠨ ᠫᠢᠩ ᠲᠡᠬᠦᠨ ᠳᠤ ᠱᠠᠩᠨᠠᠯ ᠭᠠᠷᠳᠠᠭᠤᠯᠤᠭᠰᠠᠨ ᠪᠠᠶᠢᠨ᠎ᠠ᠃ ᠮᠠᠨ ᠤ ᠠᠶᠢᠮᠠᠬ ᠤᠨ ᠴᠧᠨ ᠶᠠᠨ ᠴᠧᠩ᠂ ᠸᠠᠩ ᠱᠦ ᠴᠢᠩ᠂ ᠴᠢ ᠰᠢᠶᠤᠤ ᠵᠢᠩ᠂ ᠸᠠᠩ ᠬᠠᠨ ᠸᠧᠨ᠂ ᠢᠤᠢ ᡁᠢ ᠪᠤᠤ᠂ ᠵᠤᠤ ᡁᠢ ᠴᠢᠶᠠᠩ ᠵᠡᠷᠭᠡ 6 ᠨᠦᠬᠦᠳ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠡᠷᠢᠬᠦᠨ ᠤ ᠬᠤᠪᠢ ᠬᠦᠮᠦᠨ ᠢᠶᠠᠷ ᠦᠨᠡᠯᠡᠭᠳᠡᠵᠦ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠴᠢᠤᠸᠠᠨ ᠰᠢᠶᠠᠨ ᠤ ᠬᠤᠷᠢᠶ᠎ᠡ᠂ ᠲᠤᠮᠳᠠᠳᠦ ᠤᠯᠤᠰ ᠤᠨ ᠡᠪ  ᠬᠠᠮᠳᠦ ᠨᠠᠮ ᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠦᠡ ᠤ ᠠᠯᠳᠠᠨᠬᠤᠸᠠ ᠭᠠᠴᠠᠭ᠎ᠠ ᠶᠢᠨ ᠨᠠᠮ ᠤᠨ ᠡᠬᠦᠷ ᠤᠨ ᠵᠦᠪᠯᠡᠯ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠤᠯᠠᠭᠠᠨᠬᠤᠳᠠ ᠶᠢᠨ ᠢᠯᠠᠯᠳᠠ ᠪᠠᠯᠭᠠᠰᠦᠡ ᠤ ᠬᠤᠷᠢᠶ᠎ᠡ ᠵᠡᠷᠭᠡ ᠭᠤᠷᠪᠡᠨ ᠪᠠᠶᠢᠭᠤᠯᠭ᠎ᠠ ᠨᠢᠭᠡᠴᠢ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠡᠷᠢᠬᠦᠨ ᠤ ᠬᠠᠮᠳᠦ ᠨᠡᠶᠢᠳᠡ ᠪᠠᠷ ᠦᠨᠡᠯᠡᠭᠳᠡᠭᠰᠠᠨ ᠪᠠᠶᠢᠨ᠎ᠠ᠃         ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠢᠱᠢᠶᠡᠴᠢ ᠶᠢᠨ ᠢᠷᠠᠭᠤ ᠠᠯᠳᠠᠷ ᠤᠨ ᠴᠤᠯᠠ ᠬᠦᠷᠳᠡᠭᠰᠠᠨ ᠪᠠᠢ ᠵᠢᠩ ᠶᠢᠩ ᠪᠤᠯ ᠵᠢᠷᠠᠨ ᠨᠠᠰᠦ ᠶᠢ ᠲᠦᠬᠦᠭᠰᠡᠨ ᠡᠮᠡᠭᠳᠡᠢ ᠮᠤᠩᠭᠤᠯ ᠺᠠᠳ᠋ᠷ ᠪᠤᠯᠬᠤ ᠪᠦᠭᠡᠳ ᠤᠳᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ᠂ ᠲᠤᠮᠳᠠᠳᠦ ᠬᠤᠰᠢᠭᠤᠨ ᠤ ᠮᠤᠩᠭᠤᠯ ᠦᠨᠳᠦᠰᠦᠳᠡᠨ ᠤ ᠤᠷᠠᠨ ᠬᠠᠳᠬᠤᠮᠠᠯ ᠤᠨ ᠠᠵᠦ ᠦᠢᠯᠡᠰ ᠢ ᠲᠤᠰᠬᠠᠢ ᠠᠬᠢᠭᠤᠯᠬᠤ ᠲᠤᠭᠤᠢᠢᠯᠠᠩ ᠤᠨ ᠲᠠᠷᠤᠭ᠎ᠠ᠂ ᠮᠤᠩᠭᠤᠯ ᠦᠨᠳᠦᠰᠦᠳᠡᠨ ᠤ ᠤᠷᠠᠨ ᠬᠠᠳᠬᠤᠮᠠᠯ ᠤᠨ ᠨᠡᠶᠢᠭᠡᠮᠯᠢᠭ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠨ᠎ᠠ᠃ ᠮᠤᠩᠭᠤᠯ ᠦᠨᠳᠦᠰᠦᠳᠡᠨ ᠤ ᠤᠷᠠᠨ ᠬᠠᠳᠬᠤᠮᠠᠯ ᠤᠨ ᠪᠤᠳᠠᠰ ᠤᠨ ᠪᠤᠰᠦ ᠰᠤᠶᠤᠯ ᠢ ᠤᠯᠠᠮᠵᠢᠯᠠᠨ ᠬᠠᠮᠠᠭᠠᠯᠠᠵᠦ ᠰᠢᠨ᠎ᠡ ᠶᠢ ᠡᠬᠦᠳᠦᠨ ᠬᠦᠭᠵᠢᠬᠦᠯᠬᠦ ᠶᠢᠨ ᠲᠦᠯᠦᠭᠡ᠂ ᠲᠡᠷᠡ ᠤᠯᠤᠰ ᠤᠨ ᠲᠤᠳᠤᠭᠠᠳᠦ ᠶᠢᠨ ᠬᠠᠮᠤᠭ ᠤᠨ ᠲᠤᠮᠦ ᠮᠤᠩᠭᠤᠯ ᠦᠨᠳᠦᠰᠦᠳᠡᠨ ᠤ ᠤᠷᠠᠨ ᠬᠠᠳᠬᠤᠮᠠᠯ ᠤᠨ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠢ ᠲᠦᠯᠦᠪᠯᠡᠨ ᠪᠠᠶᠢᠭᠤᠯᠵᠦ᠂ ᠤᠷᠠᠨ ᠬᠠᠳᠬᠤᠮᠠᠯ ᠤᠨ 1072 ᠪᠦᠳᠦᠭᠡᠭᠳᠡᠬᠦᠨ ᠪᠠ 7000 ᠭᠠᠷᠤᠢ ᠤᠷᠠᠨ ᠬᠠᠳᠬᠤᠮᠠᠯ ᠤᠨ ᠬᠡ ᠤᠭᠠᠯᠵᠠ ᠶᠢ ᠦᠨ᠎ᠡ ᠲᠦᠯᠦᠪᠦᠷᠢ ᠦᠭᠡᠢ ᠪᠠᠷ ᠵᠢᠷᠤᠵᠦ ᠲᠦᠯᠦᠪᠯᠡᠨ ᠭᠠᠷᠭᠠᠵᠦ᠂ ᠦᠷᠭᠡᠨ ᠤᠯᠠᠨ ᠤᠷᠠᠨ ᠬᠠᠳᠬᠤᠮᠠᠯᠴᠢᠨ ᠵᠢᠴᠢ ᠨᠤᠳᠤᠭ ᠲᠤ ᠪᠠᠨ ᠪᠤᠴᠠᠵᠦ ᠠᠵᠢᠯ ᠬᠢᠵᠦ ᠪᠠᠶᠢᠭ᠎ᠠ ᠶᠡᠭᠡ ᠰᠤᠷᠭᠠᠭᠤᠯᠢ ᠶᠢᠨ ᠤᠶᠤᠳᠠᠨ ᠳᠤ ᠦᠨ᠎ᠡ ᠲᠦᠯᠦᠪᠦᠷᠢ ᠦᠭᠡᠢ ᠪᠠᠷ ᠬᠡᠷᠡᠭᠯᠡᠬᠦᠯᠵᠦ᠂ ︽ᠠᠵᠦ ᠠᠬᠤᠢᠢᠯᠠᠯ + ᠨᠡᠶᠢᠭᠡᠮᠯᠢᠭ + ᠰᠠᠭᠤᠷᠢᠨ ᠭᠠᠵᠠᠷ + ᠮᠠᠯᠴᠢᠨ ᠲᠠᠷᠢᠶᠠᠴᠢᠨ ᠡᠷᠦᠭᠡ︾ ᠬᠡᠭᠦ ᠠᠵᠦ ᠦᠢᠯᠡᠰ ᠶᠢᠨ ᠡᠵᠡᠩᠨᠡᠯᠳᠡ ᠶᠢᠨ ᠵᠠᠭᠪᠤᠷ ᠢ ᠪᠦᠷᠢᠯᠳᠦᠬᠦᠯᠵᠦ᠂ ᠮᠤᠩᠭᠤᠯ ᠦᠨᠳᠦᠰᠦᠳᠡᠨ ᠤ ᠤᠷᠠᠨ ᠬᠠᠳᠬᠤᠮᠠᠯ ᠤᠨ ᠠᠵᠦ ᠦᠢᠯᠡᠰ ᠤᠨ ᠵᠤᠬᠢᠶᠠᠨ ᠪᠠᠶᠢᠭᠤᠯᠤᠯᠳᠠ ᠶᠢᠨ ᠪᠦᠳᠦᠴᠡ ᠶᠢ ᠲᠡᠬᠦᠯᠳᠡᠷᠵᠢᠬᠦᠯᠦᠨ᠂ ᠲᠤᠮᠳᠠᠳᠦ ᠬᠤᠰᠢᠭᠤᠨ ᠤ 2.6 ᠲᠦᠮᠡᠨ ᠪᠦᠰᠡᠬᠦ᠋ᠢᠴᠤᠳ ᠢ ᠲᠠᠶᠢᠴᠢᠯᠠᠨ ᠤᠷᠠᠨ ᠬᠠᠳᠬᠤᠮᠠᠯ ᠤᠨ ᠠᠵᠦ ᠦᠢᠯᠡᠰ ᠲᠤ ᠤᠷᠤᠯᠴᠠᠭᠤᠯᠵᠦ᠂ ᠶᠠᠳᠠᠭᠤ ᠬᠦᠴᠢᠷᠳᠡᠯ ᠲᠠᠢ ᠭᠠᠵᠠᠷ ᠤᠷᠤᠨ ᠤ ᠮᠠᠯᠴᠢᠨ ᠲᠠᠷᠢᠶᠠᠴᠢᠨ ᠪᠦᠰᠡᠬᠦ᠋ᠢᠴᠤᠳ ᠢ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠰᠢᠨ᠎ᠡ ᠵᠠᠮ ᠢᠶᠠᠷ ᠵᠠᠮᠨᠠᠭᠤᠯᠤᠭᠰᠠᠨ ᠪᠠᠶᠢᠨ᠎ᠠ᠃    2016 ᠤᠨ ᠠᠴᠠ ᠡᠬᠢᠯᠡᠨ᠂ ᠲᠡᠭᠡᠳᠦ ᠱᠠᠳᠤᠨ ᠤ ᠨᠠᠮ ᠤᠨ ᠬᠤᠷᠢᠶ᠎ᠡ ᠵᠠᠰᠠᠭ ᠤᠨ ᠤᠷᠳᠤᠨ ᠤ ᠲᠡᠮᠵᠢᠯᠭᠡ ᠪᠠ ᠲᠤᠮᠳᠠᠳᠦ ᠬᠤᠰᠢᠭᠤᠨ ᠤ ᠨᠠᠮ ᠤᠨ ᠬᠤᠷᠢᠶ᠎ᠡ ᠶᠢᠨ ᠬᠦᠴᠦᠳᠡᠢ ᠲᠡᠮᠵᠢᠯᠭᠡ ᠲᠤᠤᠷ᠎ᠠ᠂ ᠪᠠᠢ ᠵᠢᠩ ᠶᠢᠩ ᠲᠤᠮᠳᠠᠳᠦ ᠬᠤᠰᠢᠭᠤᠨ ᠤ ᠮᠤᠩᠭᠤᠯ ᠤᠷᠠᠨ ᠬᠠᠳᠬᠤᠮᠠᠯ ᠤᠨ ᠠᠵᠦ ᠦᠢᠯᠡᠰ ᠢ ᠲᠤᠰᠬᠠᠢ ᠠᠬᠢᠭᠤᠯᠬᠤ ᠲᠤᠭᠤᠢᠢᠯᠠᠩ ᠤᠨ ᠲᠠᠷᠤᠭ᠎ᠠ ᠪᠠ ᠮᠤᠩᠭᠤᠯ ᠦᠨᠳᠦᠰᠦᠳᠡᠨ ᠤ ᠤᠷᠠᠨ ᠬᠠᠳᠬᠤᠮᠠᠯ ᠤᠨ ᠨᠡᠶᠢᠭᠡᠮᠯᠢᠭ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠨ᠂ ᠲᠤᠮᠳᠠᠳᠦ ᠬᠤᠰᠢᠭᠤᠨ ᠤ ᠶᠡᠭᠡ ᠰᠤᠷᠭᠠᠭᠤᠯᠢ ᠶᠢᠨ ᠤᠶᠤᠳᠠᠨ ᠤ ᠦᠢᠯᠡᠰ ᠪᠤᠰᠬᠠᠵᠦ ᠠᠵᠢᠯ ᠤᠯᠭᠤᠬᠤ ᠦᠢᠯᠡᠴᠢᠯᠡᠭᠡᠨ ᠤ ᠨᠡᠶᠢᠭᠡᠮᠯᠢᠭ᠂ ᠦᠯᠵᠡᠢ ᠪᠡᠯᠭᠡᠳᠤ ᠤᠷᠠᠨ ᠬᠠᠳᠬᠤᠮᠠᠯ ᠤᠨ ᠶᠠᠳᠠᠭᠤ ᠶᠢ ᠲᠡᠳᠬᠦᠬᠦ ᠦᠢᠯᠡᠴᠢᠯᠡᠭᠡᠨ ᠤ ᠬᠢᠵᠠᠭᠠᠷᠳᠦ ᠺᠤᠮᠫᠠᠨᠢ᠂ ᠲᠦᠰᠢᠶᠠᠳᠦ ᠤᠷᠠᠨ ᠬᠠᠳᠬᠤᠮᠠᠯ ᠤᠨ ᠰᠠᠭᠤᠷᠢᠨ ᠭᠠᠵᠠᠷ ᠵᠡᠷᠭᠡ ᠶᠢ ᠪᠠᠶᠢᠭᠤᠯᠤᠨ᠂ ᠲᠠᠩᠰᠠᠯᠠᠵᠦ ᠺᠠᠷᠳ᠋ᠯᠠᠭᠰᠠᠨ ᠶᠠᠳᠠᠭᠤ ᠬᠦᠴᠢᠷᠳᠡᠯ ᠲᠠᠢ ᠡᠷᠦᠭᠡ ᠪᠤᠯᠤᠨ ᠤᠷᠠᠨ ᠬᠠᠳᠬᠤᠮᠠᠯ ᠢᠶᠠᠷ ᠶᠠᠳᠠᠭᠤ ᠠᠷᠠᠳ ᠢ ᠲᠡᠳᠭᠦᠵᠦ ᠶᠠᠳᠠᠭᠤ ᠠᠴᠠ ᠠᠩᠬᠢᠵᠢᠷᠠᠭᠤᠯᠬᠤ ᠠᠬᠢᠴᠡ ᠶᠢ ᠲᠦᠷᠭᠡᠳᠭᠡᠨ᠂ ᠮᠤᠩᠭᠤᠯ ᠦᠨᠳᠦᠰᠦᠳᠡᠨ ᠤ ᠤᠷᠠᠨ ᠬᠠᠳᠬᠤᠮᠠᠯ ᠤᠨ ᠬᠦᠭᠵᠢᠯᠳᠡ ᠳᠤ ᠰᠢᠨ᠎ᠡ ᠠᠵᠠ ᠲᠤᠬᠢᠶᠠᠯ ᠤᠯᠭᠤᠭᠰᠠᠨ ᠪᠠᠶᠢᠨ᠎ᠠ᠃        ᠲᠤᠮᠳᠠᠳᠦ ᠬᠤᠰᠢᠭᠤᠨ ᠤ 173 ᠭᠠᠴᠠᠭ᠎ᠠ ᠶᠢᠨ ᠶᠠᠳᠠᠭᠤ ᠬᠦᠴᠢᠷᠳᠡᠯ ᠤᠨ ᠬᠡᠮᠵᠢᠶ᠎ᠡ ᠪᠠ ᠶᠠᠳᠠᠭᠤ ᠬᠦᠴᠢᠷᠳᠡᠯ ᠲᠠᠢ ᠬᠦᠮᠦᠨ ᠠᠮᠠ ᠶᠢᠨ ᠪᠠᠶᠢᠳᠠᠯ ᠲᠠᠢ ᠤᠶᠠᠯᠳᠤᠭᠤᠯᠵᠦ᠂ ᠪᠠᠢ ᠵᠢᠩ ᠶᠢᠩ ᠸᠠᠩ ᠤᠨ ᠤᠷᠳᠤᠨ ᠤ ᠤᠷᠠᠨ ᠬᠠᠳᠬᠤᠮᠠᠯ ᠤᠨ ᠪᠤᠯᠪᠠᠰᠤᠷᠠᠯ ᠤᠨ ᠠᠩᠬᠢ ᠡᠷᠭᠢᠯᠡᠵᠦ᠂ ᠶᠠᠳᠠᠭᠤ ᠶᠢ ᠲᠡᠳᠬᠦᠬᠦ ᠲᠦᠯᠦᠪᠯᠡᠭᠡ ᠲᠤᠭᠳᠠᠭᠠᠵᠦ᠂ ᠤᠷᠠᠨ ᠬᠠᠳᠬᠤᠮᠠᠯ ᠤᠨ ᠰᠠᠭᠤᠷᠢᠨ ᠭᠠᠵᠠᠷ ᠢᠶᠠᠷ ᠠᠴᠢᠶᠠᠯᠠᠪᠤᠷᠢ ᠪᠤᠯᠭᠠᠨ᠂ ᠶᠠᠳᠠᠭᠤ ᠠᠷᠠᠳ ᠲᠤ ᠤᠷᠠᠨ ᠬᠠᠳᠬᠤᠮᠠᠯ ᠤᠨ ᠪᠤᠯᠪᠠᠰᠤᠷᠠᠯ ᠬᠦᠷᠳᠡᠭᠡᠬᠦ ᠠᠵᠢᠯ ᠢ ᠪᠦᠬᠦ ᠬᠦᠴᠦᠨ ᠢᠶᠠᠷ ᠠᠬᠢᠭᠤᠯᠵᠦ᠂ ᠤᠷᠠᠨ ᠬᠠᠳᠬᠤᠮᠠᠯ ᠤᠨ ᠤᠷ᠎ᠠ ᠮᠡᠷᠭᠡᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠪᠡ᠃ 2019 ᠤᠨ ᠤ ᠰᠡᠬᠦᠯᠴᠢ ᠪᠤᠯᠳᠠᠯ᠎ᠠ᠂ ᠤᠷᠠᠨ ᠬᠠᠳᠬᠤᠮᠠᠯ ᠤᠨ ᠠᠵᠦ ᠦᠢᠯᠡᠰ ᠲᠤ ᠤᠷᠤᠯᠴᠠᠭᠰᠠᠨ ᠲᠠᠩᠰᠠᠯᠠᠵᠦ ᠺᠠᠷᠳ᠋ᠯᠠᠭᠰᠠᠨ 2895 ᠶᠠᠳᠠᠭᠤ ᠬᠦᠴᠢᠷᠳᠡᠯ ᠲᠠᠢ ᠬᠦᠮᠦᠨ ᠤ ᠵᠢᠯ ᠤᠨ ᠲᠤᠮᠳᠠᠴᠢ ᠤᠷᠤᠯᠭ᠎ᠠ ᠨᠢ 2000 ᠲᠦᠭᠦᠷᠢᠭ ᠠᠴᠠ ᠲᠡᠭᠡᠭᠰᠢ ᠳᠤ ᠬᠦᠷᠴᠦ᠂ ᠤᠷᠠᠨ ᠬᠠᠳᠬᠤᠮᠠᠯ ᠤᠨ ᠬᠠᠳᠬᠤᠵᠦ ᠪᠠᠶᠢᠭ᠎ᠠ 500 ᠭᠠᠷᠤᠢ ᠬᠦᠮᠦᠨ ᠤ ᠵᠢᠯ ᠤᠨ ᠪᠦᠬᠦ ᠤᠷᠤᠯᠭ᠎ᠠ ᠨᠢ 50000 ᠲᠦᠭᠦᠷᠢᠭ ᠲᠤ ᠬᠦᠷᠦᠭᠰᠠᠨ ᠪᠠᠶᠢᠨ᠎ᠠ᠃         ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠡᠷᠢᠬᠦᠨ ᠤ ᠬᠤᠪᠢ ᠬᠦᠮᠦᠨ ᠢᠶᠠᠷ ᠦᠨᠡᠯᠡᠭᠳᠡᠭᠰᠠᠨ ᠴᠧᠨ ᠶᠠᠨ ᠴᠧᠩ ᠪᠤᠯ ᠬᠢᠩᠭᠠᠨ ᠠᠶᠢᠮᠠᠭ ᠤᠨ ᠶᠠᠳᠠᠭᠤ ᠶᠢ ᠲᠡᠳᠬᠦᠵᠦ ᠨᠡᠭᠡᠭᠡᠯᠳᠡ ᠬᠢᠬᠦ ᠠᠯᠪᠠᠨ ᠭᠡᠷ ᠤᠨ ᠤᠤᠯ ᠤᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠡᠷᠬᠢᠯᠡᠭᠴᠢ᠂ ᠬᠤᠶᠠᠳᠤᠭᠠᠷ ᠲᠡᠰ ᠤᠨ ᠲᠤᠭᠤᠷᠢᠨ ᠪᠠᠶᠢᠴᠠᠭᠠᠭᠴᠢ ᠪᠤᠯᠤᠨ᠎ᠠ᠃ ᠸᠠᠩ ᠱᠦ ᠴᠢᠩ ᠪᠤᠯ ᠷᠠᠰᠢᠶᠠᠨ ᠬᠤᠳᠠ ᠶᠢᠨ ᠮᠢᠩ ᠱᠦᠢ ᠾᠧ ᠪᠠᠯᠭᠠᠰᠦ ᠶᠢᠨ ᠰᠢ ᠺᠸᠦ ᠲᠤᠰᠬᠤᠨ ᠤ ᠲᠤᠰᠬᠤᠨ ᠳᠤ ᠰᠠᠭᠤᠬᠤ ᠠᠵᠢᠯᠯᠠᠬᠤ ᠠᠩᠬᠢ ᠶᠢᠨ ᠲᠠᠷᠤᠭ᠎ᠠ᠂ ᠷᠠᠰᠢᠶᠠᠨ ᠬᠤᠳᠠ ᠶᠢᠨ ᠮᠢᠩ ᠱᠦᠢ ᠾᠧ ᠪᠠᠯᠭᠠᠰᠦ ᠶᠢᠨ ᠨᠠᠮ ᠤᠨ ᠬᠤᠷᠢᠶᠠᠨ ᠤ ᠲᠡᠳ᠋ ᠱᠦᠵᠢ᠂ ᠨᠢᠭᠡᠳᠦᠮᠡᠯ ᠹᠷᠤᠨᠲ ᠤᠨ ᠭᠡᠰᠢᠬᠦᠨ ᠪᠤᠯᠤᠨ᠎ᠠ᠃ ᠴᠢ ᠰᠢᠶᠤᠤ ᠵᠢᠩ ᠪᠤᠯ ︵ᠡᠮᠡᠭᠳᠡᠢ᠂ ᠮᠤᠩᠭᠤᠯ ᠦᠨᠳᠦᠰᠦᠳᠡᠨ︶ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠬᠤᠷᠴᠢᠨ ᠪᠠᠯᠭᠠᠰᠦ ᠶᠢᠨ ᠬᠦᠳᠡᠭᠡ ᠨᠤᠳᠤᠭ ᠤᠨ ᠴᠢᠳᠠᠪᠤᠷᠢᠳᠠᠨ ᠢ ᠬᠦᠮᠦᠵᠢᠬᠦᠯᠬᠦ ᠲᠦᠪ ᠤᠨ ᠬᠠᠷᠢᠭᠤᠴᠠᠯᠭᠠᠳᠠᠨ ᠪᠤᠯᠤᠨ᠎ᠠ᠃ ᠸᠠᠩ ᠬᠠᠨ ᠸᠧᠨ ᠪᠤᠯ ᠵᠠᠯᠠᠶᠢᠳ ᠬᠤᠰᠢᠭᠤᠨ ᠤ ᠪᠠᠶ᠋ᠬᠠᠤᠯᠠᠭᠠᠨ ᠰᠤᠮᠦ ᠶᠢᠨ ᠵᠢᠷᠠᠭᠠᠳᠠᠢ ᠭᠠᠴᠠᠭ᠎ᠠ ᠶᠢᠨ ᠲᠤᠰᠬᠤᠨ ᠳᠤ ᠰᠠᠭᠤᠬᠤ ᠠᠵᠢᠯᠯᠠᠬᠤ ᠠᠩᠬᠢ ᠶᠢᠨ ᠭᠡᠰᠢᠬᠦᠨ᠂ ᠲᠤᠮᠳᠠᠳᠦ ᠤᠯᠤᠰ ᠤᠨ ᠪᠠᠩᠬᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠬᠢ ᠶᠢᠨ ᠠᠵᠢᠯᠳᠠᠨ ᠪᠤᠯᠤᠨ᠎ᠠ᠃ ᠢᠤᠢ ᡁᠢ ᠪᠤᠤ ᠪᠤᠯ ᠤᠯᠠᠭᠠᠨᠬᠤᠳᠠ ᠶᠢᠨ ᠰᠡᠷᠭᠡᠨ ᠤᠳᠤ ᠦᠶ᠎ᠡ ᠶᠢᠨ ᠲᠠᠷᠢᠶᠠᠯᠠᠩ ᠤᠨ ᠴᠤᠤ ᠶᠠᠩ ᠲᠤᠰᠬᠤᠨ ᠤ ᠲᠤᠰᠬᠤᠨ ᠳᠤ ᠰᠠᠭᠤᠬᠤ ᠠᠵᠢᠯᠯᠠᠬᠤ ᠠᠩᠬᠢ ᠶᠢᠨ ᠭᠡᠰᠢᠬᠦᠨ᠂ ᠦᠪᠦᠷ ᠮᠤᠩᠭᠤᠯ ᠤᠨ ᠵᠡᠬᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠳᠦ ᠺᠤᠮᠫᠠᠨᠢ ᠶᠢᠨ ᠬᠢᠩᠭᠠᠨ ᠴᠠᠬᠢᠯᠭᠠᠨ ᠬᠠᠩᠭᠠᠬᠤ ᠺᠤᠮᠫᠠᠨᠢ ᠶᠢᠨ ᠶᠡᠷᠦᠩᠭᠡᠶᠢᠯᠡᠭᠰᠠᠨ ᠦᠢᠯᠡᠴᠢᠯᠡᠭᠡᠨ ᠤ ᠲᠦᠪ ᠤᠨ ᠠᠵᠢᠯ ᠠᠴᠠ ᠪᠠᠨ ᠲᠠᠷᠬᠠᠯᠠᠬᠳᠠᠵᠦ ᠠᠮᠠᠷᠠᠭᠰᠠᠨ ᠬᠠᠮᠢᠶᠠᠷᠤᠯᠳᠠ ᠶᠢᠨ ᠭᠠᠵᠠᠷ ᠤᠨ ᠠᠵᠢᠯ ᠢ ᠬᠠᠷᠢᠭᠤᠴᠠᠵᠦ ᠪᠠᠶᠢᠨ᠎ᠠ᠃ ᠵᠤᠤ ᡁᠢ ᠴᠢᠶᠠᠩ ᠪᠤᠯ ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠦ ᠶᠢᠨ ᠬᠠᠷᠠᠴᠢᠯᠠᠭᠤ ᠭᠠᠴᠠᠭ᠎ᠠ ᠶᠢᠨ ᠲᠤᠰᠬᠤᠨ ᠳᠤ ᠰᠠᠭᠤᠬᠤ ᠠᠵᠢᠯᠯᠠᠬᠤ ᠠᠩᠬᠢ ᠶᠢᠨ ᠭᠡᠰᠢᠬᠦᠨ᠂ ᠲᠤᠮᠳᠠᠳᠦ ᠤᠯᠤᠰ ᠤᠨ ᠰᠢᠯᠵᠢᠮᠡᠯ ᠬᠤᠯᠪᠤᠭ᠎ᠠ ᠶᠢᠨ ᠦᠪᠦᠷ ᠮᠤᠩᠭᠤᠯ ᠤᠨ ᠬᠢᠵᠠᠭᠠᠷᠳᠦ ᠺᠤᠮᠫᠠᠨᠢ ᠶᠢᠨ ᠶᠡᠷᠦᠩᠭᠡᠶᠢᠯᠡᠭᠰᠠᠨ ᠮᠡᠷᠭᠡᠵᠢᠯ ᠤᠨ ᠲᠠᠰᠤᠭ ᠤᠨ ᠲᠠᠭᠠᠭᠠᠮᠠᠯ ᠪᠤᠯᠤᠨ᠎ᠠ ︵ᠰᠤᠷᠪᠤᠯᠵᠢᠯᠠᠭᠴᠢ ᠲᠤᠯᠭᠠᠭᠤᠷᠢ ᠴᠢᠮᠡᠭᠡᠯᠡᠭᠴᠢ ᠵᠸᠦ ᠰᠢᠨ ᠢᠤᠢ︶
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号