ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/3/22
    ᠭᠤᠣᠯ ᠡᠭᠦᠷᠭᠡ  ᠬᠠᠷᠢᠭᠤᠴᠠᠯᠭ᠎ᠠ     ᠨᠢᠭᠡ᠂ ᠪᠦᠬᠦ ᠠᠶᠢᠮᠠᠭ ᠤᠨ ᠵᠠᠮ ᠲᠡᠭᠡᠭᠡᠪᠦᠷᠢ ᠶᠢᠨ ᠣᠷᠣᠨ ᠨᠤᠲᠤᠭ ᠤᠨ ᠴᠢᠨᠠᠷᠲᠠᠶ ᠲᠣᠭᠲᠠᠭᠠᠯ᠂ ᠨᠠᠷᠢᠨ ᠳᠦᠷᠢᠮ ᠤᠨ ᠲᠥᠰᠦᠯ ᠢ ᠲᠤᠭᠤᠷᠪᠢᠨ ᠪᠢᠴᠢᠨ᠎ᠡ᠃ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ‌‍ᠲ᠋ᠤᠭᠳᠠᠭᠠᠯ ᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠨ᠎ᠠ᠃ ᠬᠠᠮᠢᠶ᠎ᠠ ᠪᠦᠬᠦᠢ ᠲᠤᠭ᠎ᠠ ᠪᠦᠷᠢᠳᠭᠡᠯ ᠳᠤ ᠵᠠᠳᠠᠯᠤᠯᠳᠠ ᠬᠢᠬᠦ ᠠᠵᠢᠯ ᠢ ᠡᠭᠦᠷᠭᠡᠯᠡᠨ᠎ᠡ᠃       ᠬᠤᠶᠠᠷ᠂ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠥᠯ ᠵᠦᠢᠯ᠂ ᠪᠡᠯᠡ ᠮᠥᠩᠭᠦ ᠵᠢᠴᠢ ᠪᠤᠰᠤᠳ ᠵᠦᠢᠯ ᠤᠨ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ ᠲᠣᠬᠢᠷᠠᠭᠤᠯᠭ᠎ᠠ ᠵᠡᠷᠭᠡ ᠲᠠᠯ᠎ᠠ ᠲᠠᠢ ᠬᠠᠮᠢᠶ᠎ᠠ ᠪᠦᠬᠦᠢ ᠰᠠᠨᠠᠭᠤᠯᠭ᠎ᠠ ᠶᠢ ᠳᠤᠷᠠᠳᠴᠤ᠂ ᠲᠣᠭᠲᠠᠮᠠᠯ ᠬᠥᠷᠥᠩᠭᠡ  ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠥᠯ ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ  ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠭᠤᠷᠪᠠ᠂ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ  ᠳᠤ ᠬᠢᠨᠠᠯᠲᠠ ᠲᠠᠯᠪᠢᠨ ᠵᠢᠯᠣᠭᠤᠳᠤᠨ᠎ᠠ᠃ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ᠂ ᠵᠠᠮ‌ᠬᠠᠷᠢᠯᠴᠠᠭ᠎ᠠ ᠳᠤ ᠬᠤᠯᠪᠣᠭᠳᠠᠬᠤ ᠪᠠᠷᠢᠯᠭ᠎ᠠ ᠪᠣᠯᠤᠨ ᠰᠦᠶᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠵᠦᠶᠯᠡᠰ ᠢ ᠬᠠᠮᠢᠶᠠᠷᠴᠤ᠂ ᠵᠠᠰᠠᠮᠠᠯ ᠵᠠᠮ ᠤᠨ ᠠᠷᠠᠴᠢᠯᠠᠯᠲᠠ᠂ ᠵᠠᠮ ᠤᠨ ᠶᠠᠪᠤᠳᠠᠯ᠂  ᠡᠵᠡᠩᠨᠡᠯᠳᠡ ᠶᠢᠨ ᠦᠶᠯᠡᠴᠢᠯᠡᠭᠡᠨ ᠵᠡᠷᠭᠡ ᠠᠵᠢᠯ ᠢ ᠵᠢᠯᠣᠭᠤᠳᠤᠨ᠎ᠠ᠃ ᠵᠠᠰᠠᠮᠠᠯ ᠵᠠᠮ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠮ ᠬᠠᠷᠢᠯᠴᠠᠭᠠᠨ ᠤ ᠲᠣᠣᠷ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠳᠠᠭᠠᠭᠠᠨ ᠬᠢᠨ᠎ᠡ᠃      ᠳᠥᠷᠪᠡ  ᠂ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤᠲᠤᠷ᠎ᠠ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ ᠦᠨ᠎ᠡ  ᠶᠢᠨ  ᠲᠤᠭ᠎ᠠ ᠨᠣᠷᠮ᠎ᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ  ᠭᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠲᠤᠰᠢᠶᠠᠨ ᠳᠠᠭᠤᠰᠬᠠᠵᠤ ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ  ᠶᠢᠨ ᠠᠵᠢᠯ ᠢ  ᠬᠠᠷᠢᠭᠤᠴᠠᠨ᠎ᠠ᠃      ᠲᠠᠪᠤ  ᠂ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠮᠤᠵᠢ ᠠᠯᠤᠰᠯᠠᠭᠰᠠᠨ ᠬᠤᠰᠢᠭᠤ ᠰᠢᠶᠠᠨ ᠠᠯᠤᠰᠯᠠᠭᠰᠠᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ᠂ ᠣᠯᠠᠨ ᠤᠯᠤᠰ ᠤᠨ ᠵᠠᠮ ᠬᠠᠷᠢᠯᠴᠠᠭᠠᠨ ᠤ ᠲᠡᠭᠡᠭᠡᠪᠦᠷᠢ᠂ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠨᠥᠬᠦᠴᠡᠯ ᠤᠨ ᠨᠥᠯᠥᠭᠡᠯᠡᠯ ᠤᠨ ᠦᠨᠡᠯᠡᠯᠳᠡ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠮᠠᠯ ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭ᠎ᠠ  ᠶᠢᠨ ᠲᠡᠭᠡᠭᠡᠪᠦᠷᠢ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠠᠯᠠᠪᠤᠷ ᠦᠷᠳᠡᠭᠡ  ᠶᠢ  ᠡᠵᠡᠩᠨᠡᠬᠦ᠂ ᠮᠠᠰᠢᠨᠳᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷ ᠴᠢᠳᠠᠯ ᠢ ᠪᠠᠶᠢᠴᠠᠭᠠᠨ ᠬᠡᠮᠵᠢᠬᠦ᠂ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠭᠤᠯᠤᠯ᠂ ᠠᠵᠢᠯᠯᠠᠭᠰᠠᠳ ᠤᠨ ᠬᠠᠮᠢᠶᠠᠷᠤᠯᠲᠠ ᠵᠡᠷᠭᠡ ᠠᠵᠢᠯ ᠢ ᠬᠢᠨᠠᠯᠲᠠ ᠲᠠᠯᠪᠢᠨ ᠵᠢᠯᠣᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠲᠡᠷᠭᠡ ᠪᠣᠯᠵᠣᠬᠤ  ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ ᠤᠰᠤᠨ ᠠᠶᠠᠯᠠᠯ ᠤᠨ ᠵᠠᠮ᠂ ᠭᠠᠷᠠᠮ᠂ ᠭᠠᠷᠠᠮ ᠤᠨ ᠠᠷᠠᠴᠢᠯᠠᠯᠲᠠ ᠶᠢ ᠵᠢᠯᠣᠭᠤᠳᠴᠤ᠂ ᠣᠩᠭᠤᠴᠠ ᠰᠠᠯ ᠢ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠵᠢᠯᠣᠭᠤᠳᠤᠨ᠎ᠠ᠃        ᠵᠢᠷᠭᠤᠭ᠎ᠠ  ᠂ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ  ᠠᠶᠤᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠳᠤᠭᠳᠠᠭᠠᠯ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠵᠠᠮ  ᠬᠠᠷᠢᠯᠴᠠᠭᠠᠨ ᠤ ᠰᠦᠯᠵᠢᠶᠡᠨ ᠤ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠠᠶᠢᠮᠠᠭ ᠤᠨ ᠭᠤᠤᠯᠳᠠᠯᠭ᠎ᠠ ᠲᠠᠢ ᠡᠳ᠋ ᠪᠣᠳᠠᠰ᠂ ᠠᠶᠠᠨᠴᠢᠳ ᠪᠠ ᠪᠠᠷᠠᠭ᠎ᠠ ᠶᠢᠨ ᠪᠠᠴᠢᠮ ᠲᠡᠭᠡᠭᠡᠪᠦᠷᠢ ᠶᠢ ᠲᠣᠬᠢᠷᠠᠭᠤᠯᠤᠨ ᠡᠵᠡᠮᠳᠡᠬᠦ  ᠶᠢ ᠬᠠᠷᠢᠭᠤᠴᠠᠨ᠎ᠠ᠃ ᠳᠣᠯᠤᠭ᠎ᠠ  ᠂ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠨᠠᠯᠲᠠ ᠲᠠᠯᠪᠢᠵᠤ ᠵᠢᠯᠣᠭᠤᠳᠤᠨ᠎ᠠ᠃ ᠬᠦᠨᠳᠦ ᠶᠡᠭᠡ ᠬᠡᠷᠡᠭ  ᠶᠠᠪᠤᠳᠠᠯ ᠢ ᠪᠠᠶᠢᠴᠠᠭᠠᠬᠤ ᠪᠠ ᠵᠠᠰᠠᠭ ᠵᠠᠬᠢᠷᠭᠠᠨ ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂  ᠬᠠᠷᠢᠶᠠᠯᠠᠯ ᠤᠨ ᠵᠢᠭᠠᠨ ᠲᠣᠭᠲᠠᠭᠠᠭᠰᠠᠨ  ᠬᠠᠷᠢᠯᠴᠠᠬᠤ‌‍ᠬᠡᠷᠡᠭ ᠶᠠᠪᠤᠳᠠᠯ ᠢ ᠳᠠᠭᠠᠭᠠᠨ ᠰᠢᠢᠳᠪᠦᠷᠢᠯᠡᠨ᠎ᠡ᠃    ᠨᠠᠶᠮᠠ  ᠂ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠵᠤ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ  ᠢ ᠬᠢᠨᠠᠯᠲᠠ ᠲᠠᠯᠪᠢᠨ ᠵᠢᠯᠣᠭᠤᠳᠤᠨ᠎ᠠ ᠃       ᠶᠢᠰᠦ  ᠂ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠴᠢᠯᠠᠬᠤ᠂ ᠪᠠᠷᠢᠮᠵᠢᠶᠠᠵᠢᠭᠤᠯᠬᠤ ᠠᠵᠢᠯ ᠢ ᠵᠢᠯᠣᠭᠤᠳᠤᠨ᠎ᠠ᠃     ᠠᠷᠪᠠ  ᠂ ᠪᠦᠬᠦ ᠠᠶᠢᠮᠠᠭ ᠤᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃    ᠠᠷᠪᠠᠨ ᠨᠢᠭᠡ  ᠂ ᠵᠠᠰᠠᠮᠠᠯ ᠵᠠᠮ ᠤᠰᠤᠨ ᠵᠠᠮ ᠤᠨ ᠳᠠᠶᠢᠨ ᠤ ᠪᠡᠯᠡᠳᠬᠡᠯ ᠤᠨ ᠠᠵᠢᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠡᠭᠡᠭᠡᠪᠦᠷᠢ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠪᠦᠬᠦ ᠠᠶᠢᠮᠠᠭ ᠤᠨ ᠵᠠᠮ ᠬᠠᠷᠢᠯᠴᠠᠭᠠᠨ ᠤ ᠳᠠᠶᠢᠨ  ᠤ ᠪᠡᠯᠡᠳᠬᠡᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠬᠢᠭᠡᠳ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃ ᠪᠦᠬᠦ ᠠᠶᠢᠮᠠᠭ ᠤᠨ ᠬᠢᠯᠢ ᠳᠣᠲᠣᠷᠠᠬᠢ ᠤᠯᠤᠰ ᠤᠨ ᠲᠡᠰ ᠤᠨ ᠵᠠᠮ ᠪᠠ ᠮᠤᠵᠢ  ᠶᠢᠨ ᠳᠡᠰ ᠤᠨ ᠵᠠᠮ ᠵᠢᠴᠢ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠶᠢ ᠬᠠᠷᠢᠭᠤᠴᠠᠨ᠎ᠠ  ᠃    ᠠᠷᠪᠠᠨ ᠬᠤᠶᠠᠷ  ᠂ ᠠᠶᠢᠮᠠᠭ ᠤᠨ ᠨᠠᠮ ᠤᠨ ᠬᠤᠷᠢᠶ᠎ᠠ ᠪᠠ ᠵᠠᠬᠢᠷᠭ᠎ᠠ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号